ᠣᠢᠷ᠎ᠠ᠎ᠳᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ 2024 ᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠪᠦᠷᠢᠳᠭᠡᠯ᠎ᠤᠨ ᠲᠤᠭ᠎ᠠ ᠪᠠᠷᠢᠮᠲᠠ᠎ᠶ᠋ᠢᠨ ᠶᠠᠰᠤ ᠴᠢᠨᠠᠷ᠎ᠢ ᠦᠨᠡᠯᠡᠨ ᠵᠢᠱ᠌ᠢᠭ᠌ᠰᠡᠨ ᠦᠷ᠎ᠡ ᠳ᠋ᠦᠩ᠎ᠢ ᠨᠡᠢᠲᠡᠯᠡᠵᠦ᠍᠂ ᠦᠨᠡᠯᠡᠨ ᠵᠢᠱ᠌ᠢᠭ᠌ᠰᠡᠨ ᠦᠷ᠎ᠡ ᠳ᠋ᠦᠩ᠎ᠢᠶᠠᠷ ᠱᠢᠯᠢᠳᠡᠭ 15 ᠮᠤᠵᠢ (ᠣᠷᠣᠨ) ᠵᠢᠴᠢ ᠠᠵᠢᠯ᠎ᠤᠨ ᠢᠯᠡᠷᠡᠯ᠎ᠢᠶᠡᠷ ᠳᠤᠪᠣᠢᠮᠠ 121ᠲᠣᠭ᠎ᠠ ᠪᠦᠷᠢᠳᠭᠡᠯ᠎ᠤᠨ ᠠᠵᠢᠯ᠎ᠤᠨ ᠬᠠᠮᠲᠤ ᠨᠡᠢᠲᠡ᠂ 121ᠲᠣᠭ᠎ᠠ ᠪᠦᠷᠢᠳᠭᠡᠯ᠎ᠤᠨ ᠠᠵᠢᠯ᠎ᠤᠨ ᠬᠤᠪᠢ ᠬᠥᠮᠦᠨ᠎ᠢ ᠵᠠᠷᠯᠠᠨ ᠰᠠᠢᠱᠢᠶᠠᠪᠠ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠪᠦᠷᠢᠳᠭᠡᠯ᠎ᠤᠨ ᠲᠤᠭ᠎ᠠ ᠪᠠᠷᠢᠮᠲᠠ᠎ᠶ᠋ᠢᠨ ᠶᠠᠰᠤ ᠴᠢᠨᠠᠷ᠎ᠢ ᠦᠨᠡᠯᠡᠨ ᠵᠢᠱ᠌ᠢᠭ᠌ᠰᠡᠨ ᠦᠷ᠎ᠡ ᠳ᠋ᠦᠩ᠎ᠨᠢ ᠱᠢᠯᠢᠳᠡᠭ ᠪᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠲᠥᠯᠥᠪᠵᠢᠭᠦᠯᠭᠡ᠎ᠶ᠋ᠢᠨ ᠡᠳ᠋᠎ᠤᠨ ᠶᠠᠪᠤᠳᠠᠯ᠎ᠤᠨ ᠭᠠᠵᠠᠷ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠎ᠶ᠋ᠢᠨ ᠶᠡᠷᠦᠩᠬᠡᠶ ᠨᠠᠢᠷᠠᠭᠤᠯᠭ᠎ᠠ᠎ᠶ᠋ᠢᠨ ᠲᠠᠰᠤᠭ᠂ ᠬᠥᠯᠥᠨ ᠪᠤᠢᠷ ᠬᠤᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠡᠷᠭᠡ 3 ᠲᠣᠭ᠎ᠠ ᠪᠦᠷᠢᠳᠭᠡᠯ᠎ᠤᠨ ᠠᠵᠢᠯ᠎ᠤᠨ ᠬᠠᠮᠲᠤ ᠨᠡᠢᠲᠡ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠂ ᠲᠦᠩᠯᠢᠶᠣᠤ ᠬᠤᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠠᠯᠠᠱᠠ ᠠᠢᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠡᠷᠭᠡ 3 ᠲᠣᠭ᠎ᠠ ᠪᠦᠷᠢᠳᠭᠡᠯ᠎ᠤᠨ ᠠᠵᠢᠯ᠎ᠤᠨ ᠬᠤᠪᠢ ᠬᠥᠮᠦᠨ ᠵᠠᠷᠯᠠᠨ ᠰᠠᠢᠱᠢᠶᠠᠭ᠍ᠳᠠᠪᠠ᠃
(ᠲᠦᠯᠦᠪᠵᠢᠭᠦᠯᠭᠡ᠎ᠶ᠋ᠢᠨ ᠡᠳ᠋᠎ᠤᠨ ᠶᠠᠪᠤᠳᠠᠯ᠎ᠤᠨ ᠭᠠᠵᠠᠷ)