ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠭᠡ ᠰᠤᠷᠭ᠋ᠠᠭᠤᠯᠢ᠎ᠳᠤ ᠬᠦᠷᠴᠦ ᠰᠣᠯᠢᠯᠴᠠᠭ᠎ᠠ ᠬᠢᠵᠦ ᠰᠤᠷᠤᠯᠴᠠᠪᠠ
2025-05-12

      ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ  ᠭᠡᠰᠢᠭᠦᠨ ᠂ ᠳᠡᠳ᠋  ᠲᠣᠪᠴᠢᠶ᠎ᠠ ᠵᠢᠨ  ᠳᠠᠷᠤᠭ᠎ᠠ ᠯᠢᠦ ᠵᠥᠩ ᠸᠧᠨ ᠪᠦᠯᠬᠦᠮ ᠳᠠᠭ᠋ᠠᠭᠤᠯᠤᠨ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠭᠡ ᠰᠤᠷᠭ᠋ᠠᠭᠤᠯᠢ᠎ᠳᠤ ᠬᠦᠷᠴᠦ  ᠰᠣᠯᠢᠯᠴᠠᠭ᠎ᠠ ᠬᠢᠵᠦ  ᠰᠤᠷᠤᠯᠴᠠᠪᠠ᠃

      ᠯᠢᠦ ᠵᠦᠩ ᠸᠧᠨ ᠨᠠᠷ 《ᠵᠠᠭᠤᠴᠢᠯᠠᠭᠤᠷ᠎ᠤᠨ ᠠᠭᠣᠰᠣᠯᠴᠠᠯ  ᠪᠠ  ᠳᠠᠮᠵᠢᠭᠣᠯᠭ᠎ᠠ ᠵᠢᠨ ᠤᠯᠤᠰ᠎ᠤᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ · ᠷᠠᠳᠢᠣ᠋ ᠲᠧᠯᠸᠢᠰ᠎ᠤᠨ ᠤᠶᠤᠨᠴᠢᠯᠠᠭᠰᠠᠨ ᠰᠤᠷᠭ᠋ᠠᠨ ᠬᠥᠮᠦᠵᠢᠯ᠎ᠤᠨ ᠶᠠᠮᠤᠨ᠎ᠤ ᠢᠨᠵᠧᠨᠧᠷᠢᠩ᠎ᠤᠨ ᠰᠤᠳᠤᠯᠭ᠋ᠠᠨ᠎ᠤ ᠲᠥᠪ》 ᠵᠢᠴᠢ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠰᠤᠳᠤᠯᠭ᠋ᠠᠨ᠎ᠤ ᠰᠠᠭᠤᠷᠢᠨ》᠎ᠢ ᠲᠤᠬᠠᠢ ᠵᠢᠨ ᠭᠠᠵᠠᠷ᠎ᠲᠤ᠎ᠨᠢ  ᠲᠣᠭᠤᠷᠢᠨ ᠦᠵᠡᠭᠰᠡᠨ ᠪᠥᠭᠡᠳ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠭᠡ ᠰᠤᠷᠭ᠋ᠠᠭᠤᠯᠢ ᠵᠢᠨ ᠨᠠᠮ᠎ᠤᠨ ᠬᠤᠷᠢᠶᠠᠨ᠎ᠤ ᠭᠡᠰᠢᠭᠦᠨ᠂ ᠳᠡᠳ᠋ ᠵᠠᠬᠢᠷᠤᠯ ᠸᠠᠩ ᠬᠤᠢ᠂ ᠤᠯᠤᠰ᠎ᠤᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠲᠦᠷᠦᠭᠦᠦ ᠰᠢᠨᠵᠢᠯᠡᠬᠦ ᠤᠬᠠᠭ᠋ᠠᠨᠲᠠᠨ ᠯᠢᠦᠢ ᠷᠦᠢ᠎ᠲᠠᠢ ᠳᠠᠷᠠᠭ᠋ᠠᠴᠢ ᠵᠢᠨ ᠠᠯᠬᠤᠮ᠎ᠤᠨ ᠰᠤᠷᠭ᠋ᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭ᠎ᠠ ᠰᠣᠯᠢᠯᠴᠠᠭ᠋ᠠᠨ᠎ᠤ ᠲᠦᠷᠦᠯ ᠵᠦᠢ᠍ᠯ᠂ ᠠᠷᠭ᠎ᠠ ᠬᠡᠮᠵᠢᠶ᠎ᠡ ᠵᠢᠨ ᠲᠣᠭᠲᠠᠴᠠ᠂ ᠦᠷ᠎ᠡ ᠪᠦᠲᠦᠭᠡᠯ᠎ᠢ ᠨᠠᠶ᠋ᠢᠳᠠᠪᠤᠷᠢᠵᠢᠭᠤᠯᠤᠨ ᠬᠡᠷᠡᠭᠯᠡᠵᠦ ᠳᠡᠯᠭᠡᠷᠡᠭᠦᠯᠬᠦ ᠵᠡᠷᠭᠡ ᠠᠭᠤᠯᠭ᠎ᠠ ᠵᠢᠨ ᠲᠣᠭᠤᠷᠢᠨ᠎ᠳᠤ ᠰᠠᠨᠠᠯ ᠵᠶ᠋ᠠᠨ ᠭᠦᠨᠵᠡᠭᠡᠢ ᠰᠣᠯᠢᠯᠴᠠᠪᠠ᠃

 

      (  ᠲᠸᠭᠨᠢᠭ  ᠮᠡᠷᠭᠡᠵᠢᠯ᠎ᠤᠨ ᠭᠠᠵᠠᠷ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ