ᠪᠦᠬᠦ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠤᠷᠤᠯᠳᠤᠭ᠋ᠠᠨ᠎ᠢ ᠡᠷᠬᠢᠯᠡᠬᠦ ᠲᠤᠬᠠᠢ ᠮᠡᠳᠡᠭᠳᠡᠯ
2024-05-08



 

ᠡᠯ᠎ᠡ ᠠᠶ᠋ᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠠᠭᠤᠴᠢᠯᠠᠭᠤᠷ᠎ᠤᠨ ᠪᠠᠶ᠋ᠢᠭᠤᠯᠤᠮᠵᠢ᠂ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠪᠠᠶ᠋ᠢᠭᠤᠯᠤᠮᠵᠢ᠎ᠳᠤ᠄

   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠠᠯᠪᠢᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠵᠣᠬᠢᠶᠠᠨ ᠪᠦᠲᠦᠭᠡᠬᠦ ᠪᠠ ᠳᠠᠮᠵᠢᠭᠤᠯᠬᠤ᠎ᠳᠤ ᠣᠷᠣᠯᠴᠠᠬᠤ ᠵᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠨᠡᠩ ᠣᠯᠠᠨ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠮᠲᠤᠷᠠᠨ ᠪᠦᠬᠦ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠤᠷᠤᠯᠳᠤᠭ᠋ᠠᠨ᠎ᠢ ᠡᠷᠬᠢᠯᠡᠪᠡ᠂ ᠡᠳᠦᠭᠡ ᠬᠠᠮᠢᠶ᠎ᠠ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠃

   ᠨᠢᠭᠡ᠂ ᠡᠯᠰᠡᠬᠦ ᠭᠤᠤᠯ ᠰᠡᠳᠦᠪ

  (ᠨᠢᠭᠡ) ᠮᠢᠨᠦ ᠬᠠᠷᠠᠭ᠋ᠠᠨ᠎ᠳᠠᠬᠢ ᠥᠪᠥᠷ ᠮᠣᠩᠭᠤᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠥᠷ ᠮᠣᠩᠭᠤᠯ᠎ᠤᠨ ᠰᠢᠨ᠎ᠡ ᠬᠤᠪᠢᠷᠠᠯᠲᠠ᠂ ᠠᠷᠠᠳ ᠲᠦᠮᠡᠨ᠎ᠤ ᠰᠢᠨ᠎ᠡ ᠳᠦᠷᠰᠦ ᠪᠠᠶ᠋ᠢᠳᠠᠯ᠂ ᠨᠡᠶ᠋ᠢᠭᠡᠮ᠎ᠤᠨ ᠰᠢᠨ᠎ᠡ ᠳᠦᠷᠰᠦ ᠪᠠᠶ᠋ᠢᠳᠠᠯ᠎ᠤᠨ ᠠᠭᠤᠯᠬᠤᠨ᠎ᠲᠠᠢ᠂ ᠬᠠᠶ᠋ᠢᠷ᠎ᠠ ᠰᠡᠳᠬᠢᠯᠭᠡ᠎ᠲᠠᠢ᠂ ᠲᠤᠳᠤᠨᠤᠰᠤᠭ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠵᠣᠬᠢᠶᠠᠨ ᠪᠦᠲᠦᠭᠡᠨ᠎ᠡ᠃ ᠵᠠᠯᠠᠭᠤᠴᠤᠳ᠎ᠤᠨ ᠬᠠᠷᠠᠭ᠋ᠠᠰᠤ᠎ᠪᠠᠷ ᠳᠠᠮᠵᠢᠭᠤᠯᠤᠨ᠂ ᠵᠠᠯᠠᠭᠤᠴᠤᠳ᠎ᠤᠨ ᠨᠢᠳᠦᠨ᠎ᠳᠠᠬᠢ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠢ ᠢᠯᠡᠭᠦᠬᠡᠨ ᠲᠡᠮᠳᠡᠭᠯᠡᠵᠦ᠂ ᠨᠠᠩ ᠣᠯᠠᠨ ᠵᠠᠯᠠᠭᠤᠴᠤᠳ᠎ᠤᠨ ᠥᠪᠥᠷ ᠮᠣᠩᠭᠤᠯ᠎ᠳᠤ ᠢᠷᠡᠵᠦ᠂ ᠥᠪᠥᠷ ᠮᠣᠩᠭᠤᠯ᠎ᠢ ᠣᠶ᠋ᠢᠯᠠᠭ᠋ᠠᠵᠤ᠂ ᠥᠪᠥᠷ ᠮᠣᠩᠭᠤᠯ᠎ᠢ ᠤᠬᠠᠭᠤᠯᠵᠤ᠂ ᠰᠡᠳᠬᠢᠯ ᠲᠠᠯᠪᠢᠨ ᠬᠠᠶ᠋ᠢᠷ᠎ᠠ ᠰᠡᠳᠬᠢᠯᠭᠡ᠎ᠲᠠᠢ᠎ᠪᠠᠷ ᠳᠤᠮᠳᠠᠳᠤ ᠤᠯᠤᠰ᠎ᠤᠨ ᠥᠯᠢᠭᠡᠷ᠎ᠢ ᠰᠠᠶ᠋ᠢᠲᠤᠷ ᠶᠠᠷᠢᠵᠤ᠂ ᠥᠪᠥᠷ ᠮᠣᠩᠭᠤᠯ᠎ᠤᠨ ᠲᠠᠭᠤᠨ᠎ᠢ ᠳᠠᠮᠵᠢᠭᠤᠯᠤᠨ᠎ᠠ᠃

  (ᠬᠤᠶᠠᠷ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠲᠣᠭᠤᠷᠢᠨ᠎ᠳᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠦᠢ᠍ᠯᠡ ᠠᠵᠢᠯᠯᠠᠭ᠎ᠠ ᠵᠢᠨ ᠰᠠᠶ᠋ᠢᠬᠠᠨ ᠦᠯᠢᠭᠡᠷ᠎ᠢ ᠭᠦᠨᠵᠡᠭᠡᠢ ᠠᠭᠤᠳᠠᠯᠵᠤ᠂ ᠨᠠᠮ᠎ᠠᠴᠠ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ ᠪᠦᠯᠬᠦᠮᠳᠡᠨ ᠲᠡᠮᠡᠴᠡᠬᠦ ᠪᠠ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠪᠦᠬᠦ ᠲᠠᠯ᠎ᠠ᠎ᠪᠠᠷ ᠢᠯᠡᠷᠡᠭᠦᠯᠦᠨ᠎ᠡ᠃ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠥᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠥᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ ᠵᠡᠷᠭᠡ ᠵᠢᠨ ᠲᠣᠭᠤᠷᠢᠨ᠎ᠳᠤ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠤᠬᠠᠭᠤᠯᠭ᠎ᠠ ᠵᠢ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠳᠤᠮᠳᠠᠳᠤ ᠵᠢᠨ ᠰᠣᠶᠣᠯ᠎ᠤᠨ ᠮᠡᠳᠡᠷᠡᠮᠵᠢ ᠵᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃

  (ᠭᠤᠷᠪᠠ) ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠢ ᠵᠢ ᠪᠡᠯᠭᠡᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠲᠤᠷᠰᠢᠬᠢ ᠮᠠᠨ᠎ᠤ ᠤᠯᠤᠰ᠎ᠤᠨ ᠤᠯᠤᠰ ᠲᠥᠷᠥ᠂ ᠠᠵᠤ ᠠᠬᠤᠶ᠂ ᠰᠣᠶᠣᠯ ᠪᠠ ᠨᠡᠶ᠋ᠢᠭᠡᠮ᠎ᠤᠨ ᠡᠯ᠎ᠡ ᠲᠠᠯ᠎ᠠ ᠵᠢᠨ ᠬᠥᠭᠵᠢᠯᠲᠡ ᠬᠤᠪᠢᠷᠠᠯᠲᠠ᠂ ᠢᠯᠠᠩᠭᠤᠶ᠎ᠠ ᠥᠪᠥᠷ ᠮᠣᠩᠭᠤᠯ᠎ᠤᠨ ᠥᠭᠡᠷᠡᠴᠢᠯᠡᠯᠲᠡ ᠬᠥᠭᠵᠢᠯᠲᠡ ᠵᠢᠨ ᠭᠡᠷᠡᠯ ᠰᠠᠴᠤᠷᠠᠩᠭᠤᠶ ᠠᠮᠵᠢᠯᠲᠠ ᠵᠢ ᠳᠡᠯᠭᠡᠨ ᠦᠵᠡᠭᠦᠯᠵᠦ᠂ ᠥᠪᠥᠷ ᠮᠣᠩᠭᠤᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠦᠯᠢᠭᠡᠷ᠎ᠢ ᠣᠯᠠᠨ ᠬᠠᠷᠠᠭ᠋ᠠᠰᠤ᠎ᠠᠴᠠ ᠰᠠᠶ᠋ᠢᠲᠤᠷ ᠶᠠᠷᠢᠵᠤ᠂ ᠥᠪᠥᠷ ᠮᠣᠩᠭᠤᠯ᠎ᠤᠨ 75 ᠵᠢᠯ᠎ᠤᠨ ᠲᠤᠷᠰᠢᠬᠢ ᠬᠥᠭᠵᠢᠯᠲᠡ ᠬᠤᠪᠢᠷᠠᠯᠲᠠ ᠵᠢ ᠢᠯᠡᠷᠡᠭᠦᠯᠵᠦ᠂ ᠥᠪᠥᠷ ᠮᠣᠩᠭᠤᠯ᠎ᠤᠨ ᠵᠥᠪ ᠲᠠᠯ᠎ᠠ ᠵᠢᠨ ᠲᠦᠷᠢ ᠲᠥᠷᠬᠦ ᠵᠢ ᠤᠯᠠᠮ ᠨᠢᠭᠡ ᠠᠯᠬᠤᠮ ᠪᠤᠢ ᠪᠣᠯᠭ᠋ᠠᠨ᠎ᠠ᠃

  (ᠲᠦᠷᠪᠡ) ᠤᠮᠠᠷᠠᠲᠤ ᠬᠢᠯᠢ ᠵᠢᠨ ᠰᠣᠶᠣᠯ᠎ᠤᠨ ᠲᠥᠷᠥᠯ ᠲᠡᠮᠳᠡᠭᠲᠦ ᠵᠢ ᠡᠭᠦᠳᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠠᠨ᠎ᠤ ᠣᠷᠣᠨ᠎ᠤ ᠲᠡᠦᠬᠡ ᠰᠣᠶᠣᠯ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠤᠮᠠᠷᠠᠲᠤ ᠬᠢᠯᠢ ᠵᠢᠨ ᠰᠣᠶᠣᠯ᠎ᠤᠨ ᠭᠦᠨ ᠵᠤᠵᠠᠭ᠋ᠠᠨ ᠲᠡᠦᠬᠡ ᠵᠢᠨ ᠠᠭᠤᠯᠬᠤᠨ ᠪᠠ ᠪᠣᠳᠠᠲᠤ ᠠᠬᠤᠢ ᠵᠢᠨ ᠰᠠᠭᠤᠷᠢ ᠵᠢ ᠪᠦᠬᠦ ᠲᠠᠯ᠎ᠠ᠎ᠪᠠᠷ ᠢᠯᠡᠷᠡᠭᠦᠯᠵᠦ᠂ ᠮᠣᠩᠭᠤᠯ ᠮᠣᠷᠢᠨ᠎ᠤ ᠵᠣᠷᠢᠭ ᠰᠠᠨᠠᠭ᠎ᠠ ᠪᠠ 《ᠤᠮᠠᠷᠠᠲᠤ ᠵᠢᠨ ᠭᠣᠷᠪᠠᠨ ᠣᠷᠣᠨ᠎ᠤ ᠵᠣᠷᠢᠭ ᠰᠠᠨᠠᠭ᠎ᠠ》 ᠵᠢ ᠭᠦᠨᠵᠡᠭᠡᠶ ᠲᠣᠳᠣᠷᠬᠠᠶ᠋ᠢᠯᠠᠨ ᠦᠭᠦᠯᠡᠨ᠎ᠡ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 24 ᠴᠠᠭ ᠤᠯᠠᠷᠢᠯ᠂ ᠤᠯᠠᠮᠵᠢᠯᠠᠯᠲᠤ ᠪᠠᠶᠠᠷ᠎ᠤᠨ ᠡᠳᠦᠷ ᠵᠡᠷᠭᠡ ᠵᠢᠨ ᠲᠣᠭᠤᠷᠢᠨ᠎ᠳᠤ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠪᠦᠲᠦᠭᠡᠯ᠎ᠢ ᠵᠣᠬᠢᠶᠠᠨ ᠪᠦᠲᠦᠭᠡᠨ᠎ᠡ᠃

  (ᠲᠠᠪᠤ) ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠪᠠᠳᠠᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠣᠯᠪᠠᠰᠤᠨ ᠰᠢᠨ᠎ᠡ ᠰᠤᠷᠲᠠᠯ᠎ᠢ ᠪᠤᠢ ᠪᠣᠯᠭ᠋ᠠᠵᠤ᠂ ᠦᠨᠡᠨᠴᠢ ᠢᠲᠡᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠂ ᠬᠥᠮᠦᠯᠢᠭ ᠶᠣᠰᠣ᠂ ᠲᠦᠭᠡᠮᠡᠯ ᠬᠠᠶ᠋ᠢᠷ᠎ᠠ᠂ ᠬᠠᠷᠠᠮ ᠦᠭᠡᠢ ᠵᠣᠷᠢᠭᠤᠯᠬᠤ ᠤᠯᠠᠭ᠋ᠠᠨ ᠵᠠᠭ᠋ᠠᠯᠮᠠᠶ᠋ᠢᠳᠠᠨ᠎ᠤ ᠵᠣᠷᠢᠭ ᠰᠠᠨᠠᠭ᠎ᠠ ᠵᠢ ᠢᠯᠡᠷᠡᠭᠦᠯᠵᠦ᠂ ᠠᠮᠤᠷ ᠲᠦᠪᠰᠢᠨ᠎ᠤ ᠮᠡᠳᠡᠯᠭᠡ ᠵᠢ ᠲᠦᠭᠡᠮᠡᠯᠵᠢᠭᠦᠯᠵᠦ᠂ ᠡᠮᠡᠭᠲᠡᠶ᠋ᠢᠴᠦᠳ᠂ ᠬᠡᠦᠬᠡᠳ᠂ ᠨᠠᠰᠤᠲᠠᠶ᠋ᠢᠴᠤᠳ᠂ ᠵᠡᠮᠳᠡᠭᠴᠦᠳ᠎ᠢ ᠬᠠᠯᠠᠮᠵᠢᠯᠠᠨ ᠬᠠᠶ᠋ᠢᠷᠠᠯᠠᠨ᠎ᠠ᠃

   ᠬᠤᠶᠠᠷ᠂ ᠤᠷᠤᠯᠳᠤᠭ᠋ᠠᠨ᠎ᠳᠤ ᠣᠷᠣᠯᠴᠠᠬᠤ ᠬᠡᠪᠴᠢᠶ᠎ᠡ

   ᠤᠷᠤᠯᠳᠤᠭ᠋ᠠᠨ᠎ᠨᠢ ᠣᠷᠣᠨ᠎ᠤ ᠳᠣᠲᠣᠷ᠎ᠠ ᠭᠠᠳᠠᠨ᠎ᠠ᠎ᠠᠴᠠ ᠤᠷᠤᠯᠳᠤᠭ᠋ᠠᠨ᠎ᠳᠤ ᠣᠷᠣᠯᠴᠠᠬᠤ ᠪᠦᠲᠦᠭᠡᠯ ᠡᠯᠰᠡᠵᠦ᠂ ᠡᠯ᠎ᠡ ᠨᠠᠮ ᠵᠠᠰᠠᠭ᠎ᠤᠨ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠪᠦᠯᠬᠦᠮ ᠵᠢᠴᠢ ᠶᠡᠭᠡ ᠳᠡᠭᠡᠳᠦ ᠰᠤᠷᠭ᠋ᠠᠭᠤᠯᠢ᠂ ᠰᠣᠨᠢᠨ ᠮᠡᠳᠡᠭᠡᠨ᠎ᠤ ᠵᠠᠭᠤᠴᠢᠯᠠᠭᠤᠷ᠂ ᠵᠠᠷ ᠮᠡᠳᠡᠭᠡᠨ᠎ᠤ ᠺᠣᠮᠫᠠᠨᠢ᠂ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠪᠠᠶ᠋ᠢᠭᠤᠯᠤᠮᠵᠢ᠂ ᠨᠡᠪᠲᠡᠷᠡᠭᠦᠯᠬᠦ ᠪᠠᠶ᠋ᠢᠭᠤᠯᠤᠮᠵᠢ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠵᠣᠬᠢᠶᠠᠨ ᠪᠦᠲᠦᠭᠡᠯᠭᠡ ᠵᠢ ᠬᠠᠶ᠋ᠢᠷᠠᠯᠠᠬᠤ᠂ ᠨᠡᠶ᠋ᠢᠲᠡ ᠵᠢᠨ ᠠᠰᠠᠷᠠᠮᠵᠢ ᠵᠢᠨ ᠠᠭᠤᠯᠭ᠎ᠠ ᠵᠢ ᠬᠠᠶ᠋ᠢᠷᠠᠯᠠᠬᠤ ᠵᠣᠬᠢᠶᠠᠨ ᠪᠠᠶ᠋ᠢᠭᠤᠯᠤᠯᠲᠠ ᠵᠢᠴᠢ ᠬᠤᠪᠢ ᠬᠥᠮᠦᠨ ᠴᠥᠮ ᠣᠷᠣᠯᠴᠠᠵᠤ ᠪᠣᠯᠤᠨ᠎ᠠ᠃

   ᠭᠤᠷᠪᠠ᠂ ᠴᠠᠭ᠎ᠤᠨ ᠲᠣᠬᠢᠷᠠᠭᠤᠯᠤᠯᠲᠠ

   ᠤᠷᠤᠯᠳᠤᠭ᠋ᠠᠨ᠎ᠢ ᠡᠬᠢᠯᠡᠯᠲᠡ ᠵᠢᠨ ᠤᠬᠠᠭᠤᠯᠭ᠎ᠠ᠂ ᠪᠦᠲᠦᠭᠡᠯ ᠡᠯᠰᠡᠨ ᠴᠤᠭᠯᠠᠭᠤᠯᠬᠤ᠂ ᠪᠦᠲᠦᠭᠡᠯ᠎ᠢ ᠬᠢᠨᠠᠨ ᠲᠣᠭᠲᠠᠭ᠋ᠠᠬᠤ ᠪᠠ ᠲᠥᠪᠯᠡᠷᠡᠭᠦᠯᠦᠨ ᠨᠡᠪᠲᠡᠷᠡᠭᠦᠯᠬᠦ ᠳᠥᠷᠪᠡᠨ ᠱᠠᠲᠤ ᠬᠤᠪᠢᠶᠠᠵᠤ᠂ 2024 ᠣᠨ᠎ᠤ 5 ᠳ᠋ᠤᠭ᠋ᠠᠷ ᠰᠠᠷ᠎ᠠ ᠵᠢᠨ ᠡᠬᠢᠨ᠎ᠠᠴᠠ 12 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠶᠠᠪᠤᠭᠳᠠᠨ᠎ᠠ᠃

  (ᠨᠢᠭᠡ) ᠡᠬᠢᠯᠡᠯᠲᠡ ᠵᠢᠨ ᠱᠠᠲᠤ ᠦᠶ᠎ᠡ (5 ᠳ᠋ᠤᠭ᠋ᠠᠷ ᠰᠠᠷ᠎ᠠ ᠵᠢᠨ ᠡᠬᠢ᠎ᠠᠴᠠ 6 ᠳ᠋ᠤᠭ᠋ᠠᠷ ᠰᠠᠷ᠎ᠠ ᠵᠢᠨ 10᠎ᠤ ᠡᠳᠦᠷ ᠪᠣᠯᠲᠠᠯ᠎ᠠ)

   ᠤᠷᠤᠯᠳᠤᠭ᠋ᠠᠨ᠎ᠤ ᠡᠬᠢᠯᠡᠯᠲᠡ ᠵᠢᠨ ᠶᠣᠰᠣᠯᠠᠯ᠎ᠢ ᠡᠷᠭᠢᠯᠡᠵᠦ᠂ ᠲᠣᠰ ᠤᠳᠠᠭ᠋ᠠᠨ᠎ᠤ ᠤᠷᠤᠯᠳᠤᠭ᠋ᠠᠨ᠎ᠤ ᠭᠤᠤᠯ ᠰᠡᠳᠦᠪ ᠪᠠ ᠠᠭᠤᠯᠭ᠎ᠠ ᠵᠢ ᠨᠡᠶ᠋ᠢᠲᠡᠯᠡᠵᠦ᠂ ᠡᠯ᠎ᠡ ᠭᠤᠤᠯᠯᠠᠨ ᠡᠷᠭᠢᠯᠡᠭᠰᠡᠨ ᠨᠢᠭᠡᠴᠢ᠂ ᠪᠥᠬᠦ ᠣᠷᠣᠨ᠎ᠤ ᠡᠯ᠎ᠡ ᠱᠠᠲᠤᠨ᠎ᠤ ᠷᠠᠳᠢᠣ᠋ ᠲᠧᠯᠸᠢᠰ ᠵᠢᠴᠢ ᠬᠣᠯᠪᠤᠭᠳᠠᠯ ᠪᠥᠬᠦᠶ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠲᠠᠩᠰᠠᠨ ᠨᠣᠮᠧᠷ ᠵᠡᠷᠭᠡ᠎ᠪᠠᠷ ᠳᠠᠮᠵᠢᠭᠤᠯᠤᠨ ᠤᠷᠤᠯᠳᠤᠭ᠋ᠠᠨ᠎ᠤ ᠪᠦᠲᠦᠭᠡᠯ᠎ᠤᠨ ᠮᠡᠳᠡᠭᠡ ᠵᠠᠩᠭᠢ ᠵᠢ ᠨᠡᠶ᠋ᠢᠲᠡᠯᠡᠵᠦ᠂ ᠤᠷᠤᠯᠳᠤᠭ᠋ᠠᠨ᠎ᠳᠤ ᠤᠬᠠᠭᠤᠯᠭ᠎ᠠ ᠬᠢᠨ᠎ᠡ᠃

  (ᠬᠤᠶᠠᠷ) ᠡᠯᠰᠡᠨ ᠴᠤᠭᠯᠠᠭᠤᠯᠬᠤ ᠱᠠᠲᠤ (5 ᠳ᠋ᠤᠭ᠋ᠠᠷ ᠰᠠᠷ᠎ᠠ ᠵᠢᠨ ᠡᠬᠢ᠎ᠠᠴᠠ 6 ᠳ᠋ᠤᠭ᠋ᠠᠷ ᠰᠠᠷ᠎ᠠ ᠵᠢᠨ 10᠎ᠤ ᠡᠳᠦᠷ ᠪᠣᠯᠲᠠᠯ᠎ᠠ)

   ᠪᠢᠴᠢᠭ ᠮᠠᠲ᠋ᠧᠷᠢᠶᠠᠯ᠎ᠢ ᠪᠠᠭᠤᠯᠭ᠋ᠠᠭᠰᠠᠨ ᠡᠳᠦᠷ᠎ᠠᠴᠠ ᠡᠬᠢᠯᠡᠨ 2024 ᠣᠨ᠎ᠤ 6 ᠳ᠋ᠤᠭ᠋ᠠᠷ ᠰᠠᠷ᠎ᠠ ᠵᠢᠨ 10᠎ᠤ ᠡᠳᠦᠷ᠎ᠤᠨ 24 ᠴᠠᠭ ᠪᠣᠯᠲᠠᠯ᠎ᠠ᠂ ᠬᠤᠭᠤᠴᠠᠭ᠎ᠠ ᠬᠡᠲᠦᠷᠡᠪᠡᠯ ᠮᠡᠳᠡᠭᠦᠯᠦᠨ ᠬᠦᠷᠭᠡᠯᠲᠡ ᠬᠦᠴᠦᠨ ᠥᠬᠡᠶ ᠪᠣᠯᠣᠨ᠎ᠠ᠃

  (ᠭᠤᠷᠪᠠ) ᠬᠢᠨᠠᠨ ᠲᠣᠭᠲᠠᠭ᠋ᠠᠵᠤ ᠨᠡᠶ᠋ᠢᠲᠡᠯᠡᠬᠦ ᠱᠠᠲᠤ ᠦᠶ᠎ᠡ (6 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ)

   ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠴᠤᠭᠯᠠᠭᠤᠯᠤᠭᠰᠠᠨ ᠪᠦᠲᠦᠭᠡᠯ᠎ᠢ ᠲᠥᠪᠯᠡᠷᠡᠭᠦᠯᠦᠨ ᠬᠢᠨᠠᠨ ᠲᠣᠭᠲᠠᠭ᠋ᠠᠵᠤ᠂ ᠳᠡᠮᠵᠢᠬᠦ᠎ᠪᠠᠷ ᠪᠠᠶ᠋ᠢᠭ᠎ᠠ ᠪᠦᠲᠦᠭᠡᠯ᠎ᠤᠨ ᠨᠡᠷᠡᠰ᠎ᠢ ᠲᠣᠭᠲᠠᠭ᠋ᠠᠨ᠎ᠠ᠃ ᠡᠭᠦᠨ᠎ᠳᠤ᠂ ᠪᠦᠲᠦᠭᠡᠯᠴᠢ ᠪᠢᠴᠢᠭ᠎ᠤᠨ ᠲᠦᠰᠦᠯ᠎ᠢ ᠬᠢᠨᠠᠨ ᠲᠣᠭᠲᠠᠭ᠋ᠠᠬᠤ᠎ᠳᠤ ᠲᠥᠷᠥᠯ ᠵᠦᠢ᠍ᠯ ᠭᠤᠶᠤᠴᠢᠯᠠᠨ ᠮᠡᠳᠡᠭᠦᠯᠦᠭᠴᠢ᠎ᠠᠴᠠ ᠲᠣᠳᠣᠷᠬᠠᠶ᠋ᠢᠯᠠᠨ ᠥᠭᠦᠯᠡᠬᠦ ᠬᠡᠯᠪᠡᠷᠢ ᠵᠢ ᠠᠪᠴᠤ᠂ ᠪᠦᠲᠦᠭᠡᠯ᠎ᠢ ᠬᠤᠪᠢᠷᠠᠭᠤᠯᠬᠤ ᠵᠢ ᠳᠡᠮᠵᠢᠬᠦ ᠵᠢ ᠲᠣᠭᠲᠠᠭ᠋ᠠᠨ᠎ᠠ᠃ 7 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠲᠡᠳᠬᠦᠬᠦ᠎ᠪᠠᠷ ᠪᠠᠶ᠋ᠢᠭ᠎ᠠ ᠪᠦᠲᠦᠭᠡᠯ ᠪᠠ ᠪᠢᠴᠢᠭ ᠮᠠᠲ᠋ᠧᠷᠢᠶᠠᠯ᠎ᠤᠨ ᠨᠡᠷᠡᠰ᠎ᠢ ᠭᠠᠳᠠᠭᠰᠢ ᠨᠡᠢ᠌ᠲᠡᠯᠡᠨ᠎ᠡ᠃ ᠨᠡᠢ᠌ᠲᠡᠯᠡᠯ ᠵᠶ᠋ᠡᠷ ᠳᠠᠮᠵᠢᠭ᠋ᠠᠳ ᠦᠷ᠎ᠡ ᠳ᠋ᠦᠩ᠎ᠳᠤ ᠣᠨᠳᠣᠤ ᠰᠠᠨᠠᠯ ᠦᠭᠡᠶ ᠪᠣᠯ ᠰᠢᠯᠭ᠋ᠠᠷᠠᠭᠤᠯᠤᠭᠰᠠᠨ ᠦᠷ᠎ᠡ ᠳ᠋ᠦᠩ ᠵᠶ᠋ᠠᠨ ᠨᠡᠶ᠋ᠢᠭᠡᠮ᠎ᠳᠤ ᠨᠡᠢ᠌ᠲᠡᠯᠡᠨ᠎ᠡ᠃

  (ᠲᠦᠷᠪᠡ) ᠲᠥᠪᠯᠡᠷᠡᠭᠦᠯᠦᠨ ᠨᠡᠪᠲᠡᠷᠡᠭᠦᠯᠬᠦ ᠱᠠᠲᠤ ᠦᠶ᠎ᠡ (8 ᠳ᠋ᠤᠭ᠋ᠠᠷ ᠰᠠᠷ᠎ᠠ ᠵᠢᠨ ᠳᠤᠮᠳᠠᠴᠢ᠎ᠠᠴᠠ 12 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ)

   ᠤᠷᠤᠯᠳᠤᠭ᠋ᠠᠨ᠎ᠤ ᠭᠤᠷᠪᠠᠳᠤᠭ᠋ᠠᠷ ᠲᠥᠷᠥᠯ ᠵᠢᠴᠢ ᠲᠡᠭᠦᠨ᠎ᠠᠴᠠ ᠳᠡᠭᠡᠭᠰᠢᠬᠢ ᠪᠦᠲᠦᠭᠡᠯ ᠪᠠ ᠪᠦᠲᠦᠭᠡᠯᠴᠢ ᠰᠡᠳᠬᠢᠮᠵᠢ᠎ᠪᠠᠷ ᠰᠤᠩᠭᠤᠭᠳᠠᠭᠰᠠᠨ ᠹᠢᠯᠢᠮ᠎ᠢ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ ᠵᠢᠴᠢ ᠲᠡᠭᠦᠨ᠎ᠤ ᠰᠢᠨ᠎ᠡ ᠵᠠᠭᠤᠴᠢᠯᠠᠭᠤᠷ᠂ ᠬᠡᠷ᠎ᠤᠨ ᠭᠠᠳᠠᠨᠠᠬᠢ ᠲᠣᠮᠣ ᠳᠡᠯᠭᠡᠴᠡ᠂ ᠲᠡᠮᠦᠷ ᠵᠠᠮ᠂ ᠨᠡᠶ᠋ᠢᠲᠡ ᠵᠢᠨ ᠮᠠᠰᠢᠨ ᠲᠡᠷᠭᠡ ᠮᠸᠲᠷᠣ᠋ ᠵᠢᠨ ᠲᠧᠯᠸᠢᠰ ᠵᠢᠴᠢ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠰᠢᠨ᠎ᠡ ᠵᠠᠭᠤᠴᠢᠯᠠᠭᠤᠷ᠎ᠤᠨ ᠲᠠᠩᠰᠠᠨ ᠨᠣᠮᠧᠷ᠎ᠤᠨ ᠲᠠᠪᠴᠠᠩ᠎ᠳᠤ ᠨᠡᠪᠲᠡᠷᠡᠭᠦᠯᠬᠦ ᠵᠢ ᠵᠣᠬᠢᠶᠠᠨ ᠪᠠᠶ᠋ᠢᠭᠤᠯᠤᠨ᠎ᠠ᠃

   ᠳᠥᠷᠪᠡ᠂ ᠰᠢᠯᠢᠳᠡᠭ᠎ᠢ ᠰᠢᠯᠭ᠋ᠠᠷᠠᠭᠤᠯᠵᠤ ᠳᠡᠮᠵᠢᠬᠦ

   ᠲᠤᠰ ᠬᠤᠭᠤᠴᠠᠭ᠋ᠠᠨ᠎ᠤ ᠤᠷᠤᠯᠳᠤᠭ᠋ᠠᠨ᠎ᠳᠤ ᠷᠠᠳᠢᠣ᠋ ᠨᠡᠪᠲᠡᠷᠡᠭᠦᠯᠭᠡ ᠵᠢᠨ ᠲᠦᠷᠦᠯ᠎ᠤᠨ ᠰᠢᠯᠢᠳᠡᠭ ᠪᠦᠲᠦᠭᠡᠯ᠂ ᠲᠧᠯᠸᠢᠰ᠎ᠤᠨ ᠲᠦᠷᠦᠯ᠎ᠤᠨ ᠰᠢᠯᠢᠳᠡᠭ ᠪᠦᠲᠦᠭᠡᠯ᠂ ᠷᠠᠳᠢᠣ᠋ ᠨᠡᠪᠲᠡᠷᠡᠭᠦᠯᠭᠡ ᠵᠢᠨ ᠲᠦᠷᠦᠯ᠎ᠤᠨ ᠰᠢᠯᠢᠳᠡᠭ ᠪᠦᠲᠦᠭᠡᠯᠴᠢ ᠪᠢᠴᠢᠭ᠎ᠤᠨ ᠲᠦᠰᠦᠯ᠂ ᠲᠧᠯᠸᠢᠰ᠎ᠤᠨ ᠲᠦᠷᠦᠯ᠎ᠤᠨ ᠰᠢᠯᠢᠳᠡᠭ ᠪᠦᠲᠦᠭᠡᠯᠴᠢ ᠪᠢᠴᠢᠭ᠎ᠤᠨ ᠲᠦᠰᠦᠯ᠂ ᠰᠢᠯᠢᠳᠡᠭ ᠳᠠᠮᠵᠢᠭᠤᠯᠭ᠎ᠠ ᠵᠢᠨ ᠪᠠᠶ᠋ᠢᠭᠤᠯᠤᠮᠵᠢ᠂ ᠰᠢᠯᠢᠳᠡᠭ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠡᠷᠭᠡ 6 ᠡᠯᠰᠡᠬᠦ ᠨᠢᠭᠡᠴᠢ ᠵᠢ ᠲᠤᠬᠢᠷᠠᠭᠤᠯᠵᠤ᠂ ᠰᠢᠯᠢᠳᠡᠭ ᠪᠦᠲᠦᠭᠡᠯᠴᠢ ᠦᠰᠦᠭ ᠪᠢᠴᠢᠭ᠎ᠢ ᠲᠤᠰᠬᠠᠢ ᠮᠡᠷᠭᠡᠵᠢᠯ᠎ᠤᠨ ᠺᠣᠮᠫᠠᠨᠢ᠎ᠳᠤ ᠨᠠᠶ᠋ᠢᠳᠠᠵᠤ ᠳᠠᠭᠤ ᠳᠦᠷᠰᠦ ᠰᠢᠩᠭᠡᠭᠡᠯᠲᠡ ᠵᠢ ᠬᠣᠪᠢᠷᠠᠭᠤᠯᠤᠨ᠎ᠠ᠃

  (ᠨᠢᠭᠡ) ᠷᠠᠳᠢᠣ᠋ ᠨᠡᠪᠲᠡᠷᠡᠭᠦᠯᠭᠡ ᠵᠢᠨ ᠲᠥᠷᠥᠯ᠎ᠤᠨ ᠰᠢᠯᠢᠳᠡᠭ ᠪᠦᠲᠦᠭᠡᠯ᠂ ᠲᠧᠯᠸᠢᠰ᠎ᠤᠨ ᠲᠥᠷᠥᠯ᠎ᠤᠨ ᠰᠢᠯᠢᠳᠡᠭ ᠪᠦᠲᠦᠭᠡᠯ᠂ ᠷᠠᠳᠢᠣ᠋ ᠨᠡᠪᠲᠡᠷᠡᠭᠦᠯᠭᠡ ᠵᠢᠨ ᠲᠥᠷᠥᠯ᠎ᠤᠨ ᠰᠢᠯᠢᠳᠡᠭ ᠪᠦᠲᠦᠭᠡᠯᠴᠢ ᠪᠢᠴᠢᠭ᠎ᠤᠨ ᠲᠥᠰᠦᠯ᠂ ᠲᠧᠯᠸᠢᠰ᠎ᠤᠨ ᠲᠥᠷᠥᠯ᠎ᠤᠨ ᠰᠢᠯᠢᠳᠡᠭ ᠪᠦᠲᠦᠭᠡᠯᠴᠢ ᠪᠢᠴᠢᠭ᠎ᠤᠨ ᠲᠦᠰᠦᠯ᠎ᠢ ᠨᠢᠭᠡᠳᠦᠭᠡᠷ ᠲᠥᠷᠥᠯ᠂ ᠬᠤᠶᠠᠳᠤᠭ᠋ᠠᠷ ᠲᠥᠷᠥᠯ᠂ ᠭᠤᠷᠪᠠᠳᠤᠭ᠋ᠠᠷ ᠲᠥᠷᠥᠯ ᠵᠢᠴᠢ ᠰᠢᠯᠢᠳᠡᠭ ᠪᠦᠲᠦᠭᠡᠯ ᠵᠡᠷᠭᠡ ᠳᠥᠷᠪᠡᠨ ᠳᠡᠰ ᠵᠶ᠋ᠠᠷ ᠬᠤᠪᠢᠶᠠᠵᠤ᠂ ᠳᠡᠮᠵᠢᠵᠦ ᠬᠥᠬᠢᠭᠦᠯᠦᠨ ᠰᠠᠢ᠌ᠰᠢᠶᠠᠨ᠎ᠠ᠃ ᠨᠢᠭᠡᠳᠦᠭᠡᠷ᠂ ᠬᠤᠶᠠᠳᠤᠭ᠋ᠠᠷ᠂ ᠭᠤᠷᠪᠠᠳᠤᠭ᠋ᠠᠷ ᠲᠥᠷᠥᠯ᠎ᠳᠤ ᠰᠣᠩᠭᠤᠭᠳᠠᠭᠰᠠᠨ ᠪᠦᠲᠦᠭᠡᠯ ᠵᠢᠴᠢ ᠪᠦᠲᠦᠭᠡᠯᠴᠢ ᠪᠢᠴᠢᠭ᠎ᠤᠨ ᠲᠦᠰᠦᠯ᠎ᠳᠤ ᠲᠡᠳᠬᠦᠮᠵᠢ ᠵᠢᠨ ᠪᠡᠯᠡ ᠮᠥᠩᠭᠦ ᠣᠯᠭᠤᠵᠤ᠂ ᠰᠣᠩᠭᠤᠭᠳᠠᠭᠰᠠᠨ ᠲᠥᠷᠥᠯ ᠵᠦᠢ᠍ᠯ᠎ᠳᠤ ᠴᠥᠮ ᠦᠨᠡᠮᠯᠡᠯ ᠣᠯᠭᠤᠨ᠎ᠠ᠃

   ᠳᠡᠮᠵᠢᠬᠦ ᠪᠠᠷᠢᠮᠵᠢᠶ᠎ᠠ᠎ᠨᠢ ᠷᠠᠳᠢᠣ᠋ ᠨᠡᠪᠲᠡᠷᠡᠭᠦᠯᠭᠡ ᠵᠢᠨ ᠲᠥᠷᠥᠯ᠎ᠤᠨ ᠪᠦᠲᠦᠭᠡᠯ᠎ᠤᠨ ᠨᠢᠭᠡᠳᠦᠭᠡᠷ ᠲᠥᠷᠥᠯ᠎ᠤᠨ ᠪᠦᠲᠦᠭᠡᠯ᠎ᠳᠤ ᠰᠣᠩᠭᠤᠭᠳᠠᠭᠰᠠᠨ ᠪᠣᠯ 5000 ᠲᠥᠭᠦᠷᠢᠭ / ᠪᠦᠯᠦᠭ ᠵᠶ᠋ᠡᠷ ᠳᠡᠮᠵᠢᠨ᠎ᠡ; ᠬᠤᠶᠠᠳᠤᠭ᠋ᠠᠷ ᠲᠥᠷᠥᠯ᠎ᠤᠨ ᠪᠦᠲᠦᠭᠡᠯ᠎ᠢ 3000 ᠲᠥᠭᠦᠷᠢᠭ / ᠪᠦᠯᠦᠭ ᠵᠶ᠋ᠠᠷ ᠳᠡᠮᠵᠢᠨ᠎ᠡ; ᠭᠤᠷᠪᠠᠳᠤᠭ᠋ᠠᠷ ᠲᠥᠷᠥᠯ᠎ᠤᠨ ᠪᠦᠲᠦᠭᠡᠯ᠎ᠢ 2000 ᠲᠥᠭᠦᠷᠢᠭ / ᠪᠦᠯᠦᠭ ᠵᠶ᠋ᠡᠷ ᠳᠡᠮᠵᠢᠨ᠎ᠡ᠃ ᠲᠧᠯᠸᠢᠰ᠎ᠤᠨ ᠲᠥᠷᠥᠯ᠎ᠤᠨ ᠪᠦᠲᠦᠭᠡᠯ᠎ᠤᠨ ᠨᠢᠭᠡᠳᠦᠭᠡᠷ ᠲᠥᠷᠥᠯ᠎ᠤᠨ ᠪᠦᠲᠦᠭᠡᠯ᠎ᠢ 10000 ᠲᠥᠭᠦᠷᠢᠭ / ᠪᠦᠯᠦᠭ ᠵᠶ᠋ᠡᠷ ᠳᠡᠮᠵᠢᠨ᠎ᠡ; ᠬᠤᠶᠠᠳᠤᠭ᠋ᠠᠷ ᠲᠥᠷᠥᠯ᠎ᠤᠨ ᠪᠦᠲᠦᠭᠡᠯ᠎ᠢ 8000 ᠲᠥᠭᠦᠷᠢᠭ / ᠪᠦᠯᠦᠭ ᠵᠶ᠋ᠡᠷ ᠳᠡᠮᠵᠢᠨ᠎ᠡ; ᠭᠤᠷᠪᠠᠳᠤᠭ᠋ᠠᠷ ᠲᠥᠷᠥᠯ᠎ᠤᠨ ᠪᠦᠲᠦᠭᠡᠯ᠎ᠢ 5000 ᠲᠥᠭᠦᠷᠢᠭ / ᠪᠦᠯᠦᠭ ᠵᠶ᠋ᠡᠷ ᠳᠡᠮᠵᠢᠨ᠎ᠡ᠃ ᠷᠠᠳᠢᠣ᠋ ᠨᠡᠪᠲᠡᠷᠡᠭᠦᠯᠭᠡ ᠵᠢᠨ ᠲᠥᠷᠥᠯ᠎ᠤᠨ ᠪᠦᠲᠦᠭᠡᠯᠴᠢ ᠪᠢᠴᠢᠭ᠎ᠤᠨ ᠲᠦᠰᠦᠯ᠎ᠤᠨ ᠨᠢᠭᠡᠳᠦᠭᠡᠷ ᠲᠥᠷᠥᠯ᠎ᠤᠨ ᠪᠦᠲᠦᠭᠡᠯ᠎ᠢ 3000 ᠲᠥᠭᠦᠷᠢᠭ / ᠪᠦᠯᠦᠭ ᠵᠶ᠋ᠡᠷ ᠳᠡᠮᠵᠢᠨ᠎ᠡ; ᠬᠤᠶᠠᠳᠤᠭ᠋ᠠᠷ ᠲᠥᠷᠥᠯ᠎ᠤᠨ ᠪᠦᠲᠦᠭᠡᠯ᠎ᠢ 2000 ᠲᠥᠭᠦᠷᠢᠭ / ᠪᠦᠯᠦᠭ ᠵᠶ᠋ᠡᠷ ᠳᠡᠮᠵᠢᠨ᠎ᠡ; ᠭᠤᠷᠪᠠᠳᠤᠭ᠋ᠠᠷ ᠲᠥᠷᠥᠯ᠎ᠤᠨ ᠪᠦᠲᠦᠭᠡᠯ᠎ᠢ 1000 ᠲᠥᠭᠦᠷᠢᠭ / ᠪᠦᠯᠦᠭ ᠵᠶ᠋ᠡᠷ ᠳᠡᠮᠵᠢᠨ᠎ᠡ᠃ ᠲᠧᠯᠸᠢᠰ᠎ᠤᠨ ᠲᠥᠷᠥᠯ᠎ᠤᠨ ᠪᠦᠲᠦᠭᠡᠯᠴᠢ ᠪᠢᠴᠢᠭ᠎ᠤᠨ ᠲᠦᠰᠦᠯ᠎ᠤᠨ ᠨᠢᠭᠡᠳᠦᠭᠡᠷ ᠲᠥᠷᠥᠯ᠎ᠤᠨ ᠪᠦᠲᠦᠭᠡᠯ᠎ᠢ 5000 ᠲᠥᠭᠦᠷᠢᠭ / ᠪᠦᠯᠦᠭ ᠵᠶ᠋ᠡᠷ ᠳᠡᠮᠵᠢᠨ᠎ᠡ; ᠬᠤᠶᠠᠳᠤᠭ᠋ᠠᠷ ᠲᠥᠷᠥᠯ᠎ᠤᠨ ᠪᠦᠲᠦᠭᠡᠯ᠎ᠢ 3000 ᠲᠥᠭᠦᠷᠢᠭ / ᠪᠦᠯᠦᠭ ᠵᠶ᠋ᠡᠷ ᠳᠡᠮᠵᠢᠨ᠎ᠡ; ᠭᠤᠷᠪᠠᠳᠤᠭ᠋ᠠᠷ ᠲᠥᠷᠥᠯ᠎ᠤᠨ ᠪᠦᠲᠦᠭᠡᠯ᠎ᠢ 2000 ᠲᠥᠭᠦᠷᠢᠭ / ᠪᠦᠯᠦᠭ ᠵᠶ᠋ᠡᠷ ᠳᠡᠮᠵᠢᠨ᠎ᠡ᠃

  (ᠬᠤᠶᠠᠷ) ᠰᠢᠯᠢᠳᠡᠭ ᠳᠠᠮᠵᠢᠭᠤᠯᠭ᠎ᠠ ᠵᠢᠨ ᠪᠠᠶ᠋ᠢᠭᠤᠯᠤᠮᠵᠢ᠂ ᠰᠢᠯᠢᠳᠡᠭ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢ ᠬᠡᠳᠦᠨ ᠨᠡᠷ᠎ᠡ ᠰᠤᠩᠭᠤᠬᠤ

   ᠳᠠᠮᠵᠢᠭᠤᠯᠭ᠎ᠠ ᠵᠢᠨ ᠪᠠᠶ᠋ᠢᠭᠤᠯᠤᠮᠵᠢ᠎ᠨᠢ ᠭᠣᠤᠯᠳᠠᠭᠤ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ ᠵᠢᠴᠢ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠳᠠᠮᠵᠢᠭᠤᠯᠬᠤ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠪᠤᠰᠤᠳ ᠣᠷᠣᠨ᠎ᠤ ᠳᠣᠲᠣᠷᠠᠬᠢ ᠪᠠᠶ᠋ᠢᠭᠤᠯᠤᠮᠵᠢ᠎ᠠᠴᠠ ᠪᠤᠶ ᠪᠣᠯᠤᠨ᠎ᠠ᠃ ᠣᠷᠣᠨ᠎ᠤ ᠳᠣᠲᠣᠷᠠᠬᠢ ᠪᠠᠶ᠋ᠢᠭᠤᠯᠤᠮᠵᠢ ᠵᠢᠨ ᠬᠤᠪᠢ ᠵᠢᠨ ᠵᠠᠭᠤᠴᠢᠯᠠᠭᠤᠷ᠎ᠤᠨ ᠲᠠᠪᠴᠠᠩ᠎ᠳᠤ ᠪᠠᠶ᠋ᠢᠭᠤᠯᠤᠭᠰᠠᠨ ᠣᠯᠠᠨ ᠨᠡᠶ᠋ᠢᠲᠡ ᠵᠢᠨ ᠸᠢᠴᠠᠲ ᠲᠠᠪᠴᠠᠩ᠂ ᠸᠢᠳᠢᠣ᠋ ᠳ᠋ᠤᠭ᠋ᠠᠷ᠂ ᠲᠢᠺ ᠲᠣᠺ᠂ ᠪᠤᠰᠢᠭᠤ ᠭᠠᠷ ᠵᠡᠷᠭᠡ ᠨᠡᠶ᠋ᠢᠲᠡ ᠵᠢᠨ ᠠᠰᠠᠷᠠᠮᠵᠢ ᠵᠢᠨ ᠠᠭᠤᠯᠭ᠎ᠠ ᠵᠢᠨ ᠡᠯ᠎ᠡ ᠲᠥᠷᠥᠯ᠎ᠤᠨ ᠰᠢᠨ᠎ᠡ ᠵᠠᠭᠤᠴᠢᠯᠠᠭᠤᠷ᠎ᠤᠨ ᠲᠠᠩᠰᠠᠨ ᠨᠣᠮᠧᠷ ᠵᠢᠴᠢ ᠬᠡᠷ᠎ᠤᠨ ᠭᠠᠳᠠᠨᠠᠬᠢ ᠦᠵᠡᠵᠦ ᠰᠣᠨᠣᠰᠬᠤ ᠲᠠᠪᠴᠠᠩ ᠵᠡᠷᠭᠡ ᠵᠢ ᠪᠠᠭᠲᠠᠭ᠋ᠠᠨ᠎ᠠ᠃

   ᠰᠢᠯᠢᠳᠡᠭ ᠪᠠᠶ᠋ᠢᠭᠤᠯᠤᠮᠵᠢ᠎ᠳᠤ ᠦᠨᠡᠮᠯᠡᠯ ᠣᠯᠭᠤᠬᠤ ᠵᠢᠨ ᠬᠠᠮᠲᠤ ᠰᠢᠯᠢᠳᠡᠭ ᠳᠠᠮᠵᠢᠭᠤᠯᠭ᠎ᠠ ᠵᠢᠨ ᠪᠠᠶ᠋ᠢᠭᠤᠯᠤᠮᠵᠢ᠎ᠳᠤ 10000 ᠲᠥᠭᠦᠷᠢᠭ / ᠨᠢᠭᠡᠴᠢ᠎ᠤᠨ ᠳᠡᠮᠵᠢᠯᠭᠡ ᠵᠢᠨ ᠪᠡᠯᠡ ᠮᠥᠩᠭᠦ ᠣᠯᠭᠤᠨ᠎ᠠ᠃

   ᠲᠠᠪᠤ᠂ ᠪᠦᠲᠦᠭᠡᠯ᠎ᠤᠨ ᠱᠠᠭ᠋ᠠᠷᠳᠠᠯᠭ᠎ᠠ

  (ᠨᠢᠭᠡ) ᠷᠠᠳᠢᠣ᠋ ᠲᠧᠯᠸᠢᠰ᠎ᠤᠨ ᠲᠥᠷᠥᠯ᠎ᠤᠨ ᠪᠦᠲᠦᠭᠡᠯ᠃ ᠪᠦᠲᠦᠭᠡᠯ᠎ᠤᠨ ᠴᠠᠭ᠎ᠨᠢ 30 ᠰᠧᠺᠦ᠋ᠨ᠋ᠲ᠂ 60 ᠰᠧᠺᠦ᠋ᠨ᠋ᠲ ᠪᠠᠢ᠌ᠵᠤ᠂ ᠡᠩ᠎ᠤᠨ ᠪᠠᠶ᠋ᠢᠳᠠᠯ᠎ᠳᠤ 90 ᠰᠧᠺᠦ᠋ᠨ᠋ᠲ᠎ᠠᠴᠠ ᠬᠡᠲᠦᠷᠡᠵᠦ ᠪᠣᠯᠬᠤ ᠦᠭᠡᠢ᠃ ᠪᠦᠲᠦᠭᠡᠯ᠎ᠳᠤ ᠶᠠᠮᠠᠷᠪᠠ ᠤᠷᠤᠯᠳᠤᠭ᠋ᠠᠨ᠎ᠳᠤ ᠣᠷᠣᠯᠴᠠᠬᠤ ᠨᠢᠭᠡᠴᠢ ᠪᠠ ᠬᠤᠪᠢ ᠬᠥᠮᠦᠨ᠎ᠤ ᠬᠣᠯᠪᠤᠭᠳᠠᠯ ᠪᠦᠬᠦᠢ ᠮᠡᠳᠡᠭᠡ ᠵᠠᠩᠭᠢ ᠭᠠᠷᠴᠤ ᠪᠣᠯᠬᠤ ᠦᠭᠡᠶ᠃ ᠷᠠᠳᠢᠣ᠋ ᠨᠡᠪᠲᠡᠷᠡᠭᠦᠯᠭᠡ ᠵᠢᠨ ᠲᠥᠷᠥᠯ᠎ᠤᠨ ᠪᠦᠲᠦᠭᠡᠯ᠎ᠤᠨ ᠬᠡᠯᠪᠡᠷᠢ ᠵᠢ MP3 ᠪᠤᠶᠤ WMA ᠪᠠᠢ᠌ᠯᠭ᠋ᠠᠵᠤ᠂ ᠦᠯᠢᠭᠡᠷ ᠠᠪᠬᠤ ᠭᠦᠨᠴᠡ ᠵᠢ 16᠎ᠠᠴᠠ ᠳᠣᠣᠷ᠎ᠠ ᠪᠠᠢ᠌ᠯᠭ᠋ᠠᠬᠤ ᠦᠭᠡᠢ ᠪᠠᠢ᠌ᠵᠤ᠂ ᠪᠢᠲ᠎ᠤᠨ ᠨᠣᠷᠮ᠎ᠠ ᠵᠢ128kbps᠎ᠠᠴᠠ ᠳᠣᠣᠷ᠎ᠠ ᠪᠠᠢ᠌ᠯᠭ᠋ᠠᠵᠤ  ᠪᠣᠯᠬᠤ ᠦᠭᠡᠢ᠂ ᠦᠯᠢᠭᠡᠷ ᠠᠪᠬᠤ ᠳᠠᠪᠲᠠᠮᠵᠢ ᠵᠢ 44100 hz᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠃ ᠲᠧᠯᠸᠢᠰ᠎ᠤᠨ ᠲᠥᠷᠥᠯ᠎ᠤᠨ ᠪᠦᠲᠦᠭᠡᠯ᠎ᠤᠨ ᠬᠡᠯᠪᠡᠷᠢ ᠵᠢ MP4 ᠪᠠᠢ᠌ᠯᠭ᠋ᠠᠵᠤ᠂ ᠢᠯᠭ᠋ᠠᠮᠵᠢ ᠵᠢᠨ ᠨᠣᠷᠮ᠎ᠠ ᠵᠢ 1280 × 720 (16᠄ 9)᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠂ ᠺᠣᠳ᠋᠎ᠤᠨ ᠨᠣᠷᠮ᠎ᠠ ᠵᠢ 8M / ᠰᠧᠺᠦ᠋ᠨ᠋ᠳ᠋᠎ᠠᠴᠠ ᠳᠣᠣᠷ᠎ᠠ ᠪᠠᠢ᠌ᠯᠭ᠋ᠠᠬᠤ ᠦᠭᠡᠢ ᠪᠠᠶ᠋ᠢᠵᠤ᠂ 4K ᠬᠡᠲᠦ ᠥᠨᠳᠥᠷ ᠲᠤᠳᠤᠷᠠᠴᠠᠲᠤ ᠬᠡᠯᠪᠡᠷᠢ ᠪᠦᠬᠦᠢ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠪᠦᠲᠦᠭᠡᠯ᠎ᠢ ᠮᠡᠳᠡᠭᠦᠯᠦᠨ ᠬᠦᠷᠭᠡᠬᠦ ᠵᠢ ᠵᠣᠷᠢᠭᠵᠢᠭᠤᠯᠤᠨ᠎ᠠ᠃

  (ᠬᠤᠶᠠᠷ) ᠷᠠᠳᠢᠤ᠋ ᠲᠧᠯᠸᠢᠰ᠎ᠤᠨ ᠲᠦᠷᠦᠯ᠎ᠤᠨ ᠪᠦᠳᠦᠭᠡᠯᠴᠢ ᠪᠢᠴᠢᠭ᠎ᠤᠨ ᠲᠦᠰᠦᠯ᠃ ᠪᠦᠲᠦᠭᠡᠯᠴᠢ ᠪᠢᠴᠢᠭ᠎ᠤᠨ ᠲᠦᠰᠦᠯ᠎ᠨᠢ ᠤᠯᠤᠰ᠎ᠤᠨ ᠳᠣᠲᠣᠭ᠋ᠠᠳᠤ ᠵᠢᠨ ᠠᠳᠠᠯᠢ ᠲᠥᠷᠥᠯ᠎ᠤᠨ ᠤᠷᠤᠯᠳᠤᠭ᠋ᠠᠨ᠎ᠤ ᠱᠠᠩᠨᠠᠯ ᠪᠤᠶᠤ ᠳᠡᠮᠵᠢᠯᠭᠡ ᠵᠢ ᠣᠯᠤᠭᠰᠠᠨ ᠦᠭᠡᠢ᠂ ᠳᠠᠭᠤᠰᠬᠠᠭᠰᠠᠨ ᠹᠢᠯᠢᠮ ᠪᠣᠯᠭ᠋ᠠᠨ ᠬᠤᠪᠢᠷᠠᠭᠤᠯᠤᠭᠰᠠᠨ ᠦᠭᠡᠢ ᠮᠥᠷᠲᠡᠭᠡᠨ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠲᠠᠢ ᠪᠠᠢ᠌ᠬᠤ ᠬᠡᠷᠡᠭᠲᠡᠢ᠃ ᠪᠦᠲᠦᠭᠡᠯᠴᠢ ᠪᠢᠴᠢᠭ᠎ᠤᠨ ᠲᠦᠰᠦᠯ᠎ᠢ ᠠᠵᠢᠯ ᠲᠦᠷᠦᠯ᠎ᠤᠨ ᠳᠤᠲᠤᠷᠠᠬᠢ ᠳᠦᠷᠢᠮᠵᠢᠯ ᠶᠤᠰᠤᠭ᠋ᠠᠷ ᠪᠢᠴᠢᠵᠦ᠂ ᠦᠵᠡᠭᠳᠡᠯ ᠬᠤᠪᠢᠶᠠᠭᠰᠠᠨ ᠦᠯᠢᠭᠡᠷ ᠲᠡᠪᠲᠡᠷ (ᠵᠢᠷᠤᠭ ᠪᠢᠴᠢᠭ᠎ᠤᠨ ᠦᠵᠡᠭᠦᠯᠭᠡ)᠎ᠢ ᠪᠦᠷᠢᠯᠳᠦᠭᠦᠯᠵᠦ᠂ ᠬᠤᠶᠠᠷ ᠪᠢᠴᠢᠭᠯᠡᠯ᠎ᠠᠴᠠ ᠳᠡᠭᠡᠭᠰᠢᠬᠢ ᠵᠢ ᠰᠢᠷᠢᠰ (ᠬᠤᠶᠠᠷ᠎ᠢ ᠪᠠᠭᠲᠠᠭ᠋ᠠᠨ᠎ᠠ) ᠵᠶ᠋ᠡᠷ ᠦᠵᠡᠵᠦ᠂ ᠰᠢᠷᠢᠰ ᠪᠦᠲᠦᠭᠡᠯ᠎ᠢ ᠳᠠᠷᠠᠭ᠋ᠠᠯᠠᠯ ᠳ᠋ᠤᠭ᠋ᠠᠷ ᠵᠶ᠋ᠠᠷ᠎ᠨᠢ ᠳ᠋ᠤᠭ᠋ᠠᠷᠯᠠᠨ᠎ᠠ᠃

  (ᠭᠤᠷᠪᠠ) ᠪᠦᠲᠦᠭᠡᠯ᠎ᠤᠨ ᠵᠤᠬᠢᠶᠠᠨ ᠪᠦᠲᠦᠭᠡᠬᠦ ᠴᠠᠭ᠃ ᠲᠣᠰ ᠤᠳᠠᠭ᠋ᠠᠨ᠎ᠤ ᠡᠯᠰᠡᠨ ᠴᠤᠭᠯᠠᠭᠤᠯᠬᠤ ᠪᠦᠲᠦᠭᠡᠯ ᠵᠢᠴᠢ ᠪᠦᠲᠦᠭᠡᠯᠴᠢ ᠪᠢᠴᠢᠭ᠎ᠤᠨ ᠲᠦᠰᠦᠯ᠎ᠨᠢ 2023 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 2024 ᠣᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ ᠪᠣᠯᠲᠠᠯᠠᠬᠢ ᠵᠣᠬᠢᠶᠠᠨ ᠪᠦᠲᠦᠭᠡᠵᠦ ᠨᠡᠪᠲᠡᠷᠡᠭᠦᠯᠦᠭᠰᠡᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠪᠦᠲᠦᠭᠡᠯ ᠪᠠᠢ᠌ᠬᠤ ᠬᠡᠷᠡᠭᠲᠡᠢ᠃ ᠪᠥᠬᠦ ᠣᠷᠣᠨ᠎ᠤ ᠲᠠᠪᠤᠳᠤᠭ᠋ᠠᠷ ᠬᠤᠭᠤᠴᠠᠭ᠋ᠠᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠤᠷᠤᠯᠳᠤᠭ᠋ᠠᠨ᠎ᠤ ᠳᠡᠮᠵᠢᠯᠭᠡ ᠭᠥᠷᠳᠡᠭᠰᠡᠨ ᠪᠦᠲᠦᠭᠡᠯ᠎ᠢ ᠳᠠᠪᠬᠤᠷᠳᠠᠭᠤᠯᠤᠨ ᠣᠷᠤᠯᠴᠠᠭᠤᠯᠵᠤ ᠪᠣᠯᠬᠤ ᠥᠬᠡᠶ᠃

   ᠵᠢᠷᠭᠤᠭ᠎ᠠ᠂ ᠮᠡᠳᠡᠭᠦᠯᠬᠦ ᠳᠡᠰ ᠳᠠᠷᠠᠭ᠋ᠠᠯᠠᠯ

   ᠲᠣᠰ ᠬᠤᠭᠤᠴᠠᠭ᠋ᠠᠨ᠎ᠤ ᠤᠷᠤᠯᠳᠤᠭ᠋ᠠᠨ᠎ᠨᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠡᠯᠪᠡᠷᠢ ᠵᠢ ᠬᠡᠷᠡᠭᠯᠡᠵᠡᠢ᠃ ᠡᠯ᠎ᠡ ᠰᠢᠯᠭ᠋ᠠᠷᠠᠭᠤᠯᠤᠯᠲᠠ᠎ᠳᠤ ᠣᠷᠣᠯᠴᠠᠬᠤ ᠪᠠᠶ᠋ᠢᠭᠤᠯᠤᠮᠵᠢ ᠵᠢᠴᠢ ᠬᠤᠪᠢ ᠬᠥᠮᠦᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠤᠷᠤᠯᠳᠤᠭ᠋ᠠᠨ᠎ᠤ ᠨᠡᠷ᠎ᠡ ᠮᠡᠳᠡᠭᠦᠯᠬᠦ ᠲᠠᠪᠴᠠᠩ (ᠰᠦᠯᠵᠢᠶᠡᠨ ᠬᠠᠶᠢᠭ᠄ http://gy.txnmg.com )᠎ᠳᠤ  ᠳᠠᠩᠰᠠᠯᠠᠭᠤᠯᠵᠤ ᠂ ᠨᠡᠷ᠎ᠡ ᠮᠡᠳᠡᠭᠦᠯᠬᠦ ᠮᠡᠳᠡᠭᠡ ᠵᠠᠩᠭᠢ᠎ᠪᠠᠨ ᠲᠠᠭᠯᠠᠬᠤ ᠵᠢᠨ ᠬᠠᠮᠲᠤ  ᠬᠡᠪ᠎ᠤᠨ ᠪᠠᠶ᠋ᠢᠳᠠᠯ ᠵᠶ᠋ᠠᠷ ᠨᠡᠪᠲᠡᠷᠡᠭᠦᠯᠬᠦ ᠪᠠ ᠭᠦᠶᠦᠯᠭᠡᠨ ᠦᠵᠡᠭᠦᠯᠵᠦ ᠳᠡᠶ᠋ᠢᠯᠬᠦ ᠪᠦᠲᠦᠭᠡᠯ ᠵᠢᠴᠢ ᠪᠦᠲᠦᠭᠡᠯᠴᠢ ᠪᠢᠴᠢᠭ᠎ᠤᠨ ᠲᠦᠰᠦᠯ᠎ᠤᠨ ᠡᠬᠡ ᠪᠢᠴᠢᠭ᠎ᠢ ᠳᠡᠭᠡᠭᠰᠢ ᠳᠠᠮᠵᠢᠭᠤᠯᠤᠭᠰᠠᠨ᠎ᠤ ᠳᠠᠷᠠᠭ᠎ᠠ᠂ ᠵᠣᠬᠢᠴᠠᠩᠭᠤᠶ ᠬᠠᠷᠢᠶ᠎ᠠ ᠭᠠᠵᠠᠷ᠎ᠤᠨ ᠠᠶ᠋ᠢᠮᠠᠭ ᠬᠤᠲᠠ ᠵᠢᠨ ᠵᠶ᠋ᠡᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠲᠤᠰᠢᠶᠠᠵᠤ ᠠᠩᠬ᠎ᠠ ᠬᠢᠨᠠᠭᠤᠯᠤᠨ᠎ᠠ᠃ ᠣᠷᠣᠨ᠎ᠤ ᠰᠢᠭᠤᠳ ᠬᠠᠷᠢᠶ᠎ᠠ ᠨᠢᠭᠡᠴᠢ ᠵᠢᠴᠢ ᠥᠪᠡᠷᠲᠡᠭᠡᠨ ᠵᠠᠰᠠᠬᠤ ᠣᠷᠣᠨ᠎ᠠᠴᠠ ᠭᠠᠳᠠᠨᠠᠬᠢ ᠨᠢᠭᠡᠴᠢ  ᠤᠷᠤᠯᠳᠤᠭ᠋ᠠᠨ᠎ᠳᠤ ᠣᠷᠣᠯᠴᠠᠪᠠᠯ᠂ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠲᠤ ᠰᠢᠭᠤᠳ ᠬᠦᠷᠭᠡᠵᠦ ᠠᠩᠬᠠᠨ᠎ᠤ ᠬᠢᠨᠠᠯᠲᠠ ᠬᠢᠯᠭᠡᠬᠦ ᠬᠡᠷᠡᠭᠲᠡᠶ᠃

   ᠰᠦᠯᠵᠢᠶᠡᠨ ᠳᠡᠭᠡᠷ᠎ᠡ ᠪᠣᠳᠠᠲᠠᠶ ᠠᠵᠢᠯᠯᠠᠭᠤᠯᠬᠤ ᠶᠠᠪᠤᠴᠠ᠄ ᠰᠦᠯᠵᠢᠶᠡᠨ ᠬᠠᠶᠢᠭ᠎ᠢ ᠨᠡᠭᠡᠭᠡᠬᠦ — ᠤᠷᠤᠯᠳᠤᠭ᠋ᠠᠨ᠎ᠳᠤ ᠣᠷᠣᠯᠴᠠᠵᠤ ᠨᠡᠷ᠎ᠡ ᠮᠡᠳᠡᠭᠦᠯᠬᠦ ᠵᠢ ᠰᠣᠩᠭᠤᠬᠤ — ᠳᠠᠩᠰᠠᠯᠠᠭᠤᠯᠬᠤ — ᠨᠡᠷ᠎ᠡ ᠮᠡᠳᠡᠭᠦᠯᠬᠦ ᠮᠡᠳᠡᠭᠡ ᠵᠠᠩᠭᠢ ᠵᠢ ᠲᠠᠭᠯᠠᠨ — ᠨᠡᠷ᠎ᠡ ᠮᠡᠳᠡᠭᠦᠯᠬᠦ ᠲᠠᠨᠢᠯᠴᠠᠭᠤᠯᠬᠤ ᠬᠦᠰᠦᠨᠦᠭᠲᠦ ᠪᠣᠶ ᠪᠣᠯᠬᠤ — PDF ᠪᠢᠴᠢᠭᠯᠡᠯ᠎ᠢ ᠪᠠᠭᠤᠯᠭ᠋ᠠᠬᠤ —  ᠳᠠᠷᠤᠮᠠᠯᠯᠠᠭᠰᠠᠨ᠎ᠤ ᠳᠠᠷᠠᠭ᠎ᠠ ᠭᠠᠷ᠎ᠤᠨ ᠥᠰᠥᠭ ᠵᠢᠷᠤᠵᠤ ᠲᠠᠮᠠᠭ᠎ᠠ ᠳᠠᠷᠤᠬᠤ —  ᠨᠡᠷ᠎ᠡ ᠮᠡᠳᠡᠭᠦᠯᠬᠦ ᠲᠠᠨᠢᠯᠴᠠᠭᠤᠯᠬᠤ ᠬᠦᠰᠦᠨᠦᠭᠲᠦ ᠵᠢᠴᠢ ᠳᠠᠭᠤ ᠸᠢᠳᠢᠣ᠋  ᠪᠤᠶᠤ ᠡᠬᠡ ᠪᠢᠴᠢᠭ᠎ᠢ ᠬᠠᠷᠢᠭᠤ ᠳᠠᠮᠵᠢᠭᠤᠯᠬᠤ —  ᠨᠡᠷ᠎ᠡ ᠮᠡᠳᠡᠭᠦᠯᠦᠭᠰᠡᠨ ᠵᠶ᠋ᠡᠨ ᠲᠤᠰᠢᠶᠠᠨ᠎ᠠ᠃

   ᠳᠣᠯᠤᠭ᠎ᠠ᠂ ᠤᠷᠤᠯᠳᠤᠭ᠋ᠠᠨ᠎ᠳᠤ ᠣᠷᠣᠯᠴᠠᠬᠤ᠎ᠳᠤ ᠡᠷᠬᠡᠪᠰᠢ ᠮᠡᠳᠡᠬᠦ ᠵᠦᠢ᠍ᠯ

  (ᠨᠢᠭᠡ) ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠨᠢ ᠥᠪᠡᠷ᠎ᠤᠨ ᠪᠤᠶᠤ ᠪᠠᠶ᠋ᠢᠭᠤᠯᠤᠮᠵᠢ ᠵᠢᠨ ᠤᠤᠭ᠋ᠠᠯ ᠡᠭᠦᠳᠦᠯᠲᠡ ᠪᠠᠶ᠋ᠢᠵᠤ᠂ ᠪᠤᠰᠤᠳ᠎ᠤᠨ ᠪᠦᠲᠦᠭᠡᠯ᠎ᠢ ᠬᠤᠯᠠᠭ᠋ᠠᠶ᠋ᠢᠯᠠᠵᠤ ᠪᠣᠯᠬᠤ ᠦᠭᠡᠢ᠂ ᠬᠥᠷᠥᠭ ᠵᠢᠷᠤᠭ᠂ ᠵᠣᠬᠢᠶᠠᠯ ᠪᠦᠲᠦᠭᠡᠯ᠂ ᠲᠠᠸᠠᠷ᠎ᠤᠨ ᠲᠡᠮᠳᠡᠭ᠂ ᠨᠡᠷᠡᠶ᠋ᠢᠳᠦᠯ ᠵᠡᠷᠭᠡ ᠮᠡᠳᠡᠯᠭᠡ ᠵᠢᠨ ᠥᠮᠴᠢᠯᠡᠯ᠎ᠤᠨ ᠡᠷᠬᠡ ᠪᠠ ᠬᠠᠤᠯᠢ ᠴᠠᠭ᠋ᠠᠵᠠ ᠵᠢᠨ ᠠᠰᠠᠭᠤᠳᠠᠯ᠎ᠳᠤ ᠬᠤᠯᠪᠣᠭᠳᠠᠭᠰᠠᠨ ᠪᠠᠶ᠋ᠢᠪᠠᠯ᠂ ᠤᠷᠤᠯᠳᠤᠭ᠋ᠠᠨ᠎ᠳᠤ ᠣᠷᠤᠯᠴᠠᠬᠤ ᠨᠢᠭᠡᠴᠢ (ᠬᠤᠪᠢ ᠬᠥᠮᠦᠨ)᠎ᠠᠴᠠ ᠬᠠᠷᠢᠭᠤᠴᠠᠨ ᠰᠢᠢ᠍ᠳᠪᠦᠷᠢᠯᠡᠵᠦ᠂ ᠡᠭᠦᠨ᠎ᠠᠴᠠ ᠡᠭᠦᠰᠦᠭᠰᠡᠨ ᠶᠠᠮᠠᠷᠪᠠ ᠬᠠᠤᠯᠢ ᠴᠠᠭ᠋ᠠᠵᠠ ᠵᠢᠨ ᠵᠢᠭᠤᠷᠠᠯᠳᠤᠭ᠋ᠠᠨ᠎ᠢ ᠤᠷᠤᠯᠳᠤᠭ᠋ᠠᠨ᠎ᠳᠤ   ᠣᠷᠤᠯᠴᠠᠬᠤ ᠨᠢᠭᠡᠴᠢ (ᠬᠤᠪᠢ ᠬᠥᠮᠦᠨ) ᠡᠭᠦᠷᠭᠡᠯᠡᠵᠦ᠂ ᠤᠷᠤᠯᠳᠤᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠎ᠲᠠᠢ ᠬᠠᠮᠢᠶ᠎ᠠ ᠦᠭᠡᠢ᠃

  (ᠬᠤᠶᠠᠷ) ᠤᠷᠤᠯᠳᠤᠭ᠋ᠠᠨ᠎ᠳᠤ ᠣᠷᠣᠯᠴᠠᠬᠤ ᠪᠦᠲᠦᠭᠡᠯ ᠵᠶ᠋ᠠᠨ ᠳᠡᠪᠰᠢᠭᠦᠯᠦᠭᠰᠡᠨ ᠡᠳᠦᠷ᠎ᠠᠴᠠ ᠡᠬᠢᠯᠡᠨ᠂ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠎ᠨᠢ ᠪᠦᠲᠦᠭᠡᠯ᠎ᠢ ᠬᠡᠷᠡᠭᠯᠡᠬᠦ ᠵᠢᠴᠢ ᠳᠡᠯᠭᠡᠷᠡᠭᠦᠯᠬᠦ ᠵᠢ ᠵᠥᠪᠰᠢᠶᠡᠷᠡᠬᠦ ᠡᠷᠬᠡ᠎ᠲᠠᠢ᠎ᠪᠠᠷ ᠦᠵᠡᠵᠦ᠂ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠎ᠨᠢ ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠢ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠡᠵᠡᠩᠨᠡᠵᠦ ᠪᠠᠶ᠋ᠢᠭ᠎ᠠ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠲᠤᠭ᠎ᠠ ᠪᠠᠷᠢᠮᠲᠠ ᠵᠢᠨ ᠬᠥᠮᠥᠷᠭᠡ᠎ᠳᠤ ᠣᠷᠣᠭᠤᠯᠵᠤ᠂ ᠨᠡᠩ ᠥᠨᠳᠥᠷ ᠲᠠᠰ᠎ᠤᠨ ᠠᠳᠠᠯᠢ ᠲᠥᠷᠥᠯ᠎ᠤᠨ ᠤᠷᠤᠯᠳᠤᠭ᠋ᠠᠨ᠎ᠳᠤ ᠲᠠᠨᠢᠯᠴᠠᠭᠤᠯᠵᠤ ᠤᠷᠤᠯᠳᠤᠭ᠋ᠠᠨ᠎ᠳᠤ ᠣᠷᠤᠯᠴᠠᠭᠤᠯᠬᠤ ᠡᠷᠬᠡ᠎ᠲᠠᠢ᠂ ᠤᠷᠤᠯᠳᠤᠭ᠋ᠠᠨ᠎ᠳᠤ ᠣᠷᠤᠯᠴᠠᠬᠤ ᠪᠦᠲᠦᠭᠡᠯ᠎ᠢ ᠬᠣᠯᠪᠤᠭᠳᠠᠯ ᠪᠥᠬᠦᠶ ᠵᠠᠭᠤᠴᠢᠯᠠᠭᠤᠷ ᠳᠡᠭᠡᠷ᠎ᠡ ᠳᠡᠯᠭᠡᠨ ᠨᠡᠪᠲᠡᠷᠡᠭᠦᠯᠬᠦ ᠪᠤᠶᠤ ᠲᠠᠨᠢᠯᠴᠠᠭᠤᠯᠬᠤ᠂ ᠲᠣᠭᠤᠷᠢᠨ ᠦᠵᠡᠬᠦ᠂ ᠰᠤᠷᠤᠯᠴᠠᠬᠤ ᠵᠡᠷᠭᠡ ᠬᠤᠳᠠᠯᠳᠤᠭ᠋ᠠᠨ᠎ᠤ ᠵᠣᠷᠢᠯᠭ᠎ᠠ ᠵᠢᠨ ᠪᠤᠰᠤ ᠠᠵᠢᠯᠯᠠᠭ᠎ᠠ᠎ᠳᠤ ᠬᠠᠭᠤᠯᠪᠤᠷᠢᠯᠠᠬᠤ᠂ ᠨᠡᠪᠲᠡᠷᠡᠭᠦᠯᠬᠦ᠂ ᠨᠡᠪᠲᠡᠷᠡᠭᠦᠯᠬᠦ ᠵᠡᠷᠭᠡ ᠡᠷᠬᠡ᠎ᠲᠠᠢ᠃

  (ᠭᠤᠷᠪᠠ) ᠤᠷᠤᠯᠳᠤᠭ᠋ᠠᠨ᠎ᠳᠤ ᠣᠷᠣᠯᠴᠠᠭᠰᠠᠳ ᠶᠠᠮᠠᠷ ᠴᠤ᠌ ᠨᠡᠷ᠎ᠡ ᠮᠡᠳᠡᠭᠦᠯᠬᠦ ᠰᠦᠢ᠍ᠳᠭᠡᠯ ᠲᠤᠰᠢᠶᠠᠬᠤ ᠴᠢᠬᠤᠯᠠ ᠦᠭᠡᠢ᠂ ᠤᠷᠤᠯᠳᠤᠭ᠋ᠠᠨ᠎ᠳᠤ ᠣᠷᠣᠯᠴᠠᠭᠰᠠᠳ ᠨᠢᠭᠡᠪᠦᠷᠢ ᠵᠢᠨ ᠪᠦᠲᠦᠭᠡᠯ᠎ᠤᠨ ᠲᠤᠭ᠎ᠠ ᠬᠡᠮᠵᠢᠶ᠎ᠡ ᠵᠢ ᠬᠢᠵᠠᠭ᠋ᠠᠷᠯᠠᠬᠤ ᠦᠭᠡᠢ᠂ ᠤᠷᠤᠯᠳᠤᠭ᠋ᠠᠨ᠎ᠳᠤ ᠣᠷᠣᠯᠴᠠᠬᠤ ᠪᠦᠲᠦᠭᠡᠯ ᠪᠦᠬᠦᠨ᠎ᠨᠢ ᠰᠢᠯᠭ᠋ᠠᠷᠠᠭᠳᠠᠭᠰᠠᠨ ᠡᠰᠡᠬᠦ ᠴᠤ᠌ ᠮᠡᠳᠡᠭᠦᠯᠦᠨ ᠬᠦᠷᠭᠡᠭᠰᠡᠨ ᠪᠢᠴᠢᠭ ᠮᠠᠲ᠋ᠧᠷᠢᠶᠠᠯ᠎ᠢ ᠴᠥᠮ ᠪᠤᠴᠠᠭ᠋ᠠᠬᠤ ᠦᠭᠡᠢ᠂ ᠤᠷᠤᠯᠳᠤᠭ᠋ᠠᠨ᠎ᠳᠤ ᠣᠷᠣᠯᠴᠠᠭᠰᠠᠳ ᠥᠪᠡᠷᠲᠡᠭᠡᠨ ᠡᠬᠡ ᠨᠤᠤᠷᠠᠭ ᠵᠶ᠋ᠡᠨ ᠦᠯᠡᠳᠡᠭᠡᠭᠡᠷᠡᠢ᠃

  (ᠲᠦᠷᠪᠡ) ᠡᠬᠡ ᠪᠢᠴᠢᠭ ᠶᠠᠪᠤᠭᠤᠯᠤᠭᠰᠠᠨ ᠬᠥᠮᠦᠨ ᠪᠦᠬᠦᠨ ᠴᠥᠮ ᠲᠤᠰ ᠤᠳᠠᠭ᠋ᠠᠨ᠎ᠤ ᠤᠷᠤᠯᠳᠤᠭ᠋ᠠᠨ᠎ᠤ ᠡᠯ᠎ᠡ ᠵᠦᠢ᠍ᠯ᠎ᠤᠨ ᠲᠣᠭᠲᠠᠭ᠋ᠠᠯ᠎ᠢ ᠨᠤᠲᠠᠯᠠᠬᠤ ᠵᠢᠨ ᠬᠠᠮᠲᠤ ᠵᠢᠷᠤᠮᠯᠠᠬᠤ ᠬᠡᠷᠡᠭᠲᠡᠶ᠃ ᠲᠣᠰ ᠤᠳᠠᠭ᠋ᠠᠨ᠎ᠤ ᠠᠵᠢᠯᠯᠠᠭ᠎ᠠ ᠵᠢᠨ ᠡᠴᠦᠰ᠎ᠤᠨ ᠲᠠᠶ᠋ᠢᠯᠪᠤᠷᠢᠯᠠᠬᠤ ᠡᠷᠬᠡ᠎ᠨᠢ ᠭᠤᠤᠯᠯᠠᠨ ᠡᠷᠬᠢᠯᠡᠬᠦ ᠨᠢᠭᠡᠴᠢ᠎ᠳᠤ ᠥᠮᠴᠢᠯᠡᠭᠳᠡᠨ᠎ᠡ᠃

   ᠨᠠᠢ᠍ᠮᠠ᠂ ᠠᠵᠢᠯ᠎ᠤᠨ ᠱᠠᠭ᠋ᠠᠷᠳᠠᠯᠭ᠎ᠠ

   ᠡᠯ᠎ᠡ ᠭᠠᠵᠠᠷ᠂ ᠡᠯ᠎ᠡ ᠨᠢᠭᠡᠴᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠷᠤᠯᠳᠤᠭ᠋ᠠᠨ᠎ᠢ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ ᠪᠠ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢ ᠲᠥᠯᠥᠪᠵᠢᠭᠦᠯᠦᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠭᠠᠷᠳᠠᠴᠠ ᠪᠣᠯᠭ᠋ᠠᠵᠤ᠂ ᠨᠠᠷᠢᠨ ᠬᠢᠨᠠᠮᠠᠭ᠋ᠠᠢ ᠵᠣᠬᠢᠶᠠᠨ ᠪᠠᠶ᠋ᠢᠭᠤᠯᠵᠤ᠂ ᠬᠠᠷᠢᠯᠴᠠᠭ᠎ᠠ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠱᠠᠯᠠᠪᠳᠠᠭᠤᠯᠤᠨ ᠵᠢᠯᠣᠭᠤᠳᠴᠤ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠡᠯ᠎ᠡ ᠲᠥᠷᠥᠯ᠎ᠤᠨ ᠵᠠᠭᠤᠴᠢᠯᠠᠭᠤᠷ᠂ ᠤᠬᠠᠭᠤᠯᠭ᠎ᠠ ᠵᠢᠨ ᠠᠴᠢᠶᠠᠯᠠᠪᠤᠷᠢ᠂ ᠲᠠᠪᠴᠠᠩ᠎ᠤᠨ ᠲᠠᠩᠰᠠᠨ ᠨᠣᠮᠧᠷ᠂ ᠡᠬᠢ ᠪᠠᠶᠠᠯᠢᠭ᠎ᠤᠨ ᠠᠷᠭ᠎ᠠ ᠵᠠᠮ᠎ᠢ ᠭᠦᠢ᠍ᠴᠡᠳ ᠠᠰᠢᠭᠯᠠᠨ ᠡᠯ᠎ᠡ ᠰᠢᠰᠲ᠋ᠧᠮ᠎ᠤᠨ ᠬᠣᠯᠪᠤᠭᠳᠠᠯ ᠪᠥᠬᠦᠶ ᠠᠵᠢᠯ ᠲᠥᠷᠥᠯ᠎ᠤᠨ ᠪᠠᠶ᠋ᠢᠭᠤᠯᠤᠮᠵᠢ᠂ ᠦᠢ᠍ᠯᠡᠳᠬᠦ ᠨᠢᠭᠡᠴᠢ ᠪᠠ ᠬᠤᠪᠢ ᠬᠥᠮᠦᠨ᠎ᠢ ᠥᠷᠭᠡᠨ ᠵᠶ᠋ᠠᠷ ᠳᠠᠶ᠋ᠢᠴᠢᠯᠠᠨ ᠣᠷᠣᠯᠴᠠᠭᠤᠯᠬᠤ ᠬᠡᠷᠡᠭᠲᠡᠢ᠃

   ᠡᠯ᠎ᠡ ᠠᠶ᠋ᠢᠮᠠᠭ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ᠎ᠪᠠᠨ ᠳᠣᠲᠣᠷᠠᠬᠢ ᠪᠦᠲᠦᠭᠡᠯ᠎ᠤᠨ ᠠᠩᠬᠠᠨ᠎ᠤ ᠬᠢᠨᠠᠯᠲᠠ ᠵᠢᠨ ᠠᠵᠢᠯ᠎ᠢ ᠲᠦᠷᠦᠭᠦᠯᠡᠨ ᠬᠠᠷᠢᠭᠤᠴᠠᠵᠤ᠂ ᠪᠦᠲᠦᠭᠡᠯ᠎ᠤᠨ ᠮᠡᠳᠡᠭᠦᠯᠦᠨ ᠬᠦᠷᠭᠡᠭᠰᠡᠨ ᠮᠡᠳᠡᠭᠡ ᠵᠠᠩᠭᠢ ᠵᠢᠴᠢ ᠭᠤᠶᠤᠴᠢᠯᠠᠨ ᠮᠡᠳᠡᠭᠦᠯᠬᠦ ᠴᠢᠬᠤᠯᠠ ᠮᠠᠲ᠋ᠧᠷᠢᠶᠠᠯ᠎ᠢ ᠭᠤᠤᠯᠳᠠᠯᠭ᠎ᠠ᠎ᠲᠠᠢ ᠬᠢᠨᠠᠨ ᠬᠠᠷᠭᠤᠭᠤᠯᠵᠤ᠂ ᠵᠣᠬᠢᠶᠠᠯ ᠪᠦᠲᠦᠭᠡᠯ ᠪᠠ ᠪᠦᠲᠦᠭᠡᠯᠴᠢ ᠪᠢᠴᠢᠭ᠎ᠤᠨ ᠲᠦᠰᠦᠯ᠎ᠢ ᠮᠡᠳᠡᠭᠦᠯᠦᠨ ᠬᠦᠷᠭᠡᠬᠦ ᠴᠠᠭ᠎ᠠᠴᠠ ᠡᠮᠦᠨ᠎ᠡ ᠪᠦᠲᠦᠭᠡᠯ ᠡᠯᠰᠡᠬᠦ ᠲᠠᠪᠴᠠᠩ᠎ᠳᠤ ᠠᠩᠬᠠᠨ᠎ᠤ ᠬᠢᠨᠠᠯᠲᠠ ᠵᠢ ᠳᠠᠭᠤᠰᠬᠠᠬᠤ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠩᠬ᠎ᠠ ᠬᠢᠨᠠᠯᠲᠠ ᠵᠢᠨ ᠳᠠᠩᠰᠠᠨ ᠨᠣᠮᠸᠷ᠎ᠢ ᠠᠰᠲᠠᠭ᠋ᠠᠨ ᠮᠡᠳᠡᠭᠳᠡᠨ᠎ᠡ᠃

  

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ

2024 ᠣᠨ᠎ᠤ 5 ᠳ᠋ᠤᠭ᠋ᠠᠷ ᠰᠠᠷ᠎ᠠ ᠵᠢᠨ 8᠎ᠤ ᠡᠳᠦᠷ

 

   ᠬᠠᠷᠢᠯᠴᠠᠬᠤ ᠬᠥᠮᠦᠨ᠄ ᠰᠠᠴᠤᠷᠠ᠂ ᠬᠠᠷᠢᠯᠴᠠᠬᠤ ᠤᠲᠠᠰᠤ᠄ 0471-4590095

   ᠬᠠᠷᠢᠯᠴᠠᠬᠤ ᠬᠥᠮᠦᠨ᠄ ᠶᠠᠩ ᠴᠦᠨ ᠰᠢᠶᠠᠩ᠂ ᠬᠠᠷᠢᠯᠴᠠᠬᠤ ᠤᠲᠠᠰᠤ᠄ 0471 - 4590092

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ