1 ᠳ᠋ᠦ᠍ᠭᠡᠷ ᠰᠠᠷ᠎ᠠ ᠵᠢᠨ 23᠎ᠤ ᠡᠳᠦᠷ᠎ᠤᠨ ᠦᠳᠡ ᠵᠢᠨ ᠬᠤᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠳᠠᠮᠵᠢᠭᠤᠯᠤᠨ ᠰᠠᠴᠤᠷᠠᠭᠤᠯᠬᠤ ᠲᠥᠪ᠎ᠤᠨ 610 ᠬᠣᠷᠢᠶ᠎ᠠ᠎ᠳᠤ ᠬᠦᠷᠴᠦ ᠠᠶᠤᠯᠭᠦᠢ ᠦᠢ᠍ᠯᠡᠳᠪᠦᠷᠢᠯᠡᠯ᠂ ᠠᠮᠤᠷ ᠲᠦᠪᠰᠢᠨ ᠨᠡᠪᠲᠡᠷᠡᠭᠦᠯᠭᠡ ᠵᠢᠨ ᠪᠠᠲᠤᠯᠠᠭ᠎ᠠ ᠵᠢᠨ ᠠᠵᠢᠯ᠎ᠢ ᠪᠠᠶ᠋ᠢᠴᠠᠭ᠋ᠠᠪᠠ᠃

ᠳᠠᠮᠵᠢᠭᠤᠯᠤᠨ ᠰᠠᠴᠤᠷᠠᠭᠤᠯᠬᠤ ᠲᠥᠪ᠎ᠤᠨ 610 ᠬᠣᠷᠢᠶ᠎ᠠ᠎ᠳᠤ ᠂ ᠵᠠᠩ ᠢ ᠮᠢᠨ ᠰᠠᠴᠤᠷᠠᠭᠤᠯᠭ᠎ᠠ ᠵᠢᠨ ᠮᠠᠰᠢᠨ᠎ᠤ ᠲᠠᠰᠤᠭ᠂ ᠴᠠᠬᠢᠯᠭ᠋ᠠᠨ ᠲᠦᠭᠡᠭᠡᠬᠦ ᠮᠠᠰᠢᠨ᠎ᠤ ᠲᠠᠰᠤᠭ᠂ ᠵᠢᠭ᠋ᠠᠨ ᠰᠤᠷᠭ᠋ᠠᠬᠤ ᠮᠠᠰᠢᠨ᠎ᠤ ᠲᠠᠰᠤᠭ ᠵᠡᠷᠭᠡ ᠭᠤᠤᠯᠳᠠᠯᠭ᠎ᠠ᠎ᠲᠠᠢ ᠣᠷᠣᠨ ᠪᠦᠰᠡ ᠵᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠬᠢᠨᠠᠨ ᠡᠵᠡᠮᠳᠡᠬᠦ ᠰᠢᠰᠲ᠋ᠧᠮ᠂ ᠠᠨᠲ᠋ᠢᠨ᠎ᠠ ᠤᠲᠠᠰᠤᠨ᠎ᠤ ᠰᠢᠰᠲ᠋ᠧᠮ᠂ ᠥᠨᠳᠥᠷ ᠳᠤᠤᠷ᠎ᠠ ᠬᠦᠴᠦᠳᠡᠯᠲᠦ ᠴᠠᠬᠢᠯᠭ᠋ᠠᠨ ᠬᠦᠴᠦᠨ᠎ᠤ ᠰᠢᠰᠲ᠋ᠧᠮ ᠵᠡᠷᠭᠡ ᠠᠵᠢᠯᠯᠠᠭ᠋ᠠᠨ᠎ᠤ ᠪᠠᠶ᠋ᠢᠳᠠᠯ᠎ᠢ ᠭᠦᠨᠵᠡᠭᠡᠶ ᠣᠶ᠋ᠢᠯᠠᠭ᠋ᠠᠵᠤ᠂ ᠲᠠᠯᠠᠪᠠᠶ ᠵᠢᠨ ᠴᠢᠩᠭ᠎ᠠ ᠪᠦᠷᠬᠦᠴᠡ᠂ ᠵᠢᠵᠢᠭᠦᠷᠯᠡᠨ ᠰᠠᠬᠢᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠡᠷᠭᠡ ᠪᠠᠶ᠋ᠢᠳᠠᠯ᠎ᠢ ᠨᠠᠷᠢᠨ ᠠᠰᠠᠭᠤᠨ ᠯᠠᠪᠯᠠᠪᠠ ᠃
ᠵᠠᠩ ᠢ ᠮᠢᠨ ᠂ ᠠᠮᠤᠷ ᠲᠦᠪᠰᠢᠨ ᠨᠡᠪᠲᠡᠷᠡᠭᠦᠯᠭᠡ ᠪᠣᠯ ᠷᠠᠳᠢᠣ᠋ ᠲᠧᠯᠸᠢᠰ᠎ᠤᠨ 《ᠠᠮᠢᠨ ᠰᠤᠳᠠᠰᠤ》 ᠮᠥᠨ᠂ ᠴᠠᠭ᠋ᠠᠨ ᠰᠠᠷ᠎ᠠ ᠬᠦᠷᠴᠦ ᠢᠷᠡᠬᠦ ᠲᠠᠰᠢᠷᠠᠮ ᠵᠶ᠋ᠠᠷ᠂ ᠤᠯᠠᠨ ᠵᠶ᠋ᠠᠷ ᠵᠶ᠋ᠠᠨ ᠠᠮᠤᠷ ᠲᠦᠪᠰᠢᠨ ᠨᠡᠪᠲᠡᠷᠡᠭᠦᠯᠭᠡ ᠵᠢᠨ ᠠᠵᠢᠯ᠎ᠤᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠮᠢᠨᠴᠦᠭᠦᠷᠡᠮᠡᠯ ᠦᠵᠡᠯ ᠰᠠᠨᠠᠭ᠎ᠠ᠂ ᠭᠤᠷᠢᠳᠠᠬᠤ ᠪᠤᠳᠤᠯ᠎ᠢ ᠡᠷᠡᠰ ᠲᠡᠪᠴᠢᠵᠦ᠂ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠦᠨᠡᠨ ᠬᠦ᠌ 《ᠰᠡᠳᠬᠢᠯ᠎ᠳᠤ᠎ᠪᠠᠨ ᠪᠤᠳᠤᠵᠤ᠂ ᠮᠥᠷᠥᠨ ᠳᠡᠭᠡᠷ᠎ᠡ᠎ᠪᠠᠨ ᠡᠭᠦᠷᠭᠡᠯᠡᠵᠦ᠂ ᠭᠠᠷ᠎ᠲᠤ᠎ᠪᠠᠨ ᠠᠳᠬᠤᠬᠤ》 ᠬᠡᠷᠡᠭᠲᠡᠢ᠂ ᠴᠢᠬᠤᠯᠠ ᠬᠦᠷᠢᠶ᠎ᠡ ᠪᠣᠯᠤᠨ ᠵᠠᠩᠭᠢᠯᠠᠭ᠎ᠠ ᠵᠢᠨ ᠭᠣᠭᠴᠤᠭ᠋ᠠᠨ᠎ᠤ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠠᠭᠤᠯᠭ᠎ᠠ ᠵᠢᠨ ᠠᠮᠤᠷ ᠲᠦᠪᠰᠢᠨ᠂ ᠨᠡᠪᠲᠡᠷᠡᠭᠦᠯᠭᠡ ᠵᠢᠨ ᠠᠮᠤᠷ ᠲᠦᠪᠰᠢᠨ᠂ ᠭᠠᠯ ᠤᠨᠲᠠᠷᠠᠭ᠋ᠠᠯᠲᠠ ᠵᠢᠨ ᠠᠮᠤᠷ ᠲᠦᠪᠰᠢᠨ᠂ ᠬᠤᠪᠢ ᠪᠡᠶ᠎ᠡ ᠵᠢᠨ ᠠᠮᠤᠷ ᠲᠦᠪᠰᠢᠨ ᠵᠡᠷᠭᠡ ᠡᠯ᠎ᠡ ᠲᠦᠷᠦᠯ᠎ᠤᠨ ᠠᠮᠤᠷ ᠲᠦᠪᠰᠢᠨ᠎ᠤ ᠪᠠᠲᠤᠯᠠᠭ᠎ᠠ ᠵᠢ ᠪᠦᠬᠦ ᠲᠠᠯ᠎ᠠ᠎ᠪᠠᠷ ᠰᠠᠶ᠋ᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃
ᠵᠠᠩ ᠢ ᠮᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠵᠶ᠋ᠠᠨ ᠲᠥᠯᠥᠭᠡᠯᠡᠨ ᠬᠣᠷᠢᠶ᠎ᠠ ᠥᠷᠲᠡᠭᠡᠨ᠎ᠳᠤ ᠠᠵᠢᠯᠯᠠᠵᠤ ᠪᠠᠶ᠋ᠢᠭ᠎ᠠ ᠨᠥᠬᠦᠳ ᠵᠢᠴᠢ ᠭᠡᠷ᠎ᠤᠨ ᠬᠥᠮᠦᠰ᠎ᠲᠤ᠎ᠨᠢ ᠴᠠᠭ᠋ᠠᠨ ᠰᠠᠷ᠎ᠠ ᠵᠢᠨ ᠮᠡᠨᠳᠦᠴᠢᠯᠡᠯ ᠳᠡᠪᠰᠢᠭᠦᠯᠪᠡ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠯᠢᠦ ᠵᠥᠩ ᠸᠧᠨ ᠪᠠᠷ᠎ᠠ ᠪᠣᠯᠵᠤ ᠪᠠᠶ᠋ᠢᠴᠠᠭ᠋ᠠᠪᠠ᠃
(ᠳᠠᠮᠵᠢᠭᠤᠯᠤᠨ ᠰᠠᠴᠤᠷᠠᠭᠤᠯᠬᠤ ᠲᠥᠪ)