ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠣᠬᠤᠷ ᠸᠢᠳᠢᠣ᠋ ᠪᠠ ᠪᠢᠴᠢᠯ ᠣᠬᠤᠷ ᠵᠦᠴᠦᠭᠡ ᠵᠢᠨ ᠤᠷᠤᠯᠳᠤᠭ᠋ᠠᠨ᠎ᠤ 《ᠪᠢᠴᠢᠯ ᠣᠬᠤᠷ ᠵᠦᠴᠦᠭᠡ ᠵᠢ ᠳᠠᠭ᠋ᠠᠵᠤ ᠤᠮᠠᠷᠠᠲᠤ ᠬᠢᠯᠢ᠎ᠪᠠᠷ ᠵᠢᠭᠤᠯᠴᠢᠯᠠᠬᠤ》 ᠪᠢᠴᠢᠯ ᠣᠬᠤᠷ ᠵᠦᠴᠦᠭᠡ ᠵᠢᠨ ᠨᠢᠭᠡᠴᠢ ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠮᠡᠳᠡᠭᠳᠡᠯ
2024-05-16




ᠡᠯ᠎ᠡ ᠠᠶ᠋ᠢᠮᠠᠭ ᠬᠣᠲᠠ ᠪᠣᠯᠤᠨ ᠮᠠᠨᠵᠤᠤᠷ ᠬᠣᠲᠠ᠂ ᠡᠷᠢᠶᠡᠨ ᠬᠣᠲᠠ ᠵᠢᠨ ᠰᠣᠶᠣᠯ ᠵᠢᠭᠤᠯᠴᠢᠯᠠᠯ ᠪᠣᠯᠤᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠤᠳᠬ᠎ᠠ ᠤᠷᠠᠯᠢᠭ᠎ᠤᠨ᠎ᠬᠢᠨ᠎ᠤ ᠬᠣᠯᠪᠣᠭ᠋ᠠᠲᠤ ᠬᠤᠷᠠᠯ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ᠎ᠤᠨ ᠦᠢ᠍ᠯᠡᠳᠦᠯᠭᠡ ᠰᠡᠳᠬᠦᠯ᠎ᠤᠨ ᠬᠤᠷᠢᠶ᠎ᠠ᠂ ᠥᠪᠥᠷ ᠮᠣᠩᠭᠤᠯ᠎ᠤᠨ ᠺᠢᠨᠣ᠋ ᠵᠢᠨ ᠪᠦᠯᠦᠭᠯᠡᠯ᠂ ᠡᠯ᠎ᠡ ᠬᠣᠯᠪᠣᠭᠳᠠᠯ ᠪᠦᠬᠦᠢ ᠳᠡᠭᠡᠳᠦ ᠰᠤᠷᠭ᠋ᠠᠭᠤᠯᠢ (ᠳᠡᠭᠡᠳᠦ ᠰᠤᠷᠭ᠋ᠠᠭᠤᠯᠢ ᠰᠠᠯᠪᠤᠷᠢ)᠎ᠳᠤ᠄

   ᠥᠪᠡᠷᠲᠡᠭᠡᠨ ᠵᠠᠰᠠᠬᠤ ᠣᠷᠣᠨ᠎ᠤ 《ᠬᠤᠶᠠᠷ ᠶᠡᠭᠡ ᠶᠠᠪᠤᠳᠠᠯ》᠎ᠢ ᠰᠠᠶ᠋ᠢᠲᠤᠷ ᠨᠠᠶ᠋ᠢᠳᠠᠪᠤᠷᠢᠵᠢᠭᠤᠯᠵᠤ᠂ 《ᠤᠮᠠᠷᠠᠲᠤ ᠬᠢᠯᠢ ᠵᠢᠨ ᠰᠣᠶᠣᠯ》᠎ᠤᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ ᠵᠶ᠋ᠠᠷ ᠭᠤᠤᠯ ᠰᠢᠵᠢᠮ ᠪᠣᠯᠭ᠋ᠠᠵᠤ᠂ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠷᠠᠳ ᠣᠯᠠᠨ᠎ᠤ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ᠎ᠬᠢᠨ᠎ᠤ ᠬᠤᠯᠪᠣᠭ᠎ᠠ᠎ᠲᠠᠢ ᠬᠠᠮᠲᠤᠷᠠᠨ ᠥᠪᠥᠷ ᠮᠣᠩᠭᠤᠯ᠎ᠤᠨ ᠭᠤᠷᠪᠠᠳᠤᠭ᠋ᠠᠷ ᠬᠤᠭᠤᠴᠠᠭ᠋ᠠᠨ᠎ᠤ ᠣᠬᠤᠷ ᠸᠢᠳᠢᠣ᠋ ᠪᠠ ᠪᠢᠴᠢᠯ ᠣᠬᠤᠷ ᠵᠦᠴᠦᠭᠡ ᠵᠢᠨ ᠤᠷᠤᠯᠳᠤᠭ᠋ᠠᠨ᠎ᠳᠤ ᠬᠠᠮᠲᠤ᠎ᠪᠠᠷ 《ᠪᠢᠴᠢᠯ ᠣᠬᠤᠷ ᠵᠦᠴᠦᠭᠡ ᠵᠢ ᠳᠠᠭ᠋ᠠᠵᠤ ᠤᠮᠠᠷᠠᠲᠤ ᠬᠢᠯᠢ᠎ᠪᠠᠷ ᠵᠢᠭᠤᠯᠴᠢᠯᠠᠬᠤ》 ᠪᠢᠴᠢᠯ ᠣᠬᠤᠷ ᠵᠦᠴᠦᠭᠡ ᠵᠢᠨ ᠨᠢᠭᠡᠴᠢ ᠵᠢᠨ ᠠᠵᠢᠯᠯᠠᠭ᠎ᠠ ᠵᠢ ᠡᠷᠭᠢᠯᠡᠨ᠎ᠡ᠃ ᠡᠳᠦᠭᠡ ᠬᠠᠮᠢᠶ᠎ᠠ ᠪᠦᠬᠦᠢ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠃

   ᠨᠢᠭᠡ᠂ ᠭᠣᠤᠯ ᠰᠡᠳᠦᠪ᠎ᠤᠨ ᠠᠭᠤᠯᠭ᠎ᠠ

  《ᠤᠮᠠᠷᠠᠲᠤ ᠬᠢᠯᠢ ᠵᠢᠨ ᠰᠣᠶᠣᠯ》᠎ᠤᠨ ᠪᠥᠲᠥᠭᠡᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠯ᠎ᠠ ᠨᠤᠲᠤᠭ᠎ᠤᠨ ᠰᠣᠶᠣᠯ᠂ ᠬᠠᠲᠤᠨ ᠭᠤᠤᠯ᠎ᠤᠨ ᠰᠣᠶᠣᠯ᠂ ᠣᠷᠳᠣ ᠴᠠᠭ᠋ᠠᠨ ᠬᠡᠷᠡᠮ᠎ᠤᠨ ᠰᠣᠶᠣᠯ᠂ ᠬᠤᠪᠢᠰᠬᠠᠯ᠎ᠤᠨ ᠡᠬᠢ ᠪᠠᠶᠠᠯᠢᠭ᠂ ᠲᠡᠤᠬᠡ ᠰᠣᠶᠣᠯ ᠵᠡᠷᠭᠡ ᠤᠨᠴᠠᠯᠢᠬᠳᠤ ᠳᠠᠪᠠᠭᠤᠯᠢᠭ᠎ᠢ ᠪᠠᠳᠠᠷᠠᠭᠤᠯᠤᠨ᠂ ᠳᠥᠷᠪᠡᠨ ᠤᠯᠠᠷᠢᠯ᠎ᠤᠨ ᠵᠢᠭᠤᠯᠴᠢᠯᠠᠯ᠂ ᠪᠥᠬᠦ ᠣᠷᠣᠨ ᠪᠦᠰᠡ ᠵᠢᠨ ᠵᠢᠭᠤᠯᠴᠢᠯᠠᠯ᠎ᠢ ᠠᠬᠢᠭᠤᠯᠵᠤ᠂ ᠨᠢᠭᠡ ᠪᠦᠯᠦᠭ ᠪᠣᠳᠠᠲᠤ ᠴᠣᠭᠴᠠ ᠵᠢᠨ ᠦᠵᠡᠮᠵᠢᠲᠦ ᠭᠠᠵᠠᠷ᠎ᠢ ᠪᠢᠴᠢᠯ ᠣᠬᠣᠷ ᠵᠦᠴᠦᠭᠡ ᠵᠢᠨ ᠬᠠᠯᠠᠮᠰᠢᠯ ᠨᠡᠪᠲᠡᠷᠡᠭᠦᠯᠭᠡ ᠵᠢ ᠳᠠᠭ᠋ᠠᠵᠤ ᠭᠠᠳᠠᠭᠰᠢ ᠭᠠᠷᠭ᠋ᠠᠬᠤ ᠵᠢ ᠠᠬᠢᠭᠤᠯᠵᠤ᠂ 《ᠪᠢᠴᠢᠯ ᠣᠬᠤᠷ ᠵᠦᠴᠦᠭᠡ ᠵᠢ ᠳᠠᠭ᠋ᠠᠵᠤ ᠤᠮᠠᠷᠠᠲᠤ ᠬᠢᠯᠢ᠎ᠪᠠᠷ ᠵᠢᠭᠤᠯᠴᠢᠯᠠᠬᠤ》 ᠡᠯ᠎ᠡ ᠭᠠᠵᠠᠷ᠎ᠢ ᠲᠡᠮᠲᠡᠭᠯᠡᠬᠦ ᠰᠢᠨ᠎ᠡ ᠬᠡᠪ ᠰᠤᠷᠲᠠᠯ᠎ᠢ ᠪᠣᠶ ᠪᠣᠯᠭ᠋ᠠᠨ᠎ᠠ᠃

  (ᠨᠢᠭᠡ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠤᠣᠯ ᠰᠢᠵᠢᠮ ᠪᠣᠯᠭ᠋ᠠᠵᠤ᠂ ᠤᠮᠠᠷᠠᠲᠤ ᠬᠢᠯᠢ ᠵᠢᠨ ᠰᠣᠶᠣᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠳᠤᠨ ᠭᠤᠣᠯ᠂ ᠤᠷᠳᠤ ᠴᠠᠭ᠋ᠠᠨ ᠬᠡᠷᠡᠮ ᠵᠡᠷᠭᠡ ᠳᠤᠮᠳᠠᠳᠤ ᠵᠢᠨ ᠰᠣᠶᠣᠯ᠎ᠤᠨ ᠲᠡᠮᠳᠡᠭ᠎ᠤᠨ ᠲᠣᠭᠤᠷᠢᠨ᠎ᠳᠤ ᠵᠣᠬᠢᠶᠠᠨ ᠪᠦᠲᠦᠭᠡᠬᠦ ᠠᠵᠢᠯ᠎ᠢ ᠦᠷᠨᠢᠭᠦᠯᠦᠨ᠎ᠡ᠃ ᠲᠤᠬᠠᠶ᠋ᠢᠯᠠᠪᠠᠯ ᠵᠡᠭᠦᠨᠭ᠋ᠠᠷ᠎ᠤᠨ ᠬᠠᠲᠤᠨ ᠭᠣᠤᠯ᠎ᠤᠨ ᠶᠡᠬᠡ ᠬᠠᠪᠴᠢᠯ ᠪᠣᠯᠤᠨ ᠪᠠᠶ᠋ᠢᠯᠳᠤᠭ᠋ᠠᠨᠲᠤ ᠤᠯᠤᠰ᠂ ᠴᠢᠨ᠂ ᠬᠠᠨ᠂ ᠤᠮᠠᠷᠠᠲᠤ ᠸᠧᠶ ᠤᠯᠤᠰ᠎ᠤᠨ ᠤᠷᠲᠤ ᠴᠠᠭ᠋ᠠᠨ ᠬᠡᠷᠡᠮ ᠵᠡᠷᠭᠡ ᠪᠠᠶ᠋ᠢᠭ᠋ᠠᠯᠢ ᠬᠢᠭᠡᠳ ᠬᠥᠮᠦᠨ ᠨᠡᠶ᠋ᠢᠭᠡᠮ᠎ᠤᠨ ᠣᠨᠴᠠᠯᠢᠭ ᠵᠶ᠋ᠠᠷ ᠰᠡᠳᠦᠪᠯᠡᠭᠦᠯᠵᠦ᠂ ᠮᠠᠨ᠎ᠤ ᠣᠷᠣᠨ᠎ᠤ ᠦᠨᠳᠦᠰᠦᠲᠡᠨ᠎ᠤ ᠪᠦᠯᠬᠦᠮᠳᠡᠯ᠂ ᠨᠡᠶ᠋ᠢᠭᠡᠮ᠎ᠤᠨ ᠲᠣᠭᠲᠠᠭᠤᠨ᠂ ᠠᠵᠤ ᠠᠬᠤᠶ ᠵᠢᠨ ᠬᠥᠭᠵᠢᠯᠲᠡ ᠵᠢ ᠬᠠᠷᠠᠭᠤᠯᠤᠨ᠎ᠠ᠃

  (ᠬᠤᠶᠠᠷ) ᠥᠪᠥᠷ ᠮᠣᠩᠭᠤᠯ᠎ᠤᠨ ᠠᠷᠠᠳ᠎ᠤᠨ ᠠᠮᠠᠨ ᠵᠣᠬᠢᠶᠠᠯ᠂ ᠤᠯᠠᠮᠵᠢᠯᠠᠯᠲᠤ ᠳᠠᠭᠤᠤ ᠬᠥᠭᠵᠢᠮ᠂ ᠤᠯᠠᠮᠵᠢᠯᠠᠯᠲᠤ ᠪᠥᠵᠢᠭ᠂ ᠤᠯᠠᠮᠵᠢᠯᠠᠯᠲᠤ ᠰᠢ ᠵᠦᠴᠦᠭᠡ᠂ ᠳᠠᠭᠤᠷᠢᠯᠢᠭ᠎ᠤᠨ ᠤᠷᠠᠯᠢᠭ᠂ ᠤᠯᠠᠮᠵᠢᠯᠠᠯᠲᠤ ᠪᠡᠶ᠎ᠡ ᠵᠢᠨ ᠲᠠᠮᠢᠷ᠂ ᠨᠠᠭ᠋ᠠᠳᠤᠮ ᠬᠢᠭᠡᠳ ᠼᠢᠷᠺ᠂ ᠤᠯᠠᠮᠵᠢᠯᠠᠯᠲᠤ ᠤᠷᠠᠨ ᠵᠢᠷᠤᠭ᠂ ᠤᠯᠠᠮᠵᠢᠯᠠᠯᠲᠤ ᠤᠷ᠎ᠠ ᠮᠡᠷᠭᠡᠰᠢᠯ᠂ ᠤᠯᠠᠮᠵᠢᠯᠠᠯᠲᠤ ᠡᠮ ᠡᠮᠨᠡᠯᠭᠡ᠂ ᠠᠷᠠᠳ᠎ᠤᠨ ᠵᠠᠩ ᠦᠢ᠍ᠯᠡ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠠᠴᠠ ᠰᠢᠮ᠎ᠡ ᠲᠡᠵᠢᠭᠡᠯ ᠬᠦᠷᠲᠡᠵᠦ᠂ ᠥᠷᠭᠡᠨ ᠵᠶ᠋ᠠᠷ ᠮᠠᠲ᠋ᠧᠷᠢᠶᠠᠯ ᠠᠪᠴᠤ᠂ ᠰᠢᠨ᠎ᠡ ᠦᠵᠡᠮᠵᠢ ᠵᠢᠨ ᠣᠷᠣᠨ᠂ ᠰᠢᠨ᠎ᠡ ᠪᠠᠶ᠋ᠢᠳᠠᠯ ᠪᠠ ᠰᠢᠨ᠎ᠡ ᠦᠯᠢᠭᠡᠷ᠎ᠠᠴᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠡᠳᠦᠷ᠎ᠠᠴᠠ ᠡᠳᠦᠷ ᠰᠢᠨᠡᠳᠦᠨ ᠬᠤᠪᠢᠷᠠᠵᠤ ᠪᠠᠶ᠋ᠢᠭ᠎ᠠ ᠬᠤᠪᠢᠷᠠᠯᠲᠠ ᠵᠢ ᠢᠯᠡᠷᠡᠭᠦᠯᠦᠨ᠎ᠡ᠃

  (ᠭᠤᠷᠪᠠ) ᠥᠪᠥᠷ ᠮᠣᠩᠭᠤᠯ᠎ᠤᠨ ᠮᠦᠽᠧᠢ᠂ ᠨᠣᠮ᠎ᠤᠨ ᠰᠠᠩ᠂ ᠦᠵᠡᠰᠬᠦᠯᠡᠩ᠎ᠤᠨ ᠣᠷᠳᠣᠨ᠂ ᠶᠡᠭᠡ ᠰᠤᠷᠭ᠋ᠠᠭᠤᠯᠢ ᠵᠢᠨ ᠬᠤᠲᠠ᠂ ᠨᠣᠮ᠎ᠤᠨ ᠪᠠᠭ᠋ᠠᠷ ᠵᠡᠷᠭᠡ ᠰᠣᠶᠣᠯ᠎ᠤᠨ ᠭᠠᠵᠠᠷ ᠣᠷᠳᠣᠨ ᠪᠠ ᠰᠣᠶᠣᠯ᠎ᠤᠨ ᠭᠠᠵᠠᠷ᠎ᠤᠨ ᠲᠡᠮᠳᠡᠭ᠎ᠤᠨ ᠲᠣᠭᠤᠷᠢᠨ᠎ᠳᠤ᠂ ᠤᠯᠠᠭ᠋ᠠᠨᠬᠠᠳᠠ ᠵᠢᠨ ᠬᠠᠰ ᠯᠤᠤ ᠵᠢᠨ ᠰᠣᠶᠣᠯ ᠵᠶ᠋ᠠᠷ ᠰᠣᠶᠣᠯ ᠲᠡᠦᠬᠡ ᠵᠢᠨ ᠳᠤᠷᠠᠰᠬᠠᠯᠲᠤ ᠵᠦᠢ᠍ᠯᠡᠰ᠎ᠠᠴᠠ ᠦᠯᠢᠭᠡᠷ ᠡᠷᠢᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ ᠵᠶ᠋ᠠᠷ ᠦᠭᠡ ᠬᠡᠯᠡᠭᠦᠯᠵᠦ᠂ ᠤᠯᠠᠮᠵᠢᠯᠠᠯᠲᠤ ᠰᠣᠶᠣᠯ᠎ᠢ ᠰᠢᠨ᠎ᠡ ᠠᠭᠤᠯᠤᠭᠳᠠᠬᠤᠨ ᠪᠠ ᠤᠳᠤ ᠦᠶ᠎ᠡ ᠵᠢᠨ ᠦᠨ᠎ᠡ ᠦᠷᠳᠡᠭ᠎ᠲᠠᠢ ᠪᠣᠯᠭ᠋ᠠᠨ᠎ᠠ᠃ ᠴᠢᠨ ᡁᠢ ᠳ᠋ᠣᠤ᠂ ᠳ᠋ᠠ ᠶᠣᠣ ᠰᠣᠶᠣᠯ᠎ᠤᠨ ᠪᠠᠭᠤᠷᠢ᠂ ᠥᠪᠥᠷ ᠮᠣᠩᠭᠤᠯ᠎ᠤᠨ ᠮᠦᠽᠧᠶ᠂ ᠵᠤᠤ ᠵᠢᠶᠦ᠋ᠨ᠎ᠤ ᠮᠦᠽᠧᠶ ᠵᠡᠷᠭᠡ ᠲᠡᠦᠬᠡ ᠰᠣᠶᠣᠯ᠎ᠤᠨ ᠦᠵᠡᠮᠵᠢ ᠵᠢᠨ ᠭᠠᠵᠠᠷ᠎ᠤᠨ ᠨᠡᠷᠡᠲᠦ ᠬᠤᠲᠠ ᠨᠡᠷᠡᠲᠦ ᠪᠠᠯᠭ᠋ᠠᠰᠤ ᠨᠡᠷᠡᠲᠦ ᠲᠣᠰᠬᠤᠨ ᠵᠡᠭᠡᠯᠢ ᠲᠣᠭᠤᠷᠢᠭ ᠵᠡᠷᠭᠡ ᠭᠠᠵᠠᠷ᠎ᠠᠴᠠ ᠦᠵᠡᠮᠵᠢ ᠠᠪᠴᠤ ᠮᠠᠲ᠋ᠧᠷᠢᠶᠠᠯ ᠴᠤᠭᠯᠠᠭᠤᠯᠵᠤ᠂ ᠳᠤᠮᠳᠠᠳᠤ ᠵᠢᠨ ᠪᠣᠯᠪᠠᠰᠤᠨ᠎ᠤ ᠡᠭᠦᠰᠦᠯ ᠪᠠ ᠰᠣᠶᠣᠯ᠎ᠢ ᠤᠯᠠᠮᠵᠢᠯᠠᠨ ᠵᠠᠯᠭ᠋ᠠᠮᠵᠢᠯᠠᠭᠰᠠᠨ ᠦᠯᠢᠭᠡᠷ᠎ᠢ ᠰᠠᠶ᠋ᠢᠲᠤᠷ ᠶᠠᠷᠢᠨ᠎ᠠ᠃

  (ᠲᠦᠷᠪᠡ) ᠥᠪᠥᠷ ᠮᠣᠩᠭᠤᠯ᠎ᠤᠨ ᠵᠢᠭᠤᠯᠴᠢᠯᠠᠯ᠎ᠤᠨ ᠡᠬᠢ ᠪᠠᠶᠠᠯᠢᠭ᠂ ᠵᠢᠱ᠌ᠢᠶᠡᠯᠡᠪᠡᠯ᠂ ᠪᠠᠶ᠋ᠢᠭ᠋ᠠᠯᠢ ᠵᠢᠨ ᠠᠮᠢ ᠠᠬᠤᠶ ᠵᠢᠨ ᠵᠢᠭᠤᠯᠴᠢᠯᠠᠯ᠎ᠤᠨ ᠡᠬᠢ ᠪᠠᠶᠠᠯᠢᠭ᠂ ᠦᠵᠡᠮᠵᠢ ᠵᠢᠨ ᠣᠷᠣᠨ᠂ ᠭᠤᠤᠯ ᠰᠡᠳᠦᠪᠲᠦ ᠴᠡᠴᠡᠷᠯᠢᠭ᠂ ᠵᠢᠭᠤᠯᠴᠢᠯᠠᠯ ᠠᠮᠠᠷᠠᠯᠲᠠ ᠵᠢᠨ ᠣᠷᠣᠨ᠂ ᠤᠯᠤᠰ᠎ᠤᠨ ᠠᠮᠢ ᠠᠬᠤᠶ ᠵᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠣᠷᠣᠨ ᠵᠡᠷᠭᠡ ᠵᠢᠨ ᠲᠣᠭᠤᠷᠢᠨ᠎ᠳᠤ᠂ ᠮᠠᠨ᠎ᠤ ᠣᠷᠣᠨ᠎ᠤ ᠠᠮᠢ ᠠᠬᠤᠶ ᠵᠢᠨ ᠵᠢᠭᠤᠯᠴᠢᠯᠠᠯ᠎ᠤᠨ ᠣᠨᠴᠠᠯᠢᠭ᠎ᠢ ᠳᠡᠯᠭᠡᠨ ᠦᠵᠡᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠭᠰᠠᠨ ᠦᠷ᠎ᠡ ᠪᠦᠲᠦᠮᠵᠢ ᠵᠢ ᠳᠣᠪᠤᠶ᠋ᠢᠯᠭ᠋ᠠᠵᠤ᠂ ᠰᠢᠨ᠎ᠡ ᠴᠠᠭ ᠦᠶ᠎ᠡ ᠵᠢᠨ ᠠᠮᠢ ᠠᠬᠤᠶ ᠵᠢᠨ ᠪᠣᠯᠪᠠᠰᠤᠨ᠎ᠤ ᠭᠤᠸ᠎ᠠ ᠰᠠᠶ᠋ᠢᠬᠠᠨ ᠪᠠ ᠠᠷᠠᠳ᠎ᠤᠨ ᠠᠮᠢᠳᠤᠷᠠᠯ᠎ᠤᠨ ᠭᠤᠸ᠎ᠠ ᠰᠠᠶ᠋ᠢᠬᠠᠨ᠎ᠢ ᠢᠯᠡᠷᠡᠭᠦᠯᠦᠨ᠎ᠡ᠃ ᠳᠥᠷᠪᠡᠨ ᠤᠯᠠᠷᠢᠯ᠎ᠤᠨ ᠥᠩᠭᠡ ᠦᠵᠡᠮᠵᠢ᠎ᠪᠠᠷ ᠭᠠᠷᠳᠠᠴᠠ ᠪᠣᠯᠭ᠋ᠠᠵᠤ᠂ ᠬᠠᠪᠤᠷ᠎ᠤᠨ ᠤᠯᠠᠷᠢᠯ᠎ᠤᠨ ᠬᠢᠩᠭ᠋ᠠᠨ ᠠᠶ᠋ᠢᠮᠠᠭ᠎ᠤᠨ ᠬᠤᠷᠴᠠ ᠤᠯᠠᠭ᠋ᠠᠨ ᠴᠡᠴᠡᠭ᠂ ᠵᠤᠨ᠎ᠤ ᠤᠯᠠᠷᠢᠯ᠎ᠤᠨ ᠬᠥᠯᠥᠨ ᠪᠤᠶ᠋ᠢᠷ᠎ᠤᠨ ᠥᠷᠭᠡᠨ ᠠᠭᠤᠳᠠᠮ ᠲᠠᠯ᠎ᠠ ᠨᠤᠲᠤᠭ᠎ᠤᠨ ᠥᠩᠭᠡ ᠦᠵᠡᠮᠵᠢ᠂ ᠨᠠᠮᠤᠷ᠎ᠤᠨ ᠤᠯᠠᠷᠢᠯ᠎ᠤᠨ ᠠᠯᠠᠱ᠌ᠠ ᠵᠢᠨ ᠲᠤᠤᠷᠠᠶ ᠵᠢᠨ ᠣᠶ᠂ ᠡᠪᠦᠯ᠎ᠤᠨ ᠤᠯᠠᠷᠢᠯ᠎ᠤᠨ ᠤᠮᠠᠷᠠᠲᠤ ᠬᠢᠯᠢ ᠵᠢᠨ ᠮᠥᠰᠥ ᠴᠠᠰᠤᠨ᠎ᠤ ᠥᠩᠭᠡ ᠦᠵᠡᠮᠵᠢ ᠬᠢᠭᠡᠳ ᠮᠥᠰᠥ ᠴᠠᠰᠤᠨ᠎ᠤ ᠵᠢᠭᠤᠯᠴᠢᠯᠠᠯ᠎ᠤᠨ ᠲᠥᠷᠥᠯ ᠵᠦᠢ᠍ᠯ᠎ᠠᠴᠠ ᠥᠷᠭᠡᠨ ᠵᠶ᠋ᠠᠷ ᠮᠠᠲ᠋ᠧᠷᠢᠶᠠᠯ ᠠᠪᠴᠤ᠂ ᠥᠪᠥᠷ ᠮᠣᠩᠭᠤᠯ᠎ᠤᠨ ᠬᠥᠳᠡᠭᠡ ᠲᠣᠰᠬᠤᠨ᠎ᠤ ᠵᠢᠭᠤᠯᠴᠢᠯᠠᠯ᠎ᠤᠨ ᠭᠤᠤᠯᠳᠠᠯᠭ᠎ᠠ᠎ᠲᠠᠢ ᠲᠣᠰᠬᠤᠨ᠂ ᠬᠠᠮᠤᠭ᠎ᠤᠨ ᠭᠤᠶᠣ ᠬᠥᠳᠡᠭᠡ ᠲᠣᠰᠬᠤᠨ᠂ ᠦᠵᠡᠰᠬᠦᠯᠡᠩᠲᠦ ᠰᠠᠶ᠋ᠢᠬᠠᠨ ᠰᠡᠯᠡᠭᠦᠴᠡᠯ᠎ᠤᠨ ᠬᠥᠳᠡᠭᠡ ᠲᠣᠰᠬᠤᠨ᠂ ᠬᠥᠳᠡᠭᠡ ᠲᠣᠰᠬᠤᠨ᠎ᠤ ᠠᠷᠠᠳ᠎ᠤᠨ ᠪᠠᠭᠤᠳᠠᠯ ᠵᠡᠷᠭᠡ ᠬᠥᠳᠡᠭᠡ ᠲᠣᠰᠬᠤᠨ᠎ᠤ ᠵᠢᠭᠤᠯᠴᠢᠯᠠᠯ᠎ᠤᠨ ᠡᠬᠢ ᠪᠠᠶᠠᠯᠢᠭ᠎ᠢ ᠠᠭᠤᠳᠠᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠥᠯᠢᠭᠡᠷ᠎ᠢ ᠰᠠᠶ᠋ᠢᠲᠤᠷ ᠶᠠᠷᠢᠨ᠎ᠠ᠃

  (ᠲᠠᠪᠤ) ᠶᠠᠰᠤ ᠴᠢᠨᠠᠷ ᠵᠶ᠋ᠠᠷ ᠰᠠᠶ᠋ᠢᠨ᠂ ᠣᠨᠴᠠᠯᠢᠭ ᠵᠶ᠋ᠠᠷ ᠥᠳᠬᠡᠨ᠂ ᠭᠠᠷᠤᠯᠲᠠ ᠵᠢᠨ ᠬᠡᠮᠵᠢᠶ᠎ᠡ᠎ᠪᠠᠷ ᠶᠡᠬᠡ᠂ ᠥᠷᠢᠰᠥᠯᠳᠦᠬᠦ ᠬᠦᠴᠦᠨ ᠵᠶ᠋ᠠᠷ ᠴᠢᠩᠭ᠎ᠠ ᠨᠢᠭᠡ ᠪᠦᠯᠦᠭ ᠥᠪᠥᠷ ᠮᠣᠩᠭᠣᠯ᠎ᠤᠨ ᠣᠷᠣᠨ ᠪᠦᠰᠡ ᠵᠢᠨ ᠣᠯᠠᠨ ᠨᠡᠶ᠋ᠢᠲᠡ ᠵᠢᠨ ᠨᠡᠷᠡᠲᠦ ᠲᠥᠷᠥᠯ ᠲᠡᠮᠳᠡᠭᠲᠦ ᠵᠢ ᠰᠣᠩᠭᠣᠵᠤ᠂ 《ᠪᠢ ᠲᠠᠯ᠎ᠠ ᠨᠤᠲᠤᠭ᠎ᠲᠠᠢ ᠪᠣᠯᠵᠣᠭ᠎ᠠ᠎ᠲᠠᠢ》 ᠵᠢᠨ ᠲᠣᠭᠣᠷᠢᠨ᠎ᠳᠤ᠂ 《ᠠᠮᠤ ᠪᠤᠳᠠᠭ᠋ᠠᠨ᠎ᠤ ᠬᠥᠮᠥᠷᠭᠡ》᠂ 《ᠮᠢᠬᠠᠨ᠎ᠤ ᠬᠥᠮᠥᠷᠭᠡ》᠂ 《ᠰᠦ ᠵᠢᠨ ᠰᠠᠪᠠ》᠂ 《ᠨᠣᠣᠯᠣᠭᠤᠷ᠎ᠤᠨ ᠲᠥᠪ》 ᠵᠡᠷᠭᠡ 4 ᠳᠠᠮᠵᠢᠭᠤᠯᠬᠣ ᠭᠣᠤᠯ᠎ᠳᠤ ᠲᠥᠪᠯᠡᠷᠡᠭᠦᠯᠵᠦ᠂ ᠥᠪᠥᠷ ᠮᠣᠩᠭᠣᠯ᠎ᠤᠨ ᠣᠷᠣᠨ ᠪᠦᠰᠡ ᠵᠢᠨ ᠠᠮᠢ ᠠᠬᠤᠶ ᠵᠢᠨ ᠣᠨᠴᠠᠯᠢᠭ ᠪᠠ ᠠᠵᠤ ᠦᠢ᠍ᠯᠡᠰ᠎ᠤᠨ ᠳᠠᠪᠠᠭᠤᠯᠢᠭ᠎ᠢ ᠳᠣᠪᠣᠶ᠋ᠢᠯᠭ᠋ᠠᠨ᠎ᠠ᠃

  (ᠵᠢᠷᠭᠤᠭ᠎ᠠ) ᠥᠪᠥᠷ ᠮᠣᠩᠭᠤᠯ᠎ᠤᠨ ᠬᠤᠪᠢᠰᠬᠠᠯ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠂ ᠵᠢᠱ᠌ᠢᠶᠡᠯᠡᠪᠡᠯ ᠲᠠᠪᠤᠨ ᠰᠠᠷ᠎ᠠ ᠵᠢᠨ ᠨᠢᠭᠡᠨ᠎ᠤ ᠬᠤᠷᠠᠯ᠎ᠤᠨ ᠬᠠᠭᠤᠴᠢᠨ ᠪᠠᠭᠤᠷᠢ᠂ ᠳᠠᠯᠠᠨ ᠬᠠᠷ᠎ᠠ ᠠᠭᠤᠯᠠ ᠵᠢᠨ ᠶᠠᠫᠣᠨ᠎ᠢ ᠡᠰᠡᠷᠭᠦᠴᠡᠬᠦ ᠰᠠᠭᠤᠷᠢᠨ ᠭᠠᠵᠠᠷ᠂ ᠮᠠᠨᠵᠤᠤᠷ ᠬᠤᠲᠠ ᠵᠢᠨ ᠬᠤᠪᠢᠰᠬᠠᠯ᠎ᠤᠨ ᠣᠯᠠᠨ ᠤᠯᠤᠰ᠎ᠤᠨ ᠨᠢᠭᠤᠴᠠ ᠵᠠᠮ ᠬᠠᠷᠢᠯᠴᠠᠭ᠋ᠠᠨ᠎ᠤ ᠱᠤᠭᠤᠮ᠎ᠤᠨ ᠬᠥᠮᠦᠵᠢᠯ᠎ᠤᠨ ᠰᠠᠭᠤᠷᠢᠨ ᠭᠠᠵᠠᠷ᠂ ᠥᠪᠥᠷ ᠮᠣᠩᠭᠤᠯ᠎ᠤᠨ ᠦᠨᠳᠦᠰᠦᠲᠡᠨ᠎ᠤ ᠴᠢᠯᠥᠭᠡᠯᠡᠯᠲᠡ ᠵᠢᠨ ᠳᠤᠷᠠᠰᠬᠠᠯ᠎ᠤᠨ ᠣᠷᠳᠣᠨ᠂ ᠤᠮᠠᠷᠠᠲᠤ ᠵᠢᠨ ᠴᠡᠷᠢᠭ᠎ᠤᠨ ᠵᠡᠪᠰᠡᠭ᠎ᠤᠨ ᠠᠵᠤ ᠦᠢ᠍ᠯᠡᠳᠪᠦᠷᠢ ᠵᠢᠨ ᠬᠤᠲᠠ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠪᠢᠰᠬᠠᠯ᠎ᠤᠨ ᠲᠡᠤᠬᠡ ᠵᠢ ᠳᠠᠬᠢᠨ ᠡᠷᠭᠢᠴᠡᠭᠦᠯᠵᠦ᠂ ᠬᠤᠪᠢᠰᠬᠠᠯ᠎ᠤᠨ ᠤᠳᠤᠮᠰᠢᠯ᠎ᠢ ᠵᠠᠯᠭ᠋ᠠᠮᠵᠢᠯᠠᠵᠤ᠂ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠵᠢ ᠬᠥᠭᠵᠢᠭᠡᠨ᠎ᠡ᠃

   ᠬᠤᠶᠠᠷ᠂ ᠡᠯᠰᠡᠬᠦ ᠱᠠᠭ᠋ᠠᠷᠳᠠᠯᠭ᠎ᠠ

  《ᠪᠢᠴᠢᠯ ᠣᠬᠤᠷ ᠵᠦᠴᠦᠭᠡ᠎ᠢ ᠳᠠᠭ᠋ᠠᠵᠤ ᠤᠮᠠᠷᠠᠲᠤ ᠬᠢᠯᠢ᠎ᠪᠠᠷ ᠵᠢᠭᠤᠯᠴᠢᠯᠠᠬᠤ》 ᠪᠢᠴᠢᠯ ᠣᠬᠤᠷ ᠵᠦᠴᠦᠭᠡ ᠵᠢᠨ ᠨᠢᠭᠡᠴᠢ ᠵᠢᠨ ᠪᠦᠲᠦᠭᠡᠯ ᠪᠠ ᠪᠦᠲᠦᠭᠡᠯᠴᠢ ᠰᠡᠳᠬᠢᠮᠵᠢ ᠵᠢᠨ ᠴᠤᠭᠯᠠᠭᠤᠯᠬᠤ ᠴᠠᠭ᠎ᠨᠢ 8 ᠳ᠋ᠤᠭ᠋ᠠᠷ ᠰᠠᠷ᠎ᠠ ᠵᠢᠨ 20᠎ᠤ ᠡᠳᠦᠷ ᠪᠣᠯᠲᠠᠯ᠎ᠠ ᠪᠠᠢ᠌ᠵᠤ᠂ ᠪᠦᠲᠦᠭᠡᠯ᠎ᠤᠨ ᠱᠠᠭ᠋ᠠᠷᠳᠠᠯᠭ᠎ᠠ᠂ ᠬᠡᠪᠯᠡᠯ᠎ᠤᠨ ᠡᠷᠬᠡ ᠵᠢᠨ ᠱᠠᠭ᠋ᠠᠷᠳᠠᠯᠭ᠎ᠠ᠂ ᠵᠠᠷᠯᠠᠬᠤ ᠪᠠ ᠨᠡᠶ᠋ᠢᠲᠡᠯᠡᠬᠦ ᠵᠢᠴᠢ ᠣᠷᠣᠨ ᠲᠤᠭ᠎ᠠ ᠪᠠ ᠳᠡᠮᠵᠢᠬᠦ ᠪᠠᠶ᠋ᠢᠷᠢᠯᠠᠭᠤᠯᠤᠯᠲᠠ᠎ᠨᠢ ᠥᠪᠥᠷ ᠮᠣᠩᠭᠤᠯ᠎ᠤᠨ ᠭᠤᠷᠪᠠᠳᠤᠭ᠋ᠠᠷ ᠬᠤᠭᠤᠴᠠᠭ᠋ᠠᠨ᠎ᠤ ᠣᠬᠤᠷ ᠸᠢᠳᠢᠣ᠋ ᠪᠠ ᠪᠢᠴᠢᠯ ᠣᠬᠤᠷ ᠵᠦᠴᠦᠭᠡ ᠵᠢᠨ ᠤᠷᠤᠯᠳᠤᠭ᠋ᠠᠨ᠎ᠲᠠᠢ ᠠᠳᠠᠯᠢ ᠪᠠᠶ᠋ᠢᠵᠤ᠂ 《ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠣᠬᠤᠷ ᠸᠢᠳᠢᠣ᠋ ᠪᠠ ᠪᠢᠴᠢᠯ ᠵᠦᠴᠦᠭᠡ ᠵᠢᠨ ᠤᠷᠤᠯᠳᠤᠭ᠋ᠠᠨ᠎ᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ 》᠎ᠠᠴᠠ ᠪᠣᠳᠠᠲᠠᠶ ᠵᠦᠢ᠍ᠯ᠎ᠢ ᠨᠠᠷᠢᠨ ᠦᠵᠡᠭᠡᠷᠡᠶ᠃

   ᠭᠤᠷᠪᠠ᠂ ᠠᠵᠢᠯ᠎ᠤᠨ ᠬᠤᠪᠢᠶᠠᠷᠢᠯᠠᠯ

  (ᠨᠢᠭᠡ) ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠨᠢ ᠠᠶ᠋ᠢᠮᠠᠭ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ ᠵᠢᠴᠢ ᠲᠡᠦᠬᠡ ᠵᠢᠨ ᠳᠤᠷᠠᠰᠬᠠᠯᠲᠤ ᠵᠦᠢ᠍ᠯᠡᠰ᠂ ᠮᠦᠽᠧᠶ (ᠬᠦᠷᠢᠶᠡᠯᠡᠩ)᠂ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ ᠵᠡᠷᠭᠡ ᠨᠢᠭᠡᠴᠢ ᠵᠢ ᠵᠣᠬᠢᠶᠠᠨ ᠪᠠᠶ᠋ᠢᠭᠤᠯᠤᠨ ᠳᠠᠶ᠋ᠢᠴᠢᠯᠠᠵᠤ ᠢᠳᠡᠪᠬᠢᠲᠡᠶ ᠤᠷᠤᠯᠳᠤᠭ᠋ᠠᠨ᠎ᠳᠤ ᠣᠷᠣᠯᠴᠠᠭᠤᠯᠬᠤ ᠪᠤᠶᠤ ᠪᠢᠴᠢᠯ ᠣᠬᠣᠷ ᠵᠦᠴᠦᠭᠡ ᠲᠣᠭᠲᠠᠭ᠋ᠠᠬᠤ ᠵᠢ ᠬᠠᠷᠢᠭᠤᠴᠠᠨ᠎ᠠ᠃ ᠦᠢ᠍ᠯᠡᠳᠬᠦ ᠪᠠᠶ᠋ᠢᠭᠤᠯᠤᠮᠵᠢ᠎ᠳᠤ ᠭᠤᠤᠯᠳᠠᠯᠭ᠎ᠠ᠎ᠲᠠᠢ ᠤᠬᠠᠭᠤᠯᠬᠤ ᠪᠠ ᠲᠠᠨᠢᠯᠴᠠᠭᠤᠯᠬᠤ ᠦᠵᠡᠮᠵᠢ ᠵᠢᠨ ᠭᠠᠵᠠᠷ᠂ ᠲᠡᠤᠬᠡ ᠵᠢᠨ ᠳᠤᠷᠠᠰᠬᠠᠯᠲᠤ ᠵᠦᠢ᠍ᠯ ᠵᠡᠷᠭᠡ ᠵᠢ ᠬᠠᠩᠭ᠋ᠠᠵᠤ᠂ ᠰᠡᠭᠦᠳᠡᠷᠯᠡᠬᠦ᠎ᠳᠤ ᠲᠠᠯᠠᠪᠤᠷ ᠭᠠᠵᠠᠷ᠎ᠤᠨ ᠲᠥᠬᠦᠮ ᠦᠵᠡᠭᠦᠯᠬᠦ ᠵᠡᠷᠭᠡ ᠦᠢ᠍ᠯᠡᠴᠢᠯᠡᠭᠡ ᠵᠢ ᠬᠠᠩᠭ᠋ᠠᠨ᠎ᠠ᠃

  (ᠬᠤᠶᠠᠷ) ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ ᠡᠯ᠎ᠡ ᠰᠦᠯᠵᠢᠶᠡᠨ᠎ᠤ ᠦᠵᠡᠵᠦ ᠰᠤᠨᠤᠰᠬᠤ ᠲᠡᠪᠴᠡᠩ᠂ ᠬᠠᠮ ᠵᠠᠭᠤᠴᠢᠯᠠᠭᠤᠷ᠎ᠤᠨ ᠲᠦᠪ᠂ ᠪᠦᠭᠦ ᠤᠷᠤᠨ᠎ᠤ ᠺᠢᠨᠤ᠋ ᠲᠧᠯᠸᠢᠰ ᠦᠢ᠍ᠯᠡᠳᠬᠦ ᠪᠠᠶ᠋ᠢᠭᠤᠯᠤᠮᠵᠢ᠂ ᠬᠣᠯᠪᠣᠭᠳᠠᠯ ᠪᠦᠭᠦᠢ ᠶᠡᠭᠡ ᠲᠡᠬᠡᠳᠦ ᠰᠤᠷᠭ᠋ᠠᠭᠤᠯᠢ (ᠳᠡᠭᠡᠳᠦ ᠰᠤᠷᠭ᠋ᠠᠭᠤᠯᠢ ᠰᠠᠯᠪᠤᠷᠢ) ᠵᠢᠨ ᠤᠷᠤᠯᠳᠤᠭ᠋ᠠᠨ᠎ᠳᠤ ᠣᠷᠣᠯᠴᠠᠬᠤ ᠵᠢ ᠬᠠᠷᠢᠭᠤᠴᠠᠨ ᠵᠣᠬᠢᠶᠠᠨ ᠪᠠᠢ᠌ᠭᠤᠯᠵᠤ᠂ 《ᠥᠪᠥᠷ ᠮᠣᠩᠭᠤᠯ᠎ᠤᠨ ᠰᠢᠨ᠎ᠡ ᠦᠵᠡᠵᠦ ᠰᠣᠨᠣᠰᠬᠤ》᠎ᠪᠠᠷ ᠭᠤᠤᠯ ᠪᠣᠯᠭ᠋ᠠᠵᠤ᠂ ᠪᠥᠬᠦ ᠤᠯᠤᠰ᠎ᠤᠨ ᠷᠠᠳᠢᠣ᠋ ᠲᠧᠯᠸᠢᠰ᠎ᠤᠨ ᠰᠢᠨ᠎ᠡ ᠵᠠᠭᠤᠴᠢᠯᠠᠭᠤᠷ᠎ᠤᠨ ᠬᠤᠯᠪᠣᠭ᠎ᠠ᠎ᠪᠠᠷ ᠳᠠᠮᠵᠢᠭᠤᠯᠤᠨ ᠳᠠᠮᠵᠢᠭᠤᠯᠬᠤ ᠵᠢᠭᠰᠠᠭ᠋ᠠᠯ᠎ᠢ ᠪᠣᠶ ᠪᠣᠯᠭ᠋ᠠᠨ᠎ᠠ᠃

  (ᠭᠤᠷᠪᠠ) ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ ᠬᠤᠯᠪᠣᠭ᠋ᠠᠲᠤ ᠬᠤᠷᠠᠯ᠎ᠠᠴᠠ (ᠠᠢ᠌ᠮᠠᠭ) ᠬᠤᠲᠠ ᠵᠢᠨ ᠤᠳᠬ᠎ᠠ ᠤᠷᠠᠯᠢᠭ᠎ᠤᠨ᠎ᠬᠢᠨ᠎ᠤ ᠬᠤᠯᠪᠣᠭ᠋ᠠᠲᠤ ᠬᠤᠷᠠᠯ᠎ᠤᠨ ᠬᠠᠷᠢᠶ᠎ᠠ ᠡᠯ᠎ᠡ ᠤᠳᠬ᠎ᠠ ᠤᠷᠠᠯᠢᠭᠴᠢᠳ᠎ᠤᠨ ᠨᠡᠶ᠋ᠢᠭᠡᠮᠯᠢᠭ᠂ ᠲᠤᠰᠬᠠᠶ ᠮᠡᠷᠭᠡᠵᠢᠯ᠎ᠤᠨ ᠵᠥᠪᠯᠡᠯ᠎ᠢ ᠬᠠᠷᠢᠭᠤᠴᠠᠨ ᠵᠣᠬᠢᠶᠠᠨ ᠪᠠᠶ᠋ᠢᠭᠤᠯᠵᠤ ᠤᠷᠤᠯᠳᠤᠭ᠋ᠠᠨ᠎ᠳᠤ ᠣᠷᠣᠯᠴᠠᠭᠤᠯᠵᠤ᠂ ᠦᠢ᠍ᠯᠡᠳᠬᠦ ᠪᠠᠶ᠋ᠢᠭᠤᠯᠤᠮᠵᠢ᠎ᠳᠤ ᠣᠷᠣᠨ᠎ᠤ ᠳᠣᠲᠣᠨ᠎ᠠ ᠭᠠᠳᠠᠨᠠᠬᠢ ᠨᠡᠷ᠎ᠡ ᠬᠦᠨᠳᠦᠲᠦ ᠰᠦᠯᠵᠢᠶᠡᠨ᠎ᠤ ᠵᠦᠴᠦᠭᠡ ᠵᠢᠨ ᠤᠬᠠᠭ᠋ᠠᠯᠠᠭᠴᠢ᠂ ᠵᠦᠴᠦᠭᠡ ᠨᠠᠶ᠋ᠢᠷᠠᠭᠤᠯᠤᠭᠴᠢ᠂ ᠤᠳᠤᠷᠢᠳᠤᠭᠴᠢ ᠵᠢ ᠬᠠᠩᠭ᠋ᠠᠵᠤ᠂ ᠠᠵᠢᠯᠯᠠᠭ᠎ᠠ᠎ᠳᠤ ᠬᠤᠯᠪᠣᠭᠳᠠᠭᠰᠠᠨ ᠪᠦᠲᠦᠭᠡᠯ᠎ᠳᠤ ᠵᠣᠬᠢᠶᠠᠨ ᠪᠦᠲᠦᠭᠡᠬᠦ ᠵᠢᠯᠣᠭᠤᠳᠣᠯᠭ᠎ᠠ ᠪᠠ ᠳᠡᠮᠵᠢᠯᠭᠡ ᠦᠵᠡᠭᠦᠯᠵᠦ᠂ ᠪᠦᠲᠦᠭᠡᠯ᠎ᠤᠨ ᠦᠵᠡᠯ ᠰᠠᠨᠠᠭ᠋ᠠᠴᠢ ᠴᠢᠨᠠᠷ᠂ ᠤᠷᠠᠯᠢᠭᠴᠢ ᠴᠢᠨᠠᠷ᠂ ᠳᠠᠮᠵᠢᠭᠤᠯᠬᠤ ᠴᠢᠨᠠᠷ᠎ᠢ ᠨᠠᠷᠢᠨ ᠨᠢᠮᠪᠠᠶ ᠲᠠᠪᠲᠠᠨ ᠬᠢᠵᠦ᠂ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃

  

   ᠳᠠᠭ᠋ᠠᠯᠳᠤᠭᠤᠯᠤᠯ᠄ 1. ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠣᠬᠤᠷ ᠸᠢᠳᠢᠣ᠋ ᠪᠠ ᠪᠢᠴᠢᠯ ᠣᠬᠤᠷ ᠵᠦᠴᠦᠭᠡ ᠵᠢᠨ ᠤᠷᠤᠯᠳᠤᠭ᠋ᠠᠨ᠎ᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ.doc

  2.  ᠬᠡᠪᠯᠡᠯ᠎ᠤᠨ ᠡᠷᠬᠡ ᠵᠢᠨ ᠠᠮᠠᠯᠠᠯᠲᠠ ᠵᠢᠨ ᠪᠢᠴᠢᠭ.doc

 


ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠤᠳᠭ᠎ᠠ ᠤᠷᠠᠯᠢᠭ᠎ᠤᠨ᠎ᠬᠢᠨ᠎ᠤ ᠬᠣᠯᠪᠣᠭ᠋ᠠᠲᠤ ᠬᠤᠷᠠᠯ

2024 ᠣᠨ᠎ᠤ 4 ᠳ᠋ᠦ᠍ᠭᠡᠷ ᠰᠠᠷ᠎ᠠ ᠵᠢᠨ 30᠎ᠤ ᠡᠳᠦᠷ

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ