ᠣᠶ᠋ᠢᠷ᠎ᠠ᠎ᠳᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ 2024 ᠣᠨ᠎ᠤ ᠭᠤᠷᠪᠠᠳᠤᠭ᠋ᠠᠷ ᠤᠯᠠᠷᠢᠯ᠎ᠤᠨ ᠰᠢᠯᠢᠳᠡᠭ ᠰᠦᠯᠵᠢᠶᠡᠨ᠎ᠤ ᠦᠵᠡᠵᠦ ᠰᠣᠨᠣᠰᠬᠤ ᠪᠦᠲᠦᠭᠡᠯ᠎ᠢ ᠰᠣᠩᠭᠤᠨ ᠲᠠᠨᠢᠯᠴᠠᠭᠤᠯᠤᠭᠰᠠᠨ ᠦᠷ᠎ᠡ ᠳ᠋ᠦᠩ᠎ᠢ ᠨᠡᠢ᠌ᠲᠡᠯᠡᠪᠡ ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠰᠣᠩᠭᠤᠨ ᠲᠠᠨᠢᠯᠴᠠᠭᠤᠯᠬᠤ᠎ᠪᠠᠷ ᠳᠡᠮᠵᠢᠨ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠯᠠᠱ᠌ᠠ ᠠᠶ᠋ᠢᠮᠠᠭ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠵᠡᠨ᠎ᠡ ᠬᠤᠰᠢᠭᠤᠨ᠎ᠤ ᠬᠤᠷᠢᠶᠠᠨ᠎ᠤ ᠤᠬᠠᠭᠤᠯᠬᠤ ᠬᠡᠯᠲᠡᠰ᠎ᠤᠨ ᠬᠠᠮᠲᠤᠷᠠᠨ ᠭᠠᠷᠭ᠋ᠠᠭᠰᠠᠨ ᠷᠠᠳᠢᠣ᠋ ᠵᠦᠴᠦᠭᠡ 《 ᠰᠠᠨᠰᠠᠷ᠎ᠤᠨ ᠳᠣᠮᠣᠭ ᠬᠠᠢ᠌ᠯᠠᠭᠰᠠᠨ ᠭᠠᠯᠪᠠ ᠵᠢᠨ ᠭᠣᠪᠢ 》 ᠨᠢ ᠰᠢᠯᠢᠳᠡᠭ ᠰᠦᠯᠵᠢᠶᠡᠨ᠎ᠤ ᠦᠵᠡᠵᠦ ᠰᠣᠨᠣᠰᠬᠤ ᠪᠦᠲᠦᠭᠡᠯ ᠵᠶ᠋ᠠᠷ ᠰᠣᠩᠭᠤᠭᠳᠠᠪᠠ᠃
ᠲᠤᠰ ᠵᠦᠴᠦᠭᠡ᠎ᠨᠢ 《ᠬᠠᠮᠤᠭ ᠰᠠᠶ᠋ᠢᠨ ᠮᠠᠯᠵᠢᠯ᠎ᠤᠨ ᠲᠠᠯᠠᠪᠠᠢ ᠵᠢ ᠰᠠᠨᠰᠠᠷ᠎ᠤᠨ ᠠᠶᠠᠯᠠᠯ᠎ᠤᠨ ᠦᠢ᠍ᠯᠡᠰ᠎ᠲᠤ ᠵᠣᠷᠢᠭᠣᠯᠣᠭᠰᠠᠨ 》 ᠰᠠᠶ᠋ᠢᠬᠠᠨ ᠳᠠᠭᠤᠷᠢᠰᠬᠠᠯ ᠵᠶ᠋ᠠᠷ ᠲᠡᠦᠬᠡ ᠵᠢᠨ ᠠᠬᠤᠢ ᠪᠠᠶ᠋ᠢᠳᠠᠯ ᠪᠣᠯᠭ᠋ᠠᠵᠤ᠂ ᠦᠪᠦᠷ ᠮᠤᠩᠭᠤᠯ᠎ᠤᠨ ᠡᠵᠡᠨ᠎ᠡ ᠬᠤᠰᠢᠭᠤᠨ᠎ᠤ ᠬᠢᠯᠢ ᠵᠢᠨ ᠬᠠᠮᠢᠶᠠᠷᠤᠯᠲᠠ ᠵᠢᠨ ᠶᠡᠭᠡ ᠠᠩᠭᠢ ᠵᠢᠨ᠎ᠬᠢᠨ 《ᠬᠤᠪᠢᠯᠭ᠋ᠠᠨ ᠵᠡᠪᠢ ᠠᠷᠪᠠᠨ ᠵᠢᠷᠭᠤᠳᠤᠭ᠋ᠠᠷ》᠎ᠤᠨ ᠳ᠋ᠦᠩ ᠹᠸᠩ ᠪᠠᠭᠤᠯᠲᠠ ᠵᠢᠨ ᠲᠠᠯᠠᠪᠠᠢ᠎ᠳᠤ ᠪᠤᠴᠠᠨ ᠢᠷᠡᠬᠦ ᠬᠠᠮᠠᠭ᠋ᠠᠯᠠᠬᠤ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠦᠭᠰᠡᠨ ᠵᠶ᠋ᠠᠷ ᠭᠤᠣᠯ ᠰᠢᠵᠢᠮ ᠪᠣᠯᠭ᠋ᠠᠵᠤ᠂ ᠠᠯᠠᠱ᠌ᠠ ᠠᠶ᠋ᠢᠮᠠᠭ᠎ᠤᠨ ᠡᠵᠡᠨ᠎ᠡ ᠬᠤᠰᠢᠭᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠭᠡ ᠲᠠᠯ᠎ᠠ ᠵᠢ ᠬᠠᠷᠠᠭ᠋ᠠᠯᠵᠠᠨ᠂ ᠰᠡᠳᠬᠢᠯ ᠵᠢᠷᠦᠬᠡ᠎ᠪᠠᠨ ᠬᠤᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠦᠢ᠍ᠯᠡ ᠠᠵᠢᠯᠯᠠᠭ᠎ᠠ᠎ᠪᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ 《ᠣᠭᠲᠠᠷᠭᠤᠢ ᠵᠢᠨ ᠵᠡᠭᠦᠳᠦ》 ᠵᠢ ᠰᠠᠬᠢᠨ ᠬᠠᠮᠠᠭ᠋ᠠᠯᠠᠵᠤ᠂ ᠡᠬᠡ ᠤᠯᠤᠰ᠎ᠤᠨ ᠰᠠᠨᠰᠠᠷ᠎ᠤᠨ ᠦᠢ᠍ᠯᠡᠰ᠎ᠲᠤ ᠭᠤᠶᠠᠴᠢ ᠦᠭᠡᠢ ᠵᠢᠳᠬᠦᠭᠰᠡᠨ ᠰᠡᠳᠬᠢᠯ ᠬᠥᠳᠡᠯᠭᠡᠮ᠎ᠡ ᠦᠯᠢᠭᠡᠷ᠎ᠢ ᠠᠮᠢᠳᠤᠯᠢᠭ ᠵᠶ᠋ᠠᠷ ᠶᠠᠷᠢᠵᠤ᠂ ᠬᠡᠳᠦᠨ ᠦᠶ᠎ᠡ ᠵᠢᠨ ᠤᠮᠠᠷᠠᠲᠤ ᠵᠢᠨ ᠬᠥᠪᠡᠭᠦᠳ ᠥᠬᠢᠳ᠎ᠤᠨ ᠡᠬᠡ ᠤᠯᠤᠰ᠎ᠤᠨ ᠬᠠᠶ᠋ᠢᠷ᠎ᠠ ᠰᠡᠳᠬᠢᠯᠭᠡ ᠪᠠ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠪᠡ᠃ ᠲᠤᠰ ᠵᠦᠴᠦᠭᠡ ᠪᠣᠯ ᠤᠯᠤᠰ᠎ᠤᠨ ᠳᠣᠲᠣᠭ᠋ᠠᠳᠤ᠎ᠳᠤ ᠠᠩᠬ᠎ᠠ ᠤᠳᠠᠭ᠎ᠠ ᠭᠠᠷᠭ᠋ᠠᠭᠰᠠᠨ ᠡᠨᠡ ᠬᠦ᠌ ᠰᠡᠳᠦᠪᠲᠦ ᠵᠦᠴᠦᠭᠡ ᠵᠢᠨ ᠪᠦᠲᠦᠭᠡᠯ ᠪᠣᠯᠬᠤ ᠪᠥᠭᠡᠳ ᠥᠪᠥᠷ ᠮᠣᠩᠭᠣᠯ᠎ᠤᠨ ᠦᠯᠢᠭᠡᠷ᠎ᠢ ᠰᠠᠶ᠋ᠢᠬᠠᠨ ᠶᠠᠷᠢᠬᠤ ᠵᠢᠨ ᠪᠠᠰᠠ ᠨᠢᠭᠡᠨ ᠤᠷᠠᠯᠢᠭ᠎ᠤᠨ ᠰᠢᠨ᠎ᠡ ᠢᠯᠡᠷᠡᠯ ᠪᠣᠯᠤᠨ᠎ᠠ᠃
2024 ᠣᠨ᠎ᠤ 6 ᠳ᠋ᠤᠭ᠋ᠠᠷ ᠰᠠᠷ᠎ᠠ᠎ᠳᠤ᠂ ᠲᠤᠰ ᠵᠦᠴᠦᠭᠡ ᠵᠢ ᠤᠷᠢᠳ ᠬᠤᠵᠢᠳ ᠲᠥᠪ᠎ᠤᠨ ᠠᠷᠠᠳ᠎ᠤᠨ ᠷᠠᠳᠢᠣ᠋ ᠨᠡᠪᠲᠡᠷᠡᠭᠦᠯᠭᠡ ᠵᠢᠨ ᠬᠤᠷᠢᠶ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ ᠵᠢᠨ ᠳᠡᠭᠦᠯᠢᠯᠲᠡ ᠬᠠᠮ ᠵᠠᠭᠤᠴᠢᠯᠠᠭᠤᠷ᠎ᠤᠨ ᠬᠡᠷᠡᠭᠯᠡᠭᠴᠢ ᠵᠢᠨ ᠦᠵᠦᠭᠦᠷ ᠵᠢᠴᠢ ᠤᠷᠠᠨ ᠪᠢᠴᠢᠯᠭᠡ ᠳᠠᠭᠤᠷᠢᠯᠢᠭ᠎ᠤᠨ ᠷᠠᠳᠢᠣ᠋ ᠨᠡᠪᠲᠡᠷᠡᠭᠦᠯᠭᠡ ᠵᠡᠷᠭᠡ ᠡᠯ᠎ᠡ ᠳᠠᠪᠲᠠᠮᠵᠢ᠎ᠪᠠᠷ ᠨᠡᠪᠲᠡᠷᠡᠭᠦᠯᠪᠡ᠃ ᠰᠢᠨᠬᠤᠸᠠ ᠰᠦᠯᠵᠢᠶ᠎ᠡ᠂ ᠰᠤᠷᠤᠯᠴᠠᠯᠭ᠎ᠠ᠎ᠪᠠᠷ ᠤᠯᠤᠰ ᠵᠶ᠋ᠡᠨ ᠬᠦᠴᠦᠷᠬᠡᠭᠵᠢᠭᠦᠯᠬᠦ᠂ ᠶᠦᠨ ᠲᠢᠩ ᠂ ᠲᠧᠩ ᠰᠢᠶᠦ᠋ᠨ ᠰᠣᠨᠢᠨ ᠮᠡᠳᠡᠭᠡ᠂ ᠲᠧᠩ ᠰᠢᠶᠦ᠋ᠨ᠎ᠤ ᠸᠢᠳᠢᠣ᠋᠂ ᠾᠢᠮᠠᠯᠠᠶ᠎ᠠ ᠵᠡᠷᠭᠡ ᠰᠢᠨ᠎ᠡ ᠵᠠᠭᠤᠴᠢᠯᠠᠭᠤᠷ᠎ᠤᠨ ᠲᠠᠪᠴᠠᠩ᠂ ᠪᠦᠬᠦ ᠤᠯᠤᠰ᠎ᠤᠨ ᠬᠡᠰᠡᠭ ᠮᠤᠵᠢ ᠬᠤᠳᠠ ᠵᠢᠨ ᠷᠠᠳᠢᠣ᠋ ᠲᠧᠯᠸᠢᠰ ᠬᠤᠷᠢᠶ᠎ᠠ᠂ ᠬᠠᠮ ᠵᠠᠭᠤᠴᠢᠯᠠᠭᠤᠷ᠎ᠤᠨ ᠲᠠᠪᠴᠠᠩ ᠵᠢᠴᠢ ᠮᠠᠨ᠎ᠤ ᠣᠷᠣᠨ᠎ᠤ ᠬᠡᠰᠡᠭ ᠠᠶ᠋ᠢᠮᠠᠭ ᠬᠤᠳᠠ ᠵᠢᠨ ᠬᠠᠮ ᠵᠠᠭᠤᠴᠢᠯᠠᠭᠤᠷ᠎ᠤᠨ ᠲᠥᠪ᠎ᠲᠤ ᠥᠷᠭᠡᠨ ᠵᠶ᠋ᠠᠷ ᠤᠬᠠᠭᠤᠯᠵᠤ᠂ ᠪᠦᠬᠦ ᠲᠠᠪᠴᠠᠩ᠎ᠤᠨ ᠨᠡᠶ᠋ᠢᠳᠡ ᠨᠡᠪᠲᠡᠷᠡᠭᠦᠯᠵᠦ ᠦᠵᠡᠭᠰᠡᠨ ᠲᠣᠭ᠎ᠠ 30 ᠲᠦᠮᠡ ᠵᠢ ᠳᠠᠪᠠᠪᠠ ᠃
(ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠬᠠᠮᠢᠶᠠᠷᠤᠯᠲᠠ ᠵᠢᠨ ᠭᠠᠵᠠᠷ)