4 ᠳ᠋ᠦ᠍ᠭᠡᠷ ᠰᠠᠷ᠎ᠠ ᠵᠢᠨ 22᠎ᠤᠨ ᠡᠳᠦᠷ ᠂ ᠭᠤᠴᠢᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ ᠤᠨ ᠤᠯᠠᠨ ᠤᠯᠤᠰ᠎ᠤᠨ ᠷᠠᠳᠢᠣ᠋ ᠲᠧᠯᠸᠢᠰ᠎ᠤᠨ ᠮᠡᠳᠡᠭᠡ ᠵᠠᠩᠭᠢ ᠵᠢᠨ ᠰᠦᠯᠵᠢᠶᠡᠨ ᠤ ᠦᠵᠡᠰᠬᠦᠯᠡᠩ ᠪᠡᠭᠡᠵᠢᠩ᠎ᠳᠤ ᠡᠬᠢᠯᠡᠪᠡ ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠬᠦᠨ᠂ ᠳᠡᠳ᠋ ᠲᠣᠪᠴᠢᠶᠠᠨ ᠳᠠᠷᠤᠭ᠎ᠠ ᠯᠢᠦ ᠵᠥᠩ ᠸᠧᠨ ᠡᠬᠢᠯᠡᠯᠲᠡ ᠵᠢᠨ ᠶᠣᠰᠣᠯᠠᠯ ᠵᠢᠴᠢ ᠭᠤᠤᠯ ᠰᠡᠳᠦᠪᠲᠦ ᠮᠡᠳᠡᠭᠦᠯᠦᠯᠲᠡ ᠵᠢᠨ ᠬᠤᠷᠠᠯ᠎ᠳᠤ ᠣᠷᠣᠯᠴᠠᠭᠰᠠᠨ ᠪᠥᠭᠡᠳ 《 ᠣᠯᠠᠨ ᠨᠡᠶ᠋ᠢᠲᠡ ᠵᠢᠨ ᠦᠢ᠍ᠯᠡᠴᠢᠯᠡᠭᠡ ᠬᠢᠭᠡᠳ ᠠᠵᠢᠯ ᠲᠥᠷᠥᠯ ᠤᠨ ᠵᠠᠰᠠᠯᠲᠠ ᠵᠢᠨ ᠬᠤᠤᠰ ᠴᠢᠭᠯᠡᠯ ᠵᠶ᠋ᠠᠷ ᠬᠦᠴᠦᠨ ᠨᠡᠮᠡᠷᠢᠯᠡᠬᠦ᠄ ᠦᠢ᠍ᠯᠡᠴᠢᠯᠡᠭᠡᠨ ᠤ ᠭᠤᠤᠯ ᠴᠣᠭᠴᠠ ᠵᠢᠨ ᠬᠠᠷᠠᠭ᠋ᠠᠰᠤ ᠳᠣᠤᠷᠠᠬᠢ 〈ᠬᠤᠶᠠᠷ᠎ᠢ ᠵᠠᠰᠠᠬᠤ 〉 ᠠᠵᠢᠯ᠎ᠤᠨ ᠦᠢ᠍ᠯᠡᠳᠦᠯᠭᠡ ᠵᠢᠨ ᠦᠷ᠎ᠡ ᠪᠦᠲᠦᠮᠵᠢ 》 ᠭᠡᠬᠦ ᠰᠡᠳᠦᠪ ᠵᠶ᠋ᠠᠷ ᠭᠤᠤᠯ ᠰᠡᠳᠦᠪᠲᠦ ᠶᠠᠷᠢᠶ᠎ᠠ ᠲᠠᠯᠪᠢᠪᠠ ᠃

ᠶᠠᠷᠢᠶ᠎ᠠ ᠢᠯᠡᠳᠬᠡᠯ᠎ᠨᠢ ᠥᠪᠥᠷ ᠮᠣᠩᠭᠤᠯ᠎ᠤᠨ 《 ᠬᠤᠶᠠᠷ᠎ᠢ ᠵᠠᠰᠠᠬᠤ 》 ᠶᠠᠪᠤᠴᠠ᠎ᠳᠠᠬᠢ 3 ᠪᠦᠯᠬᠦᠮ ᠨᠡᠶ᠋ᠢᠲᠡ᠎ᠪᠠᠷ ᠬᠠᠷᠠᠭ᠋ᠠᠰᠤ ᠪᠣᠯᠭ᠋ᠠᠵᠤ ᠂ ᠬᠢᠯᠢ ᠬᠢᠵᠠᠭ᠋ᠠᠷ᠎ᠢ ᠰᠠᠬᠢᠵᠤ ᠪᠠᠶ᠋ᠢᠭ᠎ᠠ ᠮᠠᠯᠴᠢᠨ ᠂ ᠨᠠᠰᠤᠵᠢᠯ ᠤᠨ ᠠᠰᠠᠷᠠᠮᠵᠢ ᠵᠢᠨ ᠪᠠᠶ᠋ᠢᠭᠤᠯᠤᠮᠵᠢ ᠂ ᠲᠣᠪᠴᠢᠶ᠎ᠠ ᠰᠦᠯᠵᠢᠶᠡᠨ᠎ᠤ ᠬᠤᠯᠪᠣᠭ᠋ᠠᠯᠠᠨ ᠬᠥᠳᠡᠯᠦᠯᠴᠡᠬᠦ ᠭᠤᠷᠪᠠᠨ ᠠᠮᠢᠳᠤᠯᠢᠭ ᠦᠯᠢᠭᠡᠷ ᠵᠶ᠋ᠠᠷ 《 ᠬᠤᠶᠠᠷ᠎ᠢ ᠵᠠᠰᠠᠬᠤ 》 ᠠᠵᠢᠯ᠎ᠤᠨ ᠥᠪᠥᠷ ᠮᠣᠩᠭᠤᠯ᠎ᠤᠨ ᠲᠤᠷᠰᠢᠯᠭ᠎ᠠ ᠵᠢ ᠠᠮᠢᠳᠤᠯᠢᠭ ᠵᠶ᠋ᠠᠷ ᠳᠡᠯᠭᠡᠨ ᠦᠵᠡᠭᠦᠯᠵᠦ ᠂ ᠪᠠᠭ᠎ᠠ᠎ᠠᠴᠠ ᠶᠡᠭᠡ ᠵᠢ ᠣᠯᠵᠤ ᠮᠡᠳᠡᠬᠦ᠂ 《 ᠬᠤᠶᠠᠷ᠎ᠢ ᠵᠠᠰᠠᠬᠤ 》 ᠵᠢᠨ ᠠᠷᠠᠳ ᠤᠯᠠᠨ᠎ᠤ ᠠᠮᠢᠳᠤᠷᠠᠯ᠎ᠳᠤ ᠠᠪᠴᠢᠷᠠᠭᠰᠠᠨ ᠬᠠᠶ᠋ᠢᠷ᠎ᠠ ᠬᠠᠯᠠᠮᠵᠢ ᠪᠣᠯᠤᠨ ᠬᠤᠪᠢᠷᠠᠯᠲᠠ ᠵᠢ ᠶᠠᠷᠢᠵᠤ ᠂ 《 ᠬᠤᠶᠠᠷ᠎ᠢ ᠵᠠᠰᠠᠬᠤ 》 ᠵᠢᠨ ᠳᠣᠲᠣᠷᠠᠬᠢ ᠦᠨᠳᠦᠰᠦᠨ ᠱᠠᠲᠤᠨ᠎ᠤ ᠤᠯᠠᠨ ᠲᠦᠮᠡᠨ ᠤ ᠰᠢᠭᠤᠳ ᠲᠦᠷᠦᠭᠳᠡᠯ ᠪᠣᠯᠤᠨ ᠬᠤᠪᠢᠷᠠᠯᠲᠠ ᠵᠢ ᠬᠠᠷᠠᠭᠤᠯᠵᠤ ᠂ 《 ᠬᠤᠶᠠᠷ᠎ᠢ ᠵᠠᠰᠠᠬᠤ 》 ᠳᠤᠮᠳᠠᠬᠢ ᠦᠨᠳᠦᠰᠦᠨ ᠱᠠᠲᠤᠨ᠎ᠤ ᠣᠯᠠᠨ ᠲᠦᠮᠡᠨ᠎ᠤ ᠰᠢᠭᠤᠳ ᠲᠥᠷᠥᠭᠳᠡᠯ ᠂ ᠠᠵᠢᠯ ᠦᠢ᠍ᠯᠡᠰ᠎ᠤᠨ ᠬᠥᠭᠵᠢᠯᠲᠡ ᠵᠢᠨ ᠬᠠᠯᠠᠭᠤᠨ ᠳᠤᠯᠠᠭ᠋ᠠᠨ ᠪᠠ ᠠᠵᠢᠯ᠎ᠢ ᠳᠥᠯᠭᠢᠨ ᠠᠬᠢᠭᠤᠯᠬᠤ ᠰᠢᠨ᠎ᠡ ᠵᠢ ᠡᠭᠦᠳᠬᠦ ᠭᠠᠷᠳᠠᠴᠠ ᠵᠢ ᠢᠯᠡᠷᠡᠭᠦᠯᠪᠡ ᠃ 《 ᠵᠢᠵᠢᠭ ᠦᠯᠢᠭᠡᠷ 》 ᠵᠶ᠋ᠠᠷ 《 ᠶᠡᠭᠡ ᠵᠠᠰᠠᠯᠲᠠ 》 ᠵᠢ ᠲᠠᠶ᠋ᠢᠯᠪᠤᠷᠢᠯᠠᠨ ᠥᠭᠦᠯᠡᠵᠦ ᠂ 《 ᠥᠪᠥᠷ ᠮᠣᠩᠭᠤᠯ᠎ᠤᠨ ᠬᠠᠷᠠᠭ᠋ᠠᠰᠤ 》᠎ᠪᠠᠷ 《 ᠤᠯᠤᠰ᠎ᠤᠨ ᠪᠠᠶ᠋ᠢᠯᠳᠤᠬᠤ ᠪᠣᠳᠣᠯᠭ᠎ᠠ 》 ᠵᠢ ᠵᠣᠯᠭ᠋ᠠᠭᠤᠯᠵᠤ ᠂ ᠬᠠᠯᠠᠭᠤᠨ ᠲᠤᠰᠬᠠᠯ ᠭᠠᠷᠭ᠋ᠠᠪᠠ ᠃
(ᠰᠢᠨᠵᠢᠯᠡᠭᠡ ᠮᠡᠷᠭᠡᠵᠢᠯ᠎ᠤᠨ ᠭᠠᠵᠠᠷ)