ᠲᠥᠪ᠎ᠤᠨ ᠨᠠᠢ᠍ᠮᠠᠨ ᠵᠣᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠵᠠᠯᠠᠭᠤ ᠺᠠᠳ᠋ᠷᠴᠤᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠦᠵᠡᠯ ᠰᠠᠨᠠᠭ᠋ᠠᠨ᠎ᠤ ᠰᠠᠭᠤᠷᠢ ᠵᠢ ᠪᠠᠬᠢᠵᠢᠭᠦᠯᠵᠦ᠂ ᠬᠠᠷᠢᠭᠤᠴᠠᠯᠭ᠎ᠠ ᠡᠭᠦᠷᠭᠡᠯᠡᠯ᠎ᠢ ᠴᠢᠩᠭ᠋ᠠᠳᠬᠠᠬᠤ ᠵᠢᠨ ᠲᠥᠯᠥᠭᠡ᠂ 4 ᠳ᠋ᠦ᠍ᠭᠡᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ ᠵᠠᠯᠠᠭᠤᠴᠤᠳ᠎ᠤᠨ ᠣᠨᠣᠯ ᠰᠤᠷᠤᠯᠴᠠᠬᠤ ᠳᠤᠭᠤᠶ᠋ᠢᠯᠠᠩ ᠨᠢ ᠲᠥᠪ᠎ᠤᠨ ᠨᠠᠢ᠍ᠮᠠᠨ ᠵᠣᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠣᠨᠣᠯ ᠰᠣᠷᠣᠯᠴᠠᠬᠤ ᠬᠤᠷᠠᠯ ᠬᠤᠷᠠᠯᠳᠤᠭᠤᠯᠪᠠ᠃
ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠤᠷᠢᠶᠠᠨ᠎ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠬᠤᠷᠠᠯ ᠳᠡᠭᠡᠷ᠎ᠡ᠂ 7 ᠵᠠᠯᠠᠭᠤᠴᠤᠳ᠎ᠤᠨ ᠲᠥᠯᠥᠭᠡᠯᠡᠭᠴᠢ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠨ ᠣᠶ᠋ᠢᠯᠠᠭ᠋ᠠᠬᠤ ᠵᠢᠨ ᠲᠣᠭᠤᠷᠢᠨ᠎ᠳᠤ᠂ ᠲᠤᠰ ᠪᠡᠶ᠎ᠡ ᠵᠢᠨ ᠠᠵᠢᠯ᠎ᠲᠠᠢ᠎ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃
ᠬᠤᠷᠠᠯ᠎ᠠᠴᠠ᠂ ᠵᠠᠯᠠᠭᠤ ᠺᠠᠳ᠋ᠷ ᠪᠣᠯ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠰᠢᠨ᠎ᠡ ᠬᠦᠴᠦᠨ ᠪᠠᠢ᠌ᠵᠤ ᠂ ᠰᠢᠨ᠎ᠡ ᠠᠶᠠᠨ ᠵᠠᠮ᠎ᠳᠤ᠂ ᠵᠠᠯᠠᠭᠤ ᠺᠠᠳ᠋ᠷᠴᠤᠳ᠎ᠤᠨ ᠬᠦᠨᠳᠦ ᠡᠭᠦᠷᠭᠡ ᠵᠢ ᠡᠭᠦᠷᠭᠡᠯᠡᠵᠦ᠂ ᠶᠡᠭᠡ ᠦᠢ᠍ᠯᠡᠰ᠎ᠢ ᠪᠦᠲᠦᠭᠡᠵᠦ ᠪᠣᠢ ᠂ 《ᠰᠤᠷᠤᠯᠴᠠᠬᠤ》᠎ᠪᠠᠷ ᠰᠠᠭᠤᠷᠢ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ᠎ᠤᠨ ᠨᠠᠢ᠍ᠮᠠᠨ ᠵᠣᠷᠪᠣᠰ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠠᠬᠢᠯᠭ᠎ᠠ ᠪᠠᠲᠤ ᠵᠢᠨ ᠤᠬᠠᠮᠰᠠᠷ᠂ ᠶᠣᠰᠣ ᠲᠦᠷᠢᠮ᠎ᠤᠨ ᠤᠬᠠᠮᠰᠠᠷ ᠵᠶ᠋ᠠᠨ ᠦᠷᠭᠦᠯᠵᠢᠯᠡᠨ ᠴᠢᠩᠭ᠋ᠠᠷᠠᠭᠤᠯᠬᠤ ᠬᠡᠷᠡᠭᠲᠡᠢ᠃ 《ᠪᠠᠶ᠋ᠢᠴᠠᠭ᠋ᠠᠬᠤ》᠎ᠪᠠᠷ ᠬᠠᠷᠢᠭᠤᠴᠠᠯᠭ᠎ᠠ᠎ᠪᠠᠨ ᠲᠣᠳᠣᠷᠬᠠᠶ᠋ᠢᠯᠠᠬᠤ ᠵᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ 《ᠲᠣᠭᠲᠠᠭ᠋ᠠᠯ᠎ᠲᠠᠢ ᠬᠠᠷᠢᠴᠠᠭᠤᠯᠤᠨ ᠲᠣᠯᠢᠳᠠᠬᠤ》᠂ 《ᠤᠯᠠᠨ ᠲᠦᠮᠡᠨ᠎ᠤ ᠳᠤᠮᠳᠠ ᠭᠦᠨᠵᠡᠭᠡᠶ᠋ᠢᠷᠡᠨ ᠦᠨᠡᠨ ᠦᠭᠡ ᠰᠣᠨᠣᠰᠬᠤ》᠂ 《ᠦᠨᠳᠦᠰᠦ ᠰᠤᠷᠪᠤᠯᠵᠢ ᠵᠢ ᠵᠠᠳᠠᠯᠤᠨ ᠵᠦᠪ ᠣᠨᠣᠪᠴᠢᠲᠠᠢ ᠵᠢᠷᠣᠬᠣ》 ᠵᠢ ᠪᠠᠷᠢᠮᠲᠠᠯᠠᠵᠤ ᠂ ᠦᠨᠡᠨ ᠬᠦ᠌ ᠪᠠᠢ᠌ᠴᠠᠭ᠋ᠠᠵᠤ ᠪᠣᠲᠠᠲᠠᠢ ᠠᠵᠢᠯᠯᠠᠬᠤ᠎ᠪᠠᠷ ᠰᠢᠯᠭ᠋ᠠᠷᠠᠭᠰᠠᠨ ᠰᠤᠷᠲᠠᠯ ᠵᠶ᠋ᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ 《ᠥᠭᠡᠷᠡᠴᠢᠯᠡᠬᠦ》᠎ᠪᠠᠷ ᠦᠢ᠍ᠯᠡ ᠠᠵᠢᠯᠯᠠᠭ᠎ᠠ᠎ᠪᠠᠨ ᠠᠬᠢᠭᠤᠯᠬᠤ ᠵᠢ ᠪᠠᠷᠢᠮᠲᠠᠯᠠᠵᠤ᠂ ᠲᠤᠰ ᠤᠳᠠᠭ᠋ᠠᠨ᠎ᠤ ᠰᠤᠷᠤᠯᠴᠠᠯᠭ᠎ᠠ᠎ᠪᠠᠷ ᠠᠵᠠ ᠲᠣᠬᠢᠶᠠᠯ ᠪᠣᠯᠭ᠋ᠠᠵᠤ᠂ ᠠᠰᠠᠭᠤᠳᠠᠯ᠎ᠢ ᠭᠦᠨᠵᠡᠭᠡᠢ ᠪᠠᠶ᠋ᠢᠴᠠᠭ᠋ᠠᠨ ᠳᠡᠯᠭᠡᠵᠦ᠂ 《ᠨᠢᠭᠡᠨᠲᠡ ᠡᠪᠡᠳᠴᠢᠯᠡᠭᠰᠡᠨ》᠎ᠢ ᠵᠠᠰᠠᠬᠤ᠎ᠪᠠᠷ ᠪᠠᠷᠠᠬᠤ ᠦᠭᠡᠢ 《 ᠡᠬᠢᠯᠡᠭᠡ ᠦᠭᠡᠢ 》 ᠪᠠᠢ᠌ᠳᠠᠯ᠎ᠢ ᠨᠡᠩ ᠰᠡᠷᠭᠡᠶ᠋ᠢᠯᠡᠵᠦ᠂ ᠮᠡᠳᠡᠬᠦᠢ ᠬᠢᠬᠦᠢ᠎ᠪᠠᠨ ᠨᠢᠭᠡᠳᠬᠡᠨ ᠵᠠᠯᠠᠭᠤ ᠨᠠᠰᠤᠨ᠎ᠤ ᠡᠭᠦᠷᠭᠡᠯᠡᠯ᠎ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
(ᠠᠯᠪᠠᠨ ᠭᠡᠷ)