9 ᠳ᠋ᠤᠭᠡᠷ ᠰᠠᠷ᠎ᠠ᠎ᠶ᠋ᠢᠨ 15 ᠤ ᠡᠳᠦᠷ᠎ᠠᠴᠠ 21 ᠤ ᠡᠳᠦᠷ ᠪᠣᠯᠲᠠᠯ᠎ᠠ ᠪᠣᠯ ᠤᠯᠤᠰ᠎ᠤᠨ ᠰᠦᠯᠵᠢᠶᠡᠨ᠎ᠤ ᠠᠮᠤᠷ ᠲᠦᠪᠱᠢᠨ᠎ᠤ ᠤᠬᠠᠭᠤᠯᠭ᠎ᠠ᠎ᠶ᠋ᠢᠨ ᠭᠠᠷᠠᠭ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠳᠠᠮᠵᠢᠯᠭᠠᠨ ᠰᠠᠴᠤᠷᠠᠭᠤᠯᠬᠤ ᠲᠥᠪ 《ᠰᠦᠯᠵᠢᠶᠡᠨ᠎ᠤ ᠠᠮᠤᠷ ᠲᠦᠪᠱᠢᠨ ᠠᠷᠠᠳ ᠲᠦᠮᠡᠨ᠎ᠤ ᠲᠥᠯᠥᠭᠡ᠂ ᠰᠦᠯᠵᠢᠶᠡᠨ᠎ᠤ ᠠᠮᠤᠷ ᠲᠦᠪᠱᠢᠨ ᠠᠷᠠᠳ ᠲᠦᠮᠡᠨ᠎ᠳᠤ ᠲᠦᠱᠢᠭ᠌ᠯᠡᠨ᠎ᠡ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢᠶᠠᠷ ᠴᠢᠨᠠᠷ ᠰᠠᠢᠲᠠᠢ ᠬᠥᠭ᠌ᠵᠢᠯᠲᠡ᠎ᠶ᠋ᠢ ᠰᠠᠬᠢᠨ ᠬᠠᠮᠠᠭᠠᠯᠠᠶ᠎ᠠ》 ᠭᠡᠬᠦ᠌ ᠭᠤᠣᠯ ᠰᠡᠳᠦᠪ᠎ᠤᠨ ᠲᠣᠭᠤᠷᠢᠨ᠎ᠳᠤ᠂ ᠱᠢᠷᠢᠰ ᠰᠦᠯᠵᠢᠶᠡᠨ᠎ᠤ ᠠᠮᠤᠷ ᠲᠦᠪᠱᠢᠨ᠎ᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ᠎ᠶ᠋ᠢ ᠨᠠᠷᠢᠨ ᠨᠢᠮᠪᠠᠢ ᠵᠣᠬᠢᠶᠠᠨ ᠪᠠᠢᠭᠤᠯᠵᠤ ᠡᠷᠬᠢᠯᠡᠪᠡ᠃
ᠨᠢᠭᠡ᠂ ᠥᠷᠭᠡᠨ᠎ᠢᠶᠠᠷ ᠤᠬᠠᠭᠤᠯᠤᠨ ᠳᠠᠢᠴᠢᠯᠠᠵᠤ᠂ ᠠᠮᠤᠷ ᠲᠦᠪᠱᠢᠨ᠎ᠤ ᠠᠭᠤᠷ ᠠᠮᠢᠰᠭᠤᠯ᠎ᠢ ᠪᠣᠶ ᠪᠣᠯᠭᠠᠪᠠ᠃ ᠲᠥᠪ ᠵᠢᠴᠢ ᠬᠠᠷᠢᠶ᠎ᠠ ᠡᠯ᠎ᠡ ᠥᠷᠲᠡᠭᠡ ᠵᠠᠷᠯᠠᠯ ᠨᠠᠭᠠᠬᠤ᠂ ᠬᠥᠨᠳᠡᠯᠡᠨ ᠪᠢᠴᠢᠭᠡᠰᠦ ᠡᠯᠭᠦᠬᠦ᠂ LED ᠲᠣᠮᠣ ᠳᠡᠯᠭᠡᠴᠡ᠎ᠶ᠋ᠢ ᠠᠱᠢᠭ᠍ᠯᠠᠨ ᠤᠬᠠᠭᠤᠯᠭ᠎ᠠ᠎ᠶ᠋ᠢᠨ ᠹᠢᠯᠢᠮ᠎ᠢ ᠡᠭᠡᠯᠵᠢᠯᠡᠨ ᠨᠡᠪᠲᠡᠷᠡᠭᠦᠯᠬᠦ᠂ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠂ ᠮᠡᠬᠡᠯᠡᠯ᠎ᠢ ᠰᠡᠷᠭᠡᠢᠯᠡᠬᠦ᠌ ᠰᠠᠨᠠᠭᠤᠯᠤᠮᠵᠢ ᠵᠢᠴᠢ ᠨᠡᠢᠲᠡᠯᠢᠭ ᠬᠡᠷᠡᠭ᠎ᠤᠨ ᠵᠢᠱ᠌ᠢᠶ᠎ᠡ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠳᠠᠮᠵᠢᠭᠤᠯᠤᠨ᠂ 《ᠰᠦᠯᠵᠢᠶᠡᠨ᠎ᠤ ᠠᠮᠤᠷ ᠲᠦᠪᠱᠢᠨ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ᠂ ᠬᠥᠮᠦᠨ ᠪᠦᠬᠦᠨ ᠣᠷᠣᠯᠴᠠᠬᠤ》 ᠭᠦᠨ ᠵᠤᠵᠠᠭᠠᠨ ᠠᠭᠤᠷ ᠠᠮᠢᠰᠭᠤᠯ᠎ᠢ ᠢᠳᠡᠪᠬᠢᠲᠡᠶ᠎ᠪᠠᠷ ᠪᠣᠶ ᠪᠣᠯᠭᠠᠪᠠ᠃ 501 ᠥᠷᠲᠡᠭᠡ᠂ 841 ᠥᠷᠲᠡᠭᠡ᠎ᠳᠤ ᠦᠷᠭᠦᠯᠵᠢᠯᠡᠨ ᠦᠵᠡᠵᠦ᠍ ᠰᠣᠨᠣᠰᠭᠤ ᠤᠬᠠᠭᠤᠯᠭ᠎ᠠ ᠬᠢᠵᠦ᠍᠂ 610 ᠥᠷᠲᠡᠭᠡ᠎ᠨᠢ ᠰᠦᠯᠵᠢᠶᠡᠨ᠎ᠤ ᠠᠮᠤᠷ ᠲᠦᠪᠱᠢᠨ᠎ᠤ ᠭᠤᠤᠯ ᠰᠡᠳᠦᠪᠲᠦ ᠪᠢᠴᠢᠭ᠎ᠤᠨ ᠱᠣᠱᠢᠭ᠎ᠠ᠎ᠶ᠋ᠢ ᠱᠢᠨ᠎ᠡ᠎ᠪᠠᠷ ᠡᠭᠦᠳᠦᠨ ᠦᠢᠯᠡᠳᠬᠦ᠌᠎ᠶ᠋ᠢᠨ ᠬᠠᠮᠲᠤ ᠲᠠᠷᠬᠠᠭᠠᠵᠤ᠂ ᠠᠮᠤᠷ ᠲᠦᠪᠱᠢᠨ᠎ᠤ ᠦᠵᠡᠯ ᠤᠬᠠᠮᠰᠠᠷ᠎ᠢ ᠠᠵᠢᠯᠲᠠᠨ ᠠᠵᠢᠯᠴᠢᠨ᠎ᠤ ᠡᠳᠦᠷ ᠲᠤᠲᠤᠮ᠎ᠤᠨ ᠠᠵᠢᠯ ᠬᠢᠭᠡᠳ ᠰᠤᠷᠤᠯᠴᠠᠬᠤ ᠲᠠᠯᠠᠪᠤᠷ᠎ᠲᠤ ᠠᠭᠤᠰᠤᠯᠴᠠᠭᠤᠯᠪᠠ᠃
ᠬᠤᠶᠠᠷ᠂ ᠤᠨᠤᠯ᠎ᠤᠨ ᠰᠤᠷᠤᠯᠴᠠᠯᠭ᠎ᠠ᠎ᠶ᠋ᠢ ᠭᠦᠨᠵᠡᠭᠡᠢᠷᠡᠭᠦᠯᠵᠦ᠍᠂ ᠦᠵᠡᠯ ᠰᠠᠨᠠᠭᠠᠨ᠎ᠤ ᠰᠠᠭᠤᠷᠢ᠎ᠶ᠋ᠢ ᠪᠠᠲᠤ ᠴᠣᠭ᠍ᠴᠠᠯᠠᠪᠠ᠃ ᠡᠯ᠎ᠡ ᠨᠢᠭᠡᠴᠢ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ᠂ ᠲᠤᠰᠭᠠᠶ ᠰᠡᠳᠦᠪ᠎ᠢᠶᠠᠷ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠳᠠᠮᠵᠢᠭᠤᠯᠤᠨ᠂ ᠠᠵᠢᠯᠲᠠᠨ ᠠᠵᠢᠯᠴᠢᠨ᠎ᠢ ᠵᠣᠬᠢᠶᠠᠨ ᠪᠠᠢᠭᠤᠯᠤᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠰᠦᠯᠵᠢᠶᠡᠨ᠎ᠤ ᠠᠮᠤᠷ ᠲᠦᠪᠱᠢᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠭᠦᠨᠵᠡᠭᠡᠶ ᠰᠤᠷᠤᠯᠴᠠᠨ ᠣᠢᠯᠠᠭᠠᠭᠤᠯᠪᠠ᠃ ᠪᠤᠭᠤᠲᠤ᠎ᠶᠢᠨ ᠲᠥᠪ ᠥᠷᠲᠡᠭᠡ 《ᠥᠷᠲᠡᠭᠡᠨᠤ᠋ ᠤᠳᠤᠷᠢᠳᠤᠯᠭ᠎ᠠ ᠳᠠᠭᠠᠭᠤᠯᠤᠨ ᠤᠩᠱᠢᠬᠤ + ᠠᠵᠢᠯᠲᠠᠨ ᠠᠵᠢᠯᠴᠢᠨ ᠡᠭᠡᠯᠵᠢᠯᠡᠨ ᠤᠩᠱᠢᠬᠤ》ᠲᠥᠪᠯᠡᠷᠡᠭᠦᠯᠦᠨ ᠰᠤᠷᠤᠯᠴᠠᠬᠤ ᠪᠠ ᠱᠠᠲᠤ ᠬᠤᠪᠢᠶᠠᠨ ᠥᠪᠡᠷ᠎ᠢᠶᠡᠨ ᠰᠤᠷᠤᠯᠴᠠᠬᠤ᠎ᠶᠢ ᠤᠶᠠᠯᠳᠤᠭᠤᠯᠬᠤ ᠵᠠᠭ᠍ᠪᠤᠷ᠎ᠢ᠋ ᠬᠡᠷᠡᠭ᠌ᠯᠡᠪᠡ; ᠱᠢᠯᠢ᠎ᠶᠢᠨ ᠬᠣᠲᠠ᠎ᠶᠢᠨ ᠲᠥᠪ ᠥᠷᠲᠡᠭᠡ 《ᠵᠠᠯᠠᠭᠤᠴᠤᠳ᠎ᠤ᠋ᠨ ᠬᠢᠴᠢᠶᠡᠯ᠎ᠦᠨ ᠭᠡᠷ 》 ᠭᠠᠷᠭᠠᠵᠤ᠂ ᠰᠦᠯᠵᠢᠶᠡᠨ᠎ᠦ᠌ ᠠᠮᠤᠷ ᠲᠦᠪᠱᠢᠨ᠎ᠦ᠌ ᠡᠭᠦᠷᠭᠡ ᠬᠠᠷᠢᠭᠤᠴᠠᠯᠭ᠎ᠠ ᠪᠠ ᠬᠢᠮᠡᠯ ᠣᠶᠤᠨ ᠴᠢᠳᠠᠪᠤᠷᠢ᠎ᠶᠢᠨ ᠠᠶᠤᠯ ᠲᠦᠭ᠌ᠱᠢᠭᠦᠷᠢᠶᠢ ᠰᠡᠷᠭᠡᠢᠯᠡᠬᠦ᠌ ᠵᠡᠷᠭᠡ ᠡᠮᠦᠨ᠎ᠡ ᠹᠷᠣᠨᠲ᠎ᠢ ᠲᠥᠪᠯᠡᠷᠡᠭᠦᠯᠦᠨ ᠪᠣᠯᠪᠠᠰᠤᠷᠠᠭᠤᠯᠵᠤ᠂ ᠺᠠᠳ᠋ᠷ ᠠᠵᠢᠯᠲᠠᠨ ᠠᠵᠢᠯᠴᠢᠨ᠎ᠤ᠋ ᠮᠡᠳᠡᠯᠭᠡ᠎ᠶᠢᠨ ᠬᠢᠷᠢ ᠲᠦᠪᠱᠢᠨ ᠪᠠ ᠬᠠᠷᠢᠭᠤᠴᠠᠯᠭᠠᠲᠤ ᠤᠬᠠᠮᠰᠠᠷ᠎ᠢ᠋ ᠦᠨᠡᠨ ᠬᠦ᠌ ᠳᠡᠭᠡᠭ᠌ᠱᠢᠯᠡᠭᠦᠯᠪᠡ᠃
ᠭᠤᠷᠪᠠ᠂ ᠮᠡᠷᠭᠡᠵᠢᠯ᠎ᠤᠨ ᠰᠣᠷᠢᠯᠲᠠ᠎ᠶ᠋ᠢ ᠴᠢᠩᠭᠠᠳᠭᠠᠵᠤ᠂ ᠰᠡᠷᠭᠡᠢᠯᠡᠨ ᠬᠠᠮᠠᠭᠠᠯᠠᠬᠤ ᠰᠠᠭᠤᠷᠢ᠎ᠶ᠋ᠢ ᠪᠡᠬᠢᠵᠢᠭᠦᠯᠪᠡ᠃ ᠡᠯ᠎ᠡ ᠥᠷᠲᠡᠭᠡ ᠮᠡᠷᠭᠡᠵᠢᠯ᠎ᠤᠨ ᠬᠢᠨᠠᠨ ᠬᠡᠮᠵᠢᠯᠲᠡ ᠪᠠ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ᠎ᠶ᠋ᠢ ᠬᠦᠴᠦᠯᠡᠨ ᠴᠢᠩᠭᠠᠳᠭᠠᠬᠤ᠎ᠶ᠋ᠢᠨ ᠬᠠᠮᠲᠤ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠣᠳᠠᠲᠤ ᠪᠠᠢᠯᠳᠤᠭᠠᠨ᠎ᠢᠶᠠᠷ ᠰᠦᠯᠵᠢᠶᠡᠨ᠎ᠤ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ 706 ᠥᠷᠲᠡᠭᠡ ᠨᠢ ᠮᠠᠱᠢᠨ᠎ᠤ ᠥᠷᠦᠭᠡ᠎ᠶ᠋ᠢᠨ ᠬᠢᠨᠠᠨ ᠬᠡᠮᠵᠢᠬᠦ᠌ ᠱᠢᠰᠲ᠋ᠧᠮ ᠵᠡᠷᠭᠡ ᠭᠤᠤᠯᠳᠠᠯᠭ᠎ᠠ᠎ᠲᠠᠢ ᠭᠤᠭ᠍ᠴᠤᠭ᠎ᠠ᠎ᠶ᠋ᠢ ᠵᠢᠭ᠍ᠰᠠᠭᠠᠨ ᠪᠠᠢᠴᠠᠭᠠᠬᠤ ᠬᠦᠷᠢᠶ᠎ᠡ ᠬᠡᠪᠴᠢᠶ᠎ᠡ᠎ᠶ᠋ᠢ ᠪᠦᠬᠦᠨ᠎ᠢ ᠬᠠᠮᠤᠷᠬᠤ᠎ᠶ᠋ᠢ ᠪᠡᠶᠡᠯᠡᠭᠦᠯᠵᠦ᠍᠂ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠪᠠ; 839 ᠥᠷᠲᠡᠭᠡ᠎ᠨᠢ ᠳᠠᠭᠤᠷᠢᠶᠠᠮᠠᠯ ᠰᠦᠯᠵᠢᠶᠡᠨ᠎ᠤ ᠳᠠᠭᠠᠷᠢᠯᠲᠠ ᠪᠠ ᠳ᠋ᠠᠢᠲ᠋ᠠ᠎ᠶ᠋ᠢᠨ ᠨᠥᠭᠡᠴᠡ᠎ᠶ᠋ᠢ ᠰᠡᠷᠭᠦᠭᠡᠬᠦ᠌ ᠰᠣᠷᠢᠯᠲᠠ᠎ᠪᠠᠷ ᠳᠠᠮᠵᠢᠨ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠤᠨ ᠪᠣᠯᠤᠮᠵᠢᠲᠤ ᠴᠢᠨᠠᠷ᠎ᠢ ᠪᠦᠲᠦᠮᠵᠢᠲᠡᠶ ᠱᠢᠯᠭᠠᠨ ᠪᠠᠲᠤᠯᠠᠵᠤ᠂ ᠵᠠᠩᠭᠢᠯᠠᠭ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠦᠷᠭᠦᠯᠵᠢᠯᠡᠬᠦ᠌ ᠴᠢᠨᠠᠷ᠎ᠢ ᠦᠨᠡᠨ ᠬᠦ᠌ ᠪᠠᠲᠤᠯᠠᠪᠠ᠃
ᠳᠥᠷᠪᠡ᠂ ᠤᠷᠤᠯᠳᠤᠭᠠᠨ᠎ᠳᠤ ᠢᠳᠡᠪᠬᠢᠲᠡᠶ ᠣᠷᠣᠯᠴᠠᠵᠤ᠂ ᠪᠣᠳᠠᠲᠤ ᠪᠠᠢᠯᠳᠤᠭᠠᠨ᠎ᠤ ᠮᠡᠷᠭᠡᠵᠢᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠲᠥᠪ ᠨᠢ ᠮᠡᠷᠭᠡᠵᠢᠯ᠎ᠦ᠋ᠨ ᠭᠣᠣᠯᠯᠠᠭ᠍ᠴᠢ ᠬᠦᠴᠦᠨ᠎ᠢ᠋ ᠢᠳᠡᠪᠬᠢᠲᠡᠢ᠎ᠪᠡᠷ ᠰᠣᠩᠭᠣᠨ ᠲᠣᠮᠢᠯᠠᠵᠤ ᠥᠨᠳᠥᠷ ᠬᠢᠷᠢ ᠲᠦᠪᠱᠢᠨ ᠪᠦᠬᠦᠢ ᠰᠦᠯᠵᠢᠶᠡᠨ᠎ᠦ᠌ ᠠᠮᠤᠷ ᠲᠦᠪᠱᠢᠨ᠎ᠦ᠌ ᠮᠡᠷᠭᠡᠵᠢᠯ ᠴᠢᠳᠠᠪᠤᠷᠢ᠎ᠶᠢᠨ ᠤᠷᠤᠯᠳᠤᠭᠠᠨ᠎ᠳ᠋ᠤ ᠣᠷᠣᠯᠴᠠᠭᠤᠯᠪᠠ᠃ 781 ᠥᠷᠲᠡᠭᠡ᠂ ᠬᠥᠯᠥᠨ ᠪᠤᠢᠷ᠎ᠤᠨ ᠲᠥᠪ ᠥᠷᠲᠡᠭᠡ ᠶ᠋ᠢᠨ ᠮᠡᠷᠭᠡᠵᠢᠯ᠎ᠤᠨ ᠠᠵᠢᠯᠲᠠᠳ ᠲᠣᠰ ᠲᠣᠰ 《ᠯᠦᠩ ᠵᠢᠶᠠᠨ ᠬᠤᠨᠳᠠᠭᠠᠲᠤ》 ᠰᠦᠯᠵᠢᠶᠡᠨ᠎ᠤ ᠠᠮᠤᠷ ᠲᠦᠪᠱᠢᠨ᠎ᠤ ᠪᠣᠳᠠᠲᠤ ᠪᠠᠢᠯᠳᠤᠭᠠᠨ᠎ᠤ ᠳᠠᠭᠠᠷᠢᠯᠲᠠ ᠰᠡᠷᠭᠡᠢᠯᠡᠯᠲᠡ᠎ᠶ᠋ᠢᠨ ᠤᠷᠤᠯᠳᠤᠭᠠᠨ ᠪᠠ ᠥᠪᠡᠷᠲᠡᠭᠡᠨ ᠵᠠᠰᠠᠬᠤ ᠣᠷᠣᠨ᠎ᠤ 《ᠮᠣᠩᠭᠤᠯ ᠮᠤᠷᠢ ᠬᠤᠨᠳᠠᠭᠠᠲᠤ》 ᠰᠦᠯᠵᠢᠶᠡᠨ᠎ᠤ ᠠᠮᠤᠷ ᠲᠦᠪᠱᠢᠨ᠎ᠤ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠳᠤ ᠣᠷᠣᠯᠴᠠᠵᠤ᠂ ᠤᠷᠤᠯᠳᠤᠭᠠᠨ᠎ᠤ ᠰᠣᠯᠢᠯᠴᠠᠭ᠎ᠠ᠎ᠳᠤ ᠡᠮᠦᠨ᠎ᠡ ᠹᠷᠣᠨᠲ᠎ᠤᠨ ᠰᠡᠷᠭᠡᠢᠯᠡᠨ ᠬᠠᠮᠠᠭᠠᠯᠠᠬᠤ ᠰᠡᠳᠭᠢᠴᠡ ᠪᠠ ᠳᠠᠭᠠᠷᠢᠯᠲᠠ᠎ᠶ᠋ᠢᠨ ᠰᠡᠷᠭᠡᠢᠯᠡᠬᠦ᠌ ᠤᠷ᠎ᠠ ᠮᠡᠷᠭᠡᠵᠢᠯ᠎ᠢ ᠰᠤᠷᠤᠯᠴᠠᠵᠤ᠂ ᠥᠷᠲᠡᠭᠡ᠎ᠶ᠋ᠢᠨ ᠰᠦᠯᠵᠢᠶᠡᠨ᠎ᠤ ᠠᠮᠤᠷ ᠲᠦᠪᠱᠢᠨ᠎ᠤ ᠠᠵᠢᠯ᠎ᠳᠤ ᠡᠷᠬᠢᠮ ᠨᠠᠨᠳᠢᠨ ᠲᠤᠷᠱᠢᠯᠭ᠎ᠠ ᠬᠤᠷᠠᠮᠳᠤᠭᠤᠯᠪᠠ᠃
ᠲᠠᠪᠤ᠂ ᠠᠵᠢᠯᠯᠠᠭ᠎ᠠ᠎ᠶ᠋ᠢᠨ ᠬᠡᠯᠪᠡᠷᠢ ᠮᠠᠶᠢᠭ᠎ᠤᠨ ᠱᠢᠨ᠎ᠡ᠎ᠶ᠋ᠢ ᠡᠭᠦᠳᠴᠦ᠍᠂ ᠣᠷᠣᠯᠴᠠᠬᠤ ᠥᠷᠭᠡᠴᠡ᠎ᠶ᠋ᠢ ᠥᠷᠭᠡᠳᠭᠡᠪᠡ᠃ ᠲᠥᠪ᠎ᠠᠴᠠ ᠠᠮᠢᠳᠤᠯᠢᠭ ᠪᠥᠭᠡᠳ ᠣᠯᠠᠨ ᠶᠠᠩᠵᠤ᠎ᠶ᠋ᠢᠨ ᠤᠬᠠᠭᠤᠯᠭ᠎ᠠ᠎ᠶ᠋ᠢᠨ ᠠᠴᠢᠶᠠᠯᠠᠪᠤᠷᠢ᠎ᠶ᠋ᠢ ᠢᠳᠡᠪᠬᠢᠲᠡᠶ᠎ᠪᠠᠷ ᠬᠠᠢᠨ ᠰᠦᠪᠡᠭ᠌ᠴᠢᠯᠡᠵᠦ᠍᠂ ᠠᠵᠢᠯᠲᠠᠨ ᠠᠵᠢᠯᠴᠢᠨ ᠵᠢᠴᠢ ᠨᠡᠢᠭᠡᠮ ᠨᠡᠢᠲᠡ᠎ᠶ᠋ᠢᠨ ᠥᠷᠭᠡᠨ ᠳᠡᠯᠭᠡᠷ ᠣᠷᠣᠯᠴᠠᠬᠤ᠎ᠶ᠋ᠢ ᠬᠥᠲᠥᠯᠦᠨ ᠵᠢᠯᠣᠭᠤᠳᠪᠠ᠃ 731 ᠥᠷᠲᠡᠭᠡ᠂ ᠦᠬᠠᠶ᠎ᠶ᠋ᠢᠨ ᠲᠥᠪ ᠥᠷᠲᠡᠭᠡ ᠠᠵᠢᠯᠲᠠᠨ ᠠᠵᠢᠯᠴᠢᠨ᠎ᠢᠶᠠᠨ ᠵᠣᠬᠢᠶᠠᠨ ᠪᠠᠢᠭᠤᠯᠵᠤ ᠰᠦᠯᠵᠢᠶᠡᠨ ᠳᠡᠭᠡᠷᠡᠬᠢ ᠱᠠᠩᠨᠠᠯ᠎ᠲᠠᠢ ᠥᠷᠢᠰᠥᠯᠳᠦᠨ ᠬᠠᠷᠢᠭᠤᠯᠬᠤ ᠪᠠ 《ᠡᠭᠦᠯᠡᠨ ᠥᠷᠢᠰᠥᠯᠳᠦᠨ ᠬᠠᠷᠢᠭᠤᠯᠬᠤ》 ᠠᠵᠢᠯᠯᠠᠭ᠎ᠠ᠎ᠳᠤ ᠣᠷᠣᠯᠴᠠᠭᠤᠯᠵᠤ᠂ ᠰᠣᠨᠢᠷᠬᠠᠯ᠎ᠤᠨ ᠬᠡᠯᠪᠡᠷᠢ᠎ᠪᠠᠷ ᠰᠦᠯᠵᠢᠶᠡᠨ᠎ᠤ ᠠᠮᠤᠷ ᠲᠦᠪᠱᠢᠨ᠎ᠤ ᠮᠡᠳᠡᠯᠭᠡ᠎ᠶ᠋ᠢ ᠪᠠᠬᠢᠵᠢᠭᠦᠯᠪᠡ᠃ ᠲᠦᠩᠯᠢᠶᠣᠤ᠎ᠶ᠋ᠢᠨ ᠲᠥᠪ ᠥᠷᠲᠡᠭᠡ᠎ᠨᠢ 12 ᠥᠷᠲᠡᠭᠡ᠂ 230 ᠭᠠᠷᠤᠶ ᠬᠥᠮᠦᠨ᠎ᠢ ᠬᠠᠮᠤᠷᠤᠭ᠍ᠰᠠᠨ ᠵᠠᠯᠠᠭᠤᠴᠤᠳ᠎ᠤᠨ ᠬᠤᠱᠢᠭᠤᠴᠢ ᠬᠤᠪᠢᠶᠠᠯᠴᠠᠨ ᠡᠳ᠋ᠯᠡᠬᠦ᠌ ᠬᠤᠷᠠᠯ᠎ᠢ ᠡᠷᠭᠢᠯᠡᠵᠦ᠍᠂ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠎ᠠᠴᠠ ᠲᠤᠰᠭᠠᠶ ᠰᠡᠳᠦᠪᠲᠦ ᠪᠣᠯᠪᠠᠰᠤᠷᠠᠯ ᠬᠢᠪᠡ;ᠤᠯᠠᠭᠠᠨᠬᠠᠳᠠ᠎ᠶ᠋ᠢᠨ ᠲᠥᠪ ᠥᠷᠲᠡᠭᠡ᠎ᠨᠢ ᠣᠷᠣᠨ ᠨᠤᠲᠤᠭ᠎ᠤᠨ ᠪᠠᠭ᠎ᠠ ᠰᠤᠷᠭᠠᠭᠤᠯᠢ᠎ᠲᠠᠢ ᠰᠠᠨᠠᠭᠠᠴᠢᠯᠠᠭ᠎ᠠ᠎ᠠᠴᠠ᠎ᠪᠠᠨ ᠬᠠᠮᠲᠤᠷᠠᠨ ᠰᠦᠯᠵᠢᠶᠡᠨ᠎ᠤ ᠠᠮᠤᠷ ᠲᠦᠪᠱᠢᠨ᠎ᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠤᠷᠭᠠᠭᠤᠯᠢ᠎ᠶ᠋ᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠍᠂ ᠤᠬᠠᠭᠤᠯᠭ᠎ᠠ ᠬᠥᠮᠦᠵᠢᠯ᠎ᠤᠨ ᠬᠠᠮᠤᠷᠬᠤ ᠬᠡᠪᠴᠢᠶ᠎ᠡ ᠪᠠ ᠨᠥᠯᠥᠭᠡᠯᠡᠬᠦ᠌ ᠬᠦᠴᠦᠨ᠎ᠢ ᠪᠦᠲᠦᠮᠵᠢᠲᠡᠶ ᠥᠷᠭᠡᠳᠭᠡᠪᠡ᠃
ᠲᠣᠰ ᠤᠳᠠᠭᠠᠨ᠎ᠤ ᠰᠦᠯᠵᠢᠶᠡᠨ᠎ᠤ ᠠᠮᠤᠷ ᠲᠦᠪᠱᠢᠨ᠎ᠤ ᠤᠬᠠᠭᠤᠯᠭ᠎ᠠ᠎ᠶ᠋ᠢᠨ ᠭᠠᠷᠠᠭ᠎ᠤᠨ ᠱᠢᠷᠢᠰ ᠠᠵᠢᠯᠯᠠᠭ᠎ᠠ᠎ᠶ᠋ᠢᠨ ᠬᠡᠯᠪᠡᠷᠢ᠎ᠨᠢ ᠣᠯᠠᠨ ᠶᠠᠩᠵᠤ᠎ᠶ᠋ᠢᠨ ᠪᠠᠢᠵᠤ᠂ ᠠᠭᠤᠯᠭ᠎ᠠ᠎ᠨᠢ ᠯᠠᠪᠳᠠᠭᠤᠨ ᠪᠠᠲᠤᠲᠠᠶ᠂ ᠣᠷᠣᠯᠴᠠᠬᠤ ᠬᠡᠮᠵᠢᠶ᠎ᠡ᠎ᠨᠢ ᠥᠨᠳᠥᠷ ᠪᠠᠢᠵᠤ᠂ ᠪᠥᠬᠦ᠌ ᠠᠵᠢᠯᠲᠠᠨ᠎ᠤ ᠰᠦᠯᠵᠢᠶᠡᠨ᠎ᠤ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠰᠡᠷᠭᠡᠢᠯᠡᠬᠦ᠌ ᠴᠢᠳᠠᠪᠤᠷᠢ᠎ᠶ᠋ᠢ ᠢᠯᠡᠳᠲᠡ ᠴᠢᠩᠭᠠᠷᠠᠭᠤᠯᠵᠤ᠂ ᠠᠮᠤᠷ ᠲᠦᠪᠱᠢᠨ᠎ᠢ ᠨᠡᠪᠲᠡᠷᠡᠭᠦᠯᠬᠦ᠌ ᠪᠠ ᠴᠢᠨᠠᠷ ᠰᠠᠢᠲᠠᠶ ᠬᠥᠭ᠌ᠵᠢᠯᠲᠡ᠎ᠳᠤ ᠪᠠᠲᠤ ᠪᠠᠬᠢ ᠠᠮᠤᠷ ᠲᠦᠪᠱᠢᠨ᠎ᠤ ᠬᠠᠯᠬᠠᠪᠴᠢ᠎ᠶ᠋ᠢ ᠪᠠᠢᠭᠤᠯᠤᠭ᠍ᠰᠠᠨ ᠪᠠᠢᠨ᠎ᠠ᠃