ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ 《ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠬᠢᠵᠢᠭᠦᠯᠵᠦ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠡᠷᠡᠯᠬᠡᠭᠯᠡᠨ ᠤᠷᠤᠭᠰᠢᠯᠠᠬᠤ ᠬᠦᠴᠦᠨ᠎ᠢ ᠲᠥᠪᠯᠡᠷᠡᠭᠦᠯᠦᠶ᠎ᠡ》 ᠭᠡᠬᠦ ᠶᠠᠷᠢᠯᠴᠠᠬᠤ ᠬᠤᠷᠠᠯ ᠬᠤᠷᠠᠯᠳᠤᠭᠤᠯᠪᠠ
2025-08-14

8 ᠳ᠋ᠤᠭᠠᠷ ᠰᠠᠷ᠎ᠠ᠎ᠶᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ 《ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠡᠬᠢᠵᠢᠭᠦᠯᠵᠦ ᠷᠠᠳᠢᠣ᠋ ᠲᠧᠯᠸᠢᠰ᠎ᠤᠨ  ᠰᠤᠷᠠᠭ ᠵᠠᠩᠭᠢ᠎ᠶᠢ ᠰᠣᠨᠣᠰᠴᠤ ᠦᠵᠡᠵᠦ᠍ ᠰᠣᠨᠣᠰᠭᠤ ᠡᠷᠡᠯᠬᠡᠭ᠌ᠯᠡᠨ ᠤᠷᠤᠭ᠍ᠰᠢᠯᠠᠬᠤ ᠤᠷᠤᠭᠰᠢᠯᠠᠨ ᠳᠠᠪᠰᠢᠬᠤ ᠬᠦᠴᠦᠨ᠎ᠢ ᠲᠥᠪᠯᠡᠷᠡᠭᠦᠯᠦᠶ᠎ᠡ ᠨᠢᠭ᠍ᠲᠠᠷᠠᠭᠤᠯᠬᠤ》᠎ᠪᠠᠷ ᠭᠣᠣᠯ ᠰᠡᠳᠦᠪ ᠪᠤᠯᠭᠠᠵᠤ ᠶᠠᠷᠢᠯᠴᠠᠬᠤ ᠬᠤᠷᠠᠯ ᠬᠤᠷᠠᠯᠳᠤᠭᠤᠯᠪᠠ᠃

ᠲᠥᠯᠦᠪᠵᠢᠭᠦᠯᠭᠡ᠎ᠶᠢᠨ ᠡᠳ᠋᠎ᠤᠨ ᠶᠠᠪᠤᠳᠠᠯ᠎ᠤᠨ ᠭᠠᠵᠠᠷ᠎ᠤᠨ ᠳ᠋ᠦᠩ ᠬᠤᠩ ᠴᠢᠶᠠᠩ᠂ ᠤᠬᠠᠭᠤᠯᠭ᠎ᠠ᠎ᠶᠢᠨ ᠭᠠᠵᠠᠷ᠎ᠤᠨ ᠶᠠᠨ ᠢ ᠴᠢᠶᠦ᠋ᠨ᠂ ᠰᠢᠨᠵᠢᠯᠡᠬᠦ ᠤᠬᠠᠭᠠᠨ ᠮᠡᠷᠭᠡᠵᠢᠯ᠎ᠤᠨ ᠭᠠᠵᠠᠷ᠎ᠤᠨ ᠯᠢ ᠶᠠᠩ᠂ ᠠᠮᠤᠷ ᠲᠦᠪᠰᠢᠨ ᠳᠠᠮᠵᠢᠭᠤᠯᠬᠤ ᠪᠠᠲᠤᠯᠠᠭ᠎ᠠ᠎ᠶᠢᠨ ᠭᠠᠵᠠᠷ᠎ᠤᠨ ᠰᠦᠩ ᠶᠠᠨ ᠪᠢᠩ᠂ ᠪᠢᠴᠢᠯ ᠳᠣᠯᠭᠢᠶᠠᠨ᠎ᠤ ᠳᠠᠮᠵᠢᠭᠤᠯᠬᠤ ᠶᠡᠷᠦᠩᠬᠡᠢ ᠦᠷᠳᠡᠭᠡ᠎ᠶ᠋ᠢᠨ ᠺᠦᠩ ᠵᠢᠶᠧ᠂ 610 ᠰᠠᠭᠤᠷᠢ ᠬᠣᠷᠢᠶ᠎ᠠ᠎ᠶ᠋ᠢᠨ ᠸᠠᠩ ᠵᠢᠶᠸ᠂ 839 ᠬᠣᠷᠢᠶ᠎ᠠ᠎ᠶ᠋ᠢᠨ ᠵᠠᠩ ᡁᠢ ᠵᠢᠶᠦ᠋ᠨ᠂ ᠰᠢᠯᠢ᠎ᠶᠢᠨ ᠬᠤᠳᠠ᠎ᠶᠢᠨ ᠷᠠᠳᠢᠣ᠋ ᠨᠡᠪᠲᠡᠷᠡᠭᠦᠯᠭᠡ ᠰᠠᠴᠤᠷᠠᠭᠤᠯᠭ᠎ᠠ᠎ᠶᠢᠨ ᠲᠥᠪ᠎ᠤᠨ 732 ᠰᠠᠭᠤᠷᠢ ᠬᠣᠷᠢᠶ᠎ᠠ᠎ᠶ᠋ᠢᠨ ᠯᠢ ᠰᠢᠤᠸᠠᠢ ᠯᠢᠶᠠᠩ᠂ ᠦᠬᠠᠢ᠎ᠶᠢᠨ ᠷᠠᠳᠢᠣ᠋ ᠨᠡᠪᠲᠡᠷᠡᠭᠦᠯᠭᠡ ᠰᠠᠴᠤᠷᠠᠭᠤᠯᠭ᠎ᠠ᠎ᠶᠢᠨ ᠲᠥᠪ᠎ᠤᠨ ᠬᠣᠷᠢᠶᠠᠨ᠎ᠤ ᠡᠵᠡᠨ᠎ᠡ 788ᠰᠠᠭᠤᠷᠢ ᠬᠣᠷᠢᠶ᠎ᠠ ᠶ᠋ᠢᠨ ᠯᠢ ᠴᠧᠩ ᠯᠦᠩ ᠵᠡᠷᠭᠡ 9 ᠨᠥᠬᠥᠳ ᠬᠤᠪᠢ ᠬᠥᠮᠥᠨ᠎ᠤ ᠥᠩᠭᠡᠷᠡᠯᠲᠡ ᠪᠠ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃

ᠤᠯᠤᠰ᠎ᠤᠨ ᠠᠮᠤᠷ ᠲᠦᠪᠰᠢᠨ ᠪᠣᠯ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠦᠨᠳᠦᠰᠦ ᠰᠠᠭᠤᠷᠢ ᠮᠥᠨ᠂ ᠨᠡᠢᠭᠡᠮ᠎ᠤᠨ ᠲᠣᠭᠲᠠᠭᠤᠨ ᠪᠠᠢᠳᠠᠯ ᠪᠣᠯ ᠤᠯᠤᠰ ᠣᠷᠣᠨ᠎ᠤ ᠬᠦᠴᠦᠷᠬᠡᠭᠵᠢᠯ᠎ᠤᠨ ᠤᠷᠢᠲᠠᠯ ᠮᠥᠨ᠃ ᠷᠠᠳᠢᠣ᠋ ᠲᠧᠯᠸᠢᠰ ᠪᠣᠯᠣᠨ ᠰᠦᠯᠵᠢᠶᠡᠨ᠎ᠤ ᠦᠵᠡᠵᠦ ᠰᠣᠨᠣᠰᠬᠤ ᠨᠢ ᠦᠵᠡᠯ ᠤᠬᠠᠮᠰᠠᠷ᠎ᠤᠨ ᠭᠡᠯᠪᠡᠷᠢ᠎ᠶᠢᠨ ᠠᠮᠤᠷ ᠲᠦᠪᠰᠢᠨ᠂ ᠰᠣᠶᠣᠯ᠎ᠤᠨ ᠠᠮᠤᠷ ᠲᠦᠪᠰᠢᠨ᠂ ᠤᠯᠤᠰ ᠲᠦᠷᠦ᠎ᠶᠢᠨ ᠠᠮᠤᠷ ᠲᠦᠪᠰᠢᠨ᠎ᠢ ᠬᠠᠮᠠᠭᠠᠯᠠᠬᠤ ᠴᠢᠬᠤᠯᠠ ᠡᠭᠦᠷᠭᠡ ᠬᠠᠷᠢᠭᠤᠴᠠᠯᠭ᠎ᠠ᠎ᠶᠢ ᠡᠭᠦᠷᠭᠡᠯᠡᠵᠦ ᠪᠠᠢᠨ᠎ᠠ᠃ ᠤᠯᠠᠨ᠎ᠢᠶᠠᠷ᠎ᠢᠶᠠᠨ᠂ ᠷᠠᠳᠢᠣ᠋ ᠲᠧᠯᠸᠢᠰ ᠪᠣᠯᠣᠨ ᠰᠦᠯᠵᠢᠶᠡᠨ᠎ᠤ ᠦᠵᠡᠵᠦ ᠰᠣᠨᠣᠰᠬᠤ ᠦᠢᠯᠡᠴᠢᠯᠡᠭᠡ ᠨᠢ ᠶ᠋ᠢᠨ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶᠢ ᠪᠠᠲᠤ ᠴᠣᠭᠴᠠᠯᠠᠬᠤ ᠳᠤᠮᠳᠠᠬᠢ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠠᠭᠤᠯᠭ᠎ᠠ᠎ᠶᠢᠨ ᠠᠮᠤᠷ ᠲᠦᠪᠰᠢᠨ᠂ ᠰᠦᠯᠵᠢᠶᠡᠨ᠎ᠤ ᠠᠮᠤᠷ ᠲᠦᠪᠰᠢᠨ᠂ ᠳ᠋ᠠᠢᠲ᠋ᠠ᠎ᠶᠢᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠳᠠᠮᠵᠢᠭᠤᠯᠬᠤ ᠠᠷᠭ᠎ᠠ ᠵᠠᠮ᠎ᠢ ᠪᠡᠬᠢᠵᠢᠭᠦᠯᠦᠨ ᠥᠷᠭᠡᠳᠬᠡᠵᠦ᠂ ᠠᠮᠤᠷ ᠲᠦᠪᠰᠢᠨ᠎ᠢ ᠪᠠᠲᠤᠯᠠᠬᠤ ᠴᠢᠳᠠᠪᠤᠷᠢ᠎ᠶᠢᠨ ᠪᠠᠢᠭᠤᠯᠤᠯᠲᠠ᠎ᠶᠢ ᠰᠢᠰᠲᠧᠮᠵᠢᠭᠦᠯᠦᠨ ᠠᠬᠢᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶᠢᠨ  《ᠡᠩ᠎ᠤᠨ ᠦᠶ᠎ᠡ ᠪᠠ ᠳᠠᠢᠨ᠎ᠤ ᠦᠶ᠎ᠡ᠎ᠶᠢ ᠤᠶᠠᠯᠳᠤᠭᠤᠯᠬᠤ》ᠳᠠᠪᠠᠭᠤᠯᠢᠭ᠋ ᠪᠠ ᠦᠨᠳᠦᠰᠦᠨ ᠱᠠᠲᠤᠨ᠎ᠳᠤ ᠰᠢᠭᠤᠳ ᠬᠦᠷᠭᠡᠬᠦ  《ᠡᠴᠦᠰ᠎ᠤᠨ ᠨᠢᠭᠡ ᠺᠢᠯᠣᠮᠧᠲᠷ》᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠣᠢᠷ᠎ᠠ᠎ᠶᠢᠨ ᠬᠤᠭᠤᠴᠠᠭᠠᠨ᠎ᠤ ᠰᠢᠷᠦᠭᠦᠨ ᠪᠣᠷᠣᠭᠠᠨ ᠦᠶᠡᠷ ᠤᠰᠤᠲᠤᠯ᠎ᠤᠨ ᠭᠠᠮᠰᠢᠭ᠋᠎ᠢ ᠰᠡᠷᠭᠡᠢᠯᠡᠬᠦ ᠪᠠ ᠠᠷᠭᠠᠴᠠᠬᠤ ᠠᠵᠢᠯ᠎ᠲᠠᠢ ᠤᠶᠠᠯᠳᠤᠭᠤᠯᠤᠨ᠂ ᠪᠠᠴᠢᠮ ᠪᠠᠢᠳᠠᠯ᠎ᠢ ᠠᠷᠭᠠᠴᠠᠬᠤ᠎ᠶᠢᠨ ᠳᠠᠭᠠᠬᠤ ᠴᠢᠳᠠᠪᠤᠷᠢ᠎ᠶᠢ ᠦᠷᠭᠦᠯᠵᠢᠯᠡᠨ ᠳᠡᠭᠡᠭᠰᠢᠯᠡᠭᠦᠯᠵᠦ᠂ ᠪᠠᠴᠢᠮ ᠪᠠᠢᠳᠠᠯ᠎ᠢ ᠠᠷᠭᠠᠴᠠᠬᠤ ᠷᠠᠳᠢᠣ᠋᠎ᠶᠢᠨ ᠤᠯᠤᠰ᠎ᠤᠨ ᠵᠠᠰᠠᠯᠲᠠ᠎ᠶᠢᠨ ᠰᠢᠰᠲᠧᠮ ᠲᠣᠭ᠍ᠲᠠᠯᠴᠠᠭ᠎ᠠ ᠪᠠ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠳᠤ ᠨᠠᠩ ᠰᠠᠢᠲᠤᠷ ᠦᠢᠯᠡᠴᠢᠯᠡᠬᠦ᠎ᠶᠢ ᠠᠬᠢᠭᠤᠯᠪᠠ᠃

ᠬᠤᠷᠠᠯ᠎ᠢ ᠸᠢᠳᠢᠤ᠋᠎ᠶᠢᠨ ᠭᠡᠯᠪᠡᠷᠢ᠎ᠪᠠᠷ ᠬᠤᠷᠠᠯᠳᠤᠭᠤᠯᠵᠤ᠂ ᠳᠠᠮᠵᠢᠭᠤᠯᠬᠤ ᠬᠠᠷᠪᠤᠯᠲᠠ᠎ᠶᠢᠨ ᠳᠠᠮᠵᠢᠭᠤᠯᠵᠤ ᠰᠠᠴᠤᠷᠠᠭᠤᠯᠬᠤ ᠲᠥᠪ᠎ᠤᠨ ᠡᠯ᠎ᠡ ᠬᠤᠪᠢᠶᠠᠷᠢ ᠰᠠᠯᠪᠤᠷᠢ ᠪᠠᠢᠭᠤᠯᠤᠮᠵᠢ᠎ᠳᠤ ᠬᠤᠪᠢᠶᠠᠷᠢ ᠬᠤᠷᠠᠯ᠎ᠤᠨ ᠲᠠᠯᠠᠪᠠᠶ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠶᠠᠷᠢᠶ᠎ᠠ ᠲᠠᠯᠪᠢᠪᠠ᠃ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠭᠡᠱᠢᠭᠦᠨ᠂ ᠲᠣᠭᠣᠷᠢᠨ ᠪᠠᠢᠴᠠᠭᠠᠭ᠍ᠴᠢ᠂ ᠲᠣᠪᠴᠢᠶ᠎ᠠ᠎ᠶᠢᠨ ᠪᠠᠢᠭᠤᠯᠭ᠎ᠠ ᠪᠠ ᠲᠣᠪᠴᠢᠶ᠎ᠠ᠎ᠶᠢᠨ ᠬᠠᠷᠢᠶ᠎ᠠ ᠠᠵᠢᠯ ᠦᠢᠯᠡᠰ᠎ᠤᠨ ᠨᠢᠭᠡᠴᠢ᠎ᠶᠢᠨ ᠭᠣᠣᠯ ᠬᠠᠷᠢᠭᠤᠴᠠᠯᠭᠠᠲᠠᠨ᠂ ᠳᠠᠮᠵᠢᠭᠤᠯᠬᠤ ᠪᠠ  ᠰᠠᠴᠤᠷᠠᠭᠤᠯᠭ᠎ᠠ᠎ᠶᠢᠨ ᠳᠠᠮᠵᠢᠭᠤᠯᠵᠤ ᠰᠠᠴᠤᠷᠠᠭᠤᠯᠬᠤ ᠲᠥᠪ᠎ᠤᠨ ᠡᠯ᠎ᠡ ᠬᠤᠪᠢᠶᠠᠷᠢ ᠰᠠᠯᠪᠤᠷᠢ ᠪᠠᠢᠭᠤᠯᠤᠮᠵᠢ᠎ᠶᠢᠨ ᠬᠡᠰᠡᠭ ᠬᠠᠷᠢᠭᠤᠴᠠᠯᠭᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃

(ᠠᠯᠪᠠᠨ ᠭᠡᠷ)

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ