ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠷᠠᠳᠢᠣ᠋ ᠲᠧᠯᠸᠢᠰ᠎ᠤᠨ ᠬᠤᠳᠠᠯ ᠬᠠᠭᠤᠷᠮᠠᠭ ᠤᠬᠠᠭᠤᠯᠭ᠎ᠠ᠎ᠶ᠋ᠢᠨ ᠡᠮ ᠡᠮᠨᠡᠯᠭᠡ᠎ᠶ᠋ᠢᠨ ᠵᠠᠷ ᠮᠡᠳᠡᠭᠡ᠎ᠶ᠋ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ
2025-08-21

ᠡᠮ ᠡᠮᠨᠡᠯᠭᠡ᠎ᠶᠢᠨ ᠵᠠᠷ ᠮᠡᠳᠡᠭᠡ᠎ᠶᠢ ᠬᠤᠳᠠᠯ ᠬᠠᠭᠤᠷᠮᠠᠭ᠎ᠢᠶᠠᠷ ᠤᠬᠠᠭᠤᠯᠵᠤ᠂ ᠠᠷᠠᠳ ᠣᠯᠠᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠬᠣᠬᠢᠷᠠᠭᠤᠯᠤᠨ᠂ ᠷᠠᠳᠢᠣ᠋ ᠲᠧᠯᠸᠢᠰ᠎ᠤᠨ ᠭᠣᠣᠯ ᠵᠠᠭᠤᠴᠢᠯᠠᠭᠤᠷ᠎ᠤᠨ ᠨᠡᠢᠲᠡ᠎ᠳᠤ ᠢᠲᠡᠭᠡᠭᠦᠯᠬᠦ ᠬᠦᠴᠦᠨ᠎ᠢ ᠬᠣᠬᠢᠷᠠᠭᠤᠯᠵᠤ᠂ ᠨᠡᠢᠭᠡᠮ᠎ᠤᠨ ᠡᠯ᠎ᠡ ᠡᠲᠡᠭᠡᠳ᠎ᠤᠨ ᠭᠢᠨ᠎ᠤ ᠲᠤᠰᠬᠠᠯ ᠴᠢᠩᠭ᠎ᠠ ᠪᠠᠢᠪᠠ᠃ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠮᠠᠨ᠎ᠤ ᠣᠷᠣᠨ᠎ᠤ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ 《ᠪᠦᠭᠦ ᠣᠷᠣᠨ᠎ᠤ ᠷᠠᠳᠢᠣ᠋ ᠲᠧᠯᠸᠢᠰ᠎ᠤᠨ ᠬᠤᠳᠠᠯ ᠬᠠᠭᠤᠷᠮᠠᠭ ᠤᠬᠠᠭᠤᠯᠭ᠎ᠠ᠎ᠶᠢᠨ ᠡᠮ ᠡᠮᠨᠡᠯᠭᠡ᠎ᠶᠢᠨ ᠵᠠᠷ ᠮᠡᠳᠡᠭᠡ᠎ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠤᠨ ᠲᠥᠰᠥᠯ》᠎ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠣᠰ ᠡᠳᠦᠷ᠎ᠠᠴᠠ ᠡᠬᠢᠯᠡᠨ 2026 ᠣᠨ᠎ᠤ 6 ᠳ᠋ᠤᠭᠠᠷ ᠰᠠᠷ᠎ᠠ᠎ᠶᠢᠨ 30᠎ᠤ ᠡᠳᠦᠷ ᠪᠤᠯᠲᠠᠯ᠎ᠠ᠂ ᠮᠠᠨ᠎ᠤ ᠣᠷᠣᠨ᠎ᠤ ᠷᠠᠳᠢᠣ᠋ ᠲᠧᠯᠸᠢᠰ᠎ᠤᠨ ᠬᠤᠳᠠᠯ ᠬᠠᠭᠤᠷᠮᠠᠭ ᠤᠬᠠᠭᠤᠯᠭ᠎ᠠ᠎ᠶᠢᠨ ᠡᠮ ᠡᠮᠨᠡᠯᠭᠡ᠎ᠶᠢᠨ ᠵᠠᠷ ᠮᠡᠳᠡᠭᠡ᠎ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠢ ᠪᠦᠭᠦ ᠲᠠᠯ᠎ᠠ᠎ᠪᠠᠷ ᠥᠷᠨᠢᠭᠦᠯᠪᠡ ᠥᠷᠨᠢᠭᠦᠯᠬᠦ᠌ ᠪᠣᠯᠣᠨ᠎ᠠ᠃

ᠲᠥᠪᠯᠡᠷᠡᠭᠦᠯᠦᠨ ᠴᠡᠭᠴᠡᠯᠡᠨ ᠵᠠᠰᠠᠬᠤ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠪᠦᠭᠦ ᠣᠷᠣᠨ᠎ᠤ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠢᠭᠤᠯᠤᠮᠵᠢ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠬᠢᠨᠠᠨ ᠬᠡᠮᠵᠢᠵᠦ ᠬᠢᠨᠠᠨ ᠬᠠᠮᠢᠶᠠᠷᠬᠤ ᠡᠬᠢ ᠪᠠᠶᠠᠯᠢᠭ᠋᠎ᠤᠨ ᠬᠦᠴᠦᠨ᠎ᠢ ᠭᠦᠢᠴᠡᠳ ᠳᠠᠢᠴᠢᠯᠠᠨ᠂ ᠥᠪᠡᠰᠦᠪᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠂ ᠵᠢᠭ᠍ᠰᠠᠭᠠᠨ ᠪᠠᠢᠴᠠᠭᠠᠵᠤ ᠬᠢᠨᠠᠨ ᠬᠡᠮᠵᠢᠬᠦ ᠪᠠ ᠵᠠᠭᠠᠯᠳᠤᠬᠤ ᠢᠯᠡᠴᠢᠯᠡᠨ ᠮᠡᠳᠡᠭᠦᠯᠬᠦ᠎ᠶᠢ ᠭᠥᠯᠢᠶᠡᠨ ᠠᠪᠴᠤ ᠰᠢᠢᠳᠪᠦᠷᠢᠯᠡᠬᠦ᠎ᠶᠢ ᠤᠶᠠᠯᠳᠤᠭᠤᠯᠬᠤ ᠠᠷᠭ᠎ᠠ ᠮᠠᠶᠢᠭ᠋᠎ᠢ ᠠᠪᠴᠤ᠂ ᠪᠦᠭᠦ ᠣᠷᠣᠨ᠎ᠤ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠵᠠᠷ ᠮᠡᠳᠡᠭᠡ ᠨᠡᠪᠲᠡᠷᠡᠭᠦᠯᠬᠦ ᠬᠠᠮᠢᠶᠠᠷᠤᠯᠲᠠ ᠪᠠ ᠬᠢᠨᠠᠨ ᠬᠡᠮᠵᠢᠵᠦ ᠬᠢᠨᠠᠨ ᠬᠠᠮᠢᠶᠠᠷᠬᠤ᠎ᠶᠢ ᠴᠢᠩᠭᠠᠳᠬᠠᠨ᠂ ᠵᠣᠬᠢᠴᠠᠭᠤᠯᠤᠨ ᠬᠠᠮᠲᠤᠷᠠᠯᠴᠠᠵᠤ᠂ ᠠᠰᠠᠭᠤᠳᠠᠯ᠎ᠢ ᠣᠯᠵᠤ ᠮᠡᠳᠡᠪᠡᠯ ᠪᠠᠷᠢᠨ ᠭᠦᠢᠴᠡᠳᠬᠡᠵᠦ ᠪᠠᠷᠢᠨ ᠪᠠᠢᠴᠠᠭᠠᠵᠤ᠂ ᠷᠠᠳᠢᠣ᠋ ᠲᠧᠯᠸᠢᠰ᠎ᠤᠨ ᠡᠮ ᠡᠮᠨᠡᠯᠭᠡ᠎ᠶᠢᠨ ᠵᠠᠷ ᠮᠡᠳᠡᠭᠡ᠎ᠶᠢ ᠮᠡᠳᠡᠭᠡᠨ᠎ᠦ ᠬᠤᠳᠠᠯ ᠬᠠᠭᠤᠷᠮᠠᠭ᠎ᠢᠶᠠᠷ ᠤᠬᠠᠭᠤᠯᠵᠤ ᠤᠬᠠᠭᠤᠯᠭ᠎ᠠ᠎ᠶ᠋ᠢ ᠪᠦᠬᠦ᠌ ᠲᠠᠯ᠎ᠠ᠎ᠪᠠᠷ ᠴᠡᠪᠡᠷᠯᠡᠵᠦ᠍᠂ ᠠᠷᠠᠳ ᠣᠯᠠᠨ᠎ᠳᠤ ᠲᠠᠭᠠᠰᠢᠶᠠᠭᠳᠠᠭᠰᠠᠨ ᠲᠥᠪᠯᠡᠷᠡᠭᠦᠯᠦᠨ ᠴᠡᠭᠴᠡᠯᠡᠨ ᠵᠠᠰᠠᠭᠰᠠᠨ ᠦᠷ᠎ᠡ ᠪᠦᠲᠦᠮᠵᠢ᠎ᠶᠢ ᠦᠨᠡᠨ ᠬᠦ᠌  ᠪᠠᠲᠤᠯᠠᠪᠠ ᠪᠠᠲᠤᠯᠠᠨ᠎ᠠ᠃

ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ  ᠡᠭᠦᠳᠡ ᠡᠷᠤᠭᠡ᠎ᠶᠢᠨ ᠰᠦᠯᠵᠢᠶᠡᠨ᠎ᠦ ᠥᠷᠳᠡᠭᠡ ᠳᠡᠭᠡᠷ᠎ᠡ ᠬᠤᠳᠠᠯ ᠬᠠᠭᠤᠷᠮᠠᠭ ᠤᠬᠠᠭᠤᠯᠭ᠎ᠠ᠎ᠶ᠋ᠢᠨ ᠡᠮ ᠡᠮᠨᠡᠯᠭᠡ᠎ᠶᠢᠨ ᠵᠠᠷ ᠮᠡᠳᠡᠭᠡ᠎ᠶᠢ ᠵᠠᠭᠠᠯᠳᠤᠵᠤ ᠢᠯᠡᠴᠢᠯᠡᠨ ᠮᠡᠳᠡᠭᠦᠯᠬᠦ ᠬᠤᠳᠠᠯ ᠬᠠᠭᠤᠷᠮᠠᠭ ᠤᠬᠠᠭᠤᠯᠭ᠎ᠠ᠎ᠶᠢᠨ ᠠᠷᠭ᠎ᠠ ᠵᠠᠮ ᠭᠠᠷᠭᠠᠵᠤ᠂ ᠭᠥᠯᠢᠶᠡᠨ ᠠᠪᠤᠭᠰᠠᠨ ᠠᠰᠠᠭᠤᠳᠠᠯ᠎ᠤᠨ ᠰᠦᠪᠡᠭᠴᠢ᠎ᠶᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠠᠭ ᠲᠤᠬᠠᠢ᠎ᠳᠤ ᠨᠢ ᠪᠠᠢᠴᠠᠭᠠᠯᠲᠠ ᠬᠢᠵᠦ᠂ ᠬᠢᠨᠠᠨ ᠬᠠᠷᠭᠤᠭᠤᠯᠵᠤ᠂  ᠰᠢᠢᠳᠪᠦᠷᠢᠯᠡᠪᠡ ᠱᠢᠢᠳᠪᠦᠷᠢᠯᠡᠬᠦ᠌ ᠪᠣᠯᠣᠨ᠎ᠠ᠃

ᠳᠣᠣᠷᠠᠬᠢ ᠬᠣᠶᠠᠷ ᠬᠡᠮᠵᠢᠯᠲᠦ ᠺᠣᠳ᠋᠎ᠢ  ᠰᠢᠷᠪᠢᠵᠦ ᠵᠠᠭᠠᠯᠳᠤᠵᠤ ᠢᠯᠡᠴᠢᠯᠡᠨ ᠮᠡᠳᠡᠭᠦᠯᠦᠨ᠎ᠡ

(ᠳᠠᠮᠵᠢᠭᠤᠯᠬᠤ ᠵᠠᠭᠤᠴᠢᠯᠠᠭᠤᠷ᠎ᠤᠨ ᠵᠠᠭᠤᠴᠢ᠎ᠶ᠋ᠢᠨ ᠪᠠᠢᠭᠤᠯᠤᠮᠵᠢ᠎ᠶᠢᠨ ᠬᠠᠮᠢᠶᠠᠷᠤᠯᠲᠠ᠎ᠶᠢᠨ ᠭᠠᠵᠠᠷ)

ᠢᠷᠡᠯᠲᠡ᠄ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ