ᠮᠠᠨ᠎ᠤ ᠲᠣᠪᠴᠢᠶ᠎ᠠ 2024 ᠣᠨ᠎ᠤ ᠲᠤᠰᠢᠶᠠᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢᠨ ᠬᠢᠨᠠᠨ ᠰᠢᠯᠭ᠋ᠠᠬᠤ ᠬᠤᠷᠠᠯ ᠬᠤᠷᠠᠯᠳᠤᠭᠤᠯᠪᠠ
2024-12-27



  12 ᠳ᠋ᠤᠭ᠋ᠠᠷ ᠰᠠᠷ᠎ᠠ ᠵᠢᠨ 27᠎ᠤ ᠡᠳᠦᠷ᠂ ᠮᠠᠨ᠎ᠤ ᠲᠣᠪᠴᠢᠶ᠎ᠠ 2024 ᠣᠨ᠎ᠤ  ᠲᠤᠰᠢᠶᠠᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢᠨ ᠬᠢᠨᠠᠨ ᠰᠢᠯᠭ᠋ᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ᠂ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠳ ᠂ ᠶᠡᠷᠦᠩᠬᠡᠢ ᠢᠨᠵᠧᠨᠧᠷ᠂ ᠪᠠᠶ᠋ᠢᠭᠤᠯᠭ᠎ᠠ ᠵᠢᠨ ᠠᠯᠪᠠᠲᠠᠨ᠂ ᠠᠵᠢᠯ ᠦᠢ᠍ᠯᠡᠰ᠎ᠤᠨ ᠨᠢᠭᠡᠴᠢ ᠵᠢᠨ  ᠤᠳᠤᠷᠢᠳᠬᠤ ᠪᠠᠭ᠎ᠤᠨ ᠭᠡᠰᠢᠭᠦᠨ  ᠵᠢᠴᠢ ᠳᠠᠮᠵᠢᠭᠤᠯᠤᠨ  ᠰᠠᠴᠤᠷᠠᠭᠤᠯᠬᠤ ᠲᠥᠪ᠎ᠤᠨ ᠡᠯ᠎ᠡ ᠬᠤᠪᠢᠶᠠᠷᠢ ᠰᠠᠯᠪᠤᠷᠢ ᠪᠠᠶ᠋ᠢᠭᠤᠯᠤᠮᠵᠢ ᠵᠢᠨ ᠤᠳᠤᠷᠢᠳᠬᠤ ᠪᠠᠭ᠎ᠤᠨ ᠭᠡᠰᠢᠭᠦᠳ  ᠬᠤᠷᠠᠯ᠎ᠳᠤ ᠣᠷᠣᠯᠴᠠᠪᠠ᠃

   ᠬᠤᠷᠠᠯ ᠳᠡᠭᠡᠷ᠎ᠡ᠂ 30 ᠭᠠᠵᠠᠷ ᠲᠠᠰᠤᠭ ᠨᠢᠭᠡᠴᠢ ᠵᠢᠨ ᠬᠠᠷᠢᠭᠤᠴᠠᠯᠭ᠋ᠠᠲᠠᠳ ᠠᠵᠢᠯ᠎ᠤᠨ ᠪᠣᠳᠠᠲᠤ ᠪᠠᠶ᠋ᠢᠳᠠᠯ᠎ᠳᠤ᠎ᠪᠠᠨ  ᠰᠠᠭᠤᠷᠢᠯᠠᠨ ᠠᠮᠵᠢᠯᠲᠠ᠎ᠪᠠᠨ ᠢᠯᠡᠷᠡᠭᠦᠯᠵᠦ᠂ ᠰᠡᠳᠬᠢᠮᠵᠢ᠎ᠪᠠᠨ  ᠶᠠᠷᠢᠯᠴᠠᠨ᠂ ᠬᠦᠷᠦᠯᠴᠡᠬᠦ ᠦᠭᠡᠢ ᠲᠠᠯ᠎ᠠ᠎ᠪᠠᠨ ᠡᠷᠢᠵᠦ᠂ ᠣᠪᠣᠷ ᠵᠶ᠋ᠠᠨ ᠢᠯᠡᠳᠬᠡᠵᠦ᠂ 2024 ᠣᠨ᠎ᠤ ᠡᠯ᠎ᠡ ᠵᠦᠢ᠍ᠯ᠎ᠤᠨ ᠠᠵᠢᠯ ᠵᠶ᠋ᠡᠨ  ᠪᠦᠬᠦ ᠲᠠᠯ᠎ᠠ᠎ᠪᠠᠷ ᠳ᠋ᠦᠩᠨᠡᠪᠡ᠃

   ᠬᠤᠷᠠᠯ᠎ᠠᠴᠠ᠂ 2024 ᠣᠨ᠎ᠳᠤ ᠲᠣᠪᠴᠢᠶᠠᠨ᠎ᠤ  ᠰᠢᠰᠲ᠋ᠧᠮ᠎ᠤᠨ ᠡᠯ᠎ᠡ ᠭᠠᠵᠠᠷ ᠬᠡᠷ ᠨᠢᠭᠡᠴᠢ  ᠰᠢ  ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠭᠤᠤᠯ ᠤᠷᠤᠰᠬᠠᠯ᠎ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠲᠠᠰᠤᠷᠠᠯᠲᠠ ᠥᠬᠡᠶ ᠪᠤᠵᠠᠭ᠋ᠠᠶ᠋ᠢᠷᠠᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠨᠠᠩ ᠢᠯᠡᠳᠲᠡ ᠪᠣᠯᠪᠠ᠃ ᠪᠦᠬᠦᠯᠢ ᠴᠣᠭᠴᠠ ᠵᠢᠨ ᠠᠵᠢᠯ᠎ᠨᠢ ᠰᠡᠳᠬᠢᠮᠵᠢ᠎ᠲᠠᠢ ᠂ ᠠᠷᠭ᠎ᠠ᠎ᠲᠠᠢ᠂ ᠬᠢᠯᠠᠰ ᠴᠡᠭ᠎ᠲᠠᠢ ᠪᠠᠶ᠋ᠢᠵᠤ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠢᠨᠠᠷ ᠰᠠᠶ᠋ᠢᠲᠠᠶ ᠬᠥᠭᠵᠢᠯᠲᠡ ᠵᠢ ᠰᠢᠨ᠎ᠡ ᠳᠡᠭᠲᠡᠷ᠎ᠲᠤ ᠭᠠᠷᠭ᠋ᠠᠵᠤ᠂ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠪᠠ ᠭᠡᠵᠦ ᠵᠢᠭ᠋ᠠᠵᠤ ᠭᠠᠷᠭ᠋ᠠᠪᠠ᠃

   ᠬᠤᠷᠠᠯ᠎ᠠᠴᠠ᠂ ᠲᠣᠪᠴᠢᠶᠠᠨ᠎ᠤ  ᠰᠢᠰᠲ᠋ᠧᠮ᠎ᠤᠨ ᠡᠯ᠎ᠡ ᠨᠢᠭᠡᠴᠢ ᠵᠢᠨ᠎ᠬᠢᠨ ᠭᠤᠣᠯᠳᠠᠯᠭ᠎ᠠ ᠵᠢᠨ ᠲᠣᠭᠤᠷᠢᠨ᠎ᠳᠤ ᠶᠡᠭᠡ ᠲᠠᠯ᠎ᠠ᠎ᠳᠤ ᠬᠦᠴᠦᠲᠡᠢ ᠦᠢ᠍ᠯᠡᠴᠢᠯᠡᠵᠦ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠠᠵᠢᠯ᠎ᠤᠨ ᠭᠤᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ 《ᠲᠠᠪᠤᠨ ᠶᠡᠭᠡ ᠡᠭᠦᠷᠭᠡ》᠂ 《ᠵᠢᠷᠭᠤᠭ᠋ᠠᠨ ᠢᠨᠵᠧᠨᠧᠷᠢᠩ》 ᠪᠣᠯᠤᠨ 《ᠵᠢᠷᠭᠤᠭ᠋ᠠᠨ ᠠᠵᠢᠯᠯᠠᠭ᠎ᠠ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠳᠤ ᠬᠤᠶᠠᠷ ᠶᠡᠭᠡ ᠶᠠᠪᠤᠳᠠᠯ᠎ᠢ ᠨᠡᠩ ᠰᠠᠶ᠋ᠢᠲᠤᠷ ᠬᠢᠬᠦ᠎ᠳᠤ ᠬᠦᠴᠦᠨ ᠨᠡᠮᠡᠷᠢᠯᠡᠬᠦ᠎ᠳᠤ ᠡᠭᠦᠷᠭᠡ ᠬᠠᠷᠢᠭᠤᠴᠠᠯᠭ᠎ᠠ᠎ᠪᠠᠨ ᠨᠡᠩ ᠰᠠᠶ᠋ᠢᠲᠤᠷ ᠭᠦᠢ᠍ᠴᠡᠳᠬᠡᠬᠦ ᠬᠡᠷᠡᠭᠲᠡᠢ᠃ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢ ᠬᠦᠴᠦᠯᠡᠨ ᠴᠢᠩᠭ᠋ᠠᠳᠬᠠᠵᠤ᠂ ᠤᠬᠠᠭᠤᠯᠤᠨ ᠲᠠᠶ᠋ᠢᠯᠪᠤᠷᠢᠯᠠᠬᠤ ᠠᠵᠢᠯ ᠵᠶ᠋ᠠᠨ ᠪᠦᠲᠦᠮᠵᠢᠲᠡᠶ ᠰᠠᠶ᠋ᠢᠲᠤᠷ ᠬᠢᠵᠦ᠂ 《ᠴᠢᠩᠭ᠎ᠠ ᠨᠢᠮᠪᠠᠶ ᠪᠣᠳᠠᠲᠠᠶ ᠴᠢᠩᠭ᠎ᠠ ᠪᠠᠶ᠋ᠢᠬᠤ》 ᠠᠵᠢᠯ᠎ᠤᠨ ᠰᠤᠷᠲᠠᠯ᠎ᠢ ᠦᠨᠡᠨ ᠬᠦ᠌ ᠪᠠᠷᠢᠮᠲᠠᠯᠠᠵᠤ᠂ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

   ᠬᠤᠷᠠᠯ᠎ᠠᠴᠠ᠂ ᠡᠯ᠎ᠡ ᠨᠢᠭᠡᠴᠢ ᠵᠢᠨ᠎ᠬᠢᠨ  ᠨᠡᠩ ᠡᠷᠡᠰ ᠪᠠᠲᠤ ᠢᠲᠡᠭᠡᠯ ᠵᠣᠷᠢᠭ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ ᠵᠢ ᠡᠷᠬᠢᠮᠯᠡᠬᠦ ᠰᠤᠷᠲᠠᠯ ᠵᠶ᠋ᠠᠷ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ᠂ ᠠᠵᠢᠯ ᠦᠢ᠍ᠯᠡᠰ᠎ᠤᠨ ᠰᠢᠨ᠎ᠡ ᠦᠨᠳᠦᠷᠴᠡ᠎ᠳᠤ ᠬᠦᠷᠬᠦ ᠵᠢ ᠴᠢᠷᠮᠠᠶ᠋ᠢᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠷᠠᠳᠢᠣ᠋ ᠲᠧᠯᠸᠢᠰ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠱᠠᠭ᠋ᠠᠷᠳᠠᠪᠠ !

  (ᠠᠵᠢᠯᠲᠠᠨ᠎ᠤ ᠶᠠᠪᠤᠳᠠᠯ᠎ᠤᠨ ᠭᠠᠵᠠᠷ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ