ᠪᠠᠶ᠋ᠢᠭᠤᠯᠭ᠎ᠠ ᠵᠢᠨ ᠡᠯ᠎ᠡ ᠭᠠᠵᠠᠷ ᠠᠯᠪᠠᠨ ᠭᠡᠷ᠂ ᠲᠣᠪᠴᠢᠶ᠎ᠠ ᠵᠢᠨ ᠬᠠᠷᠢᠶ᠎ᠠ ᠡᠯ᠎ᠡ ᠨᠢᠭᠡᠴᠢ᠎ᠳᠤ᠄
ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ ᠵᠢ ᠠᠬᠢᠭᠤᠯᠵᠤ᠂ ᠰᠠᠬᠢᠯᠭ᠎ᠠ ᠪᠠᠲᠤ ᠵᠢ ᠰᠤᠷᠤᠯᠴᠠᠬᠤ᠂ ᠰᠠᠬᠢᠯᠭ᠎ᠠ ᠪᠠᠲᠤ ᠵᠢ ᠮᠡᠳᠡᠬᠦ᠂ ᠰᠠᠬᠢᠯᠭ᠎ᠠ ᠪᠠᠲᠤ ᠵᠢ ᠣᠢ᠌ᠯᠠᠭ᠋ᠠᠬᠤ᠂ ᠰᠠᠬᠢᠯᠭ᠎ᠠ ᠪᠠᠲᠤ ᠵᠢ ᠰᠠᠬᠢᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠬᠤ ᠵᠢᠨ ᠲᠤᠰᠠᠳᠠ᠂ ᠮᠠᠨ᠎ᠤ ᠲᠣᠪᠴᠢᠶ᠎ᠠ ᠵᠢᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠡᠳᠦᠭᠡ ᠠᠷᠢᠭᠤᠨ ᠴᠢᠬᠡᠴᠢ ᠰᠣᠶᠣᠯ᠎ᠤᠨ ᠣᠬᠤᠷ ᠸᠢᠳᠢᠣ᠋ ᠵᠢ ᠡᠯᠰᠡᠨ ᠴᠤᠭᠯᠠᠭᠤᠯᠵᠤ ᠰᠢᠯᠭ᠋ᠠᠷᠠᠭᠤᠯᠬᠤ ᠠᠵᠢᠯᠯᠠᠭ᠎ᠠ ᠥᠷᠨᠢᠭᠦᠯᠬᠦ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠪᠡ᠃
ᠨᠢᠭᠡ᠂ ᠠᠵᠢᠯᠯᠠᠭ᠋ᠠᠨ᠎ᠤ ᠲᠣᠬᠢᠷᠠᠭᠤᠯᠤᠯᠲᠠ
(ᠨᠢᠭᠡ) ᠪᠦᠲᠦᠭᠡᠯ ᠡᠯᠰᠡᠬᠦ᠃ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠬᠦ᠎ᠪᠠᠷ ᠵᠢᠯᠣᠭᠤᠳᠤᠮᠵᠢ ᠪᠣᠯᠭ᠋ᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ》᠎ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢᠨ ᠲᠣᠭᠤᠷᠢᠨ᠎ᠳᠤ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠲᠠᠰᠤᠷᠠᠯᠲᠠ ᠥᠬᠡᠶ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭ᠋ᠠᠨ᠎ᠤ ᠠᠬᠤᠶ ᠪᠠᠶ᠋ᠢᠳᠠᠯ ᠵᠶ᠋ᠠᠨ ᠳᠡᠭᠡᠭᠰᠢᠯᠡᠭᠦᠯᠦᠨ᠂ ᠤᠬᠠᠮᠰᠠᠷ᠎ᠠᠴᠠ᠎ᠪᠠᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠢᠷᠤᠮᠯᠠᠬᠤ᠂ ᠡᠪ ᠬᠠᠮᠲᠤ ᠨᠠᠮ᠎ᠤᠨ ᠭᠡᠰᠢᠭᠦᠨ ᠲᠥᠪ ᠭᠤᠤᠯᠴᠢ ᠠᠷᠢᠭᠤᠨ ᠴᠢᠬᠡᠴᠢ ᠤᠯᠤᠰ ᠲᠥᠷᠥ ᠵᠢᠨ ᠮᠥᠨ ᠴᠢᠨᠠᠷ ᠵᠶ᠋ᠠᠨ ᠡᠭᠦᠷᠢᠳᠡ ᠬᠠᠳᠠᠭ᠋ᠠᠯᠠᠬᠤ ᠵᠡᠷᠭᠡ᠎ᠪᠠᠷ ᠭᠤᠤᠯᠳᠠᠭᠤᠯᠵᠤ᠂ ᠠᠷᠢᠭᠤᠨ ᠴᠢᠬᠡᠴᠢ ᠰᠣᠶᠣᠯ᠎ᠤᠨ ᠣᠬᠤᠷ ᠸᠢᠳᠢᠣ᠋ ᠵᠢ ᠢᠳᠡᠪᠬᠢᠲᠡᠶ ᠵᠣᠬᠢᠶᠠᠨ ᠪᠦᠲᠦᠭᠡᠵᠦ᠂ 6 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠡᠮᠦᠨ᠎ᠡ 《ᠠᠷᠢᠭᠤᠨ ᠴᠢᠬᠡᠴᠢ ᠰᠣᠶᠣᠯ᠎ᠤᠨ ᠣᠬᠤᠷ ᠸᠢᠳᠢᠣ᠋ ᠵᠢᠨ ᠪᠦᠲᠦᠭᠡᠯ᠎ᠤᠨ ᠳᠠᠩᠰᠠᠯᠠᠬᠤ ᠬᠦᠰᠦᠨᠦᠭᠲᠦ》 ᠪᠠ ᠸᠢᠳᠢᠣ᠋ ᠪᠦᠲᠦᠭᠡᠯ᠎ᠢ ᠬᠠᠮᠲᠤ᠎ᠪᠠᠷ ᠢᠮᠸᠯ᠎ᠳᠤ ᠮᠡᠳᠡᠭᠦᠯᠦᠨ ᠬᠦᠷᠭᠡᠨ᠎ᠡ᠃
(ᠬᠤᠶᠠᠷ) ᠪᠦᠲᠦᠭᠡᠯ᠎ᠢ ᠬᠢᠨᠠᠨ ᠲᠣᠭᠲᠠᠭ᠋ᠠᠬᠤ᠃ 6 ᠳ᠋ᠤᠭ᠋ᠠᠷ ᠰᠠᠷ᠎ᠠ ᠵᠢᠨ ᠬᠤᠷᠢᠳ ᠵᠶ᠋ᠠᠷ ᠲᠤᠰᠬᠠᠶ ᠮᠡᠷᠭᠡᠵᠢᠯᠲᠡᠨ᠎ᠢ ᠤᠷᠢᠵᠤ ᠡᠯᠰᠡᠨ ᠴᠤᠭᠯᠠᠭᠤᠯᠤᠭᠰᠠᠨ ᠪᠦᠲᠦᠭᠡᠯ᠎ᠢ ᠰᠢᠯᠭ᠋ᠠᠷᠠᠭᠤᠯᠵᠤ᠂ ᠨᠢᠭᠡᠳᠦᠭᠡᠷ ᠳᠡᠰ᠎ᠤᠨ ᠱᠠᠩᠨᠠᠯ᠂ ᠬᠤᠶᠠᠳᠤᠭ᠋ᠠᠷ ᠳᠡᠰ᠎ᠤᠨ ᠱᠠᠩᠨᠠᠯ᠂ ᠭᠤᠷᠪᠠᠳᠤᠭ᠋ᠠᠷ ᠳᠡᠰ᠎ᠤᠨ ᠱᠠᠩᠨᠠᠯ᠂ ᠰᠢᠯᠢᠳᠡᠭ ᠱᠠᠩᠨᠠᠯ ᠵᠡᠷᠭᠡ ᠱᠠᠩᠨᠠᠯ᠎ᠢ ᠶᠡᠷᠦᠩᠬᠡᠶ᠋ᠢᠯᠡᠨ ᠰᠢᠯᠭ᠋ᠠᠷᠠᠭᠤᠯᠤᠨ ᠭᠠᠷᠭ᠋ᠠᠵᠤ᠂ ᠢᠷᠠᠭᠤ ᠠᠯᠳᠠᠷ᠎ᠤᠨ ᠦᠨᠡᠮᠯᠡᠯ ᠣᠯᠭᠣᠨ᠎ᠠ᠃
(ᠭᠤᠷᠪᠠ) ᠪᠦᠲᠦᠭᠡᠯ᠎ᠤᠨ ᠦᠵᠡᠭᠦᠯᠭᠡ᠃ ᠰᠢᠨ᠎ᠡ ᠵᠠᠭᠤᠴᠢᠯᠠᠭᠤᠷ᠎ᠤᠨ ᠵᠢᠭᠰᠠᠭ᠋ᠠᠯ᠂ ᠤᠬᠠᠭᠤᠯᠭ᠎ᠠ ᠵᠢᠨ ᠪᠤᠯᠤᠩ ᠵᠡᠷᠭᠡ ᠠᠴᠢᠶᠠᠯᠠᠪᠤᠷᠢ ᠵᠢ ᠠᠰᠢᠭᠯᠠᠨ᠂ ᠰᠢᠯᠢᠳᠡᠭ ᠪᠦᠲᠦᠭᠡᠯ᠎ᠢ ᠳᠡᠯᠭᠡᠨ ᠨᠡᠪᠲᠡᠷᠡᠭᠦᠯᠵᠦ᠂ ᠰᠢᠯᠢᠳᠡᠭ᠎ᠢ᠎ᠨᠢ ᠰᠣᠩᠭᠤᠵᠤ ᠳᠡᠭᠡᠳᠦ ᠱᠠᠲᠤᠨ᠎ᠤ ᠪᠠᠶ᠋ᠢᠭᠤᠯᠤᠮᠵᠢ᠎ᠳᠤ ᠲᠠᠨᠢᠯᠴᠠᠭᠤᠯᠤᠨ᠎ᠠ᠃
ᠬᠤᠶᠠᠷ᠂ ᠪᠦᠲᠦᠭᠡᠯ᠎ᠤᠨ ᠱᠠᠭ᠋ᠠᠷᠳᠠᠯᠭ᠎ᠠ
(ᠨᠢᠭᠡ) ᠭᠣᠣᠯ ᠰᠡᠳᠦᠪ ᠭᠣᠣᠯ ᠱᠤᠭᠤᠮ᠎ᠢ ᠳᠣᠪᠣᠶ᠋ᠢᠯᠭ᠋ᠠᠨ᠎ᠠ᠃ ᠲᠤᠭ ᠲᠡᠮᠳᠡᠭ ᠲᠣᠳᠣᠷᠬᠠᠢ᠎ᠪᠠᠷ ᠵᠥᠪ ᠤᠯᠤᠰ ᠲᠦᠷᠦ ᠵᠢᠨ ᠴᠢᠭᠯᠡᠯ᠂ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠂ ᠦᠷᠳᠡᠭ᠎ᠤᠨ ᠬᠠᠨᠳᠤᠰᠢ ᠵᠢ ᠪᠠᠷᠢᠮᠲᠠᠯᠠᠵᠤ᠂ ᠵᠣᠬᠢᠶᠠᠯ ᠪᠦᠲᠦᠭᠡᠯ᠎ᠢ ᠴᠤᠭᠯᠠᠭᠤᠯᠬᠤ ᠭᠤᠣᠯ ᠰᠡᠳᠦᠪ᠎ᠲᠠᠢ ᠨᠢᠭᠲᠠ ᠤᠶᠠᠯᠳᠤᠭᠤᠯᠤᠨ ᠣᠬᠤᠷ ᠸᠢᠳᠢᠣ᠋ ᠵᠢ ᠰᠡᠭᠦᠳᠡᠷᠯᠡᠵᠦ᠂ ᠭᠤᠣᠯ ᠬᠦᠭ ᠠᠶᠠᠰ᠎ᠢ ᠴᠤᠤᠷᠢᠶᠠᠲᠤᠭᠤᠯᠵᠤ᠂ ᠢᠳᠡᠪᠬᠢ ᠬᠦᠴᠦᠨ᠎ᠢ ᠳᠠᠮᠵᠢᠭᠤᠯᠬᠤ ᠬᠡᠷᠡᠭᠲᠡᠢ᠃ ᠤᠯᠤᠰ ᠲᠦᠷᠦ ᠵᠢᠨ ᠪᠣᠭᠤᠮᠲᠠ ᠵᠢ ᠰᠠᠬᠢᠬᠤ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ 《ᠮᠠᠭᠤ᠎ᠪᠠᠷ ᠰᠠᠢ᠌ᠰᠢᠶᠠᠬᠤ》᠂ 《ᠰᠠᠢ᠌ᠨ ᠵᠶ᠋ᠠᠷ ᠮᠠᠭᠤᠯᠠᠬᠤ》 ᠵᠢ ᠴᠢᠩᠭ᠎ᠠ ᠰᠡᠷᠭᠡᠶ᠋ᠢᠯᠡᠬᠦ ᠬᠡᠷᠡᠭᠲᠡᠢ᠃
(ᠬᠤᠶᠠᠷ) ᠢᠯᠡᠳᠬᠡᠬᠦ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠦᠨ᠎ᠡ᠃ ᠵᠣᠬᠢᠶᠠᠯ ᠪᠦᠲᠦᠭᠡᠯ᠎ᠤᠨ ᠵᠣᠬᠢᠶᠠᠨ ᠪᠦᠲᠦᠭᠡᠯᠭᠡ᠎ᠳᠤ ᠵᠦᠴᠦᠭᠡ ᠵᠢᠨ ᠦᠢ᠍ᠯᠡ ᠶᠠᠪᠤᠳᠠᠯ᠎ᠤᠨ ᠲᠥᠷᠥᠯ᠂ ᠲᠡᠮᠲᠡᠭᠯᠡᠯ᠎ᠤᠨ ᠲᠥᠷᠥᠯ᠂ ᠪᠦᠲᠦᠭᠡᠯᠴᠢ ᠰᠡᠳᠬᠢᠮᠵᠢ ᠵᠢᠨ ᠲᠥᠷᠥᠯ᠂ ᠰᠣᠷᠪᠣᠯᠵᠢᠯᠠᠯ᠎ᠤᠨ ᠲᠥᠷᠥᠯ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠲᠥᠷᠥᠯ ᠵᠡᠷᠭᠡ ᠵᠢ ᠬᠡᠷᠡᠭᠯᠡᠵᠦ ᠪᠣᠯᠤᠨ᠎ᠠ᠂ ᠬᠡᠯᠪᠡᠷᠢ᠎ᠨᠢ ᠪᠠᠭᠲᠠᠬᠤ ᠪᠣᠯᠪᠠᠴᠤ Vlog᠂ ᠪᠢᠴᠢᠯ ᠺᠢᠨᠣ᠋᠂ ᠪᠢᠴᠢᠯ ᠪᠠᠷᠢᠮᠲᠠᠲᠤ ᠹᠢᠯᠢᠮ᠂ ᠺᠠᠷᠲ᠋ᠣᠨ ᠵᠢᠷᠤᠭ᠂ MV ᠵᠡᠷᠭᠡ ᠵᠢ ᠬᠢᠵᠠᠭ᠋ᠠᠷᠯᠠᠬᠤ ᠦᠭᠡᠢ᠃
(ᠭᠤᠷᠪᠠ) ᠸᠢᠳᠢᠣ᠋ ᠵᠢᠨ ᠦᠢ᠍ᠯᠡᠳᠬᠦ ᠱᠠᠭ᠋ᠠᠷᠳᠠᠯᠭ᠎ᠠ᠃ ᠸᠢᠳᠢᠤ᠋ ᠵᠢᠨ ᠬᠡᠯᠪᠡᠷᠢ᠎ᠨᠢ MP4᠂ MOV᠂ MPG ᠪᠠᠶ᠋ᠢᠵᠤ᠂ ᠬᠦᠨᠳᠡᠯᠡᠨ ᠪᠣᠰᠣᠭ᠎ᠠ ᠳᠡᠯᠭᠡᠴᠡ ᠵᠢᠨ ᠬᠡᠯᠪᠡᠷᠢ ᠵᠢ ᠳᠡᠮᠵᠢᠵᠦ᠂ ᠢᠯᠭ᠋ᠠᠯᠲᠠ ᠵᠢᠨ ᠨᠣᠷᠮ᠎ᠠ ᠵᠢ 1920*1080 (ᠬᠥᠨᠳᠡᠯᠡᠨ ᠳᠡᠯᠭᠡᠴᠡ)᠂ 1080*1820 (ᠪᠣᠰᠤᠭ᠎ᠠ ᠳᠡᠯᠭᠡᠴᠡ)᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠂ ᠹᠷᠠᠮ᠎ᠤᠨ ᠬᠤᠷᠳᠤᠴᠠ ᠵᠢ 25 ᠹᠷᠠᠮ / ᠰᠧᠺᠦ᠋ᠨ᠋ᠲ᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠃ ᠡᠬᠡ ᠪᠢᠴᠢᠭ ᠵᠶ᠋ᠠᠷ ᠢᠯᠡᠭᠡᠬᠦ ᠸᠢᠳᠢᠣ᠋᠎ᠳᠤ ᠥᠨᠴᠥᠭ᠎ᠤᠨ ᠲᠡᠮᠳᠡᠭ ᠪᠠ ᠤᠰᠤᠨ ᠲᠠᠮᠠᠭ᠎ᠠ ᠥᠬᠡᠶ ᠪᠠᠢ᠌ᠬᠤ ᠵᠢ ᠱᠠᠭ᠋ᠠᠷᠳᠠᠵᠤ᠂ ᠵᠠᠷ ᠮᠡᠳᠡᠭᠡ ᠵᠢᠨ ᠰᠡᠵᠢᠭᠯᠡᠯ ᠥᠬᠡᠶ ᠪᠠᠶ᠋ᠢᠵᠤ᠂ ᠥᠰᠥᠭ᠎ᠤᠨ ᠳᠡᠯᠭᠡᠴᠡ᠎ᠳᠤ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠵᠢᠷᠤᠮᠵᠢᠭᠤᠯᠤᠨ ᠬᠡᠷᠡᠭᠯᠡᠬᠦ ᠬᠡᠷᠡᠭᠲᠡᠶ ᠪᠥᠭᠡᠳ ᠬᠠᠷᠭᠤᠭᠤᠯᠭ᠎ᠠ ᠣᠨᠣᠪᠴᠢᠲᠠᠶ ᠠᠯᠳᠠᠭ᠎ᠠ ᠥᠬᠡᠶ ᠪᠠᠶ᠋ᠢᠬᠤ ᠵᠢ ᠱᠠᠭ᠋ᠠᠷᠳᠠᠨ᠎ᠠ᠂ ᠴᠠᠭ᠎ᠤᠨ ᠬᠢᠵᠠᠭ᠋ᠠᠷᠯᠠᠯ 5 ᠮᠢᠨᠦ᠋ᠲ ᠪᠠᠢ᠌ᠵᠤ᠂ ᠪᠢᠴᠢᠭ ᠮᠠᠲ᠋ᠧᠷᠢᠶᠠᠯ᠎ᠢ 《ᠨᠢᠭᠡᠴᠢ + ᠣᠪᠣᠭ ᠨᠡᠷ᠎ᠡ + ᠪᠦᠲᠦᠭᠡᠯ᠎ᠤᠨ ᠨᠡᠷᠡᠶ᠋ᠢᠳᠦᠯ》 ᠵᠶ᠋ᠠᠷ ᠨᠡᠷᠡᠶ᠋ᠢᠳᠬᠦ ᠬᠡᠷᠡᠭᠲᠡᠢ᠃
(ᠳᠥᠷᠪᠡ) ᠰᠣᠩᠭᠤᠨ ᠬᠦᠷᠭᠡᠬᠦ ᠲᠤᠭ᠎ᠠ ᠬᠡᠮᠵᠢᠶᠡᠨ᠎ᠤ ᠱᠠᠭ᠋ᠠᠷᠳᠠᠯᠭ᠎ᠠ᠃ ᠲᠣᠪᠴᠢᠶ᠎ᠠ ᠵᠢᠨ ᠪᠠᠶ᠋ᠢᠭᠤᠯᠭ᠎ᠠ ᠭᠠᠵᠠᠷ ᠲᠠᠰᠤᠭ ᠬᠠᠮᠲᠤᠷᠠᠨ ᠰᠣᠩᠭᠤᠨ ᠬᠦᠷᠭᠡᠬᠦ ᠪᠦᠲᠦᠭᠡᠯ᠎ᠨᠢ 2 ᠬᠤᠪᠢ᠎ᠠᠴᠠ ᠴᠥᠬᠡᠨ ᠪᠠᠶ᠋ᠢᠵᠤ ᠪᠣᠯᠬᠤ ᠦᠭᠡᠢ᠂ ᠲᠣᠪᠴᠢᠶ᠎ᠠ ᠵᠢᠨ ᠬᠠᠷᠢᠶ᠎ᠠ ᠡᠯ᠎ᠡ ᠨᠢᠭᠡᠴᠢ (ᠡᠯ᠎ᠡ ᠰᠠᠯᠪᠤᠷᠢ ᠪᠠᠶ᠋ᠢᠭᠤᠯᠤᠮᠵᠢ ᠵᠢ ᠪᠠᠭᠲᠠᠭ᠋ᠠᠨ᠎ᠠ) ᠵᠢᠨ ᠰᠣᠩᠭᠣᠨ ᠬᠦᠷᠭᠡᠬᠦ ᠪᠦᠲᠦᠭᠡᠯ᠎ᠨᠢ1 ᠬᠤᠪᠢ᠎ᠠᠴᠠ ᠴᠥᠬᠡᠨ ᠪᠠᠢ᠌ᠵᠤ ᠪᠣᠯᠬᠤ ᠦᠭᠡᠢ ᠪᠠᠢ᠌ᠵᠤ᠂ ᠣᠯᠠᠨ᠎ᠢ ᠬᠢᠵᠠᠭ᠋ᠠᠷᠯᠠᠬᠤ ᠦᠭᠡᠢ᠃
ᠭᠤᠷᠪᠠ᠂ ᠠᠵᠢᠯ᠎ᠤᠨ ᠱᠠᠭ᠋ᠠᠷᠳᠠᠯᠭ᠎ᠠ
(ᠨᠢᠭᠡ) ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠤᠨ᠎ᠠ᠃ ᠡᠯ᠎ᠡ ᠭᠠᠵᠠᠷ ᠭᠡᠷ᠂ ᠨᠢᠭᠡᠴᠢ ᠵᠢᠨ᠎ᠬᠢᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠷᠢᠭᠤᠨ ᠴᠢᠬᠡᠴᠢ ᠰᠣᠶᠣᠯ᠎ᠤᠨ ᠣᠬᠤᠷ ᠸᠢᠳᠢᠣ᠋ ᠵᠢᠨ ᠵᠣᠬᠢᠶᠠᠨ ᠪᠦᠲᠦᠭᠡᠯᠭᠡ ᠵᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠵᠢᠨ ᠴᠢᠬᠤᠯᠠ ᠠᠭᠤᠯᠭ᠎ᠠ ᠪᠣᠯᠭ᠋ᠠᠵᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠵᠤ᠂ ᠰᠡᠳᠭᠢᠮᠵᠢ ᠠᠷᠭ᠎ᠠ ᠬᠡᠮᠵᠢᠶ᠎ᠡ᠎ᠪᠠᠨ ᠰᠢᠨᠡᠴᠢᠯᠡᠵᠦ᠂ ᠨᠠᠷᠢᠨ ᠨᠢᠮᠪᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠵᠢ ᠪᠠᠲᠤᠯᠠᠬᠤ ᠬᠡᠷᠡᠭᠲᠡᠢ᠃
(ᠬᠤᠶᠠᠷ) ᠳᠠᠪᠠᠭᠤᠯᠢᠭ ᠵᠶ᠋ᠠᠨ ᠪᠠᠳᠠᠷᠠᠭᠤᠯᠵᠤ᠂ ᠣᠨᠴᠠᠯᠢᠭ ᠵᠶ᠋ᠠᠨ ᠲᠣᠪᠣᠢ᠌ᠯᠭ᠋ᠠᠨᠠ᠃ ᠰᠢᠨ᠎ᠡ ᠴᠠᠭ ᠦᠶ᠎ᠡ ᠵᠢᠨ ᠠᠷᠢᠭᠤᠨ ᠴᠢᠬᠡᠴᠢ ᠰᠣᠶᠣᠯ᠎ᠤᠨ ᠪᠦᠲᠦᠭᠡᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠣᠳᠠᠲᠤ ᠪᠠᠶ᠋ᠢᠳᠠᠯ᠎ᠲᠠᠢ ᠣᠶ᠋ᠢᠷᠠᠳᠬᠤ᠂ ᠠᠮᠢᠳᠤᠷᠠᠯ᠎ᠲᠠᠢ ᠣᠶ᠋ᠢᠷᠠᠳᠬᠤ᠂ ᠣᠯᠠᠨ ᠲᠦᠮᠡᠨ᠎ᠲᠠᠢ ᠣᠢ᠌ᠷᠠᠳᠬᠤ ᠵᠢ ᠪᠠᠷᠢᠮᠲᠠᠯᠠᠵᠤ᠂ ᠲᠣᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠠᠵᠢᠯ ᠲᠥᠷᠥᠯ᠎ᠤᠨ ᠣᠨᠴᠠᠯᠢᠭ ᠵᠶ᠋ᠠᠨ ᠳᠣᠪᠤᠶ᠋ᠢᠯᠭ᠋ᠠᠵᠤ᠂ ᠣᠯᠠᠨ ᠶᠠᠩᠵᠤ ᠵᠢᠨ ᠢᠯᠡᠷᠡᠭᠦᠯᠬᠦ ᠬᠡᠯᠪᠡᠷᠢ᠎ᠪᠠᠷ ᠺᠠᠳ᠋ᠷ ᠠᠵᠢᠯᠲᠠᠨ ᠠᠵᠢᠯᠴᠢᠨ᠎ᠤ ᠣᠷᠭᠢᠯᠤᠮ᠎ᠠ ᠬᠠᠯᠠᠭᠤᠨ ᠠᠵᠢᠯ᠎ᠤᠨ ᠰᠡᠳᠬᠢᠯᠭᠡ᠂ ᠯᠠᠪᠳᠠᠭᠤᠨ ᠪᠠᠲᠤᠲᠠᠶ ᠠᠵᠢᠯ᠎ᠤᠨ ᠠᠷᠭ᠎ᠠ ᠬᠡᠮᠵᠢᠶ᠎ᠡ ᠵᠢ ᠠᠳᠠᠯᠢ ᠪᠤᠰᠤ ᠲᠠᠯ᠎ᠠ᠎ᠠᠴᠠ ᠢᠯᠡᠷᠡᠭᠦᠯᠬᠦ ᠬᠡᠷᠡᠭᠲᠡᠶ᠃
(ᠭᠤᠷᠪᠠ) ᠤᠬᠠᠭᠤᠯᠭ᠎ᠠ᠎ᠪᠠᠨ ᠴᠢᠩᠭ᠋ᠠᠷᠠᠭᠤᠯᠵᠤ᠂ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠨ᠎ᠠ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ》᠎ᠢ ᠤᠬᠠᠭᠤᠯᠤᠨ ᠲᠠᠶ᠋ᠢᠯᠪᠤᠷᠢᠯᠠᠬᠤ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠠᠷᠢᠭᠤᠨ ᠴᠢᠬᠡᠴᠢ ᠰᠣᠶᠣᠯ᠎ᠤᠨ ᠤᠬᠠᠭᠤᠯᠭ᠎ᠠ ᠵᠢᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠠᠷᠢᠭᠤᠨ ᠴᠢᠬᠡᠴᠢ ᠰᠣᠶᠣᠯ᠎ᠤᠨ ᠬᠥᠮᠦᠵᠢᠯ᠂ ᠵᠢᠱ᠌ᠢᠶ᠎ᠡ ᠦᠵᠡᠭᠦᠯᠬᠦ᠂ ᠬᠥᠲᠥᠯᠥᠨ ᠳᠠᠭ᠋ᠠᠭᠤᠯᠬᠤ᠂ ᠤᠳᠤᠷᠢᠳᠤᠮᠵᠢ ᠵᠢᠨ ᠦᠢ᠍ᠯᠡᠳᠦᠯ᠎ᠢ ᠪᠠᠳᠠᠷᠠᠭᠤᠯᠤᠨ᠂ ᠶᠣᠰᠣ ᠲᠦᠷᠢᠮ᠎ᠢ ᠡᠷᠬᠢᠮᠯᠡᠬᠦ᠂ ᠰᠠᠬᠢᠯᠭ᠎ᠠ ᠪᠠᠲᠤ ᠵᠢ ᠰᠠᠬᠢᠬᠤ ᠰᠠᠶ᠋ᠢᠨ ᠰᠠᠶ᠋ᠢᠬᠠᠨ ᠠᠵᠢᠯ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃
ᠳᠠᠭ᠋ᠠᠯᠳᠤᠭᠤᠯᠤᠯ᠄ ᠠᠷᠢᠭᠤᠨ ᠴᠢᠬᠡᠴᠢ ᠰᠣᠶᠣᠯ᠎ᠤᠨ ᠣᠬᠤᠷ ᠸᠢᠳᠢᠣ᠋ ᠵᠢᠨ ᠪᠦᠲᠦᠭᠡᠯ᠎ᠤᠨ ᠳᠠᠩᠰᠠᠯᠠᠬᠤ ᠬᠦᠰᠦᠨᠦᠭᠲᠦ.doc
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2024 ᠣᠨ᠎ᠤ 5 ᠳ᠋ᠤᠭ᠋ᠠᠷ ᠰᠠᠷ᠎ᠠ ᠵᠢᠨ 23᠎ᠤ ᠡᠳᠦᠷ
ᠬᠠᠷᠢᠯᠴᠠᠬᠤ ᠬᠥᠮᠦᠨ᠄ ᠶᠠᠩ ᠹᠠᠨ
ᠬᠠᠷᠢᠯᠴᠠᠬᠤ ᠤᠲᠠᠰᠤ᠄ 4590063
ᠢᠮᠸᠯ᠄ xwgd417@163.com