ᠵᠣᠴᠢᠳ᠎ᠤᠨ ᠪᠠᠭᠤᠳᠠᠯ ᠪᠠ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠲᠧᠯᠸᠢᠰ᠎ᠤᠨ ᠪᠤᠳᠤᠯᠢᠶᠠᠨᠲᠤ ᠠᠵᠢᠯᠯᠠᠭ᠋ᠠᠨ᠎ᠤ ᠵᠠᠰᠠᠯᠲᠠ ᠪᠠ ᠲᠧᠯᠸᠢᠰ᠎ᠤᠨ ᠦᠵᠦᠭᠦᠷ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠤᠨ ᠰᠠᠨᠠᠯ ᠰᠠᠨᠠᠭᠤᠯᠭ᠎ᠠ ᠵᠢ ᠴᠤᠭᠯᠠᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠵᠠᠷᠯᠠᠯ
2024-10-14



   ᠪᠥᠬᠦ ᠣᠷᠣᠨ᠎ᠤ ᠵᠣᠴᠢᠳ᠎ᠤᠨ ᠪᠠᠭᠤᠳᠠᠯ ᠪᠠ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠲᠧᠯᠸᠢᠰ᠎ᠤᠨ ᠪᠣᠳᠤᠯᠢᠶᠠᠨᠲᠤ ᠠᠵᠢᠯᠯᠠᠭ᠋ᠠᠨ᠎ᠤ ᠵᠠᠰᠠᠯᠲᠠ ᠵᠢᠨ ᠠᠵᠢᠯ᠎ᠤᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠪᠠᠭᠤᠳᠠᠯ ᠪᠠ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠲᠧᠯᠸᠢᠰ᠎ᠤᠨ ᠦᠵᠦᠭᠦᠷ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠢ ᠨᠠᠩ ᠰᠠᠶ᠋ᠢᠲᠤᠷ ᠠᠬᠢᠭᠤᠯᠬᠤ ᠵᠢᠨ ᠲᠥᠯᠥᠭᠡ᠂ ᠨᠡᠶ᠋ᠢᠭᠡᠮ ᠨᠡᠶ᠋ᠢᠲᠡ᠎ᠪᠠᠷ ᠵᠶ᠋ᠠᠨ ᠰᠦᠯᠵᠢᠶᠡᠨ ᠥᠷᠲᠡᠭᠡ᠂ ᠢᠷᠡᠭᠦᠯᠦᠭᠰᠡᠨ ᠵᠠᠬᠢᠳᠠᠯ᠂ ᠤᠲᠠᠰᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠰᠠᠨᠠᠯ ᠰᠠᠨᠠᠭᠤᠯᠭ᠎ᠠ ᠳᠤᠷᠠᠳᠴᠤ ᠪᠣᠯᠤᠨ᠎ᠠ᠃

   ᠨᠢᠭᠡ᠂ ᠴᠤᠭᠯᠠᠭᠤᠯᠬᠤ ᠰᠦᠯᠵᠢᠶᠡᠨ ᠥᠷᠲᠡᠭᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ ᠠᠯᠪᠠᠨ ᠰᠦᠯᠵᠢᠶ᠎ᠡ ᠵᠢᠨ 《ᠬᠠᠷᠢᠯᠴᠠᠨ ᠰᠣᠯᠢᠯᠴᠠᠬᠤ》 ᠬᠡᠰᠡᠭ᠎ᠤᠨ 《ᠪᠥᠬᠦ ᠣᠷᠣᠨ᠎ᠤ ᠵᠣᠴᠢᠳ᠎ᠤᠨ ᠪᠠᠭᠤᠳᠠᠯ ᠪᠠ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠲᠧᠯᠸᠢᠰ᠎ᠤᠨ ᠪᠣᠳᠤᠯᠢᠶᠠᠨᠲᠤ ᠠᠵᠢᠯᠯᠠᠭ᠋ᠠᠨ᠎ᠢ ᠵᠠᠰᠠᠬᠤ ᠰᠠᠨᠠᠯ᠂ ᠰᠠᠨᠠᠭᠤᠯᠭ᠎ᠠ ᠵᠢ ᠴᠤᠭᠯᠠᠭᠤᠯᠬᠤ》 ᠪᠤᠯᠤᠩ᠃

   ᠬᠤᠶᠠᠷ᠂ ᠰᠢᠤᠳᠠᠨ ᠵᠶ᠋ᠠᠷ ᠢᠯᠡᠭᠡᠬᠦ ᠬᠠᠶᠢᠭ᠄ ᠥᠪᠥᠷ ᠮᠣᠩᠭᠤᠯ᠎ᠤᠨ ᠬᠥᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ 1 ᠨᠣᠮᠸᠷᠲᠤ᠂ ᠰᠢᠤᠳᠠᠨ ᠳ᠋ᠤᠭ᠋ᠠᠷ᠄ 010050᠂ ᠬᠦᠯᠢᠶᠡᠨ ᠠᠪᠤᠭᠴᠢ᠄ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠭᠠᠵᠠᠷ᠃

   ᠭᠤᠷᠪᠠ᠂ ᠬᠢᠨᠠᠯᠲᠠ ᠲᠠᠯᠪᠢᠬᠤ ᠤᠲᠠᠰᠤ᠄ 0471- 4590234

   ᠤᠲᠠᠰᠤ ᠢᠷᠡᠭᠦᠯᠵᠦ ᠬᠦᠯᠢᠶᠡᠨ ᠠᠪᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 - 12᠄ 0014᠄ 30 - 17᠄ 30 ᠪᠣᠯᠲᠠᠯ᠎ᠠ

   ᠳᠥᠷᠪᠡ᠂ ᠢᠮᠧᠯ᠎ᠤᠨ ᠬᠠᠶᠢᠭ᠄ nmggdkjc@163.com ᠃

  

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

2024 ᠣᠨ᠎ᠤ 10 ᠳ᠋ᠤᠭ᠋ᠠᠷ ᠰᠠᠷ᠎ᠠ ᠵᠢᠨ 14᠎ᠤ ᠡᠳᠦᠷ

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ