1 ᠳ᠋ᠦ᠍ᠭᠡᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠪᠥᠬᠦ ᠣᠷᠣᠨ᠎ᠤ ᠷᠠᠳᠢᠣ᠋ ᠲᠧᠯᠸᠢᠰ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠠᠵᠢᠯ᠎ᠤᠨ ᠬᠤᠷᠠᠯ ᠬᠤᠷᠠᠯᠳᠤᠭᠤᠯᠵᠤ᠂ 2024 ᠣᠨ᠎ᠤ ᠪᠥᠬᠦ ᠣᠷᠣᠨ᠎ᠤ ᠷᠠᠳᠢᠣ᠋ ᠲᠧᠯᠸᠢᠰ᠎ᠤᠨ ᠠᠮᠤᠷ ᠲᠦᠪᠰᠢᠨ ᠨᠡᠪᠲᠡᠷᠡᠭᠦᠯᠭᠡ ᠵᠢᠨ ᠶᠡᠷᠦᠩᠬᠡᠶ ᠪᠠᠶ᠋ᠢᠳᠠᠯ᠎ᠢ ᠵᠠᠷᠯᠠᠨ ᠮᠡᠳᠡᠭᠳᠡᠵᠦ᠂ ᠣᠳᠣᠬᠠᠨ᠎ᠤ ᠠᠮᠤᠷ ᠲᠦᠪᠰᠢᠨ ᠨᠡᠪᠲᠡᠷᠡᠭᠦᠯᠭᠡ ᠵᠢᠨ ᠪᠠᠶ᠋ᠢᠳᠠᠯ᠎ᠢ ᠳ᠋ᠦᠩᠨᠡᠨ ᠵᠠᠳᠠᠯᠵᠤ᠂ ᠲᠠᠷᠠᠭ᠋ᠠᠴᠢ ᠵᠢᠨ ᠱᠠᠲᠤᠨ᠎ᠤ ᠭᠤᠤᠯᠳᠠᠯᠭ᠎ᠠ᠎ᠲᠠᠢ ᠠᠵᠢᠯ᠎ᠢ ᠰᠤᠳᠤᠯᠤᠨ ᠪᠠᠶ᠋ᠢᠷᠢᠯᠠᠭᠤᠯᠪᠠ᠃
ᠬᠤᠷᠠᠯ᠎ᠠᠴᠠ ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠴᠠᠭ᠋ᠠᠨ ᠰᠠᠷ᠎ᠠ᠂ ᠪᠦᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠠᠮᠤᠷ ᠲᠦᠪᠰᠢᠨ ᠨᠡᠪᠲᠡᠷᠡᠭᠦᠯᠭᠡ ᠵᠢ ᠪᠠᠲᠤᠯᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠠᠮᠤᠷ ᠲᠦᠪᠰᠢᠨ᠎ᠤ ᠭᠡᠮ ᠰᠣᠭᠤᠭ᠎ᠢ ᠬᠥᠳᠡᠯᠦᠩᠭᠦᠢ᠎ᠪᠠᠷ ᠴᠡᠪᠡᠷᠯᠡᠨ ᠠᠷᠢᠯᠭ᠋ᠠᠬᠤ ᠵᠢ ᠪᠠᠲᠤᠯᠠᠬᠤ ᠬᠡᠷᠡᠭᠲᠡᠢ; ᠵᠢᠯ᠎ᠤᠨ ᠡᠴᠦᠰ ᠵᠢᠯ᠎ᠤᠨ ᠡᠬᠢᠨ᠎ᠤ ᠠᠶᠤᠯᠭᠦᠢ ᠦᠢ᠍ᠯᠡᠳᠪᠦᠷᠢᠯᠡᠯ᠎ᠤᠨ ᠲᠦᠭᠰᠢᠭᠦᠷᠢ ᠵᠢ ᠰᠡᠷᠭᠡᠶ᠋ᠢᠯᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦᠨ᠎ᠠᠴᠠ᠎ᠨᠢ ᠵᠠᠰᠠᠬᠤ ᠪᠣᠭᠤᠮᠲᠠ ᠰᠢᠪᠲᠤᠯᠬᠤ ᠲᠤᠰᠬᠠᠢ ᠠᠵᠢᠯᠯᠠᠭ᠎ᠠ᠂ ᠠᠶᠤᠯᠭᠦᠢ ᠦᠢ᠍ᠯᠡᠳᠪᠦᠷᠢᠯᠡᠯ ᠪᠣᠯᠤᠨ ᠪᠠᠶ᠋ᠢᠭ᠋ᠠᠯᠢ ᠵᠢᠨ ᠭᠠᠮᠰᠢᠭ᠎ᠤᠨ ᠲᠦᠭᠰᠢᠭᠦᠷᠢ ᠵᠢᠨ ᠭᠡᠮ ᠰᠣᠭᠤᠭ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠡᠷᠭᠡ ᠠᠵᠢᠯ᠎ᠲᠠᠢ ᠤᠶᠠᠯᠳᠤᠭᠤᠯᠤᠨ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ; ᠵᠢᠵᠢᠭᠦᠷᠯᠡᠨ ᠰᠠᠬᠢᠬᠤ ᠪᠠ ᠵᠢᠯᠣᠭᠤᠳᠤᠨ ᠲᠣᠬᠢᠷᠠᠭᠤᠯᠬᠤ᠎ᠪᠠᠨ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠦᠨ᠂ ᠨᠡᠪᠲᠡᠷᠡᠭᠦᠯᠭᠡ ᠵᠢᠨ ᠠᠮᠤᠷ ᠲᠦᠪᠰᠢᠨ᠂ ᠰᠦᠯᠵᠢᠶᠡᠨ᠎ᠤ ᠠᠮᠤᠷ ᠲᠦᠪᠰᠢᠨ᠂ ᠲᠤᠭ᠎ᠠ ᠪᠠᠷᠢᠮᠲᠠ ᠵᠢᠨ ᠠᠮᠤᠷ ᠲᠦᠪᠰᠢᠨ᠂ ᠲᠥᠬᠦᠭᠡᠷᠦᠮᠵᠢ ᠵᠢᠨ ᠠᠮᠤᠷ ᠲᠦᠪᠰᠢᠨ᠂ ᠦᠢ᠍ᠯᠡᠳᠪᠦᠷᠢᠯᠡᠯ᠎ᠤᠨ ᠠᠮᠤᠷ ᠲᠦᠪᠰᠢᠨ ᠵᠡᠷᠭᠡ ᠡᠯ᠎ᠡ ᠲᠥᠷᠥᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠡᠯ᠎ᠡ ᠠᠶ᠋ᠢᠮᠠᠭ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠴᠠᠬᠢᠯᠭ᠋ᠠᠨ ᠬᠤᠯᠪᠣᠭ᠋ᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠤᠯ᠎ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ᠎ᠤᠨ ᠰᠢᠯᠵᠢᠮᠡᠯ ᠬᠤᠯᠪᠣᠭ᠋ᠠᠨ᠎ᠤ ᠪᠦᠯᠦᠭᠯᠡᠯ᠎ᠤᠨ ᠥᠪᠥᠷ ᠮᠣᠩᠭᠤᠯ᠎ᠤᠨ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠬᠠᠮᠲᠤᠷᠠᠭᠰᠠᠨ ᠰᠦᠯᠵᠢᠶᠡᠨ᠎ᠤ ᠴᠢᠮᠡᠭᠡ ᠬᠤᠯᠪᠣᠭ᠋ᠠᠨ᠎ᠤ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠺᠣᠮᠫᠠᠨᠢ᠂ ᠲᠣᠪᠴᠢᠶᠠᠨ᠎ᠤ ᠬᠠᠷᠢᠶ᠎ᠠ ᠡᠯ᠎ᠡ ᠬᠤᠯᠪᠣᠭᠳᠠᠯ ᠪᠥᠬᠦᠶ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠪᠠ ᠃
(ᠠᠶᠤᠯᠭᠦᠢ ᠳᠠᠮᠵᠢᠭᠤᠯᠭ᠎ᠠ ᠵᠢᠨ ᠪᠠᠲᠤᠯᠠᠭ᠎ᠠ ᠵᠢᠨ ᠭᠠᠵᠠᠷ)