ᠡᠯ᠎ᠡ ᠠᠶ᠋ᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠬᠤᠷᠢᠶ᠎ᠠ᠂ ᠥᠪᠥᠷ ᠮᠣᠩᠭᠤᠯ᠎ᠤᠨ ᠺᠢᠨᠣ᠋ ᠵᠢᠨ ᠪᠦᠯᠦᠭᠯᠡᠯ᠂ ᠬᠣᠯᠪᠤᠭᠳᠠᠯ ᠪᠦᠬᠦᠢ ᠳᠡᠭᠡᠳᠦ ᠰᠤᠷᠭ᠋ᠠᠭᠤᠯᠢ (ᠳᠡᠭᠡᠳᠦ ᠰᠤᠷᠭ᠋ᠠᠭᠤᠯᠢ ᠰᠠᠯᠪᠤᠷᠢ)᠄
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠰᠦᠯᠵᠢᠶᠡᠨ᠎ᠤ ᠦᠵᠡᠵᠦ ᠰᠣᠨᠣᠰᠬᠤ ᠰᠣᠳᠣᠨ ᠪᠦᠲᠦᠭᠡᠯ ᠵᠶ᠋ᠠᠷ ᠪᠦᠯᠬᠦᠮᠳᠡᠨ ᠲᠡᠮᠡᠴᠡᠬᠦ ᠰᠦᠷ ᠳᠠᠯᠠᠶ᠋ᠢᠴᠠᠲᠠᠢ ᠬᠦᠴᠦᠨ᠎ᠢ ᠨᠢᠭᠲᠠᠷᠠᠭᠤᠯᠵᠤ᠂ ᠰᠢᠨ᠎ᠡ ᠠᠶᠠᠨ ᠵᠠᠮ ᠵᠶ᠋ᠠᠷ ᠴᠢᠷᠮᠠᠶ᠋ᠢᠨ ᠵᠠᠮᠨᠠᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ ᠵᠢᠨ ᠲᠥᠯᠥᠭᠡ᠂ ᠮᠠᠨ᠎ᠤ ᠲᠣᠪᠴᠢᠶ᠎ᠠ 2024 ᠣᠨ᠎ᠤ 《ᠳᠤᠮᠳᠠᠳᠤ ᠵᠢᠨ ᠵᠡᠭᠦᠳᠦ᠂ ᠰᠢᠨ᠎ᠡ ᠠᠶᠠᠨ》 ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠤᠤᠭ᠋ᠠᠯ ᠡᠭᠦᠳᠦᠯᠲᠡ ᠵᠢ ᠴᠤᠭᠯᠠᠭᠤᠯᠤᠨ ᠨᠡᠪᠲᠡᠷᠡᠭᠦᠯᠬᠦ ᠠᠵᠢᠯᠯᠠᠭ᠎ᠠ ᠥᠷᠨᠢᠭᠦᠯᠬᠦ ᠵᠢᠨ ᠬᠠᠮᠲᠤ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ ᠵᠢᠨ ᠡᠯᠰᠡᠨ ᠴᠤᠭᠯᠠᠭᠤᠯᠬᠤ ᠪᠠ ᠳᠡᠯᠭᠡᠨ ᠨᠡᠪᠲᠡᠷᠡᠭᠦᠯᠬᠦ ᠠᠵᠢᠯᠯᠠᠭ᠎ᠠ᠎ᠳᠤ ᠢᠳᠡᠪᠬᠢᠲᠡᠢ ᠣᠷᠣᠯᠴᠠᠨ᠎ᠠ᠃ ᠬᠠᠮᠢᠶ᠎ᠠ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠰᠢᠯᠭ᠋ᠠᠷᠠᠭᠤᠯᠤᠯᠲᠠ᠎ᠳᠤ ᠣᠷᠣᠯᠴᠠᠬᠤ ᠡᠲᠡᠭᠡᠳ
ᠰᠢᠯᠭ᠋ᠠᠷᠠᠭᠤᠯᠤᠯᠲᠠ᠎ᠳᠤ ᠣᠷᠣᠯᠴᠠᠬᠤ ᠪᠦᠲᠦᠭᠡᠯ᠎ᠨᠢ 2023 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 2024 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ ᠠᠩᠬ᠎ᠠ ᠨᠡᠪᠲᠡᠷᠡᠭᠦᠯᠦᠭᠰᠡᠨ ᠰᠢᠯᠢᠳᠡᠭ ᠪᠦᠲᠦᠭᠡᠯᠴᠢ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ ᠪᠠᠶ᠋ᠢᠵᠤ᠂ ᠫᠷᠤᠭ᠌ᠷᠠᠮ᠎ᠤᠨ ᠲᠥᠷᠥᠯ ᠢᠯᠭ᠋ᠠᠯ᠎ᠨᠢ ᠰᠦᠯᠵᠢᠶᠡᠨ᠎ᠤ ᠪᠠᠷᠢᠮᠲᠠᠲᠤ ᠹᠢᠯᠢᠮ᠂ ᠰᠦᠯᠵᠢᠶᠡᠨ᠎ᠤ ᠶᠡᠷᠦᠩᠬᠡᠶ᠋ᠢᠯᠡᠭᠰᠡᠨ ᠤᠷᠠᠯᠢᠭ᠎ᠤᠨ ᠫᠷᠤᠭ᠌ᠷᠠᠮ᠂ ᠰᠦᠯᠵᠢᠶᠡᠨ᠎ᠤ ᠺᠠᠷᠲ᠋ᠣᠨ ᠹᠢᠯᠢᠮ᠂ ᠰᠦᠯᠵᠢᠶᠡᠨ᠎ᠤ ᠵᠦᠴᠦᠭᠡ᠂ ᠰᠦᠯᠵᠢᠶᠡᠨ᠎ᠤ ᠪᠢᠴᠢᠯ ᠣᠬᠤᠷ ᠵᠦᠴᠦᠭᠡ᠂ ᠰᠦᠯᠵᠢᠶᠡᠨ᠎ᠤ ᠺᠢᠨᠣ᠋᠂ ᠰᠦᠯᠵᠢᠶᠡᠨ᠎ᠤ ᠪᠢᠴᠢᠯ ᠺᠢᠨᠣ᠋᠂ ᠰᠦᠯᠵᠢᠶᠡᠨ᠎ᠤ ᠲᠠᠭᠤᠨ᠎ᠤ ᠫᠷᠤᠭ᠌ᠷᠠᠮ᠂ ᠣᠬᠤᠷ ᠸᠢᠳᠢᠣ᠋᠂ ᠰᠦᠯᠵᠢᠶᠡᠨ᠎ᠤ ᠨᠡᠶ᠋ᠢᠲᠡ ᠵᠢᠨ ᠠᠰᠠᠷᠠᠮᠵᠢ ᠵᠢᠨ ᠣᠬᠤᠷ ᠹᠢᠯᠢᠮ᠎ᠢ ᠬᠠᠮᠤᠷᠤᠭᠰᠠᠨ ᠪᠠᠶ᠋ᠢᠬᠤ ᠬᠡᠷᠡᠭᠲᠡᠢ᠃ ᠰᠦᠯᠵᠢᠶᠡᠨ᠎ᠤ ᠦᠵᠡᠵᠦ ᠰᠣᠨᠣᠰᠬᠤ ᠲᠠᠪᠴᠠᠩ᠎ᠳᠤ ᠰᠦᠯᠵᠢᠶᠡᠨ ᠳᠡᠭᠡᠷ᠎ᠡ ᠬᠠᠷᠠᠬᠠᠨ ᠨᠡᠪᠲᠡᠷᠡᠭᠦᠯᠦᠭᠡᠳᠦᠶ ᠪᠦᠲᠦᠭᠡᠯ᠎ᠢ ᠰᠢᠯᠭ᠋ᠠᠷᠠᠭᠤᠯᠤᠯᠲᠠ᠎ᠳᠤ ᠲᠦᠷ ᠣᠷᠣᠯᠴᠠᠭᠤᠯᠬᠤ ᠦᠭᠡᠢ᠂ ᠭᠤᠶᠤᠴᠢᠯᠠᠨ ᠮᠡᠳᠡᠭᠦᠯᠬᠦ ᠪᠠᠶ᠋ᠢᠭᠤᠯᠤᠮᠵᠢ ᠪᠤᠶᠤ ᠬᠤᠪᠢ ᠬᠥᠮᠦᠨ ᠫᠷᠤᠭ᠌ᠷᠠᠮ᠎ᠤᠨ ᠬᠡᠪᠯᠡᠯ᠎ᠤᠨ ᠡᠷᠬᠡ ᠵᠢᠨ ᠥᠮᠴᠢᠯᠡᠭᠴᠢ ᠪᠠᠶ᠋ᠢᠬᠤ ᠬᠡᠷᠡᠭᠲᠡᠶ᠃
ᠬᠤᠶᠠᠷ᠂ ᠰᠢᠯᠭ᠋ᠠᠷᠠᠭᠤᠯᠤᠯᠲᠠ᠎ᠳᠤ ᠣᠷᠣᠯᠴᠠᠬᠤ ᠱᠠᠭ᠋ᠠᠷᠳᠠᠯᠭ᠎ᠠ
ᠰᠢᠯᠭ᠋ᠠᠷᠠᠭᠤᠯᠤᠯᠲᠠ᠎ᠳᠤ ᠣᠷᠣᠯᠴᠠᠬᠤ ᠪᠦᠲᠦᠭᠡᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠥᠪ ᠤᠯᠤᠰ ᠲᠦᠷᠦ ᠵᠢᠨ ᠴᠢᠭᠯᠡᠯ᠂ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠂ ᠦᠷᠳᠡᠭ᠎ᠤᠨ ᠬᠠᠨᠳᠤᠰᠢ ᠵᠢ ᠪᠠᠷᠢᠮᠲᠠᠯᠠᠵᠤ᠂ ᠠᠷᠠᠳ ᠲᠦᠮᠡᠨ ᠵᠶ᠋ᠠᠷ ᠭᠤᠣᠯ ᠪᠣᠯᠭ᠋ᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠵᠢ ᠪᠠᠷᠢᠮᠲᠠᠯᠠᠵᠤ᠂ ᠦᠵᠡᠯ ᠰᠠᠨᠠᠭ᠎ᠠ᠎ᠨᠢ ᠭᠦᠨᠵᠡᠭᠡᠢ᠂ ᠤᠷᠠᠯᠢᠭ᠎ᠨᠢ ᠠᠪᠰᠠᠷᠬᠠᠨ᠂ ᠦᠢ᠍ᠯᠡᠳᠦᠭᠰᠡᠨ᠎ᠨᠢ ᠨᠠᠷᠢᠯᠢᠭ ᠰᠠᠶ᠋ᠢᠬᠠᠨ᠎ᠢ ᠬᠠᠷᠢᠯᠴᠠᠨ ᠨᠢᠭᠡᠳᠬᠡᠬᠦ ᠵᠢ ᠪᠠᠷᠢᠮᠲᠠᠯᠠᠬᠤ ᠬᠡᠷᠡᠭᠲᠡᠢ᠃ 《ᠳᠤᠮᠳᠠᠳᠤ ᠵᠢᠨ ᠵᠡᠭᠦᠳᠦ᠂ ᠰᠢᠨ᠎ᠡ ᠠᠶᠠᠨ》 ᠭᠤᠤᠯ ᠰᠡᠳᠦᠪ᠎ᠢ ᠭᠣᠣᠯᠳᠠᠭᠤᠯᠤᠨ ᠴᠤᠭᠯᠠᠭᠤᠯᠵᠤ᠂ ᠳᠣᠤᠷᠠᠬᠢ ᠲᠠᠯ᠎ᠠ᠎ᠪᠠᠷ ᠵᠣᠬᠢᠶᠠᠨ ᠪᠦᠲᠦᠭᠡᠬᠦ ᠬᠢᠷᠢ ᠬᠡᠮᠵᠢᠶ᠎ᠡ᠎ᠪᠠᠷ ᠥᠨᠳᠥᠷ᠂ ᠳᠠᠮᠵᠢᠭᠤᠯᠭ᠎ᠠ ᠵᠢᠨ ᠦᠷ᠎ᠡ ᠪᠦᠲᠦᠮᠵᠢ᠎ᠪᠠᠷ ᠰᠠᠶ᠋ᠢᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠢ ᠨᠡᠪᠲᠡᠷᠡᠭᠦᠯᠦᠨ᠎ᠡ᠄
(ᠨᠢᠭᠡ) ᠦᠵᠡᠯ ᠰᠠᠨᠠᠭ᠋ᠠᠨ᠎ᠤ ᠲᠤᠭ᠎ᠢ ᠥᠨᠳᠥᠷ ᠮᠠᠨᠳᠤᠭᠤᠯᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠦᠢ᠍ᠯᠡᠴᠢᠯᠡᠨ᠎ᠡ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠠᠮᠢᠳᠤᠯᠢᠭ ᠵᠶ᠋ᠠᠷ ᠤᠬᠠᠭᠤᠯᠤᠨ ᠲᠠᠶ᠋ᠢᠯᠪᠤᠷᠢᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠤᠣᠯ ᠰᠡᠳᠦᠪ ᠭᠤᠣᠯ ᠰᠢᠵᠢᠮ᠎ᠲᠠᠢ ᠨᠢᠭᠲᠠ ᠤᠶᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠵᠢᠨ ᠪᠣᠯᠪᠠᠰᠤᠨ᠎ᠤ ᠪᠦᠲᠦᠭᠡᠨ ᠪᠠᠶ᠋ᠢᠭᠤᠯᠤᠯᠲᠠ ᠵᠡᠷᠭᠡ ᠴᠢᠬᠤᠯᠠ ᠶᠡᠭᠡ ᠭᠤᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠵᠢ ᠠᠮᠢᠳᠤᠯᠢᠭ ᠵᠶ᠋ᠠᠷ ᠢᠯᠡᠷᠡᠭᠦᠯᠬᠦ ᠬᠡᠷᠡᠭᠲᠡᠢ᠃
(ᠬᠤᠶᠠᠷ) ᠡᠬᠡ ᠣᠷᠣᠨᠴᠢ ᠦᠵᠡᠯ᠎ᠢ ᠢᠯᠡᠷᠡᠭᠦᠯᠵᠦ᠂ ᠨᠡᠢ᠍ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠠᠳᠠᠷᠠᠭᠤᠯᠤᠨ᠎ᠠ᠃ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ ᠵᠢ ᠪᠡᠯᠭᠡᠯᠡᠬᠦ ᠵᠢᠨ ᠲᠣᠭᠤᠷᠢᠨ᠎ᠳᠤ᠂ ᠨᠠᠮ ᠪᠠᠶ᠋ᠢᠭᠤᠯᠬᠤ ᠠᠭᠤᠤ ᠶᠡᠭᠡ ᠵᠣᠷᠢᠭ ᠰᠠᠨᠠᠭ᠎ᠠ᠎ᠪᠠᠷ ᠡᠬᠢ ᠰᠤᠷᠪᠤᠯᠵᠢ ᠪᠣᠯᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭ᠋ᠠᠨ᠎ᠤ ᠤᠳᠤᠮᠰᠢᠯ᠎ᠢ ᠠᠮᠢᠳᠤᠯᠢᠭ ᠵᠶ᠋ᠠᠷ ᠢᠯᠡᠷᠡᠭᠦᠯᠵᠦ᠂ ᠡᠬᠡ ᠣᠷᠣᠨᠴᠢ ᠦᠵᠡᠯ᠂ ᠨᠡᠶ᠋ᠢᠲᠡᠴᠢ ᠦᠵᠡᠯ᠂ ᠨᠡᠶ᠋ᠢᠭᠡᠮ ᠵᠢᠷᠤᠮ᠎ᠤᠨ ᠬᠥᠮᠥᠵᠢᠯ᠎ᠢ ᠭᠦᠨᠵᠡᠭᠡᠶ᠋ᠢᠷᠡᠭᠦᠯᠦᠨ᠂ ᠡᠷᠳᠡᠮᠲᠡᠨ ᠮᠡᠷᠭᠡᠳ᠎ᠠᠴᠠ᠎ᠲᠠᠭᠠᠨ ᠰᠤᠷᠤᠯᠴᠠᠬᠤ᠂ ᠪᠠᠭ᠋ᠠᠲᠤᠷᠴᠤᠳ ᠵᠶ᠋ᠠᠨ ᠡᠷᠬᠢᠮᠯᠡᠬᠦ᠂ ᠬᠤᠰᠢᠭᠤᠴᠢ ᠪᠣᠯᠬᠤ᠎ᠪᠠᠷ ᠴᠢᠷᠮᠠᠶ᠋ᠢᠬᠤ ᠵᠢ ᠠᠬᠢᠭᠤᠯᠵᠤ᠂ ᠬᠥᠳᠡᠯᠮᠦᠷᠢ ᠵᠢᠨ ᠵᠣᠷᠢᠭ ᠰᠠᠨᠠᠭ᠎ᠠ᠂ ᠲᠡᠮᠡᠴᠡᠯ᠎ᠤᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠵᠣᠬᠢᠶᠠᠨ ᠪᠦᠲᠦᠭᠡᠬᠦ ᠵᠣᠷᠢᠭ ᠰᠠᠨᠠᠭ᠎ᠠ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠵᠢ ᠰᠠᠨᠠᠭ᠋ᠠᠴᠢᠯᠠᠵᠤ᠂ ᠠᠷᠠᠳ ᠲᠦᠮᠡᠨ᠎ᠢ ᠬᠦᠲᠦᠯᠦᠨ ᠵᠢᠯᠣᠭᠤᠳᠴᠤ ᠪᠠᠶ᠋ᠢᠭ᠋ᠠᠳ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠮᠲᠤ ᠵᠢᠨ ᠬᠦᠰᠡᠯᠡᠩ᠎ᠢ ᠲᠠᠰᠤᠷᠠᠯᠲᠠ ᠦᠭᠡᠢ ᠪᠠᠳᠤᠳᠬᠠᠬᠤ ᠬᠡᠷᠡᠭᠲᠡᠢ᠃
(ᠭᠤᠷᠪᠠ) ᠰᠣᠶᠣᠯ᠎ᠤᠨ ᠢᠲᠡᠭᠡᠯ᠎ᠢ ᠪᠠᠲᠤᠳᠬᠠᠵᠤ᠂ ᠰᠣᠶᠣᠯ᠎ᠤᠨ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠠᠬᠢᠭᠤᠯᠤᠨ᠎ᠠ᠃ ᠳᠤᠮᠳᠠᠳᠤ ᠵᠢᠨ ᠰᠣᠶᠣᠯ᠎ᠤᠨ ᠵᠣᠭᠰᠣᠯᠲᠠ ᠵᠢ ᠪᠠᠲᠤ ᠰᠠᠬᠢᠵᠤ᠂ ᠡᠷᠲᠡᠨ᠎ᠤ᠎ᠬᠢ ᠵᠢ ᠡᠳᠦᠭᠡ᠎ᠳᠤ ᠬᠡᠷᠡᠭᠯᠡᠬᠦ᠂ ᠬᠠᠭᠤᠴᠢᠨ᠎ᠢ ᠤᠷᠬᠢᠵᠤ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠳᠤᠮᠳᠠᠳᠤ ᠵᠢᠨ ᠪᠣᠯᠪᠠᠰᠤᠨ᠎ᠤ ᠳᠤᠪᠤᠶ᠋ᠢᠮ᠎ᠠ ᠦᠷᠭᠦᠯᠵᠢᠯᠡᠬᠦ᠋ᠢ᠍ᠴᠡ ᠴᠢᠨᠠᠷ᠂ ᠰᠢᠨ᠎ᠡ ᠵᠢ ᠡᠭᠦᠳᠬᠦ ᠴᠢᠨᠠᠷ᠂ ᠨᠢᠭᠡᠳᠦᠮᠡᠯ ᠴᠢᠨᠠᠷ᠂ ᠪᠠᠭᠲᠠᠭ᠋ᠠᠮᠵᠢᠲᠤ ᠴᠢᠨᠠᠷ᠂ ᠡᠶ᠎ᠡ ᠨᠠᠶ᠋ᠢᠷᠠᠮᠳᠠᠭᠤ ᠴᠢᠨᠠᠷ᠎ᠢ ᠠᠮᠢᠳᠤᠯᠢᠭ ᠵᠶ᠋ᠠᠷ ᠢᠯᠡᠷᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠵᠢ ᠡᠭᠦᠳᠬᠦ ᠴᠢᠨᠠᠷᠲᠠᠢ ᠬᠥᠭᠵᠢᠯᠲᠡ ᠵᠢ ᠠᠬᠢᠭᠤᠯᠵᠤ᠂ ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ ᠲᠥᠪ ᠰᠤᠷᠲᠠᠯ ᠪᠠ ᠣᠮᠤᠭ ᠰᠦᠷ ᠵᠶ᠋ᠠᠷ ᠲᠡᠦᠬᠡ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠵᠦ᠂ ᠤᠳᠤ ᠦᠶ᠎ᠡ ᠵᠢᠨ ᠢᠷᠠᠭᠤ ᠬᠠᠭᠤᠳᠠᠰᠤ ᠵᠢ ᠪᠢᠴᠢᠭᠯᠡᠬᠦ ᠬᠡᠷᠡᠭᠲᠡᠢ᠃
(ᠲᠦᠷᠪᠡ) ᠪᠣᠳᠠᠲᠤ ᠠᠮᠢᠳᠤᠷᠠᠯ᠎ᠳᠤ ᠦᠨᠳᠦᠰᠦᠯᠡᠵᠦ᠂ ᠠᠷᠠᠳ ᠣᠯᠠᠨ᠎ᠤ ᠣᠶᠤᠨ ᠰᠠᠨᠠᠭ᠋ᠠᠨ᠎ᠤ ᠬᠦᠴᠦᠨ᠎ᠢ ᠨᠡᠮᠡᠭᠳᠡᠭᠦᠯᠦᠨ᠎ᠡ᠃ ᠠᠷᠠᠳ ᠤᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠤᠶᠤᠨ᠎ᠤ ᠪᠠ ᠰᠤᠶᠤᠯ᠎ᠤᠨ ᠬᠡᠷᠡᠭᠴᠡᠭᠡ ᠵᠢ ᠡᠵᠡᠮᠳᠡᠵᠦ᠂ ᠠᠷᠠᠳ ᠲᠦᠮᠡᠨ᠎ᠤ ᠦᠢ᠍ᠯᠡᠳᠦᠯᠭᠡ᠎ᠳᠤ ᠦᠨᠳᠦᠰᠦᠯᠡᠵᠦ᠂ ᠴᠠᠭ ᠦᠶ᠎ᠡ ᠵᠢᠨ ᠤᠷᠤᠰᠬᠠᠯ᠎ᠢ ᠰᠠᠯᠤᠯ ᠦᠭᠡᠢ ᠳᠠᠭ᠋ᠠᠵᠤ᠂ ᠠᠬᠤᠢ᠍ᠢ᠍ᠴᠢ ᠦᠵᠡᠯ᠎ᠤᠨ ᠵᠤᠷᠢᠭ ᠰᠠᠨᠠᠭ᠎ᠠ ᠪᠠ ᠷᠤᠮᠠᠨᠲ᠋ᠢᠭ ᠦᠵᠡᠯ᠎ᠤᠨ ᠬᠠᠶ᠋ᠢᠷ᠎ᠠ ᠰᠡᠳᠭᠢᠯᠭᠡ᠎ᠪᠠᠷ ᠠᠬᠤᠶ᠋ᠢᠴᠢ ᠠᠮᠢᠳᠤᠷᠠᠯ᠎ᠢ ᠬᠠᠷᠠᠭ᠋ᠠᠯᠵᠠᠨ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠨᠡᠶ᠋ᠢᠴᠡᠭᠦᠯᠵᠦ᠂ ᠠᠷᠠᠳ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠢ ᠲᠤᠰᠬᠠᠵᠤ᠂ ᠲᠡᠮᠡᠴᠡᠯ᠎ᠤᠨ ᠠᠮᠢᠳᠤᠷᠠᠯ᠎ᠢ ᠮᠠᠭᠲᠠᠨ ᠳᠠᠭᠤᠯᠠᠵᠤ᠂ ᠬᠠᠮᠤᠭ᠎ᠤᠨ ᠭᠤᠶᠤ ᠬᠥᠮᠦᠰ᠎ᠢ ᠵᠢᠷᠤᠭᠯᠠᠵᠤ᠂ ᠳᠤᠮᠳᠠᠳᠤ ᠵᠢᠨ ᠬᠥᠮᠦᠨ᠎ᠤ ᠬᠦᠰᠡᠯ ᠵᠡᠭᠦᠳᠦ᠎ᠪᠠᠨ ᠬᠥᠭᠡᠭᠡᠴᠡᠯᠳᠦᠬᠦ᠂ ᠵᠡᠭᠦᠳᠦ᠎ᠪᠠᠨ ᠲᠡᠷᠭᠡᠯᠰᠢᠭᠦᠯᠬᠦ᠂ ᠵᠡᠭᠦᠳᠦ᠎ᠪᠠᠨ ᠲᠡᠷᠭᠡᠯᠰᠢᠭᠦᠯᠦᠭᠰᠡᠨ ᠦᠯᠢᠭᠡᠷ᠎ᠢ ᠰᠠᠶ᠋ᠢᠲᠤᠷ ᠶᠠᠷᠢᠵᠤ᠂ ᠲᠠᠰᠤᠷᠠᠯᠳᠠ ᠦᠭᠡᠢ ᠤᠯᠠᠷᠢᠨ ᠮᠠᠨᠳᠤᠭᠰᠠᠨ ᠠᠷᠠᠳ᠎ᠤᠨ ᠲᠤᠤᠯᠢᠰ᠎ᠢ ᠪᠢᠴᠢᠭᠯᠡᠬᠦ ᠬᠡᠷᠡᠭᠲᠡᠢ᠃
(ᠲᠠᠪᠤ) ᠰᠣᠶᠣᠯ᠎ᠤᠨ ᠰᠣᠯᠢᠯᠴᠠᠭ᠎ᠠ ᠵᠢ ᠠᠬᠢᠭᠤᠯᠵᠤ᠂ ᠳᠤᠮᠳᠠᠳᠤ ᠤᠯᠤᠰ᠎ᠤᠨ ᠦᠯᠢᠭᠡᠷ᠎ᠢ ᠭᠠᠳᠠᠭᠰᠢ ᠰᠠᠢ᠌ᠲᠤᠷ ᠶᠠᠷᠢᠨ᠎ᠠ᠃ ᠤᠯᠠᠨ ᠤᠯᠤᠰ᠎ᠤᠨ ᠳᠠᠮᠵᠢᠭᠤᠯᠭ᠎ᠠ ᠵᠢᠨ ᠬᠦᠷᠢᠶᠡᠨ᠎ᠤ ᠰᠢᠯᠵᠢᠯᠲᠡ᠂ ᠨᠡᠶ᠋ᠢᠭᠡᠮ᠎ᠤᠨ ᠬᠠᠷᠢᠯᠴᠠᠭ᠎ᠠ᠂ ᠦᠵᠡᠭᠳᠡᠬᠦ᠋ᠢ᠍ᠴᠡ ᠬᠠᠨᠳᠤᠰᠢ ᠵᠢ ᠡᠵᠡᠮᠳᠡᠵᠦ᠂ ᠨᠡᠬᠡᠬᠡᠯᠲᠡᠲᠡᠢ ᠪᠠᠭᠲᠠᠭ᠋ᠠᠮᠵᠢᠲᠠᠢ ᠪᠠᠶ᠋ᠢᠬᠤ ᠵᠢ ᠪᠠᠷᠢᠮᠲᠠᠯᠠᠨ᠂ ᠭᠠᠳᠠᠭ᠋ᠠᠳᠤ ᠵᠢᠨ ᠰᠢᠯᠢᠳᠡᠭ ᠤᠳᠬ᠎ᠠ ᠤᠷᠠᠯᠢᠭ᠎ᠢ ᠰᠤᠷᠤᠯᠴᠠᠨ ᠲᠣᠯᠢᠯᠠᠵᠤ᠂ ᠭᠠᠳᠠᠨ᠎ᠠ᠎ᠠᠴᠠ ᠢᠷᠡᠭᠰᠡᠨ ᠰᠣᠶᠣᠯ᠎ᠢ ᠰᠤᠷᠤᠯᠴᠠᠨ ᠲᠤᠯᠢᠳᠠᠵᠤ᠂ ᠳᠤᠮᠳᠠᠳᠤ ᠤᠯᠤᠰ᠎ᠤᠨ ᠭᠤᠸ᠎ᠠ ᠰᠠᠶ᠋ᠢᠬᠠᠨ᠎ᠤ ᠵᠣᠷᠢᠯᠲᠠ ᠳᠤᠷ᠎ᠠ ᠰᠣᠨᠢᠷᠬᠠᠯ᠎ᠢ ᠢᠯᠡᠷᠡᠭᠦᠯᠵᠦ᠂ ᠤᠳᠤ ᠦᠶ᠎ᠡ ᠵᠢᠨ ᠳᠤᠮᠳᠠᠳᠤ ᠤᠯᠤᠰ᠎ᠤᠨ ᠦᠷᠳᠡᠭ᠎ᠤᠨ ᠦᠵᠡᠯᠲᠡ ᠵᠢ ᠳᠠᠮᠵᠢᠭᠤᠯᠵᠤ᠂ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠦᠷᠳᠡᠭ᠎ᠤᠨ ᠬᠥᠭᠡᠭᠡᠴᠡᠯᠳᠦᠯ᠎ᠢ ᠲᠤᠰᠬᠠᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠳᠤᠮᠳᠠ ᠭᠠᠳᠠᠭ᠋ᠠᠳᠤ ᠵᠢᠨ ᠬᠦᠯᠢᠶᠡᠨ ᠠᠪᠤᠭᠴᠢᠳ᠎ᠢ ᠣᠯᠵᠤ᠂ ᠢᠲᠡᠭᠡᠯᠲᠡᠢ᠂ ᠬᠠᠶ᠋ᠢᠷᠠᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ᠎ᠤᠨ ᠲᠦᠷᠢ ᠲᠥᠷᠬᠦ ᠵᠢ ᠢᠯᠡᠷᠡᠭᠦᠯᠬᠦ ᠬᠡᠷᠡᠭᠲᠡᠢ᠃
(ᠵᠢᠷᠭᠤᠭ᠎ᠠ) ᠢᠳᠡᠪᠬᠢᠲᠡᠢ᠎ᠪᠠᠷ ᠰᠢᠨ᠎ᠡ ᠵᠢ ᠡᠭᠦᠳᠦᠨ ᠪᠦᠲᠦᠭᠡᠵᠦ᠂ ᠰᠦᠯᠵᠢᠶᠡᠨ᠎ᠤ ᠦᠵᠡᠵᠦ ᠰᠣᠨᠣᠰᠬᠤ ᠤᠳᠬ᠎ᠠ ᠤᠷᠠᠯᠢᠭ᠎ᠤᠨ ᠰᠢᠨ᠎ᠡ ᠠᠬᠤᠢ ᠪᠠᠶ᠋ᠢᠳᠠᠯ᠎ᠢ ᠨᠡᠭᠡᠭᠡᠨ᠎ᠡ᠃ ᠢᠨᠲ᠋ᠧᠷ ᠰᠦᠯᠵᠢᠶᠡᠨ᠎ᠤ ᠮᠡᠷᠭᠡᠵᠢᠯ ᠪᠠ ᠰᠢᠨ᠎ᠡ ᠵᠠᠭᠤᠴᠢᠯᠠᠭᠤᠷ᠎ᠤᠨ ᠤᠳᠬ᠎ᠠ ᠤᠷᠠᠯᠢᠭ᠎ᠤᠨ ᠬᠡᠯᠪᠡᠷᠢ᠎ᠳᠠᠬᠢ ᠭᠦᠨᠵᠡᠭᠡᠢ ᠨᠥᠯᠥᠭᠡ ᠵᠢ ᠡᠵᠡᠮᠰᠢᠵᠦ᠂ ᠭᠤᠣᠯ ᠤᠷᠤᠰᠬᠠᠯ᠎ᠤᠨ ᠥᠷᠲᠡᠭ᠎ᠤᠨ ᠦᠵᠡᠯᠲᠡ ᠪᠠ ᠤᠳᠬ᠎ᠠ ᠤᠷᠠᠯᠢᠭ᠎ᠤᠨ ᠭᠤᠸ᠎ᠠ ᠰᠠᠶ᠋ᠢᠬᠠᠨ᠎ᠤ ᠬᠥᠭᠡᠭᠡᠴᠡᠯᠳᠦᠯ᠎ᠢ ᠪᠠᠲᠤ ᠰᠠᠬᠢᠬᠤ ᠤᠷᠢᠲᠠᠯ ᠳᠣᠣᠷ᠎ᠠ᠂ ᠰᠦᠯᠵᠢᠶᠡᠨ᠎ᠤ ᠦᠵᠡᠵᠦ ᠰᠣᠨᠣᠰᠬᠤ 《ᠤᠷᠠᠯᠢᠭ + ᠮᠡᠷᠭᠡᠵᠢᠯ》᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠣᠶ᠋ᠢᠯᠠᠭ᠋ᠠᠭᠳᠠᠬᠤᠨ᠂ ᠠᠭᠤᠯᠭ᠎ᠠ᠂ ᠬᠡᠪ ᠨᠠᠮᠪᠠ᠂ ᠤᠷᠤᠰᠬᠠᠯ ᠪᠦᠯᠦᠭ᠎ᠢ ᠵᠣᠷᠢᠭᠲᠠᠢ᠎ᠪᠠᠷ ᠰᠢᠨ᠎ᠡ ᠵᠢ ᠡᠭᠦᠳᠴᠦ᠂ ᠰᠡᠳᠦᠪ᠂ ᠴᠤᠭᠴᠠ᠂ ᠬᠡᠯᠪᠡᠷᠢ᠂ ᠠᠷᠭ᠎ᠠ ᠪᠠᠷᠢᠯ᠎ᠢ ᠢᠳᠡᠪᠬᠢᠲᠡᠢ ᠰᠢᠨᠡᠴᠢᠯᠡᠵᠦ᠂ ᠪᠦᠲᠦᠭᠡᠯᠴᠢ ᠰᠡᠳᠬᠢᠮᠵᠢ ᠵᠢᠨ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠵᠦ᠂ ᠤᠷᠠᠯᠢᠭ᠎ᠤᠨ ᠢᠯᠡᠳᠭᠡᠬᠦ ᠬᠡᠪᠴᠢᠶ᠎ᠡ ᠵᠢ ᠢᠳᠡᠪᠬᠢᠲᠡᠢ ᠥᠷᠭᠡᠳᠭᠡᠬᠦ ᠬᠡᠷᠡᠭᠲᠡᠢ᠃
(ᠳᠤᠯᠤᠭ᠎ᠠ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠨ ᠲᠣᠭᠤᠷᠢᠨ᠎ᠳᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ 《ᠲᠠᠪᠤᠨ ᠶᠡᠭᠡ ᠡᠭᠦᠷᠭᠡ》 ᠵᠢ ᠠᠮᠢᠳᠤᠯᠢᠭ ᠵᠶ᠋ᠠᠷ ᠳᠡᠯᠭᠡᠨ ᠦᠵᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠵᠤ᠂ 《ᠮᠣᠩᠭᠤᠯ ᠮᠣᠷᠢᠨ᠎ᠤ ᠵᠣᠷᠢᠭ ᠰᠠᠨᠠᠭ᠎ᠠ》 ᠵᠢ ᠪᠠᠳᠠᠷᠠᠭᠤᠯᠤᠨ᠂ 《ᠤᠮᠠᠷᠠᠲᠤ ᠬᠢᠯᠢ ᠵᠢᠨ ᠰᠣᠶᠣᠯ》᠎ᠤᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ ᠵᠡᠷᠭᠡ᠎ᠳᠤ ᠥᠪᠥᠷ ᠮᠣᠩᠭᠤᠯ᠎ᠤᠨ ᠰᠠᠶ᠋ᠢᠨ ᠰᠠᠶ᠋ᠢᠬᠠᠨ ᠳᠦᠷᠢ ᠲᠥᠷᠬᠦ ᠵᠢ ᠪᠣᠶ ᠪᠣᠯᠭ᠋ᠠᠭᠰᠠᠨ ᠰᠢᠯᠢᠳᠡᠭ ᠪᠦᠲᠦᠭᠡᠯ᠎ᠢ ᠪᠣᠶ ᠪᠣᠯᠭ᠋ᠠᠬᠤ ᠪᠠ ᠢᠯᠡᠷᠡᠭᠦᠯᠬᠦ ᠬᠡᠷᠡᠭᠲᠡᠢ᠃
ᠭᠤᠷᠪᠠ᠂ ᠠᠵᠢᠯᠯᠠᠭ᠎ᠠ ᠵᠢᠨ ᠠᠭᠤᠯᠭ᠎ᠠ
(ᠨᠢᠭᠡ) ᠫᠷᠤᠭ᠌ᠷᠠᠮ᠎ᠤᠨ ᠡᠯᠰᠡᠨ ᠴᠤᠭᠯᠠᠭᠤᠯᠭ᠎ᠠ᠃ ᠡᠯ᠎ᠡ ᠠᠶ᠋ᠢᠮᠠᠭ ᠬᠣᠲᠠ ᠪᠣᠯᠤᠨ ᠮᠠᠨᠵᠤᠤᠷ᠂ ᠡᠷᠢᠶᠡᠨ ᠬᠣᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ᠎ᠪᠠᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠨᠢᠭᠡᠴᠢ᠂ ᠷᠠᠳᠢᠣ᠋ ᠲᠧᠯᠸᠢᠰ᠎ᠤᠨ ᠫᠷᠤᠭ᠌ᠷᠠᠮ᠎ᠤᠨ ᠵᠣᠬᠢᠶᠠᠨ ᠪᠦᠲᠦᠭᠡᠵᠦ ᠡᠵᠡᠩᠨᠡᠬᠦ ᠪᠠᠶ᠋ᠢᠭᠤᠯᠤᠮᠵᠢ᠂ ᠬᠣᠯᠪᠤᠭᠳᠠᠯ ᠪᠦᠬᠦᠢ ᠠᠵᠢᠯ ᠲᠥᠷᠥᠯ᠎ᠤᠨ ᠺᠢᠨᠣ᠋ ᠲᠧᠯᠸᠢᠰ᠎ᠤᠨ ᠫᠷᠤᠭ᠌ᠷᠠᠮ᠎ᠤᠨ ᠵᠣᠬᠢᠶᠠᠨ ᠪᠦᠲᠦᠭᠡᠬᠦ ᠪᠠᠶ᠋ᠢᠭᠤᠯᠤᠮᠵᠢ᠂ ᠬᠣᠯᠪᠤᠭᠳᠠᠯ ᠪᠦᠬᠦᠢ ᠳᠡᠭᠡᠳᠦ ᠰᠤᠷᠭ᠋ᠠᠭᠤᠯᠢ (ᠳᠡᠭᠡᠳᠦ ᠰᠤᠷᠭ᠋ᠠᠭᠤᠯᠢ ᠰᠠᠯᠪᠤᠷᠢ) ᠵᠢᠴᠢ ᠬᠤᠪᠢ ᠬᠥᠮᠦᠨ ᠭᠤᠶᠤᠴᠢᠯᠠᠨ ᠮᠡᠳᠡᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠨᠢᠭᠡᠴᠢ ᠰᠠᠯᠠᠭ᠎ᠠ ᠮᠥᠴᠢᠷ᠎ᠤᠳ ᠰᠢᠭᠤᠳ ᠭᠤᠶᠤᠴᠢᠯᠠᠨ ᠮᠡᠳᠡᠭᠦᠯᠦᠨ᠎ᠡ᠃
(ᠬᠤᠶᠠᠷ) ᠫᠷᠦᠭᠷᠡᠮ᠎ᠤᠨ ᠬᠢᠨᠠᠨ ᠰᠢᠯᠭ᠋ᠠᠷᠠᠭᠤᠯᠤᠯᠲᠠ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠴᠤᠭᠯᠠᠭᠤᠯᠤᠭᠰᠠᠨ ᠫᠷᠤᠭ᠌ᠷᠠᠮ᠎ᠢ ᠬᠢᠨᠠᠨ ᠲᠣᠭᠲᠠᠭ᠋ᠠᠬᠤ ᠵᠢᠨ ᠬᠠᠮᠲᠤ ᠲᠠᠨᠢᠯᠴᠠᠭᠤᠯᠬᠤ ᠫᠷᠤᠭ᠌ᠷᠠᠮ᠎ᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠬᠠᠮᠢᠶᠠᠷᠤᠯᠲᠠ ᠵᠢᠨ ᠵᠤᠷᠭ᠋ᠠᠨ᠎ᠳᠤ ᠮᠡᠳᠡᠭᠦᠯᠦᠨ ᠬᠦᠷᠭᠡᠵᠦ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠲᠤᠰᠬᠠᠶ ᠮᠡᠷᠭᠡᠵᠢᠯᠲᠡᠨ᠎ᠤ ᠵᠥᠪᠯᠡᠯ᠎ᠢ ᠵᠣᠬᠢᠶᠠᠨ ᠪᠠᠶ᠋ᠢᠭᠤᠯᠤᠨ ᠦᠨᠡᠯᠡᠨ ᠶᠠᠷᠢᠯᠴᠠᠵᠤ᠂ ᠬᠠᠮᠤᠭ ᠡᠴᠦᠰ᠎ᠲᠤ ᠰᠣᠩᠭᠤᠭᠳᠠᠭᠰᠠᠨ ᠪᠦᠲᠦᠭᠡᠯ᠎ᠢ ᠰᠣᠩᠭᠤᠨ ᠭᠠᠷᠭ᠋ᠠᠨ᠎ᠠ᠃
(ᠭᠤᠷᠪᠠ) ᠫᠷᠦᠭᠷᠡᠮ᠎ᠤᠨ ᠳᠡᠯᠭᠡᠨ ᠨᠡᠪᠲᠡᠷᠡᠭᠦᠯᠭᠡ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠮᠠᠨ᠎ᠤ ᠣᠷᠣᠨ᠎ᠤ ᠠᠩᠬ᠎ᠠ ᠰᠢᠯᠭ᠋ᠠᠷᠠᠭᠤᠯᠤᠭᠰᠠᠨ ᠪᠦᠲᠦᠭᠡᠯ᠎ᠢ ᠬᠣᠯᠪᠤᠭᠳᠠᠯ ᠪᠥᠬᠦᠶ ᠲᠠᠪᠴᠠᠩ᠎ᠳᠤ ᠳᠡᠯᠭᠡᠨ ᠨᠡᠪᠲᠡᠷᠡᠭᠦᠯᠬᠦ ᠵᠢ ᠵᠣᠬᠢᠶᠠᠨ ᠪᠠᠶ᠋ᠢᠭᠤᠯᠵᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠪᠥᠬᠦ ᠤᠯᠤᠰ᠎ᠤᠨ ᠰᠦᠯᠵᠢᠶᠡᠨ᠎ᠤ ᠦᠵᠡᠵᠦ ᠰᠣᠨᠣᠰᠬᠤ ᠲᠠᠪᠴᠠᠩ᠎ᠳᠤ ᠲᠤᠰᠬᠠᠶ ᠲᠣᠭᠤᠷᠢᠭ ᠭᠠᠷᠭ᠋ᠠᠵᠤ᠂ 3 ᠰᠠᠷ᠎ᠠ ᠵᠢᠨ ᠬᠤᠭᠤᠴᠠᠭ᠎ᠠ᠎ᠲᠠᠢ ᠫᠷᠤᠭ᠌ᠷᠠᠮ ᠲᠠᠨᠢᠯᠴᠠᠭᠤᠯᠬᠤ ᠪᠠ ᠳᠡᠯᠭᠡᠨ ᠨᠡᠪᠲᠡᠷᠡᠭᠦᠯᠬᠦ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠦᠨ᠎ᠡ᠃
ᠣᠨᠴᠠᠭ᠋ᠠᠶ᠋ᠢᠯᠠᠨ ᠲᠤᠳᠤᠷᠬᠠᠢ᠌ᠯᠠᠬᠤ᠎ᠨᠢ᠄ ᠫᠷᠤᠭ᠌ᠷᠠᠮ᠎ᠢ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠵᠣᠬᠢᠶᠠᠨ ᠪᠠᠶ᠋ᠢᠭᠤᠯᠤᠭᠰᠠᠨ ᠳᠡᠯᠭᠡᠨ ᠨᠡᠪᠲᠡᠷᠡᠭᠦᠯᠬᠦ ᠠᠵᠢᠯᠯᠠᠭ᠎ᠠ ᠪᠣᠯᠤᠨ ᠪᠦᠬᠦ ᠤᠯᠤᠰ᠎ᠤᠨ ᠴᠢᠨᠠᠷᠲᠠᠶ ᠨᠡᠶ᠋ᠢᠲᠡ ᠵᠢᠨ ᠠᠰᠠᠷᠠᠮᠵᠢ ᠵᠢᠨ ᠳᠡᠯᠭᠡᠨ ᠦᠵᠡᠭᠦᠯᠬᠦ ᠠᠵᠢᠯᠯᠠᠭ᠎ᠠ᠎ᠳᠤ ᠡᠷᠬᠡ ᠣᠯᠭᠣᠭᠰᠠᠨ ᠵᠶ᠋ᠠᠷ ᠦᠵᠡᠵᠦ᠂ ᠮᠡᠳᠡᠭᠦᠯᠬᠦ ᠪᠠᠶ᠋ᠢᠭᠤᠯᠤᠮᠵᠢ ᠪᠤᠶᠤ ᠬᠤᠪᠢ ᠬᠥᠮᠦᠨ ᠭᠤᠶᠤᠴᠢᠯᠠᠨ ᠮᠡᠳᠡᠭᠦᠯᠬᠦ᠎ᠠᠴᠠ ᠡᠮᠦᠨ᠎ᠡ ᠫᠷᠤᠭ᠌ᠷᠠᠮ᠎ᠤᠨ ᠨᠡᠪᠲᠡᠷᠡᠭᠦᠯᠬᠦ ᠡᠷᠬᠡ ᠵᠢᠨ ᠬᠡᠪᠴᠢᠶ᠎ᠡ ᠵᠢ ᠨᠣᠲᠠᠯᠠᠬᠤ ᠬᠡᠷᠡᠭᠲᠡᠢ᠃ ᠨᠢᠭᠡᠨᠲᠡ ᠰᠦᠯᠵᠢᠶᠡᠨ ᠳᠡᠭᠡᠷ᠎ᠡ ᠲᠤᠰᠠᠭ᠋ᠠᠷ ᠨᠡᠪᠲᠡᠷᠡᠭᠦᠯᠬᠦ ᠪᠤᠶᠤ ᠭᠡᠰᠢᠭᠦᠳ᠎ᠤᠨ ᠰᠦᠢ᠍ᠳᠬᠡᠯ ᠲᠤᠰᠢᠶᠠᠵᠤ ᠦᠵᠡᠬᠦ ᠫᠷᠤᠭ᠌ᠷᠠᠮ ᠵᠶ᠋ᠠᠷ ᠰᠢᠯᠭ᠋ᠠᠷᠠᠭᠤᠯᠬᠤ᠎ᠳᠤ ᠣᠷᠣᠯᠴᠠᠪᠠᠯ᠂ ᠨᠡᠪᠲᠡᠷᠡᠭᠦᠯᠬᠦ ᠲᠠᠪᠴᠠᠩ᠎ᠳᠤ ᠡᠷᠬᠡ ᠣᠯᠭᠤᠵᠤ ᠨᠡᠶ᠋ᠢᠲᠡ ᠵᠢᠨ ᠠᠰᠠᠷᠠᠮᠵᠢ ᠵᠢᠨ ᠳᠡᠯᠭᠡᠨ ᠨᠡᠪᠲᠡᠷᠡᠭᠦᠯᠬᠦ ᠵᠢ ᠵᠥᠪᠰᠢᠶᠡᠷᠡᠭᠰᠡᠨ ᠬᠣᠯᠪᠤᠭᠳᠠᠯ ᠪᠥᠬᠦᠶ ᠭᠡᠷᠡᠴᠢ ᠵᠢ ᠲᠤᠰᠢᠶᠠᠬᠤ ᠬᠡᠷᠡᠭᠲᠡᠶ᠃
ᠳᠥᠷᠪᠡ᠂ ᠠᠵᠢᠯ᠎ᠤᠨ ᠱᠠᠭ᠋ᠠᠷᠳᠠᠯᠭ᠎ᠠ
(ᠨᠢᠭᠡ) ᠡᠯ᠎ᠡ ᠭᠠᠵᠠᠷ ᠡᠯ᠎ᠡ ᠨᠢᠭᠡᠴᠢ ᠵᠢᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠥᠷᠭᠡᠨ ᠵᠶ᠋ᠠᠷ ᠳᠠᠶ᠋ᠢᠴᠢᠯᠠᠵᠤ᠂ ᠴᠢᠩᠭ᠎ᠠ ᠬᠢᠨᠠᠨ ᠬᠠᠷᠭᠤᠭᠤᠯᠵᠤ᠂ ᠰᠢᠯᠢᠳᠡᠭ᠎ᠤᠨ ᠳᠣᠲᠣᠷ᠎ᠠ᠎ᠠᠴᠠ ᠰᠢᠯᠢᠳᠡᠭ᠎ᠢ᠎ᠨᠢ ᠰᠣᠩᠭᠤᠵᠤ᠂ ᠭᠤᠤᠯ ᠰᠡᠳᠦᠪ᠎ᠲᠤ ᠨᠡᠶ᠋ᠢᠴᠡᠭᠰᠡᠨ᠂ ᠴᠢᠨᠠᠷ ᠰᠠᠶ᠋ᠢᠲᠠᠶ᠂ ᠥᠨᠳᠥᠷ ᠲᠠᠰ᠎ᠤᠨ ᠪᠦᠲᠦᠭᠡᠯ᠎ᠢ ᠲᠠᠨᠢᠯᠴᠠᠭᠤᠯᠬᠤ ᠬᠡᠷᠡᠭᠲᠡᠶ᠃
(ᠬᠤᠶᠠᠷ) ᠰᠦᠯᠵᠢᠶᠡᠨ ᠳᠡᠭᠡᠷ᠎ᠡ ᠮᠡᠳᠡᠭᠦᠯᠦᠨ ᠬᠦᠷᠭᠡᠬᠦ ᠬᠡᠷᠡᠭᠲᠡᠢ᠃ ᠭᠤᠶᠤᠴᠢᠯᠠᠨ ᠮᠡᠳᠡᠭᠦᠯᠦᠭᠰᠡᠨ ᠪᠠᠶ᠋ᠢᠭᠤᠯᠤᠮᠵᠢ ᠪᠤᠶᠤ ᠬᠤᠪᠢ ᠬᠥᠮᠦᠨ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠮᠦᠨ᠎ᠡ᠂ 《ᠳᠤᠮᠳᠠᠳᠤ ᠵᠢᠨ ᠵᠡᠭᠦᠳᠦ᠂ ᠰᠢᠨ᠎ᠡ ᠠᠶᠠᠨ》 ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠢ ᠴᠤᠭᠯᠠᠭᠤᠯᠤᠨ ᠨᠡᠪᠲᠡᠷᠡᠭᠦᠯᠬᠦ ᠲᠠᠪᠴᠠᠩ (http://zgm.pingshen.nrta.gov.cn )᠎ᠳᠤ ᠳᠠᠩᠰᠠᠯᠠᠭᠤᠯᠵᠤ ᠂ ᠬᠡᠷᠡᠭᠯᠡᠭᠴᠢ ᠵᠢᠨ ᠭᠠᠷ ᠳᠡᠪᠲᠡᠷ᠎ᠢ ᠬᠢᠨᠠᠮᠠᠭ᠋ᠠᠶ ᠤᠩᠰᠢᠵᠤ᠂ ᠲᠠᠪᠴᠠᠩ᠎ᠤᠨ ᠬᠠᠮᠢᠶ᠎ᠠ ᠪᠦᠬᠦᠢ ᠲᠣᠳᠣᠷᠬᠠᠶ᠋ᠢᠯᠠᠯᠲᠠ ᠵᠢ ᠦᠨᠳᠦᠰᠦᠯᠡᠨ᠂ ᠬᠡᠷᠡᠭᠰᠡᠬᠦ ᠮᠡᠳᠡᠭᠡ ᠵᠠᠩᠭᠢ ᠵᠢ ᠪᠦᠷᠢᠨ ᠪᠦᠲᠦᠨ ᠵᠶ᠋ᠠᠷ᠎ᠨᠢ ᠲᠠᠭᠯᠠᠵᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠳᠡᠪᠰᠢᠭᠦᠯᠦᠨ ᠠᠩᠬᠠᠨ᠎ᠤ ᠦᠨᠡᠯᠡᠯᠲᠡ ᠬᠢᠯᠭᠡᠨ᠎ᠡ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2024 ᠣᠨ᠎ᠤ 5 ᠳ᠋ᠤᠭ᠋ᠠᠷ ᠰᠠᠷ᠎ᠠ ᠵᠢᠨ 10᠎ᠤ ᠡᠳᠦᠷ
(ᠬᠠᠷᠢᠯᠴᠠᠬᠤ ᠬᠥᠮᠦᠨ᠄ ᠶᠣᠣ ᠸᠧᠶ᠂ ᠬᠠᠷᠢᠯᠴᠠᠬᠤ ᠤᠲᠠᠰᠤ᠄ 18147145322)