ᠲᠡᠷᠢᠭᠦᠨ᠎ᠤ᠎ᠬᠢ᠎ᠶ᠋ᠢ ᠤᠷᠮᠠᠱᠢᠭᠤᠯᠤᠨ᠂ ᠬᠡᠪ ᠳᠠᠭᠤᠷᠢᠶᠠᠯ᠎ᠢ ᠪᠣᠶ ᠪᠣᠯᠭᠠᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠭᠠᠪᠢᠶ᠎ᠠ ᠵᠢᠳᠬᠦᠯ ᠢᠷᠠᠭᠤ ᠠᠯᠳᠠᠷ᠎ᠤᠨ ᠬᠥᠬᠢᠭᠦᠯᠦᠨ ᠰᠠᠢᠱᠢᠶᠠᠬᠤ ᠠᠵᠢᠯ᠎ᠤᠨ ᠺᠣᠮᠢᠰ᠎ᠢᠶᠠᠷ ᠵᠥᠪᠱᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠳ᠋ᠠᠢ᠌ᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ 52 《 ᠪᠥᠬᠦ᠌ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠠᠵᠢᠯ᠎ᠢ ᠠᠬᠢᠭᠤᠯᠤᠭ᠍ᠰᠠᠨ ᠲᠡᠷᠢᠭᠦᠨ᠎ᠤ ᠬᠠᠮᠲᠤ ᠨᠡᠢᠲᠡ 》 ᠪᠠ 145 《 ᠪᠥᠬᠦ᠌ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠠᠵᠢᠯ᠎ᠢ ᠠᠬᠢᠭᠤᠯᠤᠭ᠍ᠰᠠᠨ ᠲᠡᠷᠢᠭᠦᠨ᠎ᠤ ᠬᠤᠪᠢ ᠬᠥᠮᠦᠨ 》᠎ᠢ ᠵᠠᠷᠯᠠᠨ ᠰᠠᠢᠱᠢᠶᠠᠪᠠ᠃ ᠪᠥᠬᠦ᠌ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ 5 ᠬᠠᠮᠲᠤ ᠨᠡᠢᠲᠡ ᠦᠨᠡᠯᠡᠭ᠌ᠳᠡᠵᠦ᠍᠂ ᠮᠠᠨ᠎ᠤ ᠲᠣᠪᠴᠢᠶ᠎ᠠ᠎ᠶ᠋ᠢᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠭᠠᠵᠠᠷ᠎ᠨᠢ ᠪᠥᠬᠦ᠌ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠠᠵᠢᠯ᠎ᠢ ᠠᠬᠢᠭᠤᠯᠤᠭ᠍ᠰᠠᠨ ᠲᠡᠷᠢᠭᠦᠨ᠎ᠤ ᠬᠠᠮᠲᠤ ᠨᠡᠢᠲᠡ᠎ᠶ᠋ᠢ ᠤᠯᠪᠠ᠃ ᠲᠣᠰ ᠤᠳᠠᠭᠠᠨ᠎ᠤ ᠱᠠᠩᠨᠠᠯ ᠣᠯᠤᠭ᠍ᠰᠠᠨ ᠶᠠᠪᠤᠳᠠᠯ ᠪᠣᠯ ᠮᠠᠨ᠎ᠤ ᠲᠣᠪᠴᠢᠶ᠎ᠠ᠎ᠶ᠋ᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠠᠵᠢᠯ᠎ᠤᠨ ᠬᠦᠷᠢᠶᠡᠨ᠎ᠳᠤ ᠠᠩᠬ᠎ᠠ ᠤᠳᠠᠭ᠎ᠠ ᠪᠥᠬᠦ᠌ ᠣᠷᠣᠨ᠎ᠤ ᠲᠡᠷᠢᠭᠦᠨ᠎ᠤ ᠬᠠᠮᠲᠤ ᠨᠡᠢ᠌ᠲᠡ᠎ᠶ᠋ᠢᠨ ᠢᠷᠠᠭᠤ ᠠᠯᠳᠠᠷ᠎ᠢ ᠭᠥᠷᠳᠡᠭ᠌ᠰᠡᠨ ᠶᠠᠪᠤᠳᠠᠯ ᠪᠣᠯᠤᠨ᠎ᠠ᠃ ᠮᠠᠨ᠎ᠤ ᠲᠣᠪᠴᠢᠶ᠎ᠠ᠎ᠶ᠋ᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠠᠵᠢᠯ᠎ᠤᠨ ᠦᠢᠯᠡᠴᠢᠯᠡᠭᠡᠨ᠎ᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠵᠢᠴᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ᠌᠎ᠶ᠋ᠢ ᠠᠬᠢᠭᠤᠯᠬᠤ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠣᠭᠰᠠᠨ᠎ᠢ ᠭᠦᠢᠴᠡᠳ ᠬᠠᠷᠠᠭᠤᠯᠪᠠ᠃
( ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠭᠠᠵᠠᠷ )