12 ᠳ᠋ᠤᠭᠠᠷ ᠰᠠᠷ᠎ᠠ᠎ᠶ᠋ᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠨᠠᠮ᠎ᠤᠨ ᠭᠠᠳᠠᠨᠠᠬᠢ ᠬᠥᠮᠦᠰ᠎ᠤᠨ ᠶᠠᠷᠢᠯᠴᠠᠬᠤ ᠬᠤᠷᠠᠯ ᠬᠣᠷᠠᠯᠳᠣᠵᠣ᠂ ᠥᠪᠡᠷᠲᠡᠭᠡᠨ ᠵᠠᠰᠠᠬᠤ ᠣᠷᠣᠨ᠎ᠤ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠥᠪᠵᠢᠭᠥᠯᠭᠡ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠬᠥᠭ᠌ᠵᠢᠯᠲᠡ᠎ᠶ᠋ᠢᠨ ᠲᠥᠯᠥᠪᠵᠢᠭᠦᠯᠭᠡ ᠲᠣᠭ᠍ᠲᠠᠭᠠᠬᠤ ᠠᠵᠢᠯ᠎ᠤᠨ ᠲᠤᠬᠠᠶ ᠲᠣᠪᠴᠢᠶ᠎ᠠ᠎ᠶ᠋ᠢᠨ ᠨᠠᠮ᠎ᠤᠨ ᠭᠠᠳᠠᠨᠠᠬᠢ ᠬᠥᠮᠦᠰ᠎ᠤᠨ ᠲᠥᠯᠥᠭᠡᠯᠡᠭ᠌ᠴᠢᠳ᠎ᠤᠨ ᠰᠠᠨᠠᠯ ᠰᠠᠨᠠᠭᠤᠯᠭ᠎ᠠ᠎ᠶ᠋ᠢ ᠰᠣᠨᠣᠰᠪᠠ᠃
ᠶᠠᠷᠢᠯᠴᠠᠬᠤ ᠬᠤᠷᠠᠯ ᠳᠡᠭᠡᠷ᠎ᠡ᠂ 7 ᠲᠥᠯᠥᠭᠡᠯᠡᠭ᠌ᠴᠢ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠥᠪᠵᠢᠭᠥᠯᠭᠡ᠎ᠶᠢᠨ ᠬᠤᠭᠤᠴᠠᠭᠠᠨ᠎ᠳᠠᠬᠢ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ᠎ᠶᠢ ᠤᠯᠠᠮ ᠨᠢᠭᠡ ᠠᠯᠬᠤᠮ ᠪᠠᠬᠢᠵᠢᠭᠦᠯᠦᠨ ᠪᠤᠵᠠᠭᠠᠢᠷᠠᠭᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠬᠡᠷᠡᠭ᠌ᠯᠡᠭᠡᠨ᠎ᠤ ᠬᠦᠴᠦᠨ ᠨᠡᠮᠡᠷᠢᠯᠡᠬᠦ᠎ᠶᠢ ᠴᠢᠩᠭ᠋ᠠᠷᠠᠭᠤᠯᠵᠤ᠂ ᠠᠵᠢᠯ ᠲᠦᠷᠦᠯ᠎ᠤᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠭᠤᠣᠯᠳᠠᠯᠭ᠎ᠠ᠎ᠲᠠᠢ ᠵᠥᠪᠯᠡᠬᠦ᠌ ᠰᠡᠳᠦᠪ᠎ᠤᠨ ᠲᠣᠭᠤᠷᠢᠨ᠎ᠳᠤ ᠤᠷᠢᠳ ᠬᠤᠵᠢᠳ ᠶᠠᠷᠢᠶ᠎ᠠ ᠲᠠᠯᠪᠢᠵᠤ᠂ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃
ᠶᠠᠷᠢᠶ᠎ᠠ᠎ᠶ᠋ᠢ ᠨᠠᠷᠢᠨ ᠬᠢᠨᠠᠮᠠᠭᠠᠶ ᠰᠣᠨᠣᠰᠤᠭ᠍ᠰᠠᠨ᠎ᠤ ᠳᠠᠷᠠᠭ᠎ᠠ᠂ ᠵᠠᠩ ᠢ ᠮᠢᠨ ᠬᠡᠯᠡᠬᠦ᠎ᠳᠦ᠎ᠪᠡᠨ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠥᠯᠭᠡ᠎ᠶᠢᠨ ᠬᠤᠭᠤᠴᠠᠭ᠎ᠠ ᠪᠣᠯ ᠮᠠᠨ᠎ᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠴᠢᠬᠤᠯᠠ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠬᠤᠭᠤᠴᠠᠭ᠎ᠠ᠂ ᠵᠠᠩᠭᠢᠯᠠᠭ᠎ᠠ᠎ᠶ᠋ᠢᠨ ᠪᠣᠭᠤᠮᠲᠠ ᠱᠢᠪᠲᠤᠯᠬᠤ ᠬᠤᠭᠤᠴᠠᠭ᠎ᠠ᠂ ᠪᠠᠢᠯᠳᠤᠬᠤ ᠪᠣᠳᠣᠯᠭ᠎ᠠ᠎ᠶ᠋ᠢᠨ ᠲᠠᠰ ᠳᠡᠪᠱᠢᠬᠦ᠌ ᠬᠤᠭᠤᠴᠠᠭ᠎ᠠ ᠪᠣᠯᠤᠨ᠎ᠠ᠃ ᠲᠥᠯᠥᠪᠵᠢᠭᠦᠯᠭᠡ᠎ᠶ᠋ᠢ ᠰᠠᠢᠲᠤᠷ ᠲᠥᠯᠥᠪᠵᠢᠭᠥᠯᠵᠦ ᠰᠠᠢ᠌ᠲᠣᠷ ᠬᠡᠷᠡᠭ᠌ᠵᠢᠭᠦᠯᠬᠦ᠌᠎ᠳᠤ᠂ ᠡᠷᠬᠡᠪᠰᠢ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠠᠷ ᠲᠤᠯᠭᠠᠭᠤᠷᠢᠯᠠᠬᠤ᠂ ᠬᠦᠴᠦᠨ ᠨᠡᠮᠡᠷᠢᠯᠡᠬᠦ᠂ ᠬᠦᠳᠦᠯᠦᠨ ᠳᠠᠭᠠᠭᠤᠯᠬᠤ ᠦᠢᠯᠡᠳᠦᠯ᠎ᠢ ᠴᠢᠩᠭ᠋ᠠᠷᠠᠭᠤᠯᠵᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠱᠢᠰᠲ᠋ᠧᠮ᠎ᠲᠠᠢ ᠠᠬᠢᠭᠤᠯᠬᠤ ᠬᠡᠷᠡᠭ᠌ᠲᠡᠢ ᠭᠡᠪᠡ᠃ ᠲᠡᠷᠡ᠂ ᠨᠠᠮ᠎ᠤᠨ ᠭᠠᠳᠠᠨᠠᠬᠢ ᠬᠥᠮᠦᠰ ᠲᠤᠰᠭᠠᠢ ᠮᠡᠷᠭᠡᠵᠢᠯ᠎ᠤᠨ ᠣᠨᠴᠠ ᠴᠢᠳᠠᠪᠤᠷᠢ ᠪᠣᠯᠤᠨ ᠳᠠᠪᠠᠭᠤᠯᠢᠭ᠎ᠢᠶᠠᠨ ᠦᠷᠭᠦᠯᠵᠢᠯᠡᠨ ᠪᠠᠳᠠᠷᠠᠭᠤᠯᠵᠤ᠂ ᠶᠡᠭᠡ᠎ᠪᠠᠷ ᠰᠤᠷᠤᠯᠴᠠᠬᠤ᠎ᠶ᠋ᠢ ᠶᠠᠷᠢᠯᠴᠠᠬᠤ᠎ᠶᠢ ᠡᠷᠬᠢᠮᠯᠡᠬᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠂ ᠦᠨᠡᠨ ᠬᠦ᠌ ᠠᠳᠭᠤᠨ ᠪᠣᠳᠠᠲᠠᠢ ᠬᠢᠬᠦ᠂ ᠲᠥᠪ ᠭᠤᠣᠯᠴᠢ ᠠᠷᠢᠭᠤᠨ ᠴᠢᠬᠡᠴᠢ ᠪᠠᠢᠬᠤ᠎ᠶ᠋ᠢ ᠪᠠᠷᠢᠮᠲᠠᠯᠠᠵᠤ᠂ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ᠍ ᠰᠣᠨᠣᠰᠭᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤᠮᠳᠠ ᠨᠡᠩ ᠶᠡᠭᠡ ᠡᠭᠦᠷᠭᠡᠯᠡᠯ᠎ᠢᠶᠠᠨ ᠢᠯᠡᠷᠡᠭᠦᠯᠵᠦ᠍᠂ ᠨᠡᠩ ᠶᠡᠬᠡ ᠤᠢ᠌ᠯᠡ ᠠᠵᠢᠯᠯᠠᠭ᠎ᠠ᠎ᠶᠢ ᠪᠡᠶᠡᠯᠡᠭᠦᠯᠵᠦ᠂ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢ ᠬᠠᠮᠲᠤ᠎ᠪᠠᠷ ᠰᠠᠢᠲᠤᠷ ᠨᠠᠢᠳᠠᠪᠤᠷᠢᠵᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠵᠦ᠍ ᠪᠠᠢᠨ᠎ᠠ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠬᠤᠷᠠᠯ᠎ᠢ ᠡᠷᠭᠢᠯᠡᠵᠦ᠍᠂ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠱᠤ᠌ ᠮᠧᠶ᠂ ᠯᠢᠦ ᠵᠥᠩ ᠸᠧᠨ ᠬᠤᠷᠠᠯ᠎ᠳᠤ ᠣᠷᠣᠯᠴᠠᠵᠠᠶ᠃
( ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ )