ᠮᠠᠨ᠎ᠤ ᠲᠣᠪᠴᠢᠶ᠎ᠠ ᠵᠢᠨ 《ᠤᠮᠠᠷᠠᠲᠤ ᠬᠢᠯᠢ᠎ᠳᠤ ᠤᠴᠠᠷᠠᠭᠰᠠᠨ᠎ᠨᠢ》 ᠣᠬᠤᠷ ᠸᠢᠳᠢᠣ᠋ ᠵᠢᠨ ᠦᠯᠢᠭᠡᠷ ᠠᠪᠬᠤ ᠠᠵᠢᠯᠯᠠᠭ᠎ᠠ 2024 ᠣᠨ᠎ᠤ ᠥᠪᠡᠷᠲᠡᠭᠡᠨ ᠵᠠᠰᠠᠬᠤ ᠣᠷᠣᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠰᠢᠯᠢᠳᠡᠭ ᠰᠢᠨ᠎ᠡ ᠵᠢ ᠡᠭᠦᠳᠦᠭᠰᠡᠨ ᠬᠡᠷᠡᠭ᠎ᠤᠨ ᠵᠢᠱ᠌ᠢᠶ᠎ᠡ᠎ᠪᠠᠷ ᠰᠣᠩᠭᠤᠭᠳᠠᠪᠠ
2025-01-09



   ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ  ᠤᠬᠠᠭᠤᠯᠬᠤ ᠬᠡᠯᠲᠡᠰ᠎ᠠᠴᠠ ᠪᠥᠬᠦ ᠣᠷᠣᠨ᠎ᠤ 2024 ᠣᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠰᠢᠯᠢᠳᠡᠭ ᠰᠢᠨ᠎ᠡ ᠵᠢ ᠡᠭᠦᠳᠦᠭᠰᠡᠨ ᠬᠡᠷᠡᠭ᠎ᠤᠨ ᠵᠢᠱ᠌ᠢᠶ᠎ᠡ ᠵᠢᠨ ᠨᠡᠷᠡᠰ᠎ᠢ ᠨᠡᠶ᠋ᠢᠲᠡᠯᠡᠪᠡ᠂ ᠮᠠᠨ᠎ᠤ ᠲᠣᠪᠴᠢᠶ᠎ᠠ ᠵᠢᠨ 《ᠤᠮᠠᠷᠠᠲᠤ ᠬᠢᠯᠢ᠎ᠳᠤ ᠤᠴᠠᠷᠠᠭᠰᠠᠨ᠎ᠨᠢ 》 ᠣᠬᠤᠷ ᠸᠢᠳᠢᠤ᠋ ᠵᠢᠨ ᠦᠯᠢᠭᠡᠷ ᠠᠪᠬᠤ  ᠠᠵᠢᠯᠯᠠᠭ᠎ᠠ ᠰᠣᠩᠭᠤᠭᠳᠠᠪᠠ᠃


图片1.png


  《ᠤᠮᠠᠷᠠᠲᠤ ᠬᠢᠯᠢ᠎ᠳᠤ ᠤᠴᠠᠷᠠᠭᠰᠠᠨ᠎ᠨᠢ 》 ᠣᠬᠤᠷ ᠸᠢᠳᠢᠣ᠋ ᠵᠢᠨ ᠦᠯᠢᠭᠡᠷ ᠠᠪᠬᠤ  ᠠᠵᠢᠯᠯᠠᠭ᠎ᠠ᠎ᠨᠢ ᠶᠡᠷᠦᠩᠬᠡᠶ ᠱᠦᠵᠢ ᠰᠢ  ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢ ᠨᠠᠶ᠋ᠢᠳᠠᠪᠤᠷᠢᠵᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠤᠶᠠᠷ ᠶᠡᠭᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠨᠳᠦᠰᠦᠲᠡᠨ᠎ᠤ ᠪᠦᠯᠬᠦᠮᠳᠡᠯ᠂ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ᠂ ᠬᠤᠪᠢᠰᠬᠠᠯ᠎ᠤᠨ ᠰᠣᠶᠣᠯ ᠵᠡᠷᠭᠡ ᠵᠢᠨ ᠲᠣᠭᠤᠷᠢᠨ᠎ᠳᠤ ᠰᠢᠭᠤᠳ ᠨᠡᠪᠲᠡᠷᠡᠭᠦᠯᠬᠦ ᠪᠠ ᠰᠤᠷᠪᠤᠯᠵᠢᠯᠠᠬᠤ ᠠᠵᠢᠯᠯᠠᠭ᠎ᠠ ᠥᠷᠨᠢᠭᠦᠯᠪᠡ᠃ ᠲᠤᠰ ᠠᠵᠢᠯᠯᠠᠭ᠎ᠠ ᠵᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠰᠦᠯᠵᠢᠶᠡᠨ᠎ᠤ ᠦᠵᠡᠵᠦ ᠰᠣᠨᠣᠰᠬᠤ ᠵᠤᠷᠭ᠋ᠠᠨ᠎ᠤ ᠵᠢᠯᠣᠭᠤᠳᠣᠯᠭ᠎ᠠ᠂ ᠬᠢᠩᠭ᠋ᠠᠨ ᠠᠶ᠋ᠢᠮᠠᠭ ᠪᠠ ᠬᠥᠯᠥᠨ ᠪᠤᠶ᠋ᠢᠷ ᠬᠤᠲᠠ ᠬᠤᠶᠠᠷ ᠭᠠᠵᠠᠷ᠎ᠲᠤ 5 ᠡᠳᠦᠷ  ᠶᠠᠪᠤᠭᠳᠠᠭᠤᠯᠵᠤ᠂  ᠥᠪᠥᠷ ᠮᠣᠩᠭᠤᠯ᠎ᠤᠨ ᠰᠣᠶᠣᠯ᠎ᠤᠨ ᠠᠭᠤᠯᠬᠤᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠦᠨᠳᠦᠰᠦᠲᠡᠨ᠎ᠤ ᠪᠦᠯᠬᠦᠮᠳᠡᠯ᠂ ᠬᠤᠪᠢᠰᠬᠠᠯ᠎ᠤᠨ ᠰᠣᠶᠣᠯ ᠵᠡᠷᠭᠡ ᠲᠠᠯ᠎ᠠ ᠵᠢᠨ ᠥᠪᠡᠷᠮᠢᠴᠡ ᠳᠠᠪᠠᠭᠤᠯᠢᠭ᠎ᠢ ᠭᠦᠢ᠍ᠴᠡᠳ ᠢᠯᠡᠷᠡᠭᠦᠯᠪᠡ᠃ ᠪᠦᠬᠦ ᠰᠦᠯᠵᠢᠶᠡᠨ᠎ᠳᠤ ᠨᠡᠶ᠋ᠢᠲᠡ 1149 ᠬᠤᠪᠢ ᠬᠠᠮᠢᠶ᠎ᠠ ᠪᠦᠬᠦᠢ ᠮᠡᠳᠡᠭᠡᠯᠡᠯ ᠭᠠᠷᠴᠤ᠂ ᠶᠡᠷᠦᠩᠬᠡᠶ ᠳᠠᠮᠵᠢᠭᠤᠯᠭ᠎ᠠ ᠵᠢᠨ ᠬᠡᠮᠵᠢᠶ᠎ᠡ 15.1 ᠳ᠋ᠦᠩᠰᠢᠭᠤᠷ ᠤᠳᠠᠭ᠎ᠠ᠎ᠳᠤ ᠬᠦᠷᠪᠡ᠃ ᠲᠤᠰ ᠠᠵᠢᠯᠯᠠᠭ᠎ᠠ᠎ᠨᠢ ᠷᠠᠳᠢᠣ᠋  ᠲᠧᠯᠸᠢᠰ᠎ᠤᠨ ᠶᠡᠷᠦᠩᠬᠡᠢ ᠲᠣᠪᠴᠢᠶ᠎ᠠ ᠵᠢᠨ 2024 ᠣᠨ᠎ᠤ 《ᠳᠤᠮᠳᠠᠳᠤ ᠤᠯᠤᠰ᠎ᠢ ᠦᠵᠡᠵᠦ ᠰᠣᠨᠣᠰᠬᠤ》 ᠰᠢᠯᠢᠳᠡᠭ  ᠣᠬᠣᠷ ᠸᠢᠳᠢᠣ᠋  ᠡᠯᠰᠡᠨ ᠴᠤᠭᠯᠠᠭᠤᠯᠬᠤ ᠰᠢᠷᠢᠰ  ᠠᠵᠢᠯᠯᠠᠭ᠎ᠠ᠎ᠳᠤ ᠣᠷᠣᠪᠠ᠃

(ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠬᠠᠮᠢᠶᠠᠷᠤᠯᠲᠠ ᠵᠢᠨ ᠭᠠᠵᠠᠷ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ