ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠭᠡ ᠰᠤᠷᠭ᠋ᠠᠭᠤᠯᠢ ᠵᠢᠨ ᠫᠷᠤᠹᠧᠰᠰᠤᠷ ᠶᠠᠩ ᠵᠠᠨ ᠰᠢᠨ ᠨᠠᠷ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠲᠣᠪᠴᠢᠶᠠᠨ᠎ᠤ ᠳᠠᠮᠵᠢᠭᠤᠯᠭ᠎ᠠ ᠰᠠᠴᠣᠷᠠᠭᠣᠯᠭ᠎ᠠ ᠵᠢᠨ ᠲᠥᠪ᠎ᠲᠤ ᠪᠠᠶ᠋ᠢᠴᠠᠭ᠋ᠠᠨ ᠰᠤᠳᠤᠯᠤᠯᠲᠠ ᠬᠢᠪᠡ
2025-04-17

      4 ᠳ᠋ᠦ᠍ᠭᠡᠷ ᠰᠠᠷ᠎ᠠ ᠵᠢᠨ 10 ᠂ 11᠎ᠤ ᠡᠳᠦᠷ᠂ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠭᠡ ᠰᠤᠷᠭ᠋ᠠᠭᠤᠯᠢ ᠵᠢᠨ ᠫᠷᠤᠹᠧᠰᠰᠤᠷ᠂ ᠳ᠋ᠣᠺᠲ᠋ᠣᠷᠠᠨᠲ᠎ᠤᠨ ᠵᠢᠯᠣᠭᠤᠳᠣᠭᠴᠢ ᠪᠠᠭᠰᠢ᠂ ᠷᠠᠳᠢᠣ᠋ ᠲᠧᠯᠸᠢᠰ᠎ᠤᠨ ᠣᠶᠤᠨᠴᠢᠯᠠᠭᠰᠠᠨ ᠰᠤᠷᠭ᠋ᠠᠨ ᠬᠥᠮᠦᠵᠢᠯ᠎ᠤᠨ ᠶᠠᠮᠤᠨ᠎ᠤ ᠢᠨᠵᠧᠨᠧᠷᠢᠩ᠎ᠤᠨ ᠰᠤᠳᠤᠯᠭ᠋ᠠᠨ᠎ᠤ ᠲᠥᠪ᠎ᠤᠨ ᠡᠷᠬᠢᠯᠡᠭᠴᠢ ᠶᠠᠩ ᠵᠠᠨ ᠰᠢᠨ ᠨᠡᠷ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ  ᠳᠠᠮᠵᠢᠭᠤᠯᠭ᠎ᠠ  ᠰᠠᠴᠣᠷᠠᠭᠣᠯᠭ᠎ᠠ ᠵᠢᠨ  ᠲᠥᠪ᠎ᠲᠤ ᠪᠠᠶ᠋ᠢᠴᠠᠭ᠋ᠠᠨ ᠰᠤᠳᠤᠯᠤᠯᠲᠠ ᠬᠢᠪᠠ᠃

      ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠤᠷᠢᠳ ᠬᠤᠵᠢᠳ  ᠰᠠᠴᠣᠷᠠᠭᠣᠯᠭ᠎ᠠ ᠵᠢᠨ  ᠮᠠᠰᠢᠨ᠎ᠤ ᠦᠷᠦᠭᠡ᠂ ᠵᠢᠭ᠋ᠠᠨ  ᠰᠣᠷᠭ᠋ᠠᠯᠲᠠ ᠵᠢᠨ  ᠮᠠᠰᠢᠨ᠎ᠤ ᠦᠷᠦᠭᠡ᠂  ᠠᠨᠲ᠋ᠢᠨ᠎ᠠ  ᠰᠦᠯᠵᠢᠶ᠎ᠡ ᠵᠢᠨ  ᠲᠠᠰᠤᠭ ᠪᠣᠯᠤᠨ ᠰᠢᠨ᠎ᠡ ᠵᠢ ᠡᠭᠦᠳᠬᠦ ᠲᠤᠷᠰᠢᠯᠲᠠ ᠵᠢᠨ ᠲᠠᠰᠤᠭ ᠵᠡᠷᠭᠡ ᠭᠠᠵᠠᠷ᠎ᠲᠤ ᠷᠠᠳᠢᠣ᠋ ᠲᠧᠯᠸᠢᠰ᠎ᠤᠨ ᠳᠠᠮᠵᠢᠭᠤᠯᠭ᠎ᠠ ᠵᠢᠨ ᠪᠦᠷᠬᠦᠴᠡ᠂ ᠲᠥᠬᠦᠭᠡᠷᠦᠮᠵᠢ ᠵᠢᠨ ᠠᠵᠢᠯᠯᠠᠭ᠋ᠠᠨ᠂ ᠮᠡᠷᠭᠡᠵᠢᠯ᠎ᠤᠨ  ᠰᠢᠨᠡᠴᠢᠯᠡᠯᠲᠡ  ᠵᠡᠷᠭᠡ ᠲᠠᠯ᠎ᠠ ᠵᠢᠨ ᠠᠵᠢᠯ᠎ᠢ ᠲᠤᠬᠠᠢ ᠵᠢᠨ ᠭᠠᠵᠠᠷ᠎ᠲᠤ᠎ᠨᠢ  ᠪᠠᠶ᠋ᠢᠴᠠᠭ᠋ᠠᠨ  ᠰᠣᠳᠣᠯᠣᠭᠰᠠᠨ  ᠪᠥᠭᠡᠳ ᠳᠤᠮᠳᠠ ᠣᠬᠤᠷ ᠳᠣᠯᠭᠢᠶᠠᠨ᠎ᠤ ᠮᠡᠷᠭᠡᠵᠢᠯ᠎ᠤᠨ ᠬᠡᠷᠡᠭᠯᠡᠭᠡᠨ᠎ᠤ ᠲᠤᠬᠠᠢ  ᠬᠣᠷᠢᠶ᠎ᠠ  ᠥᠷᠲᠡᠭᠡᠨ᠎ᠤ ᠬᠠᠷᠢᠭᠤᠴᠠᠯᠭ᠋ᠠᠲᠠᠳ᠎ᠲᠠᠢ  ᠰᠠᠨᠠᠯ ᠵᠶ᠋ᠠᠨ ᠭᠦᠨᠵᠡᠭᠡᠢ ᠰᠣᠯᠢᠯᠴᠠᠪᠠ᠃

      ᠶᠠᠷᠢᠯᠴᠠᠬᠤ  ᠬᠤᠷᠠᠯ᠎ᠳᠤ ᠂ ᠶᠠᠩ ᠵᠠᠨ ᠰᠢᠨ ᠫᠷᠤᠹᠧᠰᠰᠤᠷ᠎ᠠᠴᠠ ᠰᠡᠵᠢᠴᠡ ᠰᠡᠯᠭᠦᠬᠦ ᠷᠠᠳᠢᠣ᠋ ᠨᠡᠪᠲᠡᠷᠡᠭᠦᠯᠭᠡ ᠵᠢᠨ ᠲᠣᠭ᠋ᠠᠴᠢᠯᠠᠭᠰᠠᠨ ᠥᠭᠡᠷᠡᠴᠢᠯᠡᠯᠲᠡ ᠵᠢᠨ ᠬᠠᠮᠤᠭ᠎ᠤᠨ ᠰᠢᠨ᠎ᠡ ᠰᠤᠳᠤᠯᠭ᠋ᠠᠨ᠎ᠤ ᠦᠷ᠎ᠡ ᠪᠦᠲᠦᠭᠡᠯ᠎ᠢ ᠭᠤᠣᠯᠳᠠᠯᠭ᠎ᠠ᠎ᠲᠠᠢ ᠲᠠᠨᠢᠯᠴᠠᠭᠤᠯᠤᠭᠰᠠᠨ ᠪᠥᠭᠡᠳ ᠳᠤᠮᠳᠠ ᠣᠬᠤᠷ ᠳᠣᠯᠭᠢᠶᠠᠨ᠎ᠤ ᠡᠬᠢ ᠪᠠᠶᠠᠯᠢᠭ᠎ᠤᠨ ᠬᠡᠷᠡᠭᠯᠡᠭᠡᠨ᠎ᠤ ᠢᠷᠡᠭᠡᠳᠦᠶ᠎ᠳᠤ  ᠥᠨᠳᠥᠷ  ᠦᠨᠡᠯᠡᠯᠲᠡ ᠦᠭᠪᠡ ᠃ ᠲᠡᠷᠡ᠂ ᠰᠤᠳᠤᠯᠭ᠋ᠠᠨ᠎ᠤ ᠲᠥᠪ᠎ᠤᠨ᠎ᠬᠢᠨ  ᠥᠪᠥᠷ ᠮᠣᠩᠭᠤᠯ᠎ᠤᠨ ᠭᠠᠵᠠᠷ ᠣᠷᠣᠨ᠎ᠤ ᠣᠨᠴᠠᠯᠢᠭ ᠪᠠ ᠠᠵᠢᠯ ᠲᠥᠷᠥᠯ᠎ᠤᠨ ᠰᠢᠨ᠎ᠡ ᠬᠡᠷᠡᠭᠴᠡᠭᠡ᠎ᠳᠤ ᠰᠠᠭᠤᠷᠢᠯᠠᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠮᠡᠳᠡᠭᠡ ᠵᠠᠩᠭᠢ ᠨᠡᠶ᠋ᠢᠲᠡᠯᠡᠬᠦ᠂ ᠣᠶᠤᠨᠴᠢ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠴᠢᠯᠡᠭᠡ᠂ ᠳᠤᠤᠷ᠎ᠠ ᠠᠭ᠋ᠠᠷ᠎ᠤᠨ ᠠᠵᠤ ᠠᠬᠤᠶ ᠴᠢᠮᠡᠭᠡ ᠬᠤᠯᠪᠣᠭ᠋ᠠᠨ᠎ᠤ ᠪᠠᠲᠤᠯᠠᠭ᠎ᠠ ᠵᠡᠷᠭᠡ ᠬᠦᠷᠢᠶᠡᠨ᠎ᠳᠤ ᠭᠦᠨ ᠳᠠᠪᠬᠤᠷᠭ᠎ᠠ ᠵᠢᠨ ᠂ ᠣᠯᠠᠨ ᠲᠠᠯᠠᠲᠤ ᠬᠠᠮᠲᠤᠷᠠᠯᠴᠠᠭ᠎ᠠ ᠰᠣᠯᠢᠯᠴᠠᠭ᠎ᠠ ᠵᠢ ᠢᠳᠡᠪᠬᠢᠲᠡᠶ ᠥᠷᠨᠢᠭᠦᠯᠵᠦ᠂ ᠴᠢᠨᠠᠷ ᠰᠠᠶ᠋ᠢᠲᠠᠶ ᠡᠬᠢ ᠪᠠᠶᠠᠯᠢᠭ᠎ᠤᠨ ᠬᠤᠤᠰ ᠴᠢᠭᠯᠡᠯ ᠵᠶ᠋ᠠᠷ  ᠬᠦᠴᠤᠨ ᠨᠡᠮᠡᠷᠢᠯᠡᠬᠦ ᠵᠢ ᠠᠬᠢᠭᠤᠯᠤᠨ᠎ᠠ ᠬᠡᠵᠥ ᠢᠯᠡᠳᠬᠡᠪᠡ᠃

      ᠲᠣᠪᠴᠢᠶᠠᠨ᠎ᠤ  ᠤᠳᠤᠷᠢᠳᠤᠯᠭ᠎ᠠ ᠥᠪᠥᠷ ᠮᠣᠩᠭᠤᠯ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠨᠠᠷᠢᠨ ᠲᠠᠨᠢᠯᠴᠠᠭᠤᠯᠵᠤ᠂ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠭᠡ ᠰᠤᠷᠭ᠋ᠠᠭᠤᠯᠢ ᠵᠢᠨ ᠷᠠᠳᠢᠣ᠋ ᠲᠧᠯᠸᠢᠰ᠎ᠤᠨ ᠲᠣᠭ᠋ᠠᠴᠢᠯᠠᠭᠰᠠᠨ ᠬᠦᠷᠢᠶᠡᠨ᠎ᠳᠠᠬᠢ ᠬᠤᠰᠢᠭᠤᠷᠠᠯ ᠰᠤᠳᠤᠯᠭ᠋ᠠᠨ᠎ᠤ ᠦᠷ᠎ᠡ ᠪᠦᠲᠦᠭᠡᠯ᠎ᠠᠴᠠ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠠᠵᠢᠯ᠎ᠳᠤ  ᠬᠦᠴᠣᠨ ᠨᠡᠮᠡᠷᠢᠯᠡᠵᠦ ᠂ ᠰᠤᠷᠭ᠋ᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭ᠎ᠠ᠎ᠪᠠᠷ ᠳᠠᠮᠵᠢᠭᠤᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠬᠢ ᠪᠠᠶᠠᠯᠢᠭ ᠬᠢᠭᠡᠳ ᠰᠠᠭᠤᠷᠢ ᠲᠥᠬᠦᠭᠡᠷᠦᠮᠵᠢ ᠵᠢᠨ ᠳᠠᠪᠠᠭᠤᠯᠢᠭ ᠵᠶ᠋ᠠᠨ ᠬᠠᠷᠢᠯᠴᠠᠨ ᠨᠥᠬᠦᠪᠥᠷᠢᠯᠡᠬᠦ ᠵᠢ ᠪᠡᠶᠡᠯᠡᠭᠦᠯᠵᠦ᠂ ᠥᠪᠥᠷ ᠮᠣᠩᠭᠤᠯ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠢᠨᠠᠷ ᠰᠠᠶ᠋ᠢᠲᠠᠶ ᠬᠥᠭᠵᠢᠯᠲᠡ ᠵᠢ ᠬᠠᠮᠲᠤ᠎ᠪᠠᠷ ᠠᠬᠢᠭᠤᠯᠬᠤ ᠵᠢ ᠬᠦᠰᠡᠪᠡ᠃

     (ᠳᠠᠮᠵᠢᠭᠤᠯᠭ᠎ᠠ ᠰᠠᠴᠤᠷᠠᠭᠤᠯᠭ᠎ᠠ ᠵᠢᠨ ᠲᠥᠪ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ