ᠣᠶ᠋ᠢᠷ᠎ᠠ᠎ᠳᠤ᠂ 《ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠋ᠠᠨ᠎ᠤ ᠦᠢ᠍ᠯᠡᠳᠦᠯᠭᠡ ᠵᠢᠨ ᠬᠡᠷᠡᠭ᠎ᠤᠨ ᠵᠢᠱ᠌ᠢᠶᠡᠨ᠎ᠤ ᠰᠣᠩᠭᠤᠮᠠᠯ (2024 ᠣᠨ)》 ᠵᠢᠩᠬᠢᠨᠢ᠎ᠪᠠᠷ ᠬᠡᠪᠯᠡᠭᠳᠡᠵᠦ ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠋ᠠᠨ᠎ᠤ 《ᠠᠷᠪᠠᠨ ᠵᠢᠷᠭᠤᠭ᠋ᠠᠨ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ》᠎ᠪᠠᠷ ᠪᠣᠷᠣ ᠲᠥᠯᠥᠪ ᠪᠣᠯᠭ᠋ᠠᠨ ᠨᠠᠶ᠋ᠢᠷᠠᠭᠤᠯᠤᠨ ᠪᠢᠴᠢᠭᠰᠡᠨ 45 ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠪᠥᠬᠦ ᠨᠣᠮ᠎ᠳᠤ ᠰᠣᠩᠭᠣᠨ ᠣᠷᠣᠭᠤᠯᠵᠠᠶ᠃

ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠵᠢᠯ᠎ᠤᠨ ᠭᠤᠤᠯ ᠰᠢᠵᠢᠮ᠎ᠢ ᠪᠠᠲᠤ ᠴᠣᠭᠴᠠᠯᠠᠬᠤ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠢᠯᠡ ᠲᠣᠳᠣ ᠥᠷᠲᠡᠭ᠎ᠤᠨ ᠤᠳᠤᠷᠢᠳᠤᠮᠵᠢ ᠵᠢ ᠪᠣᠶ ᠪᠣᠯᠭ᠋ᠠᠬᠤ᠎ᠪᠠᠷ ᠳᠠᠮᠵᠢᠭᠤᠯᠤᠨ᠂ ᠰᠡᠳᠦᠪ ᠰᠣᠩᠭᠤᠬᠤ ᠲᠥᠯᠥᠪᠵᠢᠭᠦᠯᠭᠡ᠂ ᠵᠣᠬᠢᠶᠠᠨ ᠪᠦᠲᠦᠭᠡᠬᠦ ᠬᠥᠲᠥᠯᠥᠨ ᠵᠢᠯᠤᠭᠤᠳᠤᠯᠭ᠎ᠠ ᠂ ᠪᠠᠯᠠ ᠮᠥᠩᠭᠦ ᠵᠢᠨ ᠲᠡᠳᠭᠦᠯᠭᠡ ᠵᠡᠷᠭᠡ ᠣᠯᠠᠨ ᠵᠦᠢ᠍ᠯ᠎ᠤᠨ ᠠᠭᠤᠯᠭ᠎ᠠ ᠵᠢ ᠲᠥᠷᠥᠯ ᠬᠤᠪᠢᠶᠠᠨ ᠲᠡᠳᠬᠦᠬᠦ ᠠᠵᠢᠯ᠎ᠢ ᠴᠢᠩᠭ᠋ᠠᠳᠬᠠᠵᠤ᠂ ᠰᠣᠶᠣᠯ᠎ᠤᠨ ᠲᠥᠷᠥᠯ᠎ᠤᠨ ᠫᠷᠤᠭ᠌ᠷᠠᠮ᠎ᠤᠨ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠵᠤ᠂ ᠠᠯᠢ ᠣᠯᠠᠨ ᠠᠷᠭ᠎ᠠ ᠬᠡᠮᠵᠢᠶ᠎ᠡ ᠵᠢᠨ ᠳᠡᠮᠵᠢᠯᠭᠡ ᠵᠢᠯᠣᠭᠤᠳᠣᠯᠭ᠎ᠠ ᠳᠣᠤᠷ᠎ᠠ᠂ 《ᠣᠷᠳᠣ ᠴᠠᠭ᠋ᠠᠨ ᠬᠡᠷᠡᠮ 》 ᠵᠡᠷᠭᠡ ᠨᠢᠭᠡ ᠪᠦᠯᠦᠭ ᠰᠣᠳᠣᠨ ᠪᠦᠲᠦᠭᠡᠯ ᠲᠠᠰᠤᠷᠠᠯᠲᠠ ᠥᠬᠡᠶ ᠭᠠᠷᠪᠠ᠃



ᠥᠪᠥᠷ ᠮᠣᠩᠭᠤᠯ᠎ᠤᠨ ᠷᠠᠳᠢᠣ᠋ ᠲᠧᠯᠸᠢᠰ ᠬᠣᠷᠢᠶᠠᠨ᠎ᠤ 《ᠳᠤᠮᠳᠠᠳᠤ ᠵᠢᠨ ᠰᠣᠶᠣᠯ᠎ᠤᠨ ᠭᠤᠷᠪᠠᠨ ᠳᠠᠭᠤᠷᠢᠯᠢᠭ》᠎ᠤᠨ ᠰᠢᠷᠢᠰ ᠰᠣᠶᠣᠯ᠎ᠤᠨ ᠶᠡᠷᠦᠩᠬᠡᠶ᠋ᠢᠯᠡᠭᠰᠡᠨ ᠤᠷᠠᠨ ᠰᠠᠶ᠋ᠢᠬᠠᠨ᠎ᠤ ᠲᠣᠭᠯᠠᠯᠲᠠ 2022 ᠣᠨ᠎ᠠᠴᠠ ᠡᠬᠢᠯᠡᠨ ᠶᠠᠪᠤᠭᠳᠠᠪᠠ ᠂ ᠡᠭᠦᠨ᠎ᠳᠤ ᠲᠣᠮᠣ ᠬᠡᠯᠪᠡᠷᠢ ᠵᠢᠨ ᠰᠣᠶᠣᠯ᠎ᠤᠨ ᠶᠡᠷᠦᠩᠬᠡᠶ᠋ᠢᠯᠡᠭᠰᠡᠨ ᠤᠷᠠᠨ ᠰᠠᠶ᠋ᠢᠬᠠᠨ᠎ᠤ ᠲᠣᠭᠯᠠᠯᠲᠠ 《ᠣᠷᠳᠣ ᠴᠠᠭ᠋ᠠᠨ ᠬᠡᠷᠡᠮ》᠂ 《ᠬᠠᠲᠤᠨ ᠭᠤᠤᠯ᠎ᠤᠨ ᠰᠦᠭ ᠰᠦᠨᠡᠰᠦ》 ᠵᠢᠴᠢ ᠲᠣᠮᠣ ᠬᠡᠯᠪᠡᠷᠢ ᠵᠢᠨ ᠰᠣᠶᠣᠯ᠎ᠤᠨ ᠶᠡᠷᠦᠩᠬᠡᠶ᠋ᠢᠯᠡᠭᠰᠡᠨ ᠤᠷᠠᠨ ᠰᠠᠶ᠋ᠢᠬᠠᠨ᠎ᠤ ᠲᠣᠭᠯᠠᠯᠲᠠ 《ᠳᠤᠮᠳᠠᠳᠤ ᠵᠢᠨ ᠯᠤᠤ》 ᠵᠢ ᠪᠠᠭᠲᠠᠭ᠋ᠠᠪᠠ ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ ᠰᠢᠯᠢᠳᠡᠭ᠎ᠢ ᠳᠡᠯᠭᠡᠷᠡᠭᠦᠯᠬᠦ ᠳᠡᠮᠵᠢᠯᠭᠡ ᠳᠣᠤᠷ᠎ᠠ᠂ 《ᠣᠷᠳᠣ ᠴᠠᠭ᠋ᠠᠨ ᠬᠡᠷᠡᠮ 》 (ᠬᠤᠶᠠᠳᠤᠭ᠋ᠠᠷ ᠤᠯᠠᠷᠢᠯ)᠎ᠨᠢ ᠲᠣᠰ ᠲᠣᠰ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ 2022 ᠣᠨ᠎ᠤ 《ᠳᠤᠮᠳᠠᠳᠤ ᠵᠢᠨ ᠰᠣᠶᠣᠯ ᠷᠠᠳᠢᠣ᠋ ᠲᠧᠯᠸᠢᠰ᠎ᠤᠨ ᠳᠠᠮᠵᠢᠭᠤᠯᠭ᠎ᠠ ᠵᠢᠨ ᠢᠨᠵᠧᠨᠧᠷᠢᠩ》᠎ᠤᠨ ᠭᠤᠤᠯᠳᠠᠯᠭ᠎ᠠ ᠪᠣᠯᠬᠤ ᠲᠥᠷᠥᠯ ᠵᠦᠢ᠍ᠯ᠎ᠳᠤ ᠰᠣᠩᠭᠤᠭᠳᠠᠵᠤ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ 2024 ᠣᠨ᠎ᠤ ᠨᠢᠭᠡᠳᠦᠭᠡᠷ ᠤᠯᠠᠷᠢᠯ᠎ᠤᠨ ᠷᠠᠳᠢᠣ᠋ ᠲᠧᠯᠸᠢᠰ᠎ᠤᠨ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ ᠫᠷᠤᠭ᠌ᠷᠠᠮ᠎ᠳᠤ ᠰᠣᠩᠭᠤᠭᠳᠠᠪᠠ; 《ᠬᠠᠲᠤᠨ ᠭᠤᠤᠯ᠎ᠤᠨ ᠰᠦᠭ ᠰᠦᠨᠡᠰᠦ》᠎ᠨᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ 2023 ᠣᠨ᠎ᠤ ᠬᠤᠶᠠᠳᠤᠭ᠋ᠠᠷ ᠤᠯᠠᠷᠢᠯ᠎ᠤᠨ ᠷᠠᠳᠢᠣ᠋ ᠲᠧᠯᠸᠢᠰ᠎ᠤᠨ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ ᠫᠷᠤᠭ᠌ᠷᠠᠮ᠎ᠳᠤ ᠰᠣᠩᠭᠤᠭᠳᠠᠪᠠ; 《ᠳᠤᠮᠳᠠᠳᠤ ᠵᠢᠨ ᠯᠤᠤ 》᠎ᠨᠢ 11 ᠳ᠋ᠦ᠍ᠭᠡᠷ ᠰᠠᠷ᠎ᠠ ᠵᠢᠨ 23᠎ᠤ ᠡᠳᠦᠷ᠎ᠠᠴᠠ ᠡᠬᠢᠯᠡᠨ ᠨᠡᠪᠲᠡᠷᠡᠭᠦᠯᠦᠭᠳᠡᠪᠡ ᠃
(ᠠᠯᠪᠠᠨ ᠭᠡᠷ)