ᠡᠯ᠎ᠡ ᠠᠶ᠋ᠢᠮᠠᠭ ᠬᠤᠲᠠ ᠪᠣᠯᠤᠨ ᠮᠠᠨᠵᠤᠤᠷ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠂ ᠥᠪᠥᠷ ᠮᠣᠩᠭᠤᠯ᠎ᠤᠨ ᠺᠢᠨᠣ᠋ ᠵᠢᠨ ᠪᠦᠯᠦᠭᠯᠡᠯ᠎ᠳᠤ᠄
ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠦᠯᠵᠢᠶᠡᠨ᠎ᠤ ᠦᠵᠡᠵᠦ ᠰᠣᠨᠣᠰᠬᠤ ᠠᠭᠤᠯᠭ᠎ᠠ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠦᠯᠵᠢᠶᠡᠨ᠎ᠤ ᠦᠵᠡᠵᠦ ᠰᠣᠨᠣᠰᠬᠤ ᠰᠣᠳᠣᠨ ᠪᠦᠲᠦᠭᠡᠯ᠎ᠢ ᠨᠠᠷᠢᠨ ᠨᠢᠮᠪᠠᠢ ᠪᠤᠢ ᠪᠣᠯᠭ᠋ᠠᠵᠤ᠂ ᠰᠢᠯᠢᠳᠡᠭ ᠰᠦᠯᠵᠢᠶᠡᠨ᠎ᠤ ᠰᠣᠶᠣᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠬᠤ ᠵᠢᠨ ᠲᠤᠰᠠᠳᠠ ᠂ ᠮᠠᠨ᠎ᠤ ᠲᠣᠪᠴᠢᠶ᠎ᠠ᠎ᠠᠴᠠ 2024 — 2025 ᠣᠨ᠎ᠤ 《ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ ᠳᠠᠮᠵᠢᠭᠤᠯᠬᠤ ᠢᠨᠵᠧᠨᠧᠷᠢᠩ》᠎ᠤᠨ ᠲᠡᠳᠬᠦᠬᠦ ᠲᠦᠷᠦᠯ ᠵᠦᠢ᠍ᠯ᠎ᠢ ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ ᠵᠢᠨ ᠬᠠᠮᠲᠤ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ ᠵᠢᠨ ᠭᠤᠶᠤᠴᠢᠯᠠᠨ ᠮᠡᠳᠡᠭᠦᠯᠵᠦ ᠬᠢᠨᠠᠨ ᠲᠣᠭᠲᠠᠭ᠋ᠠᠬᠤ᠎ᠳᠤ ᠢᠳᠡᠪᠬᠢᠲᠡᠢ ᠣᠷᠣᠯᠴᠠᠨ᠎ᠠ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠰᠢᠯᠭ᠋ᠠᠷᠠᠭᠤᠯᠤᠯᠲᠠ᠎ᠳᠤ ᠣᠷᠣᠯᠴᠠᠬᠤ ᠨᠢᠭᠡᠴᠢ
ᠢᠨᠲ᠋ᠧᠷ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠨᠢᠭᠡᠴᠢ ᠂ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠪᠠᠶ᠋ᠢᠭᠤᠯᠤᠮᠵᠢ᠂ ᠬᠠᠮᠢᠶ᠎ᠠ ᠪᠦᠬᠦᠢ ᠠᠵᠢᠯ ᠲᠥᠷᠥᠯ᠎ᠤᠨ ᠺᠢᠨᠣ᠋ ᠲᠧᠯᠸᠢᠰ ᠫᠷᠤᠭ᠌ᠷᠠᠮ ᠦᠢ᠍ᠯᠡᠳᠬᠦ ᠪᠠᠶ᠋ᠢᠭᠤᠯᠤᠮᠵᠢ᠃
ᠬᠤᠶᠠᠷ᠂ ᠰᠢᠯᠭ᠋ᠠᠷᠠᠭᠤᠯᠤᠯᠲᠠ᠎ᠳᠤ ᠣᠷᠣᠯᠴᠠᠬᠤ ᠱᠠᠭ᠋ᠠᠷᠳᠠᠯᠭ᠎ᠠ
ᠰᠢᠯᠭ᠋ᠠᠷᠠᠭᠤᠯᠤᠯᠲᠠ᠎ᠳᠤ ᠣᠷᠣᠯᠴᠠᠬᠤ ᠪᠦᠲᠦᠭᠡᠯ᠎ᠨᠢ ᠵᠣᠬᠢᠶᠠᠨ ᠪᠦᠲᠦᠭᠡᠬᠦ ᠱᠠᠲᠤᠨ᠎ᠳᠤ ᠪᠠᠶ᠋ᠢᠭ᠎ᠠ ᠠᠩᠬᠠᠨ᠎ᠤ ᠡᠭᠦᠳᠦᠯᠲᠡ ᠵᠢᠨ ᠰᠦᠯᠵᠢᠶᠡᠨ᠎ᠤ ᠵᠦᠴᠦᠭᠡ᠂ ᠰᠦᠯᠵᠢᠶᠡᠨ᠎ᠤ ᠺᠢᠨᠣ᠋᠂ ᠪᠢᠴᠢᠯ ᠣᠬᠤᠷ ᠵᠦᠴᠦᠭᠡ᠂ ᠰᠦᠯᠵᠢᠶᠡᠨ᠎ᠤ ᠪᠢᠴᠢᠯ ᠺᠢᠨᠣ᠋᠂ ᠰᠦᠯᠵᠢᠶᠡᠨ᠎ᠤ ᠪᠠᠷᠢᠮᠲᠠᠲᠤ ᠺᠢᠨᠣ᠋ ᠂ ᠰᠦᠯᠵᠢᠶᠡᠨ᠎ᠤ ᠺᠠᠷᠲ᠋ᠣᠨ ᠺᠢᠨᠣ᠋᠂ ᠰᠦᠯᠵᠢᠶᠡᠨ᠎ᠤ ᠶᠡᠷᠦᠩᠬᠡᠶ᠋ᠢᠯᠡᠭᠰᠡᠨ ᠤᠷᠠᠯᠢᠭ᠎ᠤᠨ ᠫᠷᠤᠭ᠌ᠷᠠᠮ᠂ ᠰᠦᠯᠵᠢᠶᠡᠨ᠎ᠤ ᠲᠠᠭᠤᠨ ᠳᠠᠪᠲᠠᠮᠵᠢ ᠵᠢᠨ ᠫᠷᠤᠭ᠌ᠷᠠᠮ᠂ ᠰᠦᠯᠵᠢᠶᠡᠨ᠎ᠤ ᠰᠢᠭᠤᠳ ᠨᠡᠪᠲᠡᠷᠡᠭᠦᠯᠭᠡ᠂ ᠣᠬᠤᠷ ᠸᠢᠳᠢᠣ᠋ ᠵᠡᠷᠭᠡ ᠪᠣᠯᠤᠨ᠎ᠠ᠃ ᠰᠢᠯᠭ᠋ᠠᠷᠠᠭᠤᠯᠤᠯᠲᠠ᠎ᠳᠤ ᠣᠷᠤᠯᠴᠠᠬᠤ ᠰᠦᠯᠵᠢᠶᠡᠨ᠎ᠤ ᠵᠦᠴᠦᠭᠡ᠂ ᠰᠦᠯᠵᠢᠶᠡᠨ᠎ᠤ ᠺᠢᠨᠣ᠋᠂ ᠰᠦᠯᠵᠢᠶᠡᠨ᠎ᠤ ᠪᠢᠴᠢᠯ ᠣᠬᠤᠷ ᠵᠦᠴᠦᠭᠡ᠂ ᠰᠦᠯᠵᠢᠶᠡᠨ᠎ᠤ ᠺᠠᠷᠲ᠋ᠣᠨ ᠺᠢᠨᠣ᠋ ᠵᠢ ᠰᠦᠯᠵᠢᠶᠡᠨ᠎ᠤ ᠵᠦᠴᠦᠭᠡ ᠵᠢᠨ ᠲᠥᠯᠥᠪᠵᠢᠭᠦᠯᠭᠡ᠎ᠪᠠᠷ ᠳᠠᠮᠵᠢᠭᠤᠯᠤᠨ ᠰᠡᠳᠦᠪ ᠲᠣᠭᠲᠠᠭ᠋ᠠᠵᠤ ᠳᠠᠩᠰᠠᠯᠠᠭᠤᠯᠬᠤ ᠪᠥᠭᠡᠳ ᠰᠦᠯᠵᠢᠶᠡᠨ᠎ᠳᠤ ᠭᠠᠷᠭ᠋ᠠᠵᠤ ᠨᠡᠪᠲᠡᠷᠡᠭᠦᠯᠦᠭᠡ ᠥᠬᠡᠶ ᠪᠠᠢ᠌ᠬᠤ ᠬᠡᠷᠡᠭᠲᠡᠢ᠃
ᠭᠤᠷᠪᠠ᠂ ᠬᠢᠨᠠᠨ ᠲᠣᠭᠲᠠᠭ᠋ᠠᠬᠤ ᠵᠠᠷᠴᠢᠮ ᠪᠠ ᠲᠡᠳᠬᠦᠬᠦ ᠭᠤᠤᠯᠳᠠᠯᠭ᠎ᠠ
ᠰᠢᠯᠭ᠋ᠠᠷᠠᠭᠤᠯᠤᠯᠲᠠ᠎ᠳᠤ ᠣᠷᠣᠯᠴᠠᠬᠤ ᠪᠦᠲᠦᠭᠡᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠤᠳᠬ᠎ᠠ ᠤᠷᠠᠯᠢᠭ᠎ᠤᠨ ᠠᠵᠢᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠥᠪ ᠤᠯᠤᠰ ᠲᠦᠷᠦ ᠵᠢᠨ ᠴᠢᠭᠯᠡᠯ᠂ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠂ ᠦᠷᠳᠡᠭ᠎ᠤᠨ ᠬᠠᠨᠳᠤᠰᠢ ᠵᠢ ᠪᠠᠷᠢᠮᠲᠠᠯᠠᠵᠤ᠂ ᠠᠷᠠᠳ ᠲᠦᠮᠡᠨ ᠵᠶ᠋ᠠᠷ ᠭᠤᠣᠯ ᠪᠣᠯᠭ᠋ᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠵᠢ ᠪᠠᠷᠢᠮᠲᠠᠯᠠᠵᠤ᠂ ᠦᠵᠡᠯ ᠰᠠᠨᠠᠭ᠎ᠠ᠎ᠨᠢ ᠭᠦᠨᠵᠡᠭᠡᠢ᠂ ᠤᠷᠠᠯᠢᠭ᠎ᠨᠢ ᠨᠠᠷᠢᠯᠢᠭ᠂ ᠵᠣᠬᠢᠶᠠᠨ ᠪᠦᠲᠦᠭᠡᠬᠦ᠎ᠳᠤ᠎ᠪᠠᠨ ᠨᠠᠷᠢᠯᠢᠭ ᠪᠠᠶ᠋ᠢᠬᠤ ᠵᠢ ᠬᠠᠷᠢᠯᠴᠠᠨ ᠨᠢᠭᠡᠳᠬᠡᠬᠦ ᠵᠢ ᠪᠠᠷᠢᠮᠲᠠᠯᠠᠬᠤ ᠬᠡᠷᠡᠭᠲᠡᠢ᠃ ᠳᠣᠣᠷᠡᠬᠢ ᠲᠠᠯ᠎ᠠ ᠵᠢᠨ ᠵᠣᠬᠢᠶᠠᠨ ᠪᠦᠲᠦᠭᠡᠵᠦ ᠳᠠᠮᠵᠢᠭᠤᠯᠬᠤ ᠳᠠᠯᠳᠠ ᠬᠦᠴᠦᠨ᠎ᠲᠠᠢ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠢ ᠭᠣᠤᠯᠳᠠᠯᠭ᠎ᠠ᠎ᠲᠠᠢ ᠳᠡᠳᠬᠦᠨ᠎ᠡ᠄
(ᠨᠢᠭᠡ) ᠦᠵᠡᠯ ᠰᠠᠨᠠᠭ᠋ᠠᠨ᠎ᠤ ᠲᠤᠭ᠎ᠢ ᠥᠨᠳᠥᠷ ᠮᠠᠨᠳᠤᠭᠤᠯᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠦᠢ᠍ᠯᠡᠴᠢᠯᠡᠨ᠎ᠡ ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠠᠮᠢᠳᠤᠯᠢᠭ ᠵᠶ᠋ᠠᠷ ᠤᠬᠠᠭᠤᠯᠤᠨ ᠲᠠᠶ᠋ᠢᠯᠪᠤᠷᠢᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠤᠣᠯ ᠰᠡᠳᠦᠪ ᠭᠤᠣᠯ ᠰᠢᠵᠢᠮ᠎ᠲᠠᠢ ᠨᠢᠭᠲᠠ ᠤᠶᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠡᠷᠭᠡ ᠴᠢᠬᠤᠯᠠ ᠶᠡᠭᠡ ᠭᠤᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠵᠢ ᠠᠮᠢᠳᠤᠯᠢᠭ ᠵᠶ᠋ᠠᠷ ᠢᠯᠡᠷᠡᠭᠦᠯᠬᠦ ᠬᠡᠷᠡᠭᠲᠡᠢ᠃
(ᠬᠤᠶᠠᠷ) ᠡᠬᠡ ᠣᠷᠣᠨᠴᠢ ᠦᠵᠡᠯ᠎ᠢ ᠢᠯᠡᠷᠡᠭᠦᠯᠵᠦ᠂ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠠᠳᠠᠷᠠᠭᠤᠯᠤᠨ᠎ᠠ ᠃ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ ᠵᠢ ᠳᠤᠷᠠᠰᠬᠠᠬᠤ ᠵᠢᠨ ᠲᠣᠭᠤᠷᠢᠨ᠎ᠳᠤ᠂ ᠨᠠᠮ ᠪᠠᠢ᠌ᠭᠤᠯᠤᠭᠰᠠᠨ ᠠᠭᠤᠤ ᠶᠡᠭᠡ ᠵᠣᠷᠢᠭ ᠰᠠᠨᠠᠭ᠎ᠠ᠎ᠪᠠᠷ ᠡᠬᠢ ᠰᠤᠷᠪᠤᠯᠵᠢ ᠪᠣᠯᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭ᠋ᠠᠨ᠎ᠤ ᠰᠢᠰᠲ᠋ᠧᠮ᠎ᠢ ᠠᠮᠢᠳᠤᠯᠢᠭ ᠵᠶ᠋ᠠᠷ ᠢᠯᠡᠷᠡᠭᠦᠯᠵᠦ᠂ ᠡᠬᠡ ᠣᠷᠣᠨᠴᠢ ᠦᠵᠡᠯ᠂ ᠨᠡᠶ᠋ᠢᠲᠡᠴᠢ ᠦᠵᠡᠯ᠂ ᠨᠡᠶ᠋ᠢᠭᠡᠮ ᠵᠢᠷᠤᠮ᠎ᠤᠨ ᠬᠥᠮᠦᠵᠢᠯ᠎ᠢ ᠭᠤᠶ᠋ᠢᠪᠢᠰᠢ ᠦᠭᠡᠢ ᠭᠦᠨᠵᠡᠭᠡᠶ᠋ᠢᠷᠡᠭᠦᠯᠵᠦ᠂ ᠡᠷᠳᠡᠮᠲᠡᠨ ᠮᠡᠷᠭᠡᠳ᠎ᠠᠴᠠ᠎ᠲᠠᠭᠠᠨ ᠰᠤᠷᠤᠯᠴᠠᠬᠤ᠂ ᠪᠠᠭ᠋ᠠᠲᠤᠷᠴᠤᠳ ᠵᠶ᠋ᠠᠨ ᠡᠷᠬᠢᠮᠯᠡᠬᠦ᠂ ᠬᠤᠰᠢᠭᠤᠴᠢ ᠪᠣᠯᠬᠤ᠎ᠪᠠᠷ ᠴᠢᠷᠮᠠᠶ᠋ᠢᠬᠤ ᠵᠢ ᠠᠬᠢᠭᠤᠯᠵᠤ᠂ ᠬᠥᠳᠡᠯᠮᠦᠷᠢ ᠵᠢᠨ ᠵᠣᠷᠢᠭ ᠰᠠᠨᠠᠭ᠎ᠠ᠂ ᠲᠡᠮᠡᠴᠡᠯ᠎ᠤᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠵᠣᠬᠢᠶᠠᠨ ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠵᠢ ᠰᠠᠨᠠᠭ᠋ᠠᠴᠢᠯᠠᠵᠤ᠂ ᠠᠷᠠᠳ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠮᠲᠤ ᠵᠢᠨ ᠬᠦᠰᠡᠯᠡᠩ᠎ᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ ᠃
(ᠭᠤᠷᠪᠠ) ᠰᠣᠶᠣᠯ᠎ᠤᠨ ᠢᠲᠡᠭᠡᠯ᠎ᠢ ᠪᠠᠲᠤᠳᠬᠠᠵᠤ᠂ ᠰᠣᠶᠣᠯ᠎ᠤᠨ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠠᠬᠢᠭᠤᠯᠤᠨ᠎ᠠ᠃ ᠳᠤᠮᠳᠠᠳᠤ ᠵᠢᠨ ᠰᠣᠶᠣᠯ᠎ᠤᠨ ᠵᠣᠭᠰᠣᠯᠲᠠ ᠵᠢ ᠪᠠᠲᠤ ᠰᠠᠬᠢᠵᠤ᠂ ᠡᠷᠲᠡᠨ᠎ᠤ᠎ᠬᠢ ᠵᠢ ᠡᠳᠦᠭᠡ᠎ᠳᠤ ᠬᠡᠷᠡᠭᠯᠡᠬᠦ᠂ ᠬᠠᠭᠤᠴᠢᠨ᠎ᠢ ᠤᠷᠬᠢᠵᠤ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠳᠤᠮᠳᠠᠳᠤ ᠵᠢᠨ ᠪᠣᠯᠪᠠᠰᠤᠨ᠎ᠤ ᠳᠤᠪᠤᠶ᠋ᠢᠮ᠎ᠠ ᠦᠷᠭᠦᠯᠵᠢᠯᠡᠬᠦ᠋ᠢ᠍ᠴᠡ ᠴᠢᠨᠠᠷ᠂ ᠰᠢᠨ᠎ᠡ ᠵᠢ ᠡᠭᠦᠳᠬᠦ ᠴᠢᠨᠠᠷ᠂ ᠨᠢᠭᠡᠳᠦᠮᠡᠯ ᠴᠢᠨᠠᠷ᠂ ᠪᠠᠭᠲᠠᠭ᠋ᠠᠮᠵᠢᠲᠤ ᠴᠢᠨᠠᠷ᠂ ᠡᠶ᠎ᠡ ᠨᠠᠶ᠋ᠢᠷᠠᠮᠳᠠᠭᠤ ᠴᠢᠨᠠᠷ᠎ᠢ ᠠᠮᠢᠳᠤᠯᠢᠭ ᠵᠶ᠋ᠠᠷ ᠢᠯᠡᠷᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠵᠢ ᠡᠭᠦᠳᠬᠦ ᠴᠢᠨᠠᠷᠲᠠᠢ ᠬᠥᠭᠵᠢᠯᠲᠡ ᠵᠢ ᠠᠬᠢᠭᠤᠯᠵᠤ᠂ ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ ᠲᠥᠪ ᠰᠤᠷᠲᠠᠯ ᠪᠠ ᠣᠮᠤᠭ ᠰᠦᠷ ᠵᠶ᠋ᠠᠷ ᠲᠡᠦᠬᠡ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠵᠦ᠂ ᠤᠳᠤ ᠦᠶ᠎ᠡ ᠵᠢᠨ ᠢᠷᠠᠭᠤ ᠬᠠᠭᠤᠳᠠᠰᠤ ᠵᠢ ᠪᠢᠴᠢᠭᠯᠡᠬᠦ ᠬᠡᠷᠡᠭᠲᠡᠢ᠃
(ᠲᠦᠷᠪᠡ) ᠪᠣᠳᠠᠲᠤ ᠠᠮᠢᠳᠤᠷᠠᠯ᠎ᠳᠤ ᠦᠨᠳᠦᠰᠦᠯᠡᠵᠦ᠂ ᠠᠷᠠᠳ ᠣᠯᠠᠨ᠎ᠤ ᠣᠶᠤᠨ ᠰᠠᠨᠠᠭ᠋ᠠᠨ᠎ᠤ ᠬᠦᠴᠦᠨ᠎ᠢ ᠨᠡᠮᠡᠭᠳᠡᠭᠦᠯᠦᠨ᠎ᠡ ᠃ ᠠᠷᠠᠳ ᠤᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠤᠶᠤᠨ᠎ᠤ ᠪᠠ ᠰᠤᠶᠤᠯ᠎ᠤᠨ ᠬᠡᠷᠡᠭᠴᠡᠭᠡ ᠵᠢ ᠡᠵᠡᠮᠳᠡᠵᠦ᠂ ᠠᠷᠠᠳ ᠲᠦᠮᠡᠨ᠎ᠤ ᠦᠢ᠍ᠯᠡᠳᠦᠯᠭᠡ᠎ᠳᠤ ᠦᠨᠳᠦᠰᠦᠯᠡᠵᠦ᠂ ᠴᠠᠭ ᠦᠶ᠎ᠡ ᠵᠢᠨ ᠤᠷᠤᠰᠬᠠᠯ᠎ᠢ ᠰᠠᠯᠤᠯ ᠦᠭᠡᠢ ᠳᠠᠭ᠋ᠠᠵᠤ᠂ ᠠᠬᠤᠢ᠍ᠢ᠍ᠴᠢ ᠦᠵᠡᠯ᠎ᠤᠨ ᠵᠤᠷᠢᠭ ᠰᠠᠨᠠᠭ᠎ᠠ ᠪᠠ ᠷᠤᠮᠠᠨᠲ᠋ᠢᠭ ᠦᠵᠡᠯ᠎ᠤᠨ ᠬᠠᠶ᠋ᠢᠷ᠎ᠠ ᠰᠡᠳᠭᠢᠯᠭᠡ᠎ᠪᠠᠷ ᠠᠬᠤᠶ᠋ᠢᠴᠢ ᠠᠮᠢᠳᠤᠷᠠᠯ᠎ᠢ ᠬᠠᠷᠠᠭ᠋ᠠᠯᠵᠠᠨ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠨᠡᠶ᠋ᠢᠴᠡᠭᠦᠯᠵᠦ᠂ ᠠᠷᠠᠳ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠢ ᠲᠤᠰᠬᠠᠵᠤ᠂ ᠲᠡᠮᠡᠴᠡᠯ᠎ᠤᠨ ᠠᠮᠢᠳᠤᠷᠠᠯ᠎ᠢ ᠮᠠᠭᠲᠠᠨ ᠳᠠᠭᠤᠯᠠᠵᠤ᠂ ᠬᠠᠮᠤᠭ᠎ᠤᠨ ᠭᠤᠶᠤ ᠬᠥᠮᠦᠰ᠎ᠢ ᠵᠢᠷᠤᠭᠯᠠᠵᠤ᠂ ᠳᠤᠮᠳᠠᠳᠤ ᠵᠢᠨ ᠬᠥᠮᠦᠨ᠎ᠤ ᠬᠦᠰᠡᠯ ᠵᠡᠭᠦᠳᠦ᠎ᠪᠠᠨ ᠬᠥᠭᠡᠭᠡᠴᠡᠯᠳᠦᠬᠦ᠂ ᠵᠡᠭᠦᠳᠦ᠎ᠪᠠᠨ ᠴᠣᠭᠴᠠᠯᠠᠬᠤ ᠂ ᠵᠡᠭᠦᠳᠦ᠎ᠪᠠᠨ ᠲᠡᠷᠭᠡᠯᠰᠢᠭᠦᠯᠦᠭᠰᠡᠨ ᠦᠯᠢᠭᠡᠷ᠎ᠢ ᠰᠠᠶ᠋ᠢᠲᠤᠷ ᠶᠠᠷᠢᠵᠤ᠂ ᠲᠠᠰᠤᠷᠠᠯᠳᠠ ᠦᠭᠡᠢ ᠤᠯᠠᠷᠢᠨ ᠮᠠᠨᠳᠤᠭᠰᠠᠨ ᠠᠷᠠᠳ᠎ᠤᠨ ᠲᠤᠤᠯᠢᠰ᠎ᠢ ᠪᠢᠴᠢᠭᠯᠡᠬᠦ ᠬᠡᠷᠡᠭᠲᠡᠢ ᠃
(ᠲᠠᠪᠤ) ᠰᠣᠶᠣᠯ᠎ᠤᠨ ᠰᠣᠯᠢᠯᠴᠠᠭ᠎ᠠ ᠵᠢ ᠠᠬᠢᠭᠤᠯᠵᠤ᠂ ᠳᠤᠮᠳᠠᠳᠤ ᠤᠯᠤᠰ᠎ᠤᠨ ᠦᠯᠢᠭᠡᠷ᠎ᠢ ᠭᠠᠳᠠᠭ᠋ᠠᠳᠤ᠎ᠳᠤ ᠰᠠᠢ᠌ᠲᠤᠷ ᠶᠠᠷᠢᠨ᠎ᠠ ᠃ ᠤᠯᠠᠨ ᠤᠯᠤᠰ᠎ᠤᠨ ᠳᠠᠮᠵᠢᠭᠤᠯᠭ᠎ᠠ ᠵᠢᠨ ᠬᠦᠷᠢᠶᠡᠨ᠎ᠤ ᠰᠢᠯᠵᠢᠯᠲᠡ᠂ ᠨᠡᠶ᠋ᠢᠭᠡᠮ᠎ᠤᠨ ᠬᠠᠷᠢᠯᠴᠠᠭ᠎ᠠ᠂ ᠦᠵᠡᠭᠳᠡᠬᠦ᠋ᠢ᠍ᠴᠡ ᠬᠠᠨᠳᠤᠰᠢ ᠵᠢ ᠡᠵᠡᠮᠳᠡᠵᠦ᠂ ᠨᠡᠬᠡᠬᠡᠯᠲᠡᠲᠢ ᠪᠠᠭᠲᠠᠭ᠋ᠠᠮᠵᠢᠲᠠᠢ ᠪᠠᠶ᠋ᠢᠬᠤ ᠵᠢ ᠪᠠᠷᠢᠮᠲᠠᠯᠠᠨ᠂ ᠭᠠᠳᠠᠭ᠋ᠠᠳᠤ ᠵᠢᠨ ᠰᠢᠯᠢᠳᠡᠭ ᠤᠳᠬ᠎ᠠ ᠤᠷᠠᠯᠢᠭ᠎ᠢ ᠰᠤᠷᠤᠯᠴᠠᠨ ᠲᠣᠯᠢᠯᠠᠵᠤ᠂ ᠭᠠᠳᠠᠨ᠎ᠠ᠎ᠠᠴᠠ ᠢᠷᠡᠭᠰᠡᠨ ᠰᠣᠶᠣᠯ᠎ᠢ ᠰᠤᠷᠤᠯᠴᠠᠨ ᠲᠤᠯᠢᠳᠠᠵᠤ᠂ ᠳᠤᠮᠳᠠᠳᠤ ᠤᠯᠤᠰ᠎ᠤᠨ ᠭᠤᠸ᠎ᠠ ᠰᠠᠶ᠋ᠢᠬᠠᠨ᠎ᠤ ᠵᠣᠷᠢᠯᠲᠠ ᠳᠤᠷ᠎ᠠ ᠰᠣᠨᠢᠷᠬᠠᠯ᠎ᠢ ᠢᠯᠡᠷᠡᠭᠦᠯᠵᠦ᠂ ᠤᠳᠤ ᠦᠶ᠎ᠡ ᠵᠢᠨ ᠳᠤᠮᠳᠠᠳᠤ ᠤᠯᠤᠰ᠎ᠤᠨ ᠦᠷᠳᠡᠭ᠎ᠤᠨ ᠦᠵᠡᠯᠲᠡ ᠵᠢ ᠤᠯᠠᠮᠵᠢᠯᠠᠵᠤ᠂ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠦᠷᠳᠡᠭ᠎ᠤᠨ ᠬᠥᠭᠡᠭᠡᠴᠡᠯᠳᠦᠯ᠎ᠢ ᠲᠤᠰᠬᠠᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠳᠤᠮᠳᠠ ᠭᠠᠳᠠᠭ᠋ᠠᠳᠤ ᠵᠢᠨ ᠬᠦᠯᠢᠶᠡᠨ ᠠᠪᠤᠭᠴᠢᠳ᠎ᠢ ᠣᠯᠵᠤ᠂ ᠢᠲᠡᠭᠡᠯᠲᠡᠢ᠂ ᠬᠠᠶ᠋ᠢᠷᠠᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ᠎ᠤᠨ ᠲᠦᠷᠢ ᠲᠥᠷᠬᠦ ᠵᠢ ᠢᠯᠡᠷᠡᠭᠦᠯᠬᠦ ᠬᠡᠷᠡᠭᠲᠡᠢ ᠃
(ᠵᠢᠷᠭᠤᠭ᠎ᠠ) ᠢᠳᠡᠪᠬᠢᠲᠡᠢ᠎ᠪᠠᠷ ᠰᠢᠨ᠎ᠡ ᠵᠢ ᠡᠭᠦᠳᠦᠨ ᠪᠦᠲᠦᠭᠡᠵᠦ᠂ ᠰᠦᠯᠵᠢᠶᠡᠨ᠎ᠤ ᠦᠵᠡᠵᠦ ᠰᠣᠨᠣᠰᠬᠤ ᠤᠳᠬ᠎ᠠ ᠤᠷᠠᠯᠢᠭ᠎ᠤᠨ ᠰᠢᠨ᠎ᠡ ᠠᠬᠤᠢ ᠪᠠᠶ᠋ᠢᠳᠠᠯ᠎ᠢ ᠨᠡᠭᠡᠭᠡᠨ᠎ᠡ᠃ ᠢᠨᠲ᠋ᠧᠷ ᠰᠦᠯᠵᠢᠶᠡᠨ᠎ᠤ ᠮᠡᠷᠭᠡᠵᠢᠯ ᠪᠠ ᠰᠢᠨ᠎ᠡ ᠵᠠᠭᠤᠴᠢᠯᠠᠭᠤᠷ᠎ᠤᠨ ᠤᠳᠬ᠎ᠠ ᠤᠷᠠᠯᠢᠭ᠎ᠤᠨ ᠬᠡᠯᠪᠡᠷᠢ᠎ᠳᠠᠬᠢ ᠭᠦᠨᠵᠡᠭᠡᠢ ᠨᠥᠯᠥᠭᠡ ᠵᠢ ᠡᠵᠡᠮᠰᠢᠵᠦ᠂ ᠭᠤᠣᠯ ᠤᠷᠤᠰᠬᠠᠯ᠎ᠤᠨ ᠥᠷᠲᠡᠭ᠎ᠤᠨ ᠦᠵᠡᠯᠲᠡ ᠪᠠ ᠤᠳᠬ᠎ᠠ ᠤᠷᠠᠯᠢᠭ᠎ᠤᠨ ᠭᠤᠸ᠎ᠠ ᠰᠠᠶ᠋ᠢᠬᠠᠨ᠎ᠤ ᠬᠥᠭᠡᠭᠡᠴᠡᠯᠳᠦᠯ᠎ᠢ ᠪᠠᠲᠤ ᠰᠠᠬᠢᠳᠠᠭ ᠤᠷᠢᠲᠠᠯ ᠳᠣᠣᠷ᠎ᠠ᠂ ᠰᠦᠯᠵᠢᠶᠡᠨ᠎ᠤ ᠦᠵᠡᠵᠦ ᠰᠣᠨᠣᠰᠬᠤ 《ᠤᠷᠠᠯᠢᠭ + ᠮᠡᠷᠭᠡᠵᠢᠯ》᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠣᠶ᠋ᠢᠯᠠᠭ᠋ᠠᠭᠳᠠᠬᠤᠨ᠂ ᠠᠭᠤᠯᠭ᠎ᠠ᠂ ᠬᠡᠪ ᠨᠠᠮᠪᠠ᠂ ᠤᠷᠤᠰᠬᠠᠯ ᠪᠦᠯᠦᠭ᠎ᠢ ᠵᠣᠷᠢᠭᠲᠠᠢ᠎ᠪᠠᠷ ᠰᠢᠨ᠎ᠡ ᠵᠢ ᠡᠭᠦᠳᠴᠦ᠂ ᠰᠡᠳᠦᠪ᠂ ᠴᠤᠭᠴᠠ᠂ ᠬᠡᠯᠪᠡᠷᠢ᠂ ᠠᠷᠭ᠎ᠠ ᠪᠠᠷᠢᠯ᠎ᠢ ᠢᠳᠡᠪᠬᠢᠲᠡᠢ ᠰᠢᠨᠡᠴᠢᠯᠡᠵᠦ᠂ ᠪᠦᠲᠦᠭᠡᠯᠴᠢ ᠰᠡᠳᠬᠢᠮᠵᠢ ᠵᠢᠨ ᠬᠢᠷᠢ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠵᠦ᠂ ᠤᠷᠠᠯᠢᠭ᠎ᠤᠨ ᠢᠯᠡᠳᠭᠡᠬᠦ ᠬᠡᠪᠴᠢᠶ᠎ᠡ ᠵᠢ ᠢᠳᠡᠪᠬᠢᠲᠡᠢ ᠥᠷᠭᠡᠳᠭᠡᠬᠦ ᠬᠡᠷᠡᠭᠲᠡᠢ ᠃
ᠳᠥᠷᠪᠡ᠂ ᠮᠡᠳᠡᠭᠦᠯᠦᠨ ᠬᠦᠷᠭᠡᠬᠦ ᠵᠢᠴᠢ ᠰᠢᠯᠭ᠋ᠠᠷᠠᠭᠤᠯᠬᠤ
ᠰᠣᠳᠣᠨ ᠪᠦᠲᠦᠭᠡᠯ ᠵᠣᠬᠢᠶᠠᠨ ᠪᠦᠲᠦᠭᠡᠵᠦ ᠳᠠᠮᠵᠢᠭᠤᠯᠬᠤ ᠢᠨᠵᠧᠨᠧᠷᠢᠩ᠎ᠢ ᠮᠡᠳᠡᠭᠦᠯᠬᠦ ᠠᠵᠢᠯ᠎ᠤᠨ ᠪᠦᠬᠦ ᠶᠠᠪᠤᠴᠠ ᠵᠢ ᠰᠦᠯᠵᠢᠶᠡᠨ ᠳᠡᠭᠡᠷ᠎ᠡ ᠶᠠᠪᠤᠭᠳᠠᠭᠤᠯᠤᠨ᠎ᠠ᠃ ᠰᠢᠯᠭ᠋ᠠᠷᠠᠭᠤᠯᠤᠯᠲᠠ᠎ᠳᠤ ᠣᠷᠣᠯᠴᠠᠬᠤ ᠪᠠᠶ᠋ᠢᠭᠤᠯᠤᠮᠵᠢ 2024 ᠣᠨ᠎ᠤ 11 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ ᠡᠮᠦᠨ᠎ᠡ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠣᠳᠣᠨ ᠵᠣᠬᠢᠶᠠᠨ ᠪᠦᠲᠦᠭᠡᠵᠦ ᠳᠠᠮᠵᠢᠭᠤᠯᠬᠤ ᠢᠨᠵᠧᠨᠧᠷᠢᠩ᠎ᠤᠨ ᠳᠡᠳᠬᠦᠬᠦ ᠲᠥᠷᠥᠯ ᠵᠦᠢ᠍ᠯ᠎ᠤᠨ ᠭᠤᠶᠤᠴᠢᠯᠠᠨ ᠮᠡᠳᠡᠭᠦᠯᠬᠦ ᠰᠢᠰᠲ᠋ᠧᠮ (http://jpcz.pingshen.nrta.gov.cn/hkpss/dist/site/jpcz ) ᠳᠤ ᠳᠠᠩᠰᠠᠯᠠᠭᠤᠯᠵᠤ ᠂ ᠬᠡᠷᠡᠭᠯᠡᠭᠴᠢ ᠵᠢᠨ ᠭᠠᠷ ᠳᠡᠪᠲᠡᠷ᠎ᠢ ᠨᠠᠷᠢᠨ ᠬᠢᠨᠠᠮᠠᠭ᠋ᠠᠶ ᠤᠩᠰᠢᠵᠤ᠂ ᠲᠠᠪᠴᠠᠩ᠎ᠤᠨ ᠬᠤᠯᠪᠣᠭᠳᠠᠯ ᠪᠥᠬᠦᠶ ᠲᠣᠳᠣᠷᠬᠠᠶ᠋ᠢᠯᠠᠯᠲᠠ ᠵᠢ ᠦᠨᠳᠦᠰᠦᠯᠡᠨ᠂ ᠬᠡᠷᠡᠭᠰᠡᠬᠦ ᠮᠡᠳᠡᠭᠡ ᠵᠠᠩᠭᠢ ᠵᠢ ᠪᠦᠷᠢᠨ ᠪᠦᠲᠦᠨ ᠲᠠᠭᠯᠠᠵᠤ᠂ 《ᠳᠡᠭᠡᠳᠦ ᠱᠠᠲᠤᠨ᠎ᠤ ᠬᠢᠨᠠᠨ ᠬᠠᠷᠭᠤᠭᠤᠯᠬᠤ ᠨᠢᠭᠡᠴᠢ 》 ᠵᠢᠨ ᠨᠢᠭᠡ ᠪᠤᠯᠤᠩ᠎ᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ》᠎ᠪᠠᠷ ᠰᠣᠩᠭᠤᠬᠤ ᠵᠢᠨ ᠬᠠᠮᠲᠤ ᠭᠤᠶᠤᠴᠢᠯᠠᠨ ᠮᠡᠳᠡᠭᠦᠯᠬᠦ ᠬᠡᠷᠡᠭᠲᠡᠢ ᠃ ᠮᠠᠨ᠎ᠤ ᠲᠣᠪᠴᠢᠶ᠎ᠠ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠡᠩᠨᠡᠭᠡ ᠵᠢ ᠵᠣᠬᠢᠶᠠᠨ ᠪᠠᠶ᠋ᠢᠭᠤᠯᠵᠤ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ᠂ ᠴᠥᠭᠡᠨ ᠮᠥᠷᠲᠡᠭᠡᠨ ᠨᠠᠷᠢᠯᠢᠭ᠂ ᠳᠤᠲᠠᠭᠳᠠᠵᠤ ᠪᠣᠯᠤᠰᠢ ᠥᠬᠡᠶ ᠵᠠᠷᠴᠢᠮ ᠶᠣᠰᠣᠭ᠋ᠠᠷ᠂ ᠡᠯ᠎ᠡ ᠭᠠᠵᠠᠷ ᠡᠯ᠎ᠡ ᠨᠢᠭᠡᠴᠢ ᠵᠢᠨ ᠰᠣᠩᠭᠤᠨ ᠬᠦᠷᠭᠡᠭᠰᠡᠨ ᠮᠠᠲ᠋ᠧᠷᠢᠶᠠᠯ᠎ᠳᠤ ᠠᠩᠬᠠᠨ᠎ᠤ ᠦᠨᠡᠯᠡᠯᠲᠡ ᠬᠢᠭᠰᠡᠨ᠎ᠤ ᠳᠠᠷᠠᠭ᠎ᠠ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠳᠤ ᠮᠡᠳᠡᠭᠦᠯᠦᠨ ᠬᠦᠷᠭᠡᠵᠦ ᠪᠥᠬᠦ ᠤᠯᠤᠰ᠎ᠤᠨ ᠰᠢᠯᠭ᠋ᠠᠷᠠᠭᠤᠯᠤᠯᠲᠠ᠎ᠳᠤ ᠣᠷᠣᠯᠴᠠᠭᠤᠯᠬᠤ ᠪᠣᠯᠤᠨ᠎ᠠ᠃
ᠲᠠᠪᠤ᠂ ᠰᠤᠩᠭᠤᠭᠳᠠᠭᠰᠠᠨ ᠪᠦᠲᠦᠭᠡᠯ᠎ᠢ ᠳᠡᠳᠬᠦᠬᠦ
ᠪᠥᠬᠦ ᠤᠯᠤᠰ᠎ᠤᠨ ᠰᠢᠯᠭ᠋ᠠᠷᠠᠭᠤᠯᠬᠤ᠎ᠳᠤ ᠣᠷᠣᠯᠴᠠᠬᠤ ᠪᠦᠲᠦᠭᠡᠯ᠎ᠢ ᠲᠠᠨᠢᠯᠴᠠᠭᠤᠯᠵᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠬᠢᠨᠠᠨ ᠲᠣᠭᠲᠠᠭ᠋ᠠᠵᠤ ᠰᠣᠩᠭᠤᠭᠳᠠᠭᠰᠠᠨᠤ ᠳᠠᠷᠠᠭ᠎ᠠ᠂ ᠫᠷᠤᠭ᠌ᠷᠠᠮ ᠦᠢ᠍ᠯᠡᠳᠬᠦ ᠪᠠᠶ᠋ᠢᠭᠤᠯᠤᠮᠵᠢ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠯᠤᠭ᠎ᠠ ᠭᠤᠷᠪᠠᠨ ᠲᠠᠯ᠎ᠠ ᠵᠢᠨ ᠬᠡᠯᠡᠯᠴᠡᠭᠡᠷ ᠲᠣᠭᠲᠠᠵᠤ᠂ ᠨᠢᠭᠡᠳᠦᠭᠡᠷ ᠬᠤᠭᠤᠴᠠᠭ᠋ᠠᠨ᠎ᠤ ᠳᠡᠳᠬᠦᠬᠦ ᠪᠠᠯᠠ ᠮᠥᠩᠭᠦ ᠲᠠᠷᠬᠠᠭ᠋ᠠᠵᠤ᠂ ᠪᠦᠲᠦᠭᠡᠯ᠎ᠤᠨ ᠵᠣᠬᠢᠶᠠᠨ ᠪᠦᠲᠦᠭᠡᠯᠭᠡ ᠵᠢ ᠪᠥᠬᠦ ᠶᠠᠪᠤᠴᠠ᠎ᠪᠠᠷ ᠮᠥᠷᠳᠡᠨ ᠠᠬᠢᠭᠤᠯᠵᠤ᠂ ᠲᠤᠰᠬᠠᠶ ᠵᠦᠢ᠍ᠯ᠎ᠤᠨ ᠵᠢᠯᠣᠭᠤᠳᠣᠯᠭ᠎ᠠ ᠣᠯᠭᠤᠨ᠎ᠠ᠃ ᠮᠠᠨ᠎ᠤ ᠲᠣᠪᠴᠢᠶ᠎ᠠ ᠵᠢᠨ ᠠᠩᠬᠠᠨ᠎ᠤ ᠬᠢᠨᠠᠯᠲᠠ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠲᠤᠰᠬᠠᠶ ᠮᠡᠷᠭᠡᠵᠢᠯᠲᠡᠨ᠎ᠤ ᠬᠡᠰᠡᠭ ᠬᠡᠰᠡᠭ ᠵᠶ᠋ᠠᠷ ᠵᠥᠪᠯᠡᠨ ᠲᠣᠭᠲᠠᠭ᠋ᠠᠭᠰᠠᠨ ᠪᠦᠲᠦᠭᠡᠯ᠎ᠢ ᠦᠢ᠍ᠯᠡᠳᠴᠦ ᠳᠠᠭᠤᠰᠬᠠᠭᠰᠠᠨ ᠪᠥᠭᠡᠳ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠬᠤᠶᠠᠳᠤᠭ᠋ᠠᠷ ᠬᠤᠭᠤᠴᠠᠭ᠋ᠠᠨ᠎ᠤ ᠳᠡᠳᠬᠦᠬᠦ ᠪᠠᠯᠠ ᠮᠥᠩᠭᠦ ᠲᠠᠷᠬᠠᠭ᠋ᠠᠬᠤ ᠵᠢᠨ ᠬᠠᠮᠲᠤ ᠤᠬᠠᠭᠤᠯᠤᠨ ᠲᠠᠨᠢᠯᠴᠠᠭᠤᠯᠬᠤ ᠪᠠ ᠨᠡᠪᠲᠡᠷᠡᠭᠦᠯᠬᠦ ᠳᠡᠮᠵᠢᠯᠭᠡ ᠦᠵᠡᠭᠦᠯᠦᠨ᠎ᠡ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2024 ᠣᠨ᠎ᠤ 11 ᠳ᠋ᠦ᠍ᠭᠡᠷ ᠰᠠᠷ᠎ᠠ ᠵᠢᠨ 4᠎ᠤ ᠡᠳᠦᠷ
(ᠬᠠᠷᠢᠯᠴᠠᠬᠤ ᠬᠥᠮᠦᠨ᠄ ᠰᠢᠩ ᠶᠦᠩ ᠵᠢᠶᠧ᠂ ᠬᠠᠷᠢᠯᠴᠠᠬᠤ ᠤᠲᠠᠰᠤ᠄ 0471 – 4590042 )