4 ᠳ᠋ᠦ᠍ᠭᠡᠷ ᠰᠠᠷ᠎ᠠ ᠵᠢᠨ 1᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠭᠦᠸᠧ ᠨᠠᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠪᠠᠶ᠋ᠢᠴᠠᠭ᠋ᠠᠨ ᠰᠤᠳᠤᠯᠤᠯᠲᠠ ᠬᠢᠪᠡ ᠃
ᠸᠧᠢ ᠭᠦᠸᠧ ᠨᠠᠨ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ᠎ᠤᠨ ᠲᠣᠪᠴᠢᠶᠠᠨ᠎ᠤ ᠳᠠᠮᠵᠢᠭᠤᠯᠵᠤ ᠰᠠᠴᠤᠷᠠᠭᠤᠯᠬᠤ ᠲᠥᠪ᠎ᠤᠨ 501 ᠰᠠᠭᠤᠷᠢ ᠂ ᠬᠢᠨᠠᠨ ᠬᠡᠮᠵᠢᠬᠦ ᠪᠠ ᠬᠥᠭᠵᠢᠭᠦᠯᠬᠦ ᠲᠥᠪ᠎ᠲᠤ ᠬᠦᠷᠴᠦ ᠂ ᠣᠨᠴᠠ ᠲᠤᠳᠤᠷᠠᠴᠠᠲᠤ ᠲᠧᠯᠸᠢᠰ᠎ᠤᠨ ᠫᠷᠤᠭ᠌ᠷᠠᠮ ᠢ ᠭᠠᠳᠠᠬᠰᠢ ᠳᠠᠮᠵᠢᠭᠤᠯᠬᠤ ᠂ ᠷᠠᠳᠢᠣ᠋ ᠲᠧᠯᠸᠢᠰ᠎ᠤᠨ ᠳᠣᠬᠢᠶ᠎ᠠ ᠪᠣᠯᠤᠨ ᠠᠭᠤᠯᠭ᠎ᠠ ᠵᠢ ᠬᠢᠨᠠᠨ ᠬᠡᠮᠵᠢᠭᠰᠡᠨ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠵᠤ ᠂ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠬᠤᠳᠠᠯᠳᠤᠭ᠎ᠠ ᠵᠢ ᠨᠢᠭᠡ ᠴᠣᠭᠴᠠᠵᠢᠭᠤᠯᠤᠨ ᠬᠤᠯᠪᠣᠭ᠋ᠠᠯᠠᠨ ᠬᠥᠳᠡᠯᠦᠯᠴᠡᠬᠦ ᠵᠢᠴᠢ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠪᠠᠶ᠋ᠢᠭᠤᠯᠤᠯ ᠲᠣᠭᠲᠠᠴᠠ ᠵᠢᠨ ᠰᠢᠨ᠎ᠡ ᠵᠢ ᠡᠭᠦᠳᠦᠭᠰᠡᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ ᠃
ᠸᠧᠶ ᠭᠦᠸᠧ ᠨᠠᠨ ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ᠎ᠤᠨ ᠲᠣᠪᠴᠢᠶ᠎ᠠ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠱᠤᠭᠤᠮ᠎ᠲᠠᠢ ᠨᠢᠭᠲᠠ ᠤᠶᠠᠯᠳᠤᠭᠤᠯᠤᠨ ᠂ ᠬᠠᠮᠢᠶ᠎ᠠ ᠪᠥᠬᠦᠶ ᠠᠵᠢᠯ᠎ᠳᠤ ᠢᠯᠡᠳᠲᠡ ᠦᠷ᠎ᠡ ᠪᠦᠲᠦᠮᠵᠢ ᠣᠯᠵᠠᠢ ᠭᠡᠵᠦ ᠬᠡᠯᠡᠪᠡ᠃ ᠲᠡᠷᠡ ᠂ ᠦᠵᠡᠯ ᠰᠠᠨᠠᠭ᠎ᠠ ᠰᠣᠶᠣᠯ᠎ᠤᠨ ᠤᠬᠠᠭᠤᠯᠭ᠎ᠠ ᠵᠢᠨ ᠭᠣᠣᠯᠳᠠᠭ᠎ᠠ᠎ᠲᠠᠢ ᠵᠢᠭᠰᠠᠭ᠋ᠠᠯ ᠤᠨ ᠭᠠᠵᠠᠷ ᠪᠣᠯᠤᠭᠰᠠᠨ᠎ᠤ ᠬᠤᠪᠢ᠎ᠳᠤ ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠨᠢ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ ᠂ ᠡᠯ᠎ᠡ ᠭᠠᠵᠠᠷ᠎ᠤᠨ᠎ᠬᠢᠨ ᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ ᠪᠠᠶ᠋ᠢᠭ᠋ᠠᠳ ᠪᠣᠳᠠᠰ ᠤᠨ ᠪᠤᠰᠤ ᠰᠣᠶᠣᠯ᠎ᠤᠨ ᠥᠪ ᠂ ᠠᠷᠠᠳ᠎ᠤᠨ ᠵᠠᠩ ᠦᠢ᠍ᠯᠡ ᠂ ᠠᠮᠢ ᠠᠬᠤᠶ ᠵᠡᠷᠭᠡ ᠣᠨᠴᠠᠯᠢᠭᠲᠤ ᠡᠬᠢ ᠪᠠᠶᠠᠯᠢᠭ ᠲᠤ ᠲᠦᠰᠢᠭᠯᠡᠨ ᠂ ᠪᠥᠬᠦ ᠣᠷᠣᠨ᠎ᠤ ᠴᠢᠨᠠᠷᠲᠠᠶ ᠰᠣᠶᠣᠯ ᠵᠢᠭᠤᠯᠴᠢᠯᠠᠯ᠎ᠤᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠵᠢ ᠤᠯᠠᠮᠵᠢᠯᠠᠬᠤ ᠠᠵᠢᠯ᠎ᠢ ᠨᠢᠭᠡᠳᠦᠯᠲᠡᠶ ᠲᠥᠯᠥᠪᠯᠡᠨ ᠪᠤᠶ᠋ᠢᠵᠢᠭᠤᠯᠵᠤ ᠂ ᠬᠠᠲᠤᠨ ᠭᠤᠤᠯ᠎ᠤᠨ ᠲᠣᠮᠣ ᠳᠣᠬᠣᠢ ᠂ ᠶᠡᠭᠡ ᠬᠢᠩᠭ᠋ᠠᠨ ᠳᠠᠪᠠᠭ᠋ᠠᠨ ᠤ ᠲᠡᠤᠬᠡ ᠰᠣᠶᠣᠯ᠎ᠢ ᠭᠦᠨᠵᠡᠭᠡᠶ ᠠᠭᠤᠳᠠᠯᠤᠨ ᠂ ᠥᠪᠥᠷ ᠮᠣᠩᠭᠤᠯ᠎ᠤᠨ ᠣᠨᠴᠠᠯᠢᠭ ᠲᠠᠢ ᠭᠠᠵᠠᠷ ᠣᠷᠣᠨ ᠤ IP ᠵᠢ ᠡᠭᠦᠳᠴᠦ ᠂ ᠥᠪᠥᠷ ᠮᠣᠩᠭᠤᠯ᠎ᠤᠨ ᠥᠯᠢᠭᠡᠷ᠎ᠢ ᠰᠠᠶ᠋ᠢᠲᠤᠷ ᠶᠠᠷᠢᠵᠤ ᠂ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠬᠤ ᠲᠣᠭᠲᠠᠴᠠ ᠪᠠ ᠮᠠᠨ ᠤ ᠣᠷᠣᠨ᠎ᠤ ᠣᠷᠣᠨ ᠪᠠᠶ᠋ᠢᠷᠢ ᠵᠢᠨ ᠳᠠᠪᠠᠭᠤᠯᠢᠭ᠎ᠲᠤ ᠲᠦᠰᠢᠭᠯᠡᠨ ᠂ ᠴᠢᠨᠠᠷ ᠰᠠᠶ᠋ᠢᠲᠠᠶ ᠡᠬᠢ ᠪᠠᠶᠠᠯᠢᠭ᠎ᠤᠨ ᠬᠤᠤᠰ ᠴᠢᠭᠯᠡᠯ ᠵᠶ᠋ᠠᠷ ᠬᠦᠴᠦᠨ ᠨᠡᠮᠡᠷᠢᠯᠡᠬᠦ ᠵᠢ ᠠᠬᠢᠭᠤᠯᠵᠤ ᠂ ᠤᠮᠠᠷᠠᠲᠤ ᠬᠢᠯᠢ ᠵᠢᠨ ᠰᠣᠶᠣᠯ᠎ᠤᠨ ᠨᠠᠷᠠᠲᠤ ᠲᠥᠷᠥᠯ ᠲᠡᠮᠳᠡᠭᠲᠦ ᠵᠢ ᠨᠠᠩ ᠭᠡᠷᠡᠯᠳᠦᠬᠦᠯᠬᠦ ᠬᠡᠷᠡᠭᠳᠡᠢ ᠭᠡᠵᠦ ᠵᠢᠭ᠋ᠠᠨ ᠭᠠᠷᠭ᠋ᠠᠪᠠ᠃
( ᠠᠯᠪᠠᠨ ᠭᠡᠷ )