ᠮᠠᠨ᠎ᠤ ᠲᠣᠪᠴᠢᠶ᠎ᠠ ᠵᠢᠨ ᠭᠣᠣᠯᠳᠠᠯᠭ᠎ᠠ ᠪᠣᠯᠬᠤ ᠳᠡᠳᠬᠦᠨ ᠵᠢᠯᠣᠭᠤᠳᠤᠭᠰᠠᠨ ᠲᠦᠷᠦᠯ ᠵᠦᠢ᠍ᠯ 《ᠮᠢᠨᠤ ᠤᠯᠠᠭ᠋ᠠᠨᠰᠤᠬᠠᠢ》 ᠷᠠᠳᠢᠣ᠋ ᠵᠦᠴᠦᠭᠡ ᠵᠢ ᠠᠬᠢᠭᠤᠯᠬᠤ ᠬᠤᠷᠠᠯ ᠬᠤᠷᠠᠯᠳᠤᠭᠤᠯᠪᠠ
2024-12-05



   ᠣᠶ᠋ᠢᠷ᠎ᠠ᠎ᠳᠤ᠂ ᠪᠠᠶᠠᠨᠨᠠᠭᠤᠷ ᠬᠤᠲᠠ ᠵᠢᠨ ᠵᠥᠪᠯᠡᠯ᠎ᠤᠨ ᠤᠬᠠᠭᠤᠯᠬᠤ ᠬᠡᠯᠲᠡᠰ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠎ᠠᠴᠠ ᠬᠠᠮᠲᠤᠷᠠᠨ ᠦᠢ᠍ᠯᠡᠳᠦᠭᠰᠡᠨ ᠂ ᠮᠠᠨ᠎ᠤ ᠲᠣᠪᠴᠢᠶ᠎ᠠ ᠵᠢᠨ 2024 ᠣᠨ᠎ᠤ ᠭᠤᠣᠯᠳᠠᠯᠭ᠎ᠠ ᠪᠣᠯᠬᠤ  ᠲᠡᠳᠬᠦᠨ ᠵᠢᠯᠣᠭᠤᠳᠤᠭᠰᠠᠨ 《ᠮᠢᠨᠤ ᠤᠯᠠᠭ᠋ᠠᠨᠰᠤᠬᠠᠢ》  ᠲᠥᠷᠥᠯ ᠵᠦᠢ᠍ᠯ᠎ᠢ ᠠᠬᠢᠭᠤᠯᠬᠤ ᠬᠤᠷᠠᠯ ᠥᠪᠥᠷ ᠮᠣᠩᠭᠤᠯ᠎ᠤᠨ ᠷᠠᠳᠢᠣ᠋ ᠲᠧᠯᠸᠢᠰ ᠵᠠᠭᠤᠴᠢᠯᠠᠭᠤᠷ᠎ᠤᠨ ᠲᠥᠪ᠎ᠲᠤ ᠬᠤᠷᠠᠯᠳᠤᠭᠤᠯᠪᠠ ᠃ ᠲᠤᠰ ᠺᠢᠨᠣ᠋᠎ᠳᠤ ᠤᠯᠠᠭ᠋ᠠᠨᠰᠤᠬᠠᠢ ᠵᠢᠨ ᠠᠮᠢ ᠠᠬᠤᠢ ᠵᠢᠨ ᠵᠠᠰᠠᠯᠲᠠ ᠵᠢᠨ ᠦᠷ᠎ᠡ ᠪᠦᠲᠦᠭᠡᠯ᠎ᠤᠨ ᠲᠤᠬᠠᠢ ᠦᠯᠢᠭᠡᠷ᠎ᠢ ᠶᠠᠷᠢᠵᠤ᠂ ᠮᠠᠨ᠎ᠤ ᠣᠷᠣᠨ᠎ᠤ ᠡᠬᠡ ᠤᠯᠤᠰ᠎ᠤᠨ ᠤᠮᠠᠷᠠᠲᠤ ᠵᠢᠨ ᠨᠣᠮᠢᠨ ᠨᠣᠭᠤᠭ᠋ᠠᠨ ᠤᠷᠳᠤ ᠴᠠᠭ᠋ᠠᠨ ᠬᠡᠷᠡᠮ᠎ᠢ ᠪᠠᠶ᠋ᠢᠭᠤᠯᠬᠤ ᠢᠲᠡᠭᠡᠯ ᠵᠣᠷᠢᠭ᠎ᠢ ᠢᠯᠡᠷᠡᠭᠦᠯᠪᠡ᠃

   ᠮᠠᠨ᠎ᠤ ᠲᠣᠪᠴᠢᠶ᠎ᠠ ᠠᠬᠢᠭᠤᠯᠬᠤ ᠬᠤᠷᠠᠯ ᠳᠡᠭᠡᠷ᠎ᠡ ᠷᠠᠳᠢᠣ᠋ ᠵᠦᠴᠦᠭᠡ ᠵᠢᠨ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠤᠬᠠᠶ 4 ᠱᠠᠭ᠋ᠠᠷᠳᠠᠯᠭ᠎ᠠ ᠳᠤᠷᠠᠳᠪᠠ᠂ ᠨᠢᠭᠡ᠎ᠳᠤ ᠂  ᠭᠤᠤᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠤᠷᠠᠯᠢᠭ᠎ᠤᠨ ᠨᠥᠯᠥᠭᠡᠯᠡᠬᠦ ᠬᠦᠴᠦᠨ᠎ᠢ ᠬᠦᠴᠦᠯᠡᠨ ᠳᠡᠭᠡᠭᠰᠢᠯᠡᠭᠦᠯᠵᠦ᠂ ᠣᠨᠴᠠᠭ᠋ᠠᠶ ᠤᠷᠠᠯᠢᠭ᠎ᠤᠨ ᠬᠡᠯᠪᠡᠷᠢ᠎ᠪᠠᠷ ᠤᠯᠠᠭ᠋ᠠᠨᠰᠤᠬᠠᠢ ᠵᠢᠨ ᠠᠮᠢ ᠠᠬᠤᠶ ᠵᠢᠨ ᠥᠯᠢᠭᠡᠷ᠎ᠢ ᠠᠮᠢᠳᠤᠯᠢᠭ ᠵᠶ᠋ᠠᠷ ᠶᠠᠷᠢᠬᠤ ᠬᠡᠷᠡᠭᠲᠡᠢ ᠃ ᠬᠤᠶᠠᠷ᠎ᠲᠤ ᠂  ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠵᠢᠨ ᠲᠤᠰᠬᠠᠶ ᠮᠡᠷᠭᠡᠵᠢᠯᠲᠡᠨ᠎ᠲᠠᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ 《ᠮᠢᠨᠤ ᠤᠯᠠᠭ᠋ᠠᠨᠰᠤᠬᠠᠢ》 ᠵᠢ ᠵᠣᠬᠢᠶᠠᠨ ᠪᠦᠲᠦᠭᠡᠬᠦ᠎ᠳᠤ ᠣᠶᠤᠨ᠎ᠤ ᠳᠡᠮᠵᠢᠯᠭᠡ ᠪᠠ ᠲᠤᠰᠬᠠᠶ ᠮᠡᠷᠭᠡᠵᠢᠯ᠎ᠤᠨ ᠵᠢᠯᠣᠭᠤᠳᠤᠯᠭ᠎ᠠ ᠬᠠᠩᠭ᠋ᠠᠵᠤ᠂ ᠬᠦᠷᠢᠶ᠎ᠡ ᠴᠠᠷᠠᠭ᠎ᠠ ᠠᠯᠤᠰᠯᠠᠭᠰᠠᠨ ᠬᠠᠮᠲᠤᠷᠠᠯᠴᠠᠭ᠎ᠠ᠎ᠪᠠᠷ ᠳᠠᠮᠵᠢᠭᠤᠯᠤᠨ᠂ ᠦᠯᠢᠭᠡᠷ᠎ᠤᠨ ᠭᠦᠨᠴᠡ ᠵᠢ ᠨᠡᠩ ᠰᠠᠶ᠋ᠢᠲᠤᠷ ᠠᠭᠤᠳᠠᠯᠵᠤ᠂ ᠪᠦᠲᠦᠭᠡᠯ ᠤᠷᠠᠯᠢᠭ᠎ᠤᠨ ᠦᠨ᠎ᠡ ᠥᠷᠲᠡᠭ᠎ᠢ ᠳᠡᠭᠡᠭᠰᠢᠯᠡᠭᠦᠯᠬᠦ ᠬᠡᠷᠡᠭᠲᠡᠢ ᠃ ᠭᠤᠷᠪᠠ᠎ᠳᠤ᠂  ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠡᠮᠦᠨᠡᠬᠢ ᠬᠤᠭᠤᠴᠠᠭ᠋ᠠᠨ᠎ᠤ ᠪᠡᠯᠡᠳᠬᠡᠯ ᠪᠠ  ᠰᠡᠭᠦᠯᠴᠢ ᠵᠢᠨ ᠬᠤᠭᠤᠴᠠᠭ᠋ᠠᠨ᠎ᠤ ᠤᠬᠠᠭᠤᠯᠤᠨ ᠲᠠᠨᠢᠯᠴᠠᠭᠤᠯᠬᠤ ᠠᠵᠢᠯ ᠵᠶ᠋ᠠᠨ  ᠰᠠᠶ᠋ᠢᠲᠤᠷ ᠬᠢᠵᠦ᠂ ᠤᠯᠠᠭ᠋ᠠᠨᠰᠤᠬᠠᠢ ᠵᠢᠨ ᠠᠮᠢ ᠠᠬᠤᠢ ᠵᠢᠨ ᠵᠠᠰᠠᠯᠲᠠ ᠵᠢᠨ ᠦᠷ᠎ᠡ ᠪᠦᠲᠦᠭᠡᠯ᠎ᠢ ᠨᠡᠩ ᠤᠯᠠᠨ ᠬᠥᠮᠦᠰ᠎ᠲᠤ ᠣᠶ᠋ᠢᠯᠠᠭ᠋ᠠᠭᠤᠯᠤᠨ ᠠᠩᠬᠠᠷᠤᠭᠤᠯᠵᠤ ᠂ 《ᠮᠢᠨᠦ  ᠤᠯᠠᠭ᠋ᠠᠨᠰᠤᠬᠠᠢ 》 ᠵᠢᠨ  ᠳᠠᠮᠵᠢᠭᠤᠯᠬᠤ ᠬᠦᠴᠦᠨ ᠪᠠ  ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃ ᠳᠥᠷᠪᠡ᠎ᠳᠤ ᠂  ᠡᠯ᠎ᠡ ᠭᠣᠭᠴᠣᠭ᠎ᠠ ᠵᠢ ᠲᠡᠭᠦᠯᠳᠡᠷᠵᠢᠭᠦᠯᠵᠦ᠂ ᠷᠠᠳᠢᠣ᠋  ᠵᠦᠴᠦᠭᠡ ᠵᠢᠨ ᠲᠣᠭᠲᠠᠭᠰᠠᠨ ᠬᠤᠭᠤᠴᠠᠭ᠋ᠠᠨ᠎ᠳᠤ ᠴᠢᠨᠠᠷᠯᠢᠭ ᠪᠡᠶᠡᠯᠡᠭᠦᠯᠬᠦ ᠵᠢ ᠪᠠᠲᠤᠯᠠᠬᠤ ᠬᠡᠷᠡᠭᠲᠡᠶ᠃

   ᠮᠠᠨ᠎ᠤ ᠲᠣᠪᠴᠢᠶ᠎ᠠ ᠵᠢᠴᠢ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶᠠᠨ᠎ᠤ ᠬᠠᠮᠢᠶ᠎ᠠ ᠪᠦᠬᠦᠢ ᠭᠠᠵᠠᠷ ᠲᠠᠰᠤᠭ᠂ ᠰᠠᠯᠠᠭ᠎ᠠ ᠮᠥᠴᠢᠷ᠎ᠤᠨ ᠤᠳᠤᠷᠢᠳᠤᠯᠭ᠎ᠠ᠂ ᠬᠤᠯᠪᠣᠭᠳᠠᠯ ᠪᠦᠬᠦᠢ ᠠᠵᠢᠯ ᠲᠥᠷᠥᠯ᠎ᠤᠨ ᠬᠦᠷᠢᠶᠡᠨ᠎ᠤ ᠲᠤᠰᠬᠠᠶ ᠮᠡᠷᠭᠡᠵᠢᠯᠲᠡᠨ ᠵᠢᠴᠢ ᠷᠠᠳᠢᠣ᠋ ᠵᠦᠴᠦᠭᠡ ᠦᠢ᠍ᠯᠡᠳᠬᠦ  ᠬᠥᠮᠦᠰ ᠠᠬᠢᠭᠤᠯᠬᠤ ᠬᠤᠷᠠᠯ᠎ᠳᠤ ᠣᠷᠣᠯᠴᠠᠪᠠ᠃

(ᠤᠬᠠᠭᠤᠯᠭ᠎ᠠ ᠵᠢᠨ  ᠭᠠᠵᠠᠷ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ