ᠠᠢ ᠯᠢ ᠬᠤᠸᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠪᠠᠶ᠋ᠢᠴᠠᠭ᠋ᠠᠨ ᠰᠤᠳᠤᠯᠤᠯᠲᠠ ᠬᠢᠪᠡ
2025-05-14

      5 ᠳ᠋ᠤᠭ᠋ᠠᠷ ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠳᠡᠳ᠋ ᠡᠷᠬᠢᠯᠡᠭᠴᠢ ᠠᠶ ᠯᠢ ᠬᠤᠸᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠪᠠᠶ᠋ᠢᠴᠠᠭ᠋ᠠᠨ ᠰᠤᠳᠤᠯᠤᠯᠲᠠ ᠬᠢᠪᠠ᠃

      ᠠᠶ ᠯᠢ ᠬᠤᠸᠠ ᠨᠠᠷ ᠤᠷᠢᠳ ᠬᠤᠵᠢᠳ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ  ᠳᠠᠮᠵᠢᠭᠣᠯᠭ᠎ᠠ ᠰᠠᠴᠣᠷᠠᠭᠣᠯᠭ᠎ᠠ ᠵᠢᠨ  ᠲᠥᠪ᠎ᠤᠨ 501  ᠲᠠᠪᠴᠠᠩ ᠂ ᠬᠢᠨᠠᠨ ᠬᠡᠮᠵᠢᠬᠦ ᠪᠠ ᠬᠥᠭᠵᠢᠭᠦᠯᠬᠦ ᠲᠥᠪ᠎ᠲᠤ ᠪᠠᠶ᠋ᠢᠴᠠᠭ᠋ᠠᠨ ᠰᠤᠳᠤᠯᠤᠯᠲᠠ ᠬᠢᠭᠰᠡᠨ ᠪᠥᠭᠡᠳ ᠮᠠᠨᠵᠤᠤᠷ᠎ᠤᠨ 717  ᠲᠠᠪᠴᠠᠩ ᠂  ᠡᠵᠢᠨ᠎ᠡ ᠵᠢᠨ 788  ᠲᠠᠪᠴᠠᠩ  ᠵᠡᠷᠭᠡ ᠦᠨᠳᠦᠰᠦᠨ ᠱᠠᠲᠤᠨ᠎ᠤ ᠷᠠᠳᠢᠣ᠋ ᠲᠧᠯᠸᠢᠰ᠎ᠤᠨ ᠰᠠᠴᠤᠷᠠᠭᠤᠯᠬᠤ ᠥᠷᠲᠡᠭᠡ᠎ᠲᠠᠢ ᠸᠢᠳᠢᠤ᠋᠎ᠪᠠᠷ ᠶᠠᠷᠢᠯᠴᠠᠪᠠ᠃ ᠳᠠᠷᠠᠭ᠎ᠠ᠎ᠳᠤ᠎ᠨᠢ ᠬᠤᠷᠠᠯᠳᠤᠭᠤᠯᠤᠭᠰᠠᠨ  ᠰᠠᠭᠣᠳᠠᠯ᠎ᠤᠨ  ᠬᠤᠷᠠᠯ ᠳᠡᠭᠡᠷ᠎ᠡ᠂ ᠠᠢ ᠯᠢ ᠬᠤᠸᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠲᠣᠭᠤᠷᠢᠨ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ  ᠬᠦᠴᠦᠨ ᠨᠡᠮᠡᠷᠢᠯᠡᠬᠦ ᠵᠢ ᠴᠢᠩᠭ᠋ᠠᠳᠬᠠᠵᠤ᠂ ᠬᠢᠯᠢ ᠬᠢᠵᠠᠭ᠋ᠠᠷ ᠣᠷᠣᠨ᠎ᠤ ᠣᠶᠤᠨᠴᠢ ᠷᠠᠳᠢᠣ᠋ ᠲᠧᠯᠸᠢᠰ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃

      ᠠᠶ ᠯᠢ ᠬᠤᠸᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ᠎ᠬᠢᠨ  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠢᠨ᠎ᠡ ᠵᠢ ᠡᠭᠦᠳᠬᠦ ᠣᠨᠣᠯ᠎ᠤᠨ ᠳᠠᠮᠵᠢᠭᠣᠯᠭ᠎ᠠ ᠰᠤᠳᠤᠯᠭ᠋ᠠᠨ᠎ᠤ ᠠᠵᠢᠯ᠎ᠤᠨ  ᠳᠡᠭᠡᠷ᠎ᠡ  ᠰᠡᠳᠬᠢᠯ ᠲᠠᠯᠪᠢᠨ ᠬᠦᠴᠦ ᠣᠷᠣᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠰᠢᠵᠢᠮ ᠎ᠲᠠᠢ ᠨᠢᠭᠲᠠ ᠣᠶᠠᠯᠳᠣᠭᠣᠯᠵᠦ ᠂ ᠬᠢᠯᠢ ᠬᠢᠵᠠᠭ᠋ᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠬᠢᠭᠰᠡᠨ ᠠᠵᠢᠯ᠎ᠤᠨ ᠬᠢᠯᠠᠰ ᠴᠡᠭ ᠣᠯᠠᠨ᠂ ᠴᠢᠭᠯᠡᠯ ᠣᠨᠣᠪᠴᠢᠲᠠᠶ ᠪᠠᠶ᠋ᠢᠨ᠎ᠠ  ᠭᠡᠵᠦ ᠬᠡᠯᠡᠪᠡ ᠃ ᠲᠡᠷᠡ᠂ ᠷᠠᠳᠢᠣ᠋ ᠲᠧᠯᠸᠢᠰ᠎ᠤᠨ ᠰᠢᠰᠲ᠋ᠧᠮ᠎ᠤᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠤᠯᠠᠮ  ᠨᠢᠭᠡ ᠠᠯᠬᠣᠮ  ᠳᠡᠭᠡᠭᠰᠢᠯᠡᠭᠦᠯᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠬᠢᠵᠠᠭ᠋ᠠᠷ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠦᠷᠢᠮ》᠎ᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠠᠬᠢᠭᠤᠯᠬᠤ ᠬᠡᠷᠡᠭᠲᠡᠶ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠤᠨᠤᠯ᠎ᠤᠨ ᠳᠠᠮᠵᠢᠭᠤᠯᠭ᠎ᠠ ᠪᠠ ᠭᠤᠤᠯ ᠰᠡᠳᠦᠪᠲᠦ ᠤᠬᠠᠭᠤᠯᠭ᠎ᠠ ᠵᠢᠨ ᠰᠢᠨ᠎ᠡ ᠵᠢ ᠡᠭᠦᠳᠴᠦ᠂ ᠭᠤᠤᠯ ᠤᠷᠤᠰᠬᠠᠯ᠎ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠵᠢ ᠪᠠᠬᠢᠵᠢᠭᠦᠯᠦᠨ ᠪᠤᠵᠠᠭ᠋ᠠᠶ᠋ᠢᠷᠠᠭᠤᠯᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ ᠬᠡᠷᠡᠭᠲᠡᠶ᠃ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠶᠤᠨᠴᠢ ᠷᠠᠳᠢᠣ᠋ ᠲᠧᠯᠸᠢᠰ᠎ᠤᠨ ᠬᠢᠯᠢ ᠬᠢᠵᠠᠭ᠋ᠠᠷ᠎ᠢ ᠪᠠᠬᠢᠵᠢᠭᠦᠯᠬᠦ ᠢᠨᠵᠧᠨᠧᠷᠢᠩ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ  ᠲᠣᠭᠲᠠᠯᠴᠠᠭ᠎ᠠ ᠵᠢᠨ  ᠪᠠᠶ᠋ᠢᠭᠤᠯᠤᠯᠲᠠ ᠵᠡᠷᠭᠡ ᠷᠠᠳᠢᠣ᠋ ᠲᠧᠯᠸᠢᠰ᠎ᠤᠨ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ᠎ᠢ ᠯᠠᠪᠳᠠᠭᠤᠨ ᠵᠶ᠋ᠠᠷ ᠠᠬᠢᠭᠤᠯᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠦᠨ᠂ ᠰᠢᠨ᠎ᠡ ᠴᠠᠭ ᠦᠶ᠎ᠡ ᠵᠢᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ᠎ᠳᠤ ᠬᠦᠴᠦᠨ  ᠨᠡᠮᠡᠷᠢᠯᠡᠬᠦ ᠬᠡᠷᠡᠭᠲᠡᠢ ᠭᠡᠵᠦ ᠴᠢᠩᠭ᠋ᠠᠳᠬᠠᠪᠠ᠃

 

     (ᠠᠯᠪᠠᠨ ᠭᠡᠷ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ