ᠵᠠᠩ ᠢ ᠮᠢᠨ ᠠᠶᠤᠯᠭᠦᠢ ᠦᠢ᠍ᠯᠡᠳᠪᠦᠷᠢᠯᠡᠯ᠂ ᠠᠮᠤᠷ ᠲᠦᠪᠰᠢᠨ ᠨᠡᠪᠲᠡᠷᠡᠭᠦᠯᠭᠡ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
2025-02-14



   ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ  ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠤᠷᠢᠳ ᠬᠤᠵᠢᠳ ᠳᠠᠮᠵᠢᠭᠤᠯᠤᠨ ᠰᠠᠴᠤᠷᠠᠭᠤᠯᠬᠤ ᠲᠥᠪ᠎ᠤᠨ ᠪᠤᠭᠤᠲᠤ ᠵᠢᠨ ᠷᠠᠳᠢᠣ᠋ ᠰᠠᠴᠤᠷᠠᠭᠤᠯᠭ᠎ᠠ ᠵᠢᠨ ᠲᠥᠪ᠂ ᠪᠢᠴᠢᠯ ᠳᠣᠯᠭᠢᠶᠠᠨ᠎ᠤ ᠳᠠᠮᠵᠢᠭᠤᠯᠭ᠎ᠠ ᠵᠢᠨ ᠶᠡᠷᠦᠩᠬᠡᠶ ᠥᠷᠲᠡᠭᠡ ᠵᠢᠨ ᠶᠠᠩ ᠴᠢᠥᠢ ᠪᠢᠴᠢᠯ ᠳᠣᠯᠭᠢᠶᠠᠨ᠎ᠤ ᠥᠷᠲᠡᠭᠡ᠎ᠳᠤ ᠬᠦᠷᠴᠦ ᠷᠠᠳᠢᠣ᠋ ᠲᠧᠯᠸᠢᠰ᠎ᠤᠨ ᠠᠶᠤᠯᠭᠦᠶ ᠦᠢ᠍ᠯᠡᠳᠪᠦᠷᠢᠯᠡᠯ᠂ ᠠᠮᠤᠷ ᠲᠦᠪᠰᠢᠨ  ᠨᠡᠪᠲᠡᠷᠡᠭᠦᠯᠭᠡ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ᠃

   ᠪᠤᠭᠤᠲᠤ ᠵᠢᠨ ᠷᠠᠳᠢᠣ᠋ ᠲᠧᠯᠸᠢᠰ᠎ᠤᠨ ᠰᠠᠴᠤᠷᠠᠭᠤᠯᠬᠤ ᠲᠥᠪ᠎ᠤᠨ ᠲᠠᠪᠴᠠᠩ᠎ᠳᠤ ᠪᠠᠶ᠋ᠢᠴᠠᠭ᠋ᠠᠨ ᠰᠤᠳᠤᠯᠤᠯᠲᠠ ᠬᠢᠬᠦ ᠬᠤᠭᠤᠴᠠᠭ᠋ᠠᠨ᠎ᠳᠤ᠂ ᠵᠠᠩ ᠢ ᠮᠢᠨ ᠠᠨᠲ᠋ᠢᠨ᠎ᠠ ᠵᠢᠨ  ᠲᠠᠯᠠᠪᠠᠢ ᠵᠢᠴᠢ ᠬᠠᠷᠢᠶ᠎ᠠ ᠦᠨᠳᠦᠰᠦᠨ ᠱᠠᠲᠤᠨ᠎ᠤ ᠰᠠᠴᠤᠷᠠᠭᠤᠯᠬᠤ ᠥᠷᠲᠡᠭᠡᠨ᠎ᠤ 530 ᠬᠣᠷᠢᠶ᠎ᠠ ᠵᠢᠨ ᠰᠠᠴᠤᠷᠠᠭᠤᠯᠬᠤ ᠮᠠᠰᠢᠨ᠎ᠤ ᠦᠷᠦᠭᠡ᠂ ᠬᠢᠨᠠᠨ ᠡᠵᠡᠮᠳᠡᠬᠦ ᠮᠠᠰᠢᠨ᠎ᠤ ᠦᠷᠦᠭᠡ ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠵᠢ ᠲᠤᠬᠠᠢ ᠵᠢᠨ ᠭᠠᠵᠠᠷ᠎ᠲᠤ᠎ᠨᠢ ᠪᠠᠶ᠋ᠢᠴᠠᠭ᠋ᠠᠨ ᠦᠵᠡᠵᠦ᠂ ᠬᠢᠨᠠᠨ ᠬᠠᠮᠢᠶᠠᠷᠬᠤ ᠲᠠᠪᠴᠠᠩ᠂ ᠠᠨᠲ᠋ᠢᠨ᠎ᠠ  ᠱᠤᠭᠤᠮ᠎ᠤᠨ ᠰᠢᠰᠲ᠋ᠧᠮ ᠵᠡᠷᠭᠡ ᠠᠵᠢᠯᠯᠠᠭ᠋ᠠᠨ᠎ᠤ ᠪᠠᠶ᠋ᠢᠳᠠᠯ ᠵᠢᠴᠢ ᠰᠠᠭᠤᠷᠢ ᠲᠥᠬᠦᠭᠡᠷᠦᠮᠵᠢ᠂ ᠴᠢᠳᠠᠪᠤᠷᠢᠲᠠᠨ᠎ᠤ ᠡᠩᠨᠡᠭᠡ ᠵᠡᠷᠭᠡ ᠪᠦᠳᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠭᠦᠨᠵᠡᠭᠡᠢ ᠣᠶ᠋ᠢᠯᠠᠭ᠋ᠠᠪᠠ᠃ ᠶᠠᠩ ᠴᠢᠥᠢ ᠪᠢᠴᠢᠯ ᠳᠣᠯᠭᠢᠶᠠᠨ᠎ᠤ ᠥᠷᠲᠡᠭᠡᠨ᠎ᠳᠤ ᠪᠠᠶ᠋ᠢᠴᠠᠭ᠋ᠠᠨ ᠰᠤᠳᠤᠯᠤᠯᠲᠠ ᠬᠢᠬᠦ ᠬᠤᠭᠤᠴᠠᠭ᠋ᠠᠨ᠎ᠳᠤ᠂ ᠵᠠᠩ ᠢ ᠮᠢᠨ ᠳᠠᠮᠵᠢᠭᠤᠯᠬᠤ ᠮᠠᠰᠢᠨ᠎ᠤ ᠦᠷᠦᠭᠡ᠂ ᠳᠠᠳᠤᠯᠭ᠎ᠠ ᠪᠣᠯᠪᠠᠰᠤᠷᠠᠯ᠎ᠤᠨ ᠲᠠᠰᠤᠭ᠂ ᠵᠢᠭ᠋ᠠᠨ ᠰᠤᠷᠭ᠋ᠠᠯᠲᠠ ᠵᠢᠨ ᠲᠠᠰᠤᠭ᠂ ᠪᠠᠶ᠋ᠢᠷᠢ ᠵᠢᠨ ᠭᠡᠷ᠂ ᠬᠤᠭᠤᠯᠠᠨ ᠭᠡᠷ᠂ ᠤᠰᠤᠨ ᠥᠷᠥᠭᠡ ᠵᠡᠷᠭᠡ ᠲᠠᠯᠠᠪᠤᠷ ᠵᠶ᠋ᠠᠷ  ᠪᠠᠶ᠋ᠢᠴᠠᠭ᠋ᠠᠨ ᠦᠵᠡᠵᠦ᠂ ᠮᠡᠷᠭᠡᠵᠢᠯ᠎ᠤᠨ ᠲᠥᠬᠦᠭᠡᠷᠦᠮᠵᠢ᠂ ᠠᠮᠤᠷ ᠲᠦᠪᠰᠢᠨ᠎ᠤ ᠲᠥᠬᠦᠭᠡᠷᠦᠮᠵᠢ ᠵᠢᠨ ᠠᠵᠢᠯᠯᠠᠭ᠋ᠠᠨ ᠵᠢᠴᠢ ᠲᠤᠬᠢᠶᠠᠨ ᠳᠠᠮᠵᠢᠭᠤᠯᠭ᠎ᠠ᠂ ᠪᠣᠳᠠᠲᠠᠢ ᠪᠣᠯᠪᠠᠰᠤᠷᠠᠯ ᠰᠤᠷᠤᠯᠴᠠᠯᠭ᠎ᠠ ᠵᠡᠷᠭᠡ ᠪᠠᠢ᠌ᠳᠠᠯ᠎ᠤᠳ᠎ᠢ  ᠨᠠᠷᠢᠨ ᠣᠶ᠋ᠢᠯᠠᠭ᠋ᠠᠪᠠ᠃

   ᠵᠠᠩ ᠢ ᠮᠢᠨ᠂ ᠦᠨᠳᠦᠰᠦᠨ ᠱᠠᠲᠤᠨ᠎ᠤ ᠲᠧᠯᠸᠢᠰ ᠦᠷᠳᠡᠭᠡ ᠤᠨᠤᠯ ᠵᠶ᠋ᠠᠷ ᠵᠡᠪᠰᠡᠭᠯᠡᠬᠦ ᠵᠢ ᠭᠦᠨᠵᠡᠭᠡᠶ᠋ᠢᠷᠡᠭᠦᠯᠵᠦ᠂ ᠰᠢ  ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠡᠳᠬᠢᠯ᠎ᠳᠤ᠎ᠪᠠᠨ  ᠰᠢᠩᠭᠡᠭᠡᠵᠦ᠂ ᠦᠢ᠍ᠯᠡ ᠠᠵᠢᠯᠯᠠᠭ᠎ᠠ᠎ᠳᠤ᠎ᠪᠠᠨ  ᠰᠢᠩᠭᠡᠭᠡᠵᠦ᠂ ᠤᠮᠠᠷᠠᠲᠤ ᠬᠢᠯᠢ ᠵᠢᠨ ᠰᠣᠶᠣᠯ᠎ᠢ ᠪᠦᠲᠦᠭᠡᠨ ᠪᠠᠶ᠋ᠢᠭᠤᠯᠬᠤ ᠡᠨᠡ ᠬᠦ᠌ ᠰᠢ  ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠠᠵᠢᠯ᠎ᠤᠨ ᠭᠤᠣᠯ ᠰᠢᠵᠢᠮ᠎ᠢ ᠲᠤᠭᠤᠰᠢᠯᠠᠭᠤᠯᠬᠤ  ᠶᠡᠷᠦᠩᠬᠡᠢ ᠭᠠᠷᠳᠠᠴᠠ ᠵᠢ ᠦᠨᠡᠨ ᠬᠦ᠌ ᠰᠠᠶ᠋ᠢᠲᠤᠷ ᠠᠳᠬᠤᠵᠤ᠂ ᠷᠠᠳᠢᠣ᠋ ᠲᠧᠯᠸᠢᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠨᠡᠩ ᠰᠠᠶ᠋ᠢᠲᠤᠷ ᠦᠢ᠍ᠯᠡᠴᠢᠯᠡᠬᠦ ᠬᠡᠷᠡᠭᠲᠡᠢ᠃ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠪᠣᠯᠤᠨ ᠴᠢᠳᠠᠪᠤᠷᠢᠲᠠᠨ᠎ᠤ ᠪᠠᠶ᠋ᠢᠭᠤᠯᠤᠯᠲᠠ ᠵᠢ ᠴᠢᠩᠭ᠋ᠠᠷᠠᠭᠤᠯᠵᠤ ᠂ ᠲᠠᠪᠴᠠᠩ ᠥᠷᠲᠡᠭᠡ ᠵᠢᠨ ᠮᠡᠷᠭᠡᠵᠢᠯ᠎ᠤᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃ ᠠᠮᠤᠷ ᠲᠦᠪᠰᠢᠨ᠎ᠤ ᠪᠠᠲᠤᠯᠠᠭ᠎ᠠ᠎ᠳᠤ ᠬᠦᠴᠦ᠎ᠪᠠᠨ ᠲᠥᠪᠯᠡᠷᠡᠭᠦᠯᠵᠦ᠂ ᠷᠠᠳᠢᠣ᠋ ᠲᠧᠯᠸᠢᠰ᠎ᠤᠨ ᠠᠮᠤᠷ ᠲᠦᠪᠰᠢᠨ  ᠨᠡᠪᠲᠡᠷᠡᠭᠦᠯᠭᠡ ᠵᠢᠨ ᠪᠠᠲᠤᠯᠠᠭ᠎ᠠ ᠵᠢᠨ ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠬᠦ ᠵᠢ ᠵᠣᠷᠢᠭᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ  ᠳᠠᠮᠵᠢᠭᠤᠯᠤᠨ ᠰᠠᠴᠤᠷᠠᠭᠤᠯᠬᠤ ᠲᠥᠪ᠎ᠤᠨ ᠬᠠᠷᠢᠶ᠎ᠠ ᠪᠤᠭᠤᠲᠤ ᠵᠢᠨ ᠷᠠᠳᠢᠣ᠋ ᠰᠠᠴᠤᠷᠠᠭᠤᠯᠭ᠎ᠠ ᠵᠢᠨ ᠲᠥᠪ᠎ᠤᠨ ᠥᠷᠲᠡᠭᠡ 2001 ᠣᠨ᠎ᠳᠤ ᠪᠠᠶ᠋ᠢᠭᠤᠯᠤᠭᠳᠠᠵᠤ᠂ ᠪᠤᠭᠤᠲᠤ ᠬᠤᠲᠠ ᠵᠢᠨ ᠵᠢᠦᠶᠤᠸᠠᠨ ᠲᠣᠭᠤᠷᠢᠭ᠎ᠤᠨ ᠦᠨᠳᠦᠰᠦᠲᠡᠨ᠎ᠤ ᠵᠡᠭᠦᠨ ᠵᠠᠮ᠎ᠳᠤ ᠪᠠᠶ᠋ᠢᠷᠢᠯᠠᠵᠤ᠂ ᠳᠣᠣᠷ᠎ᠠ᠎ᠨᠢ ᠪᠤᠭᠤᠲᠤ 530 ᠬᠣᠷᠢᠶ᠎ᠠ ᠂ ᠳᠠᠷᠬᠠᠨ ᠮᠤᠤᠮᠢᠩᠭ᠋ᠠᠨ 863 ᠬᠣᠷᠢᠶ᠎ᠠ ᠂ ᠣᠷᠳᠣᠰ 835 ᠬᠣᠷᠢᠶ᠎ᠠ᠂ ᠣᠲᠤᠭ 853 ᠬᠣᠷᠢᠶ᠎ᠠ ᠂ ᠬᠠᠩᠭᠢᠨ 843 ᠬᠣᠷᠢᠶ᠎ᠠ᠂ ᠦᠦᠰᠢᠨ 854 ᠬᠣᠷᠢᠶ᠎ᠠ ᠂ ᠥᠪᠥᠷ ᠮᠣᠩᠭᠤᠯ᠎ᠤᠨ ᠰᠣᠨᠢᠨ ᠮᠡᠳᠡᠭᠡᠨ᠎ᠤ ᠶᠡᠷᠦᠩᠬᠡᠶ᠋ᠢᠯᠡᠭᠰᠡᠨ ᠰᠤᠪᠠᠭ ᠵᠡᠷᠭᠡ 3 ᠢᠵᠢ ᠭᠠᠵᠠᠷ ᠳᠡᠭᠡᠷᠡᠬᠢ ᠲᠣᠭ᠋ᠠᠵᠢᠭᠤᠯᠤᠭᠰᠠᠨ  ᠲᠧᠯᠸᠢᠰ᠎ᠤᠨ ᠫᠷᠤᠭ᠌ᠷᠠᠮ᠎ᠢ ᠳᠠᠮᠵᠢᠭᠤᠯᠤᠨ ᠨᠡᠪᠲᠡᠷᠡᠭᠦᠯᠵᠦ᠂ ᠲᠥᠪ᠎ᠤᠨ ᠳᠤᠮᠳᠠᠳᠤ ᠤᠯᠤᠰ᠎ᠤᠨ ᠳᠠᠭᠤᠤ᠂ ᠥᠪᠥᠷ ᠮᠣᠩᠭᠤᠯ᠎ᠤᠨ ᠰᠣᠨᠢᠨ ᠮᠡᠳᠡᠭᠡᠨ᠎ᠤ ᠶᠡᠷᠦᠩᠬᠡᠶ᠋ᠢᠯᠡᠭᠰᠡᠨ ᠷᠠᠳᠢᠣ᠋ ᠨᠡᠪᠲᠡᠷᠡᠭᠦᠯᠭᠡ᠂ ᠪᠤᠭᠤᠲᠤ ᠬᠤᠲᠠ ᠵᠢᠨ ᠰᠣᠨᠢᠨ ᠮᠡᠳᠡᠭᠡᠨ᠎ᠤ ᠶᠡᠷᠦᠩᠬᠡᠶ᠋ᠢᠯᠡᠭᠰᠡᠨ ᠷᠠᠳᠢᠣ᠋ ᠨᠡᠪᠲᠡᠷᠡᠭᠦᠯᠭᠡ᠂ ᠣᠷᠳᠣᠰ ᠬᠤᠲᠠ ᠵᠢᠨ ᠮᠣᠩᠭᠤᠯ ᠬᠡᠯᠡᠨ᠎ᠤ ᠶᠡᠷᠦᠩᠬᠡᠶ᠋ᠢᠯᠡᠭᠰᠡᠨ ᠷᠠᠳᠢᠣ᠋ ᠨᠡᠪᠲᠡᠷᠡᠭᠦᠯᠭᠡ ᠵᠡᠷᠭᠡ ᠵᠢ ᠪᠠᠭᠲᠠᠭ᠋ᠠᠭᠰᠠᠨ ᠨᠡᠶ᠋ᠢᠲᠡ 34 ᠢᠵᠢ ᠳᠤᠮᠳᠠ ᠳᠣᠯᠭᠢᠶᠠᠨ᠎ᠤ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ ᠵᠢᠴᠢ ᠥᠪᠥᠷ ᠮᠣᠩᠭᠤᠯ᠎ᠤᠨ ᠠᠵᠤ ᠠᠬᠤᠶ  ᠠᠮᠢᠳᠤᠷᠠᠯ᠎ᠤᠨ ᠷᠠᠳᠢᠣ᠋ ᠨᠡᠪᠲᠡᠷᠡᠭᠦᠯᠭᠡ ᠵᠡᠷᠭᠡ 19 ᠢᠵᠢ ᠳᠠᠪᠲᠠᠮᠵᠢ ᠵᠢᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠢ ᠳᠠᠮᠵᠢᠭᠤᠯᠤᠨ ᠨᠡᠪᠲᠡᠷᠡᠭᠦᠯᠪᠡ᠃ ᠲᠣᠬᠢᠶ᠎ᠠ᠎ᠨᠢ ᠪᠤᠭᠤᠲᠤ ᠬᠤᠲᠠ ᠵᠢᠨ ᠬᠤᠲᠠ ᠲᠣᠭᠤᠷᠢᠭ᠂ ᠳᠠᠷᠬᠠᠨ ᠮᠤᠤᠮᠢᠩᠭ᠋ᠠᠨ ᠬᠤᠯᠪᠣᠭ᠋ᠠᠲᠤ ᠬᠤᠰᠢᠭᠤ᠂ ᠣᠷᠳᠣᠰ ᠬᠤᠲᠠ ᠵᠢᠨ ᠳ᠋ᠦᠩᠱ᠌ᠧᠩ ᠲᠣᠭᠤᠷᠢᠭ᠂ ᠣᠲᠤᠭ ᠬᠤᠰᠢᠭᠤ᠂ ᠬᠠᠩᠭᠢᠨ ᠬᠤᠰᠢᠭᠤ᠂ ᠦᠤᠰᠢᠨ ᠬᠤᠰᠢᠭᠤ ᠵᠢᠴᠢ ᠲᠡᠭᠦᠨ᠎ᠤ ᠡᠷᠬᠢᠨ ᠲᠣᠭᠤᠷᠢᠨ᠎ᠤ ᠭᠠᠵᠠᠷ ᠣᠷᠣᠨ᠎ᠨᠤᠭᠤᠳ᠎ᠢ  ᠬᠠᠮᠤᠷᠴᠤ᠂ ᠨᠡᠶ᠋ᠢᠲᠡ 400 ᠭᠠᠷᠤᠶ ᠲᠦᠮᠡᠨ ᠬᠥᠮᠦᠨ ᠠᠮᠠ ᠵᠢ ᠬᠠᠮᠤᠷᠪᠠ᠃

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋  ᠲᠧᠯᠸᠢᠰ᠎ᠤᠨ ᠲᠣᠪᠴᠢᠶᠠᠨ᠎ᠤ  ᠪᠢᠴᠢᠯ ᠳᠣᠯᠭᠢᠶᠠᠨ᠎ᠤ ᠳᠠᠮᠵᠢᠭᠤᠯᠬᠤ ᠶᠡᠷᠦᠩᠬᠡᠢ ᠥᠷᠲᠡᠭᠡᠨ᠎ᠤ  ᠬᠠᠷᠢᠶ᠎ᠠ ᠶᠠᠩ ᠴᠢᠦᠢ ᠪᠢᠴᠢᠯ ᠳᠣᠯᠭᠢᠶᠠᠨ᠎ᠤ ᠥᠷᠲᠡᠭᠡ 2007 ᠣᠨ᠎ᠳᠤ ᠪᠠᠢ᠌ᠭᠤᠯᠤᠭᠳᠠᠵᠤ ᠂ ᠬᠥᠬᠡᠬᠣᠲᠠ ᠵᠢᠨ ᠲᠡᠭᠦᠷᠭᠡ ᠵᠢᠨ ᠢᠦᠢ ᠯᠢᠨ ᠪᠠᠯᠭ᠋ᠠᠰᠤᠨ᠎ᠤ ᠶᠠᠩ ᠴᠢᠦᠢ ᠶᠣᠣ ᠲᠤᠰᠬᠤᠨ᠎ᠳᠤ ᠪᠠᠢ᠌ᠷᠢᠯᠠᠵᠤ ᠂ ᠷᠠᠳᠢᠣ᠋  ᠲᠧᠯᠸᠢᠰ᠎ᠤᠨ ᠶᠡᠷᠦᠩᠬᠡᠢ ᠲᠣᠪᠴᠢᠶᠠᠨ᠎ᠤ  ᠪᠡᠭᠡᠵᠢᠩ — ᠾᠧᠪᠧᠢ — ᠱᠠᠨ ᠱ᠌ᠢ —  ᠥᠪᠥᠷ ᠮᠣᠩᠭᠣᠯ᠎ᠤᠨ ᠲᠣᠭ᠋ᠠᠵᠢᠭᠤᠯᠤᠭᠰᠠᠨ  ᠪᠢᠴᠢᠯ ᠳᠣᠯᠭᠢᠶᠠᠨ᠎ᠤ ᠬᠣᠢ᠌ᠲᠤ  ᠱᠤᠭᠤᠮ᠎ᠤᠨ ᠥᠪᠥᠷ ᠮᠣᠩᠭᠣᠯ᠎ᠤᠨ ᠬᠡᠰᠡᠭ᠎ᠤᠨ ᠭᠣᠣᠯ ᠱᠤᠭᠤᠮ᠎ᠤᠨ ᠥᠷᠲᠡᠭᠡ ᠪᠠᠢ᠌ᠵᠤ ᠂ ᠮᠥᠨ ᠴᠦ᠍ ᠥᠪᠥᠷ ᠮᠣᠩᠭᠣᠯ᠎ᠤᠨ ᠣᠷᠣᠨ᠎ᠤ ᠭᠣᠣᠯ ᠱᠤᠭᠤᠮ᠎ᠤᠨ ᠲᠣᠭ᠋ᠠᠵᠢᠭᠤᠯᠤᠭᠰᠠᠨ  ᠪᠢᠴᠢᠯ ᠳᠣᠯᠭᠢᠶᠠᠨ᠎ᠤ ᠴᠠᠬᠢᠯᠭ᠋ᠠᠨ ᠱᠤᠭᠤᠮ᠎ᠤᠨ ᠡᠮᠦᠨ᠎ᠡ ᠱᠤᠭᠤᠮ᠎ᠤᠨ ᠭᠠᠳᠠᠭ᠋ᠠᠳᠤ᠎ᠳᠤ ᠭᠠᠷᠭ᠋ᠠᠬᠤ ᠠᠩᠬᠠᠨ᠎ᠤ ᠵᠠᠯᠭ᠋ᠠᠮᠵᠢ  ᠥᠷᠲᠡᠭᠡ ᠪᠣᠯᠤᠨ᠎ᠠ᠂ ᠭᠣᠣᠯᠳᠠᠭᠤ ᠲᠥᠪ᠎ᠤᠨ ᠷᠠᠳᠢᠣ᠋  ᠲᠧᠯᠸᠢᠰ᠎ᠤᠨ ᠰᠤᠪᠤᠷᠭ᠎ᠠ ᠫᠷᠤᠭ᠌ᠷᠠᠮ᠎ᠤᠨ ᠳᠠᠮᠵᠢᠭᠤᠯᠬᠤ ᠲᠥᠪ᠎ᠠᠴᠠ ᠷᠠᠳᠢᠣ᠋  ᠲᠧᠯᠸᠢᠰ᠎ᠤᠨ ᠣᠳᠣᠨ ᠫᠷᠤᠭ᠌ᠷᠠᠮ ᠳᠠᠮᠵᠢᠭᠤᠯᠬᠤ ᠪᠠ ᠷᠠᠳᠢᠣ᠋  ᠲᠧᠯᠸᠢᠰ᠎ᠤᠨ ᠶᠡᠷᠦᠩᠬᠡᠢ ᠲᠣᠪᠴᠢᠶᠠᠨ᠎ᠤ ᠰᠢᠭᠤᠳ  ᠨᠡᠪᠲᠡᠷᠡᠭᠦᠯᠬᠦ ᠳᠠᠭ᠋ᠠᠭᠤᠯᠢ ᠣᠳᠣᠨ᠎ᠤ ᠬᠠᠮᠢᠶᠠᠷᠤᠯᠲᠠ ᠵᠢᠨ ᠲᠥᠪ᠎ᠲᠤ ᠳᠠᠮᠵᠢᠭᠤᠯᠬᠤ ᠵᠡᠷᠭᠡ ᠠᠵᠢᠯ᠎ᠤᠳ᠎ᠢ  ᠬᠠᠷᠢᠭᠤᠴᠠᠨ᠎ᠠ᠃

(ᠠᠯᠪᠠᠨ ᠭᠡᠷ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ