ᠮᠠᠨ᠎ᠤ ᠣᠷᠣᠨ᠎ᠤ ᠰᠦᠯᠵᠢᠶᠡᠨ᠎ᠤ ᠦᠵᠡᠵᠦ ᠰᠣᠨᠣᠰᠬᠤ ᠦᠢ᠍ᠯᠡᠴᠢᠯᠡᠭᠡᠨ᠎ᠤ ᠪᠠᠶ᠋ᠢᠭᠤᠯᠤᠮᠵᠢ 《ᠳᠤᠮᠳᠠᠳᠤ ᠤᠯᠤᠰ᠎ᠤᠨ ᠠᠷᠠᠳ᠎ᠤᠨ ᠳᠠᠭᠤᠤ》 ᠳᠤᠮᠳᠠᠳᠤ ᠤᠯᠤᠰ᠎ᠤᠨ ᠰᠦᠯᠵᠢᠶᠡᠨ᠎ᠤ ᠦᠵᠡᠵᠦ ᠰᠣᠨᠣᠰᠬᠤ ᠦᠪᠡᠳᠡᠭᠰᠢ ᠶᠣᠰᠣᠯᠠᠯ᠎ᠢ ᠳᠠᠭ᠋ᠠᠭ᠋ᠠᠴᠢᠯᠠᠨ ᠡᠷᠬᠢᠯᠡᠬᠦ᠎ᠳᠤ ᠣᠷᠣᠯᠴᠠᠪᠠ
2025-01-21



   ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ  ᠲᠠᠨᠢᠯᠴᠠᠭᠤᠯᠤᠭᠰᠠᠨ ᠵᠶ᠋ᠠᠷ᠂ ᠮᠠᠨ᠎ᠤ ᠣᠷᠣᠨ᠎ᠤ ᠰᠦᠯᠵᠢᠶᠡᠨ᠎ᠤ ᠦᠵᠡᠵᠦ ᠰᠣᠨᠣᠰᠬᠤ ᠦᠢ᠍ᠯᠡᠴᠢᠯᠡᠭᠡᠨ᠎ᠤ ᠪᠠᠶ᠋ᠢᠭᠤᠯᠤᠮᠵᠢ 《  ᠳᠤᠮᠳᠠᠳᠤ ᠤᠯᠤᠰ᠎ᠤᠨ ᠠᠷᠠᠳ᠎ᠤᠨ ᠳᠠᠭᠤᠤ》᠎ᠨᠢ ᠠᠩᠬ᠎ᠠ ᠤᠳᠠᠭ᠎ᠠ 2025 ᠳᠤᠮᠳᠠᠳᠤ ᠤᠯᠤᠰ᠎ᠤᠨ ᠰᠦᠯᠵᠢᠶᠡᠨ᠎ᠤ ᠦᠵᠡᠵᠦ ᠰᠣᠨᠣᠰᠬᠤ ᠦᠪᠡᠳᠡᠭᠰᠢ ᠶᠣᠰᠣᠯᠠᠯ᠎ᠢ ᠳᠠᠭ᠋ᠠᠭ᠋ᠠᠴᠢᠯᠠᠨ ᠡᠷᠭᠢᠯᠡᠬᠦ᠎ᠳᠤ ᠣᠷᠣᠯᠴᠠᠵᠤ᠂ ᠮᠠᠨ᠎ᠤ ᠣᠷᠣᠨ᠎ᠤ ᠣᠨᠴᠠᠯᠢᠭᠲᠤ 1 ᠫᠷᠤᠭ᠌ᠷᠠᠮ᠎ᠨᠢ ᠨᠢᠭᠡᠨᠲᠡ ᠦᠪᠡᠳᠡᠭᠰᠢ ᠶᠣᠰᠣᠯᠠᠯ᠎ᠤᠨ ᠫᠷᠤᠭ᠌ᠷᠠᠮ᠎ᠤᠨ ᠨᠡᠷᠡᠰ᠎ᠲᠤ ᠰᠣᠩᠭᠤᠭᠳᠠᠪᠠ᠃


W020250121326088741631_ORIGIN (1).jpg


  《ᠡᠶ᠎ᠡ  ᠨᠠᠢ᠌ᠷᠠᠮᠳᠠᠯᠲᠤ  ᠭᠡᠷ ᠪᠥᠯᠢ • 2025 ᠳᠤᠮᠳᠠᠳᠤ ᠤᠯᠤᠰ᠎ᠤᠨ ᠰᠦᠯᠵᠢᠶᠡᠨ᠎ᠤ ᠦᠵᠡᠵᠦ ᠰᠣᠨᠣᠰᠬᠤ ᠦᠪᠡᠳᠡᠭᠰᠢ ᠶᠣᠰᠣᠯᠠᠯ》᠎ᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠵᠢᠯᠣᠭᠤᠳᠴᠤ᠂ ᠳᠤᠮᠳᠠᠳᠤ ᠤᠯᠤᠰ᠎ᠤᠨ ᠰᠦᠯᠵᠢᠶᠡᠨ᠎ᠤ ᠦᠵᠡᠵᠦ ᠰᠣᠨᠣᠰᠬᠤ ᠨᠡᠶ᠋ᠢᠭᠡᠮᠯᠢᠭ᠂ ᠳᠤᠮᠳᠠᠳᠤ ᠤᠯᠤᠰ᠎ᠤᠨ ᠲᠧᠯᠸᠢᠰ ᠤᠷᠠᠯᠢᠭ᠎ᠤᠨ ᠵᠥᠪᠯᠡᠯ᠎ᠠᠴᠠ ᠭᠤᠤᠯᠯᠠᠨ ᠡᠷᠭᠢᠯᠡᠵᠦ᠂ 2025 ᠣᠨ᠎ᠤ 1 ᠳ᠋ᠦ᠍ᠭᠡᠷ ᠰᠠᠷ᠎ᠠ ᠵᠢᠨ 24᠎ᠤ ᠡᠳᠦᠷ (ᠬᠥᠬᠡᠭᠡ ᠰᠠᠷ᠎ᠠ ᠵᠢᠨ ᠬᠤᠷᠢᠨ ᠲᠠᠪᠤᠨ)᠎ᠤᠨ ᠣᠷᠣᠶ ᠵᠢᠨ 8 ᠴᠠᠭ᠎ᠲᠤ ᠪᠡᠭᠡᠵᠢᠩ᠎ᠤᠨ ᠣᠳᠣᠨ ᠲᠧᠯᠸᠢᠰ᠂ ᠳᠣᠷᠣᠨᠠᠳᠠᠬᠢᠨ  ᠣᠳᠣᠨ ᠲᠧᠯᠸᠢᠰ᠂ ᠵᠧᠵᠢᠶᠠᠩ᠎ᠤᠨ ᠣᠳᠣᠨ ᠲᠧᠯᠸᠢᠰ ᠪᠠ ᠣᠯᠠᠨ ᠲᠠᠪᠴᠠᠩ᠎ᠳᠤ ᠵᠡᠷᠭᠡ᠎ᠪᠠᠷ ᠨᠡᠪᠲᠡᠷᠡᠭᠦᠯᠬᠦ ᠪᠣᠯᠣᠨ᠎ᠠ ᠃ ᠲᠤᠰ ᠤᠳᠠᠭ᠋ᠠᠨ᠎ᠤ  ᠦᠪᠡᠳᠡᠭᠰᠢ ᠶᠣᠰᠣᠯᠠᠯ᠎ᠨᠢ ᠰᠢ  ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠪᠠᠷ ᠭᠤᠣᠯ ᠰᠢᠵᠢᠮ ᠪᠣᠯᠭ᠋ᠠᠵᠤ᠂ ᠥᠩᠭᠡᠷᠡᠭᠰᠡᠨ ᠬᠤᠭᠤᠴᠠᠭ᠋ᠠᠨ᠎ᠤ ᠦᠪᠡᠳᠡᠭᠰᠢ ᠶᠣᠰᠣᠯᠠᠯ᠎ᠤᠨ ᠠᠮᠵᠢᠯᠲᠠ᠎ᠲᠠᠢ ᠲᠤᠷᠰᠢᠯᠭ᠎ᠠ ᠵᠢ ᠭᠦᠢ᠍ᠴᠡᠳ ᠰᠢᠩᠭᠡᠭᠡᠨ ᠠᠪᠴᠤ᠂ ᠰᠦᠯᠵᠢᠶᠡᠨ᠎ᠤ ᠦᠵᠡᠵᠦ ᠰᠣᠨᠣᠰᠬᠤ ᠤᠳᠬ᠎ᠠ ᠤᠷᠠᠯᠢᠭ᠎ᠤᠨ ᠵᠣᠬᠢᠶᠠᠨ ᠪᠦᠲᠦᠭᠡᠯᠲᠡ ᠵᠢᠨ ᠡᠯᠪᠡᠭ ᠦᠷ᠎ᠡ ᠪᠦᠲᠦᠭᠡᠯ ᠪᠣᠯᠤᠨ ᠰᠣᠳᠣᠨ ᠪᠦᠲᠦᠭᠡᠯᠲᠡ ᠵᠢᠨ ᠬᠥᠭᠵᠢᠯᠲᠡ ᠵᠢᠨ ᠰᠠᠶ᠋ᠢᠨ ᠰᠠᠶ᠋ᠢᠬᠠᠨ ᠪᠠᠶ᠋ᠢᠳᠠᠯ᠎ᠢ ᠬᠦᠴᠦᠲᠡᠢ ᠢᠯᠡᠷᠡᠭᠦᠯᠵᠦ᠂ ᠥᠷᠭᠡᠨ ᠤᠯᠠᠨ ᠠᠷᠠᠳ ᠲᠦᠮᠡᠨ᠎ᠳᠤ ᠭᠤᠣᠯ ᠬᠦᠭ ᠠᠶᠠᠰ᠂ ᠢᠳᠡᠪᠬᠢ ᠬᠦᠴᠦᠨ᠂ ᠤᠯᠠᠨ ᠲᠦᠮᠡᠨ᠎ᠲᠠᠢ ᠤᠢ᠍ᠢ᠍ᠷᠠᠳᠤᠭᠰᠠᠨ᠂ ᠴᠢᠨᠠᠷ ᠰᠠᠶ᠋ᠢᠲᠠᠢ ᠦᠵᠡᠵᠦ ᠰᠣᠨᠣᠰᠬᠤ ᠦᠪᠡᠳᠡᠭᠰᠢ ᠨᠠᠶ᠋ᠢᠷ᠎ᠢ ᠡᠷᠭᠦᠬᠦ ᠪᠣᠯᠤᠨ᠎ᠠ᠃

(ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠬᠠᠮᠢᠶᠠᠷᠤᠯᠲᠠ ᠵᠢᠨ ᠭᠠᠵᠠᠷ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ