ᠨᠠᠮ᠎ᠢ ᠪᠥᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠤᠨ ᠲᠤᠬᠠᠶ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠠᠷᠢᠭᠤᠨ ᠴᠢᠬᠡᠴᠢ ᠰᠣᠶᠣᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠨ ᠲᠤᠰᠠᠳᠠ ᠂ 12 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠦᠳᠡ ᠵᠢᠨ ᠬᠤᠶ᠋ᠢᠨ᠎ᠠ᠂ ᠮᠠᠨ᠎ᠤ ᠲᠣᠪᠴᠢᠶ᠎ᠠ ᠰᠤᠷᠭ᠋ᠠᠨ ᠬᠥᠮᠦᠵᠢᠯ᠎ᠤᠨ ᠰᠡᠷᠡᠮᠵᠢᠯᠡᠭᠦᠯᠬᠦ ᠶᠡᠭᠡ ᠬᠤᠷᠠᠯ ᠬᠤᠷᠠᠯᠳᠤᠭᠤᠯᠵᠤ᠂ ᠰᠡᠷᠡᠮᠵᠢᠯᠡᠭᠦᠯᠬᠦ ᠬᠥᠮᠦᠵᠢᠯ᠎ᠤᠨ ᠲᠤᠰᠬᠠᠶ ᠰᠡᠳᠦᠪᠲᠦ ᠹᠢᠯᠢᠮ᠎ᠢ ᠦᠵᠡᠪᠡ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠪᠴᠢᠶ᠎ᠠ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ᠂ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠶᠠᠨ ᠭᠦᠸᠧ ᠰᠢᠩ ᠰᠡᠷᠡᠮᠵᠢᠯᠡᠭᠦᠯᠬᠦ ᠬᠥᠮᠦᠵᠢᠯ ᠬᠢᠪᠠ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠶ ᠢᠨᠵᠧᠨᠧᠷ᠂ ᠲᠣᠪᠴᠢᠶᠠᠨ᠎ᠤ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ᠎ᠤᠨ ᠳᠡᠳ᠋ ᠭᠠᠵᠠᠷ᠎ᠤᠨ ᠲᠠᠰ᠎ᠠᠴᠠ ᠳᠡᠭᠡᠭᠰᠢᠬᠢ ᠺᠠᠳ᠋ᠷᠴᠤᠳ (ᠪᠠᠶ᠋ᠢᠴᠠᠭ᠋ᠠᠨ ᠰᠤᠳᠤᠯᠤᠭᠴᠢ ᠵᠢ ᠪᠠᠭᠲᠠᠭ᠋ᠠᠨ᠎ᠠ)᠂ ᠲᠣᠪᠴᠢᠶᠠᠨ᠎ᠤ ᠬᠠᠷᠢᠶ᠎ᠠ ᠬᠥᠬᠡᠬᠤᠲᠠ᠎ᠳᠤ ᠰᠠᠭᠤᠭ᠎ᠠ ᠠᠵᠢᠯ ᠦᠢ᠍ᠯᠡᠰ᠎ᠤᠨ ᠨᠢᠭᠡᠴᠢ (ᠰᠠᠯᠪᠤᠷᠢ ᠪᠠᠶ᠋ᠢᠭᠤᠯᠤᠮᠵᠢ ᠵᠢ ᠪᠠᠭᠲᠠᠭ᠋ᠠᠨ᠎ᠠ) ᠵᠢᠨ ᠪᠠᠭ᠎ᠤᠨ ᠭᠡᠰᠢᠭᠦᠳ ᠬᠤᠷᠠᠯ᠎ᠳᠤ ᠣᠷᠣᠯᠴᠠᠪᠠ᠃
ᠬᠤᠷᠠᠯ᠎ᠠᠴᠠ᠂ ᠲᠣᠪᠴᠢᠶᠠᠨ᠎ᠤ ᠰᠢᠰᠲ᠋ᠧᠮ᠎ᠤᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ 《ᠳᠡᠷᠭᠡᠳᠡᠬᠢ ᠶᠠᠪᠤᠳᠠᠯ》᠂ 《ᠳᠡᠷᠭᠡᠳᠡᠬᠢ ᠬᠥᠮᠦᠨ》 ᠵᠶ᠋ᠠᠷ ᠲᠤᠯᠢ ᠪᠣᠯᠭ᠋ᠠᠵᠤ᠂ ᠤᠬᠠᠮᠰᠠᠷ᠎ᠠᠴᠠ᠎ᠪᠠᠨ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠴᠢᠩᠭ᠋ᠠᠳᠬᠠᠵᠤ᠂ ᠠᠷᠢᠭᠤᠨ ᠴᠢᠬᠡᠴᠢ ᠵᠢᠨ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠨᠢᠭᠡ᠎ᠳᠤ᠂ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠵᠤ᠂ ᠴᠠᠭ ᠢᠮᠠᠭᠲᠠ ᠤᠯᠤᠰ ᠲᠦᠷᠦ ᠵᠢᠨ ᠪᠠᠷᠢᠮᠵᠢᠶ᠎ᠠ᠎ᠪᠠᠨ ᠬᠠᠷᠭᠤᠭᠤᠯᠵᠤ᠂ ᠶᠡᠭᠡ ᠵᠥᠪ ᠶᠡᠭᠡ ᠪᠤᠷᠤᠭᠤ ᠵᠢᠨ ᠡᠮᠦᠨ᠎ᠡ ᠲᠤᠭ ᠲᠡᠮᠳᠡᠭ ᠲᠣᠳᠣᠷᠬᠠᠢ᠎ᠪᠠᠷ ᠰᠠᠯᠬᠢ ᠳᠠᠪᠠᠯᠭ᠋ᠠᠨ᠎ᠤ ᠰᠢᠯᠭ᠋ᠠᠯᠲᠠ ᠵᠢᠨ ᠡᠮᠦᠨ᠎ᠡ ᠵᠣᠭᠰᠣᠯᠲᠠ ᠪᠠᠲᠤ ᠪᠠᠶ᠋ᠢᠵᠤ᠂ ᠤᠬᠠᠮᠰᠠᠷ᠎ᠠᠴᠠ᠎ᠪᠠᠨ ᠤᠯᠤᠰ ᠲᠦᠷᠦ ᠵᠢᠨ ᠲᠠᠯ᠎ᠠ ᠵᠢᠨ ᠣᠢ᠌ᠯᠠᠭ᠋ᠠᠮᠵᠢᠲᠠᠢ ᠬᠥᠮᠦᠨ ᠪᠣᠯᠬᠤ ᠵᠢ ᠪᠠᠲᠤᠯᠠᠬᠤ ᠬᠡᠷᠡᠭᠲᠡᠢ᠃ ᠬᠤᠶᠠᠷ᠎ᠲᠤ᠂ ᠰᠠᠬᠢᠯᠭ᠎ᠠ ᠪᠠᠲᠤ ᠶᠣᠰᠣ ᠲᠦᠷᠢᠮ᠎ᠢ ᠴᠢᠩᠭ᠎ᠠ ᠰᠠᠬᠢᠵᠤ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠲᠠᠰᠤᠷᠠᠯᠲᠠ ᠦᠭᠡᠢ ᠴᠢᠩᠭ᠋ᠠᠷᠠᠭᠤᠯᠵᠤ ᠂ ᠨᠠᠮ᠎ᠤᠨ ᠵᠢᠷᠭᠤᠭ᠋ᠠᠨ ᠵᠦᠢ᠍ᠯ᠎ᠤᠨ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠵᠦ᠂ ᠤᠬᠠᠮᠰᠠᠷ᠎ᠠᠴᠠ᠎ᠪᠠᠨ ᠨᠠᠮ᠎ᠤᠨ ᠲᠦᠷᠢᠮ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠵᠢᠷᠤᠮᠯᠠᠬᠤ ᠬᠡᠷᠡᠭᠲᠡᠢ᠃ ᠭᠤᠷᠪᠠ᠎ᠳᠤ᠂ ᠬᠢᠨᠠᠯᠲᠠ᠎ᠳᠤ ᠵᠥᠪ ᠵᠶ᠋ᠠᠷ ᠬᠠᠨᠳᠤᠵᠤ᠂ ᠤᠬᠠᠮᠰᠠᠷ᠎ᠠᠴᠠ᠎ᠪᠠᠨ ᠬᠢᠨᠠᠯᠲᠠ ᠵᠢ ᠬᠦᠯᠢᠶᠡᠵᠦ᠂ ᠨᠠᠮ᠎ᠤᠨ ᠳᠣᠲᠣᠭ᠋ᠠᠳᠤ ᠵᠢᠨ ᠬᠢᠨᠠᠯᠲᠠ ᠵᠢᠨ ᠡᠯ᠎ᠡ ᠵᠦᠢ᠍ᠯ᠎ᠤᠨ ᠲᠦᠷᠢᠮ᠎ᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠰᠢᠨ᠎ᠡ ᠪᠠᠶ᠋ᠢᠳᠠᠯ᠎ᠢ ᠲᠠᠰᠤᠷᠠᠯᠳᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )