ᠲᠥᠪ᠎ᠤᠨ ᠨᠠᠢ᠍ᠮᠠᠨ ᠵᠦᠢᠯ᠎ᠦᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠣᠬᠢᠷᠠᠭᠤᠯᠤᠯᠲᠠ᠎ᠶ᠋ᠢ ᠦᠨᠳᠦᠰᠦᠯᠡᠨ᠂ ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ 《ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠷᠠᠳᠢᠣ᠋ ᠲᠧᠯᠸᠢᠰ᠎ᠤᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠶ᠎ᠠ》 ᠭᠡᠬᠦ᠌ ᠰᠡᠳᠦᠪ᠎ᠢᠶᠠᠷ ᠰᠠᠬᠢᠯᠭ᠎ᠠ ᠪᠠᠲᠤ ᠣᠪᠣᠷ ᠰᠤᠷᠲᠠᠯ᠎ᠤᠨ ᠲᠤᠰᠭᠠᠶ ᠰᠡᠳᠦᠪᠲᠦ ᠨᠠᠮ᠎ᠤᠨ ᠬᠢᠴᠢᠶᠡᠯ ᠣᠷᠣᠪᠠ᠃
ᠵᠠᠩ ᠢ ᠮᠢᠨ ᠲᠣᠰ ᠲᠣᠰ 《ᠬᠤᠶᠠᠷ᠎ᠢ ᠤᠶᠠᠯᠳᠤᠭᠤᠯᠬᠤ》 ᠶ᠋ᠢ ᠪᠠᠷᠢᠮᠲᠠᠯᠠᠵᠤ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌᠎ᠶ᠋ᠢ ᠠᠬᠢᠭᠤᠯᠤᠭ᠍ᠰᠠᠨ ᠭᠡᠷᠡᠯ ᠰᠠᠴᠤᠷᠠᠩᠭᠤᠶ ᠬᠡᠪ ᠳᠠᠭᠤᠷᠢᠶᠠᠯ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠠᠭᠤᠤ ᠶᠡᠭᠡ ᠦᠢᠯᠡᠳᠦᠯᠭᠡ᠂ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠷᠠᠳᠢᠣ᠋ ᠲᠧᠯᠸᠢᠰ᠎ᠤᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠡᠷᠭᠡ ᠲᠠᠪᠤᠨ ᠲᠠᠯ᠎ᠠ᠎ᠠᠴᠠ ᠲᠤᠰᠭᠠᠶ ᠰᠡᠳᠦᠪᠲᠦ ᠵᠢᠯᠣᠭᠤᠳᠣᠯᠭ᠎ᠠ ᠬᠢᠪᠠ᠃
ᠵᠠᠩ ᠢ ᠮᠢᠨ᠂ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠰᠢ᠂ ᠶᠡᠷᠦᠩᠬᠡᠢ ᠱᠦᠵᠢ ᠰᠢ᠎ᠶ᠋ᠢᠨ ᠫᠢᠩ ᠪᠦᠬᠦ᠌ ᠨᠠᠮ᠎ᠢ ᠳᠠᠭᠠᠭᠤᠯᠤᠨ ᠤᠷᠢᠳ ᠡᠮᠦᠨ᠎ᠡ ᠪᠠᠢᠭ᠎ᠠ ᠦᠭᠡᠢ ᠡᠷᠡᠰ ᠵᠣᠷᠢᠭ ᠡᠷᠴᠢᠮ᠎ᠢᠶᠠᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠯᠳᠦᠭᠦᠯᠵᠦ᠍᠂ ᠮᠠᠨ᠎ᠤ ᠨᠠᠮ ᠶᠠᠭᠠᠬᠢᠭᠠᠳ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠂ ᠶᠠᠭᠤᠨ᠎ᠳᠤ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠵᠦ᠍ ᠳᠡᠢᠯᠬᠦ᠂ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ᠎ᠳᠤ ᠱᠢᠨᠵᠢᠯᠡᠬᠦ᠌ ᠤᠬᠠᠭᠠᠨᠴᠢ᠎ᠪᠠᠷ ᠬᠠᠷᠢᠭᠤᠯᠲᠠ ᠥᠭ᠌ᠴᠦ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠬᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠬᠤ ᠬᠡᠷᠡᠭ᠌ᠲᠡᠢ ᠭᠡᠵᠢ ᠵᠢᠭᠠᠵᠤ ᠭᠠᠷᠭᠠᠪᠠ᠃ ᠵᠠᠩ ᠢ ᠮᠢᠨ᠂ ᠱᠢᠯᠢᠳᠡᠭ ᠰᠠᠢᠨ ᠰᠤᠷᠲᠠᠯ ᠪᠣᠯᠤᠨ ᠲᠥᠪ ᠴᠢᠩᠭ᠎ᠠ ᠰᠠᠬᠢᠯᠭ᠎ᠠ ᠪᠠᠲᠤ ᠪᠣᠯ ᠮᠠᠷᠺᠰ᠎ᠤᠨ ᠦᠵᠡᠯ᠎ᠤᠨ ᠲᠦᠷᠦ᠍᠎ᠶ᠋ᠢᠨ ᠨᠠᠮ᠎ᠤᠨ ᠢᠯᠡ ᠲᠣᠳᠣ ᠣᠨᠴᠠᠯᠢᠭ ᠮᠥᠨ᠂ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠭᠦᠨᠵᠡᠭᠡᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠮᠥᠨ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠶᠡᠷᠦᠩᠬᠡᠢ ᠱᠦᠵᠢ ᠰᠢ᠎ᠶ᠋ᠢᠨ ᠫᠢᠩ᠎ᠤᠨ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠤᠢ᠍ᠢᠯᠠᠭᠠᠨ ᠦᠢᠯᠡᠳᠦᠯᠭᠡᠵᠢᠭᠦᠯᠵᠦ᠍᠂ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠥᠬᠦᠷᠡᠰᠢ ᠦᠭᠡᠢ ᠨᠠᠢᠳᠠᠪᠤᠷᠢᠵᠢᠭᠤᠯᠵᠤ᠂ ᠰᠠᠬᠢᠯᠭ᠎ᠠ ᠪᠠᠲᠤ ᠶᠣᠰᠣ ᠲᠦᠷᠢᠮ᠎ᠢ ᠴᠠᠭ ᠢᠮᠠᠭ᠍ᠲᠠ ᠴᠢᠩᠭᠠᠷᠠᠭᠤᠯᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠨᠠᠮᠴᠢ ᠴᠢᠨᠠᠷ᠎ᠢᠶᠠᠨ ᠳᠠᠪᠲᠠᠨ ᠪᠣᠯᠪᠠᠰᠤᠷᠠᠭᠤᠯᠵᠤ᠂ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠷᠠᠳᠢᠣ᠋ ᠲᠧᠯᠸᠢᠰ᠎ᠤᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠢ ᠴᠢᠬᠤᠯᠠᠴᠢᠯᠠᠪᠠ᠃
ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠲᠣᠭᠤᠷᠢᠨ ᠪᠠᠢᠴᠠᠭᠠᠭ᠍ᠴᠢ᠂ ᠪᠠᠢᠭᠤᠯᠭ᠎ᠠ᠎ᠶ᠋ᠢᠨ ᠪᠦᠬᠦ᠌ ᠠᠯᠪᠠᠲᠠᠨ᠂ ᠲᠣᠪᠴᠢᠶᠠᠨ᠎ᠤ ᠬᠠᠷᠢᠶ᠎ᠠ ᠠᠵᠢᠯ ᠦᠢᠯᠡᠰ᠎ᠤᠨ ᠨᠢᠭᠡᠴᠡ᠎ᠶ᠋ᠢᠨ ᠰᠠᠯᠠᠭᠠᠨ᠎ᠤ ᠲᠡᠰ᠎ᠤᠨ ᠺᠠᠳ᠋ᠷ᠂ ᠳᠠᠮᠵᠢᠭᠤᠯᠵᠤ ᠬᠠᠷᠪᠤᠬᠤ ᠲᠥᠪ᠎ᠤᠨ ᠡᠯ᠎ᠡ ᠰᠠᠯᠪᠤᠷᠢ ᠪᠠᠢᠭᠤᠯᠤᠮᠵᠢ᠎ᠶ᠋ᠢᠨ ᠰᠠᠯᠠᠭᠠᠨ ᠲᠡᠰ᠎ᠤᠨ ᠺᠠᠳ᠋ᠷ ᠪᠣᠯᠤᠨ ᠪᠦᠬᠦ᠌ ᠨᠠᠮ᠎ᠤᠨ ᠭᠡᠱᠢᠭᠦᠨ ᠰᠤᠷᠤᠯᠴᠠᠯᠭ᠎ᠠ᠎ᠳᠤ ᠣᠷᠣᠯᠴᠠᠪᠠ᠃
( ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ)