2025 ᠣᠨ᠎ᠤ 7 ᠳ᠋ᠤᠭᠠᠷ ᠰᠠᠷ᠎ᠠ᠎ᠶ᠋ᠢᠨ 31 ᠤ ᠡᠳᠦᠷ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠷᠠᠳᠢᠣ᠋ ᠲᠧᠯᠸᠢᠰ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠶᠡᠷᠦᠩᠬᠡᠶ ᠢᠨᠵᠧᠨᠧᠷ ᠱᠢᠤᠢ ᠵᠥᠩ ᠪᠠᠢᠴᠠᠭᠠᠨ ᠰᠤᠳᠤᠯᠬᠤ ᠳᠤᠭᠤᠢᠯᠠᠩ᠎ᠢ ᠳᠠᠭᠠᠭᠤᠯᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠳᠠᠮᠵᠢᠭᠤᠯᠤᠨ ᠳᠠᠮᠵᠢᠭᠤᠯᠵᠤ ᠰᠠᠴᠤᠷᠠᠭᠤᠯᠬᠤ ᠲᠥᠪ ᠵᠢᠴᠢ 706 ᠬᠣᠷᠢᠶ᠎ᠠ ᠳᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠦᠭ᠌ᠰᠡᠨ ᠪᠥᠭᠡᠳ ᠶᠠᠷᠢᠯᠴᠠᠨ ᠰᠣᠯᠢᠯᠴᠠᠪᠠ᠃
ᠶᠠᠷᠢᠯᠴᠠᠬᠤ ᠬᠤᠷᠠᠯ ᠳᠡᠭᠡᠷ᠎ᠡ᠂ ᠱᠢᠤᠢ ᠵᠥᠩ ᠷᠠᠳᠢᠣ᠋ ᠬᠤᠷᠢᠶ᠎ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠯᠴᠠᠭ᠎ᠠ ᠶ᠋ᠢᠨ ᠱᠢᠰᠲ᠋ᠧᠮ᠎ᠤᠨ ᠪᠠᠢᠭᠤᠯᠤᠯᠲᠠ᠂ ᠰᠠᠴᠤᠷᠠᠭᠤᠯᠬᠤ ᠥᠷᠲᠡᠭᠡ᠎ᠶ᠋ᠢᠨ ᠣᠶᠤᠨᠴᠢ ᠠᠵᠢᠯᠯᠠᠭᠤᠯᠵᠤ ᠬᠠᠮᠠᠭᠠᠯᠠᠬᠤ ᠲᠣᠭ᠍ᠲᠠᠯᠴᠠᠭ᠎ᠠ ᠶ᠋ᠢᠨ ᠱᠢᠰᠲ᠋ᠧᠮᠵᠢ᠎ᠶ᠋ᠢᠨ ᠪᠠᠢᠭᠤᠯᠤᠯᠲᠠ᠂ ᠱᠢᠨ᠎ᠡ ᠬᠡᠯᠪᠡᠷᠢ᠎ᠶ᠋ᠢᠨ ᠷᠠᠳᠢᠣ᠋ ᠲᠧᠯᠸᠢᠰ᠎ᠤᠨ ᠰᠦᠯᠵᠢᠶᠡᠨ᠎ᠤ ᠪᠠᠢᠭᠤᠯᠤᠯᠲᠠ ᠵᠡᠷᠭᠡ ᠲᠠᠯ᠎ᠠ᠎ᠶ᠋ᠢᠨ ᠠᠵᠢᠯ᠎ᠤᠨ ᠠᠬᠢᠴᠠ᠎ᠶ᠋ᠢᠨ ᠪᠠᠢᠳᠠᠯ᠎ᠢ ᠨᠠᠷᠢᠨ ᠲᠠᠨᠢᠯᠴᠠᠭᠤᠯᠪᠠ᠃ ᠲᠡᠷᠡ᠂ ᠷᠠᠳᠢᠣ᠋ ᠬᠤᠷᠢᠶ᠎ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠮᠡᠷᠭᠡᠵᠢᠯ᠎ᠤᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠣᠶᠤᠨᠴᠢ ᠠᠵᠢᠯᠯᠠᠭᠠᠨ᠎ᠤ ᠬᠠᠮᠠᠭᠠᠯᠠᠯᠲᠠ᠎ᠶ᠋ᠢᠨ ᠪᠠᠷᠢᠮᠵᠢᠶᠠᠵᠢᠭᠤᠯᠤᠯᠲᠠ᠎ᠶ᠋ᠢᠨ ᠪᠠᠢᠭᠤᠯᠤᠯᠲᠠ᠂ ᠳᠤᠮᠳᠠ ᠣᠬᠤᠷ ᠳᠣᠯᠭᠢᠶᠠᠨ᠎ᠤ ᠲᠣᠭᠠᠴᠢᠯᠠᠭ᠍ᠰᠠᠨ ᠪᠥᠲᠥᠭᠡᠨ ᠪᠠᠢᠭᠤᠯᠤᠯᠲᠠ ᠵᠡᠷᠭᠡ ᠬᠦᠷᠢᠶᠡᠨ᠎ᠳᠤ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠲᠣᠪᠴᠢᠶ᠎ᠠ᠎ᠯᠤᠭ᠎ᠠ ᠣᠯᠠᠨ ᠲᠠᠰ ᠳᠠᠪᠬᠤᠷᠭ᠎ᠠ᠎ᠶ᠋ᠢᠨ ᠪᠥᠬᠦ᠌ ᠲᠠᠯ᠎ᠠ᠎ᠶ᠋ᠢᠨ ᠬᠠᠮᠲᠤᠷᠠᠯᠴᠠᠭ᠎ᠠ ᠰᠣᠯᠢᠯᠴᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠥᠪᠥᠷ ᠮᠣᠩᠭᠤᠯ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠴᠢᠨᠠᠷ ᠰᠠᠢᠲᠠᠶ ᠬᠥᠭ᠌ᠵᠢᠯᠲᠡ᠎ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠭᠡᠵᠦ᠍ ᠢᠯᠡᠳᠭᠡᠪᠡ᠃
ᠵᠠᠩ ᠢ ᠮᠢᠨ ᠪᠠᠢᠴᠠᠭᠠᠨ ᠰᠤᠳᠤᠯᠬᠤ ᠳᠤᠭᠤᠢᠯᠠᠩ᠎ᠤᠨ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠤᠯᠲᠠ ᠬᠢᠭ᠌ᠰᠡᠨ᠎ᠢ ᠬᠠᠯᠠᠭᠤᠨ᠎ᠢᠶᠠᠷ ᠤᠭ᠍ᠲᠤᠵᠤ ᠪᠠᠢᠬᠤ᠎ᠪᠠᠨ ᠢᠯᠡᠳᠭᠡᠪᠡ᠃ ᠲᠡᠷᠡ᠂ ᠷᠠᠳᠢᠣ᠋ ᠬᠤᠷᠢᠶ᠎ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠷᠠᠳᠢᠣ᠋ ᠲᠧᠯᠸᠢᠰ᠎ᠤᠨ ᠮᠡᠷᠭᠡᠵᠢᠯ᠎ᠤᠨ ᠬᠦᠷᠢᠶᠡᠨ᠎ᠳᠤ ᠢᠯᠡᠳᠲᠡ ᠳᠠᠪᠠᠭᠤᠯᠢᠭ ᠪᠠ ᠪᠠᠶᠠᠯᠢᠭ ᠲᠤᠷᠱᠢᠯᠭ᠎ᠠ᠎ᠲᠠᠢ ᠪᠠᠢᠵᠤ᠂ ᠬᠤᠶᠠᠷ ᠲᠠᠯ᠎ᠠ᠎ᠪᠠᠷ᠎ᠢᠶᠠᠨ ᠲᠣᠰ ᠤᠳᠠᠭᠠᠨ᠎ᠤ ᠪᠠᠢᠴᠠᠭᠠᠨ ᠰᠤᠳᠤᠯᠤᠯᠲᠠ᠎ᠪᠠᠷ ᠠᠵᠠ ᠲᠣᠬᠢᠶᠠᠯ ᠪᠣᠯᠭᠠᠵᠤ᠂ ᠠᠮᠤᠷ ᠲᠦᠪᠱᠢᠨ᠎ᠢᠶᠠᠷ ᠨᠡᠪᠲᠡᠷᠡᠭᠦᠯᠬᠦ᠌ ᠪᠠᠲᠤᠯᠠᠭ᠎ᠠ᠂ ᠮᠡᠷᠭᠡᠵᠢᠯ᠎ᠤᠨ ᠱᠢᠨ᠎ᠡ᠎ᠶ᠋ᠢ ᠡᠭᠦᠳᠴᠦ᠍ ᠰᠤᠳᠤᠯᠤᠨ ᠨᠡᠭᠡᠭᠡᠬᠦ᠌ ᠵᠡᠷᠭᠡ ᠬᠦᠷᠢᠶᠡᠨ᠎ᠳᠠᠬᠢ ᠬᠠᠮᠲᠤᠷᠠᠯᠴᠠᠭᠠᠨ᠎ᠤ ᠭᠦᠨᠴᠡ᠎ᠶ᠋ᠢ ᠤᠯᠠᠮ ᠨᠢᠭᠡ ᠠᠯᠬᠤᠮ ᠥᠷᠭᠡᠳᠭᠡᠵᠦ᠍᠂ ᠪᠠᠴᠢᠮ ᠪᠠᠢᠳᠠᠯ᠎ᠢ ᠠᠷᠭᠠᠴᠠᠭᠠᠬᠤ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠲᠣᠭ᠍ᠲᠠᠯᠴᠠᠭ᠎ᠠ ᠶ᠋ᠢᠨ ᠱᠢᠰᠲ᠋ᠧᠮ᠎ᠤᠨ ᠪᠠᠢᠭᠤᠯᠤᠯᠲᠠ᠎ᠳᠠᠬᠢ ᠱᠢᠨ᠎ᠡ ᠮᠡᠷᠭᠡᠵᠢᠯ᠎ᠤᠨ ᠨᠠᠢᠳᠠᠪᠤᠷᠢᠵᠢᠭᠤᠯᠤᠨ ᠬᠡᠷᠡᠭ᠌ᠯᠡᠬᠦ᠌᠎ᠶ᠋ᠢ ᠠᠬᠢᠭᠤᠯᠵᠤ᠂ ᠣᠢᠷ᠎ᠠ᠎ᠶ᠋ᠢᠨ ᠬᠤᠭᠤᠴᠠᠭᠠᠨ᠎ᠤ ᠱᠢᠷᠦᠭᠦᠨ ᠪᠣᠷᠣᠭᠠᠨ᠎ᠤ ᠦᠶᠡᠷ ᠤᠰᠤᠲᠤᠯ᠎ᠤᠨ ᠭᠠᠮᠱᠢᠭ᠎ᠢ ᠰᠡᠷᠭᠡᠢᠯᠡᠬᠦ᠌ ᠪᠠ ᠠᠷᠭᠠᠴᠠᠭᠠᠬᠤ ᠠᠷᠭᠠᠴᠠᠬᠤ᠎ᠲᠠᠢ ᠤᠶᠠᠯᠳᠤᠭᠤᠯᠤᠨ᠂ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠬᠠᠤ ᠪᠠᠴᠢᠮ ᠪᠠᠢᠳᠠᠯ᠎ᠢ ᠠᠷᠭᠠᠴᠠᠭᠠᠬᠤ ᠠᠷᠭᠠᠴᠠᠬᠤ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ᠎ᠶ᠋ᠢ ᠬᠦᠰᠡᠵᠦ᠍ ᠪᠠᠢᠨ᠎ᠠ ᠭᠡᠵᠦ᠍ ᠵᠢᠭᠠᠵᠤ ᠭᠠᠷᠭᠠᠪᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠲᠣᠰ ᠤᠳᠠᠭᠠᠨ᠎ᠤ ᠶᠠᠷᠢᠯᠴᠠᠬᠤ ᠬᠤᠷᠠᠯ᠎ᠢ ᠡᠷᠭᠢᠯᠡᠪᠡ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠠᠯᠪᠠᠨ ᠬᠡᠷ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠭᠠᠵᠠᠷ᠂ ᠠᠮᠤᠷ ᠲᠦᠪᠱᠢᠨ᠎ᠤ ᠳᠠᠮᠵᠢᠭᠤᠯᠭ᠎ᠠ᠎ᠶ᠋ᠢᠨ ᠪᠠᠲᠤᠯᠠᠭ᠎ᠠ᠎ᠶ᠋ᠢᠨ ᠭᠠᠵᠠᠷ ᠵᠢᠴᠢ ᠳᠠᠮᠵᠢᠭᠤᠯᠭ᠎ᠠ ᠰᠠᠴᠤᠷᠠᠭᠤᠯᠭ᠎ᠠ᠎ᠶ᠋ᠢᠨ ᠳᠠᠮᠵᠢᠭᠤᠯᠤᠨ ᠰᠠᠴᠤᠷᠠᠭᠤᠯᠬᠤ ᠲᠥᠪ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠠᠭᠤᠳᠠᠯ᠎ᠤᠨ ᠬᠤᠷᠠᠯ ᠪᠤᠶᠤ ᠪᠠᠢᠴᠠᠭᠠᠨ ᠰᠤᠳᠤᠯᠤᠯᠲᠠ᠎ᠳᠤ ᠣᠷᠣᠯᠴᠠᠪᠠ᠃
(ᠠᠯᠪᠠᠨ ᠭᠡᠷ)