12 ᠳ᠋ᠤᠭ᠋ᠠᠷ ᠰᠠᠷ᠎ᠠ ᠵᠢᠨ 25᠎ᠤ ᠡᠳᠦᠷ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠠᠯᠪᠠᠨ ᠲᠢᠩᠬᠢᠮ 2024 ᠣᠨ᠎ᠤ 《ᠳᠤᠮᠳᠠᠳᠤ ᠵᠢᠨ ᠵᠡᠭᠦᠳᠦ ᠰᠢᠨ᠎ᠡ ᠠᠶᠠᠨ》 ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠢ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠰᠣᠩᠭᠤᠨ ᠲᠠᠨᠢᠯᠴᠠᠭᠤᠯᠤᠭᠰᠠᠨ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ ᠵᠢᠨ ᠦᠢ᠍ᠯᠡᠳᠦᠭᠰᠡᠨ ᠣᠬᠤᠷ ᠸᠢᠳᠢᠣ᠋ 《〈012642〉 ᠨᠢᠭᠡ ᠬᠡᠷ᠎ᠤᠨ ᠭᠤᠷᠪᠠᠨ ᠠᠮᠠ ᠂ ᠨᠢᠭᠡ ᠴᠠᠭᠳᠠᠭ᠋ᠠᠨ᠎ᠤ ᠨᠣᠮᠸᠷ ! ᠡᠷ᠎ᠡ ᠨᠥᠬᠥᠷ᠎ᠨᠢ ᠨᠠᠰᠤ ᠪᠠᠷᠠᠭᠰᠠᠨ᠎ᠤ ᠳᠠᠷᠠᠭ᠎ᠠ ᠴᠠᠭᠳᠠᠭ᠋ᠠᠨ᠎ᠤ ᠨᠣᠮᠧᠷ᠎ᠢ ᠡᠬᠡᠨᠡᠷ᠎ᠨᠢ ᠳᠠᠬᠢᠨ ᠡᠬᠢᠯᠡᠭᠦᠯᠵᠦ ᠂ ᠡᠬᠡᠨᠡᠷ᠎ᠨᠢ ᠠᠵᠢᠯ᠎ᠠᠴᠠ᠎ᠪᠠᠨ ᠠᠮᠠᠷᠠᠭᠰᠠᠨ᠎ᠤ ᠳᠠᠷᠠᠭ᠎ᠠ ᠴᠠᠭᠳᠠᠭ᠋ᠠᠨ ᠨᠣᠮᠧᠷ ᠵᠶ᠋ᠠᠨ ᠬᠦᠦᠳᠤᠪᠠᠨ ᠵᠠᠯᠭ᠋ᠠᠮᠵᠢᠯᠠᠭᠤᠯᠤᠭᠰᠠᠨ 》 ᠰᠢᠯᠢᠳᠡᠭ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠢ ᠰᠣᠩᠭᠣᠪᠠ᠃
ᠲᠣᠰ ᠺᠢᠨᠣ᠋᠎ᠳᠤ ᠠᠷᠠᠳ᠎ᠤᠨ ᠴᠠᠭᠳᠠᠭ᠎ᠠ ᠪᠤᠯᠠᠭ᠎ᠤᠨ ᠪᠠᠷᠢᠪᠴᠢᠯᠠᠬᠤ ᠡᠭᠦᠷᠭᠡ ᠭᠦᠢ᠍ᠴᠡᠳᠬᠡᠬᠦ ᠶᠠᠪᠤᠴᠠ᠎ᠳᠤ ᠵᠣᠯ ᠪᠤᠰᠤ᠎ᠪᠠᠷ ᠦᠷᠡᠭᠳᠡᠵᠦ ᠂ ᠡᠬᠡᠨᠡᠷ ᠪᠣᠯᠣᠨ ᠬᠦᠦ᠎ᠨᠢ ᠤᠷᠢᠳ ᠬᠤᠵᠢᠳ ᠴᠠᠭᠳᠠᠭ᠎ᠠ᠎ᠳᠤ ᠣᠷᠤᠵᠤ ᠂ ᠠᠳᠠᠯᠢ ᠨᠢᠭᠡᠨ ᠪᠠᠭ᠋ᠠᠲᠤᠷ ᠵᠢᠱ᠌ᠢᠶᠡᠴᠢ ᠵᠢᠨ ᠴᠠᠭᠳᠠᠭ᠋ᠠᠨ᠎ᠤ ᠨᠣᠮᠧᠷ᠎ᠢ ᠡᠬᠢᠯᠡᠨ ᠬᠡᠷᠡᠭᠯᠡᠭᠰᠡᠨ ᠦᠯᠢᠭᠡᠷ᠎ᠢ ᠶᠠᠷᠢᠵᠠᠶ᠃ ᠨᠢᠭᠡ ᠭᠡᠷ᠎ᠤᠨ ᠭᠤᠷᠪᠠᠨ ᠠᠮᠠ᠂ ᠨᠢᠭᠡ ᠴᠠᠭᠳᠠᠭ᠋ᠠᠨ᠎ᠤ ᠨᠣᠮᠧᠷ ᠪᠣᠯ ᠳᠣᠲᠣᠨᠣ ᠬᠠᠶ᠋ᠢᠷ᠎ᠠ ᠵᠢᠨ ᠬᠤᠭᠤᠷᠣᠨᠳᠣᠬᠢ 《ᠦᠬᠦᠵᠦ ᠰᠡᠬᠡᠬᠦ᠎ᠪᠠᠨ ᠬᠠᠮᠲᠤᠷᠠᠯᠴᠠᠭᠤᠯᠬᠤ 》 ᠭᠡᠰᠡᠨ ᠠᠮᠠᠯᠠᠯᠲᠠ᠂ ᠨᠡᠩ ᠴᠤ᠌ ᠠᠷᠠᠳ᠎ᠤᠨ ᠬᠠᠮᠠᠭ᠋ᠠᠯᠠᠭᠴᠢ ᠴᠡᠷᠢᠭ᠎ᠤᠨ 《ᠠᠷᠠᠳ ᠲᠦᠮᠡᠨ᠎ᠳᠤ ᠦᠢ᠍ᠯᠡᠴᠢᠯᠡᠬᠦ》 ᠵᠢᠨ ᠬᠤᠪᠢᠷᠠᠯᠲᠠ ᠦᠭᠡᠢ ᠤᠯᠠᠮᠵᠢᠯᠠᠯ ᠮᠥᠨ᠃ ᠲᠤᠰ ᠪᠦᠲᠦᠭᠡᠯ᠎ᠢ 《ᠲᠡᠭᠦᠯᠢᠯᠲᠡ ᠬᠠᠮ ᠵᠠᠭᠤᠴᠢᠯᠠᠭᠤᠷ》᠎ᠲᠤ ᠨᠡᠶ᠋ᠢᠲᠡᠯᠡᠭᠰᠡᠨ᠎ᠤ ᠲᠠᠷᠠᠭ᠎ᠠ᠂ ᠰᠢᠨᠬᠤᠸᠠ ᠬᠤᠷᠢᠶ᠎ᠠ ᠵᠡᠷᠭᠡ ᠲᠥᠪ᠎ᠤᠨ ᠵᠠᠭᠤᠴᠢᠯᠠᠭᠤᠷ᠎ᠲᠤ ᠲᠡᠷᠡ ᠳᠠᠷᠤᠶᠳᠤᠨᠢ ᠳᠠᠮᠵᠢᠭᠤᠯᠤᠨ ᠲᠠᠷᠬᠠᠭ᠋ᠠᠵᠤ᠂ ᠥᠷᠭᠡᠨ ᠳᠡᠯᠭᠡᠷ ᠠᠩᠬᠠᠷᠤᠯ᠎ᠢ ᠲᠠᠲᠠᠪᠠ᠃ ᠮᠠᠨ᠎ᠤ ᠲᠣᠪᠴᠢᠶ᠎ᠠ ᠵᠢᠨ ᠲᠠᠨᠢᠯᠴᠠᠭᠤᠯᠭ᠎ᠠ᠎ᠪᠠᠷ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ 《ᠰᠢᠨ᠎ᠡ ᠴᠠᠭ ᠦᠶ᠎ᠡ ᠵᠢ ᠦᠵᠡᠵᠦ ᠰᠣᠨᠣᠰᠬᠤ》 ᠳᠡᠯᠭᠡᠨ ᠨᠡᠪᠲᠡᠷᠡᠭᠦᠯᠬᠦ ᠲᠠᠩᠰᠠᠨ ᠨᠣᠮᠧᠷ᠂ 《ᠥᠪᠥᠷ ᠮᠣᠩᠭᠤᠯ᠎ᠤᠨ ᠰᠢᠨ᠎ᠡ ᠦᠵᠡᠵᠦ ᠰᠣᠨᠣᠰᠬᠤ》 ᠬᠠᠮ ᠵᠠᠭᠤᠴᠢᠯᠠᠭᠤᠷ᠎ᠤᠨ ᠲᠠᠩᠰᠠᠨ ᠨᠣᠮᠸᠷ᠎ᠢ ᠤᠯᠠᠮ ᠨᠢᠭᠡ ᠠᠯᠬᠤᠮ ᠤᠬᠠᠭᠤᠯᠤᠨ ᠳᠡᠯᠭᠡᠷᠡᠭᠦᠯᠵᠦ᠂ ᠶᠡᠷᠦᠩᠬᠡᠶ ᠨᠡᠪᠲᠡᠷᠡᠭᠦᠯᠭᠡ ᠵᠢᠨ ᠬᠡᠮᠵᠢᠶ᠎ᠡ᠎ᠨᠢ 1600 ᠲᠦᠮᠡᠨ ᠤᠳᠠᠭ᠎ᠠ ᠵᠢ ᠳᠠᠪᠠᠪᠠ᠃
ᠣᠶ᠋ᠢᠷ᠎ᠠ ᠵᠢᠨ ᠵᠢᠯ᠎ᠤᠳ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠰᠡᠳᠦᠪ ᠰᠣᠩᠭᠤᠨ ᠲᠥᠰᠦᠪᠯᠡᠨ ᠵᠢᠯᠣᠭᠤᠳᠬᠤ᠂ ᠰᠢᠯᠢᠳᠡᠭ ᠪᠦᠲᠦᠭᠡᠯ᠎ᠢ ᠰᠢᠯᠢᠳᠡᠭᠵᠢᠭᠦᠯᠦᠨ ᠲᠡᠳᠬᠦᠨ ᠳᠡᠮᠵᠢᠬᠦ᠂ ᠭᠤᠤᠯᠳᠠᠯᠭ᠎ᠠ ᠪᠣᠯᠬᠤ ᠲᠥᠷᠥᠯ ᠵᠦᠢ᠍ᠯ᠎ᠢ ᠨᠡᠪᠴᠢᠭᠦᠯᠦᠨ ᠵᠣᠬᠢᠶᠠᠨ ᠪᠦᠲᠦᠭᠡᠬᠦ ᠵᠡᠷᠭᠡ ᠠᠷᠭ᠎ᠠ ᠬᠡᠮᠵᠢᠶ᠎ᠡ᠎ᠪᠠᠨ ᠦᠷᠭᠦᠯᠵᠢᠯᠡᠨ ᠴᠢᠩᠭ᠋ᠠᠷᠠᠭᠤᠯᠵᠤ ᠂ ᠦᠵᠡᠯ ᠰᠠᠨᠠᠭ᠎ᠠ᠎ᠨᠢ ᠭᠦᠨᠵᠡᠭᠡᠶ᠂ ᠤᠷᠠᠯᠢᠭ᠎ᠨᠢ ᠨᠠᠷᠢᠯᠢᠭ᠂ ᠦᠢ᠍ᠯᠡᠳᠬᠦᠨ᠎ᠢ ᠨᠠᠷᠢᠯᠢᠭ ᠪᠠᠶ᠋ᠢᠵᠤ᠂ ᠭᠤᠤᠯ ᠬᠥᠭ ᠠᠶᠠᠰ᠎ᠢ ᠢᠳᠡᠪᠬᠢᠲᠡᠶ ᠴᠤᠤᠷᠢᠶᠠᠲᠤᠭᠤᠯᠵᠤ᠂ ᠢᠳᠡᠪᠬᠢ ᠬᠦᠴᠦᠨ᠎ᠢ ᠳᠠᠮᠵᠢᠭᠤᠯᠤᠭᠰᠠᠨ ᠰᠢᠯᠢᠳᠡᠭ ᠪᠦᠲᠦᠭᠡᠯ᠎ᠤᠳ᠎ᠢ ᠭᠠᠷᠭ᠋ᠠᠵᠠᠢ᠃ ᠲᠣᠰ ᠺᠢᠨᠣ᠋ ᠵᠢ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ 2024 ᠣᠨ᠎ᠤ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠬᠤᠶᠠᠳᠤᠭ᠋ᠠᠷ ᠤᠯᠠᠷᠢᠯ᠎ᠤᠨ ᠰᠢᠯᠢᠳᠡᠭ ᠪᠦᠲᠦᠭᠡᠯ᠂ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠣᠬᠤᠷ ᠸᠢᠳᠢᠣ᠋ ᠪᠠ ᠪᠢᠴᠢᠯ ᠣᠬᠤᠷ ᠵᠦᠴᠦᠭᠡ ᠵᠢᠨ ᠤᠷᠤᠯᠳᠤᠭ᠋ᠠᠨ᠎ᠤ ᠰᠢᠯᠢᠳᠡᠭ ᠪᠦᠲᠦᠭᠡᠯ ᠵᠶ᠋ᠠᠷ ᠰᠣᠩᠭᠣᠭᠳᠠᠭᠰᠠᠨᠤ ᠬᠠᠮᠲᠤ ᠪᠠᠯᠠ ᠮᠥᠩᠭᠦ ᠵᠢᠨ ᠳᠡᠮᠵᠢᠯᠭᠡ ᠦᠵᠡᠭᠦᠯᠪᠡ ᠃