2024 ᠣᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠭᠡ ᠬᠥᠲᠥᠯᠦᠯᠭᠡ᠂ ᠰᠣᠨᠢᠨ ᠮᠡᠳᠡᠭᠡ᠂ ᠡᠯᠸᠺᠲᠷᠣᠨ ᠢᠨᠵᠧᠨᠧᠷᠢᠩ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ
2024-05-24




ᠡᠯ᠎ᠡ ᠠᠶ᠋ᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠡᠯ᠎ᠡ   ᠬᠠᠮᠢᠶ᠎ᠠ ᠪᠦᠬᠦᠢ ᠨᠢᠭᠡᠴᠢ᠎ᠳᠤ᠄

  《2024 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2024] 85 ᠳ᠋ᠤᠭ᠋ᠠᠷ ᠲᠣᠭ᠋ᠠᠲᠤ)᠎ᠤᠨ ᠲᠣᠬᠢᠷᠠᠭᠤᠯᠤᠯᠲᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠭᠡ ᠬᠥᠲᠦᠯᠦᠯᠭᠡ᠂ ᠰᠣᠨᠢᠨ ᠮᠡᠳᠡᠭᠡ᠂ ᠡᠯᠸᠺᠲᠷᠣᠨ ᠢᠨᠵᠧᠨᠧᠷᠢᠩ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠡᠳᠦᠭᠡ ᠬᠠᠮᠢᠶ᠎ᠠ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠪᠡ᠃

   ᠨᠢᠭᠡ᠂ ᠬᠢᠨᠠᠨ ᠲᠣᠭᠲᠠᠭ᠋ᠠᠬᠤ ᠺᠣᠮᠢᠰ᠎ᠤᠨ ᠳᠣᠬᠢᠷᠠᠭᠤᠯᠤᠯᠲᠠ

   ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠨᠡᠪᠳᠡᠷᠡᠭᠦᠯᠭᠡ ᠵᠢᠨ ᠬᠤᠷᠠᠯ᠎ᠢ ᠡᠷᠬᠢᠯᠡᠬᠦ ᠰᠢᠷᠢᠰ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠬᠢᠷᠢ ᠬᠡᠮ᠎ᠢ ᠬᠢᠨᠠᠨ ᠰᠢᠯᠭ᠋ᠠᠷᠠᠭᠤᠯᠬᠤ ᠵᠥᠪᠯᠡᠯ᠎ᠢ ᠪᠠᠶ᠋ᠢᠭᠤᠯᠵᠤ᠂ ᠪᠥᠬᠦ ᠣᠷᠣᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠭᠡ ᠬᠥᠲᠦᠯᠦᠯᠭᠡ ᠵᠢᠨ ᠰᠢᠷᠢᠰ ᠮᠡᠷᠭᠡᠵᠢᠯ᠎ᠤᠨ ᠴᠣᠯᠠ ᠵᠢᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠠ; ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠰᠣᠨᠢᠨ ᠮᠡᠳᠡᠭᠡᠨ᠎ᠤ ᠰᠢᠷᠢᠰ ᠪᠠ ᠡᠯᠸᠺᠲᠷᠣᠨ ᠢᠨᠵᠧᠨᠧᠷᠢᠩ᠎ᠤᠨ ᠲᠤᠰᠬᠠᠶ ᠮᠡᠷᠭᠡᠵᠢᠯ᠎ᠤᠨ ᠳᠤᠮᠳᠠ (ᠠᠩᠬ᠎ᠠ ᠵᠡᠷᠭᠡ ᠵᠢᠨ) ᠵᠡᠷᠭᠡ ᠵᠢᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠬᠢᠨᠠᠨ ᠲᠣᠭᠲᠠᠭ᠋ᠠᠬᠤ ᠺᠣᠮᠢᠰ᠎ᠢ ᠳᠣᠬᠢᠷᠠᠭᠤᠯᠵᠤ᠂ ᠣᠷᠣᠨ᠎ᠤ ᠰᠢᠭᠤᠳ ᠬᠠᠷᠢᠶ᠎ᠠ ᠨᠢᠭᠡᠴᠢ ᠵᠢᠨ ᠷᠠᠳᠢᠣ᠋ ᠲᠧᠯᠸᠢᠰ᠎ᠤᠨ ᠰᠣᠨᠢᠨ ᠮᠡᠳᠡᠭᠡᠨ᠎ᠤ ᠰᠢᠷᠢᠰ ᠪᠠ ᠡᠯᠸᠺᠲᠷᠣᠨ ᠢᠨᠵᠧᠨᠧᠷᠢᠩ᠎ᠤᠨ ᠲᠤᠰᠬᠠᠶ ᠮᠡᠷᠭᠡᠵᠢᠯ᠎ᠤᠨ ᠳᠤᠮᠳᠠ ᠪᠠ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠵᠢᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠭᠥᠯᠢᠶᠡᠨ ᠠᠪᠴᠤ ᠰᠢᠢ᠍ᠳᠪᠦᠷᠢᠯᠡᠨ᠎ᠡ᠃

   ᠬᠤᠶᠠᠷ᠂ ᠬᠢᠨᠠᠨ ᠲᠣᠭᠲᠠᠭ᠋ᠠᠬᠤ ᠮᠠᠲ᠋ᠧᠷᠢᠶᠠᠯ᠎ᠤᠨ ᠭᠤᠶᠤᠴᠢᠯᠠᠨ ᠮᠡᠳᠡᠭᠦᠯᠬᠦ ᠨᠥᠬᠦᠴᠡᠯ

   ᠡᠯ᠎ᠡ ᠨᠢᠭᠡᠴᠢ᠎ᠨᠦᠭᠦᠳ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [ 2023] 4 ᠳ᠋ᠤᠭᠡᠷ ᠲᠣᠭ᠋ᠠᠲᠤ)᠂ 《2024 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [ 2024] 85 ᠳ᠋ᠤᠭ᠋ᠠᠷ ᠲᠣᠭ᠋ᠠᠲᠤ) ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠮᠡᠷᠭᠡᠵᠢᠯ᠎ᠤᠨ ᠴᠣᠯᠠ ᠵᠢᠨ ᠰᠢᠷᠢᠰ (ᠲᠤᠰᠬᠠᠶ ᠮᠡᠷᠭᠡᠵᠢᠯ᠎ᠤᠨ) ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠦᠴᠡᠯ ᠵᠡᠷᠭᠡ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠷᠠᠳᠢᠣ᠋ ᠲᠧᠯᠸᠢᠰ᠎ᠤᠨ ᠨᠡᠪᠲᠡᠷᠡᠭᠦᠯᠭᠡ ᠬᠥᠲᠦᠯᠦᠯᠭᠡ᠂ ᠰᠣᠨᠢᠨ ᠮᠡᠳᠡᠭᠡ᠂ ᠡᠯᠸᠺᠲᠷᠣᠨ ᠢᠨᠵᠧᠨᠧᠷᠢᠩ᠎ᠤᠨ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃ ᠳᠡᠭᠡᠷᠡᠬᠢ ᠪᠢᠴᠢᠭ ᠮᠠᠲ᠋ᠧᠷᠢᠶᠠᠯ᠎ᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠰᠦᠯᠵᠢᠶ᠎ᠡ ᠵᠡᠷᠭᠡ ᠬᠣᠯᠪᠣᠭᠳᠠᠯ ᠪᠥᠬᠦᠶ ᠰᠦᠯᠵᠢᠶᠡᠨ ᠥᠷᠲᠡᠭᠡ᠎ᠠᠴᠠ ᠪᠠᠭᠤᠯᠭ᠋ᠠᠨ ᠠᠪᠴᠤ ᠪᠣᠯᠤᠨ᠎ᠠ᠂ ᠲᠣᠰ ᠮᠡᠳᠡᠭᠳᠡᠯ᠎ᠨᠢ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ᠎ᠤᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠳᠠᠭᠢᠵᠤ ᠳᠠᠪᠬᠤᠷᠳᠠᠭᠤᠯᠬᠤ ᠥᠬᠡᠶ᠃

   ᠭᠤᠷᠪᠠ᠂ ᠮᠡᠳᠡᠭᠦᠯᠬᠦ ᠮᠠᠲ᠋ᠧᠷᠢᠶᠠᠯ᠎ᠤᠨ ᠮᠡᠳᠡᠭᠦᠯᠦᠨ ᠬᠦᠷᠭᠡᠬᠦ ᠱᠠᠭ᠋ᠠᠷᠳᠠᠯᠭ᠎ᠠ

  (ᠨᠢᠭᠡ) ᠭᠤᠶᠤᠴᠢᠯᠠᠨ ᠮᠡᠳᠡᠭᠦᠯᠬᠦ ᠠᠵᠢᠯᠲᠠᠨ ᠡᠩ ᠲᠡᠷᠢᠭᠦᠨ᠎ᠳᠤ ᠥᠪᠥᠷ ᠮᠣᠩᠭᠤᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ (ᠰᠦᠯᠵᠢᠶᠡᠨ ᠬᠠᠶᠢᠭ᠄ www.nmgrck.cn  )᠎ᠳᠤ ᠣᠷᠣᠵᠣ ᠂  ᠰᠦᠯᠵᠢᠶᠡᠨ ᠳᠡᠭᠡᠷ᠎ᠡ ᠳᠠᠩᠰᠠᠯᠠᠭᠤᠯᠬᠤ ᠵᠢᠨ ᠬᠠᠮᠲᠤ ᠨᠡᠪᠲᠡᠷᠡᠵᠦ᠂ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ — 2024 ᠣᠨ᠎ᠤ ᠮᠡᠷᠭᠡᠵᠢᠯ᠎ᠤᠨ ᠴᠣᠯᠠ ᠵᠢᠨ ᠭᠤᠶᠤᠴᠢᠯᠠᠨ ᠮᠡᠳᠡᠭᠦᠯᠬᠦ ᠪᠤᠯᠤᠩ᠎ᠳᠤ ᠦᠨᠳᠦᠰᠦᠨ ᠮᠡᠳᠡᠭᠡ ᠵᠠᠩᠭᠢ᠎ᠪᠠᠨ ᠲᠠᠭᠯᠠᠨ᠂ ᠬᠠᠳᠠᠭ᠋ᠠᠯᠠᠭᠰᠠᠨ᠎ᠤ ᠳᠠᠷᠠᠭ᠎ᠠ 《ᠲᠤᠰᠬᠠᠶ ᠮᠡᠷᠭᠡᠵᠢᠯ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠦᠰᠦᠨᠦᠭ》 ᠪᠠ 《ᠲᠤᠰᠬᠠᠶ ᠮᠡᠷᠭᠡᠵᠢᠯ᠎ᠤᠨ ᠴᠣᠯᠠ ᠵᠢᠨ ᠬᠦᠷᠭᠡᠵᠦ ᠬᠢᠨᠠᠭᠤᠯᠬᠤ ᠬᠦᠰᠦᠨᠦᠭ》᠎ᠢ ᠪᠠᠭᠤᠯᠭ᠋ᠠᠵᠤ᠂ ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠲᠠᠭᠯᠠᠨ᠎ᠠ᠃

  (ᠬᠤᠶᠠᠷ) ᠭᠤᠶᠤᠴᠢᠯᠠᠨ ᠮᠡᠳᠡᠭᠦᠯᠬᠦ ᠬᠥᠮᠦᠰ ᠰᠦᠯᠵᠢᠶᠡᠨ ᠭᠠᠳᠠᠨᠠᠬᠢ ᠮᠠᠲ᠋ᠧᠷᠢᠶᠠᠯ ᠲᠤᠰᠢᠶᠠᠬᠤ ᠠᠷᠭ᠎ᠠ ᠵᠠᠮ ᠪᠠ ᠱᠠᠭ᠋ᠠᠷᠳᠠᠯᠭ᠎ᠠ ᠵᠢ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2023] 4 ᠳ᠋ᠦ᠍ᠭᠡᠷ ᠲᠣᠭ᠋ᠠᠲᠤ)᠎ᠤᠨ ᠲᠣᠭᠲᠠᠭ᠋ᠠᠯ ᠵᠶ᠋ᠠᠷ ᠪᠠᠷᠢᠮᠵᠢᠶ᠎ᠠ ᠪᠣᠯᠭ᠋ᠠᠨ᠎ᠠ᠃

  (ᠭᠤᠷᠪᠠ) ᠭᠤᠶᠤᠴᠢᠯᠠᠨ ᠮᠡᠳᠡᠭᠦᠯᠬᠦ ᠬᠦᠮᠦᠰ 《ᠲᠤᠰᠬᠠᠶ ᠮᠡᠷᠭᠡᠵᠢᠯ᠎ᠤᠨ ᠴᠣᠯᠠ ᠵᠢᠨ ᠬᠦᠷᠭᠡᠵᠦ ᠦᠨᠡᠯᠡᠭᠦᠯᠬᠦ ᠮᠠᠲ᠋ᠧᠷᠢᠶᠠᠯ᠎ᠤᠨ ᠭᠠᠷᠴᠠᠭ》 (  ᠳᠠᠭ᠋ᠠᠯᠳᠤᠭᠤᠯᠤᠯ 1)᠎ᠤᠨ ᠶᠤᠰᠤᠭ᠋ᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠮᠠᠭ᠋ᠠᠢ ᠪᠡᠯᠡᠳᠬᠡᠨ᠎ᠡ᠃ ᠲᠠᠭᠯᠠᠭᠰᠠᠨ ᠬᠦᠰᠦᠨᠦᠭᠲᠦ ᠪᠠ ᠬᠠᠩᠭ᠋ᠠᠭᠰᠠᠨ ᠮᠠᠲᠸᠷᠢᠶᠠᠯ᠎ᠤᠨ ᠳᠠᠭ᠋ᠠᠯᠳᠤᠭᠤᠯᠤᠯ᠎ᠨᠢ ᠡᠷᠬᠡᠪᠰᠢ ᠦᠨᠡᠨ ᠪᠣᠳᠠᠲᠠᠢ ᠪᠥᠭᠡᠳ ᠬᠦᠴᠦᠨ᠎ᠲᠠᠢ ᠪᠠᠢ᠌ᠵᠤ᠂ ᠠᠭᠤᠯᠭ᠎ᠠ᠎ᠨᠢ ᠨᠢᠭᠡᠳᠦᠯᠲᠡᠢ ᠪᠠᠢ᠌ᠬᠤ ᠬᠡᠷᠡᠭᠲᠡᠢ᠃ ᠬᠦᠰᠦᠨᠦᠭᠲᠦ᠎ᠳᠤ ᠲᠠᠭᠯᠠᠨ ᠮᠡᠳᠡᠭᠦᠯᠦᠭᠰᠡᠨ ᠠᠵᠢᠯ᠎ᠤᠨ ᠠᠮᠵᠢᠯᠲᠠ ᠵᠢᠨ ᠦᠷ᠎ᠡ ᠪᠦᠲᠦᠭᠡᠯ᠂ ᠥᠭᠦᠯᠡᠯ ᠰᠤᠳᠤᠯᠭ᠋ᠠᠨ᠎ᠤ ᠵᠣᠬᠢᠶᠠᠯ᠎ᠨᠢ ᠳᠠᠭ᠋ᠠᠯᠳᠤᠭᠤᠯᠤᠯ ᠮᠠᠲ᠋ᠧᠷᠢᠶᠠᠯ᠎ᠳᠤ ᠭᠡᠷᠡᠴᠢ ᠪᠠᠶ᠋ᠢᠬᠤ ᠬᠡᠷᠡᠭᠲᠡᠢ᠂ ᠬᠠᠩᠭ᠋ᠠᠭᠰᠠᠨ ᠮᠠᠲ᠋ᠧᠷᠢᠶᠠᠯ᠎ᠨᠢ ᠬᠠᠭᠤᠯᠪᠤᠷᠢ ᠪᠠᠢ᠌ᠪᠠᠯ᠂ ᠠᠵᠢᠯᠯᠠᠵᠤ ᠪᠠᠶ᠋ᠢᠭ᠎ᠠ ᠨᠢᠭᠡᠴᠢ ᠵᠢᠨ ᠬᠢᠨᠠᠨ ᠬᠠᠷᠭᠤᠭᠤᠯᠤᠭᠴᠢ ᠤᠭ ᠮᠠᠲ᠋ᠧᠷᠢᠶᠠᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠬᠠᠭᠤᠯᠪᠤᠷᠢ ᠳᠡᠭᠡᠷ᠎ᠡ 《ᠲᠣᠰ ᠮᠠᠲ᠋ᠧᠷᠢᠶᠠᠯ᠎ᠨᠢ ᠤᠤᠯ ᠮᠠᠲ᠋ᠧᠷᠢᠶᠠᠯ᠎ᠲᠠᠢ ᠨᠢᠭᠡᠳᠦᠯᠲᠡᠢ》 ᠭᠡᠵᠦ ᠲᠣᠳᠣᠷᠬᠠᠶ᠋ᠢᠯᠠᠵᠤ᠂ ᠭᠠᠷ᠎ᠤᠨ ᠦᠰᠦᠭ ᠵᠢᠷᠤᠬᠤ ᠵᠢᠨ ᠬᠠᠮᠲᠤ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠨ᠎ᠠ᠃ ᠳᠠᠭ᠋ᠠᠯᠳᠤᠭᠤᠯᠤᠯ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ A4 ᠴᠠᠭ᠋ᠠᠰᠤ᠎ᠪᠠᠷ ᠳᠡᠪᠲᠡᠷᠯᠡᠵᠦ᠂ ᠳᠡᠪᠲᠡᠷᠯᠡᠭᠰᠡᠨ ᠦᠭᠡᠶ ᠵᠢ ᠬᠦᠯᠢᠶᠡᠨ ᠠᠪᠬᠤ ᠦᠭᠡᠶ᠃ 《ᠲᠤᠰᠬᠠᠶ ᠮᠡᠷᠭᠡᠵᠢᠯ᠎ᠤᠨ ᠴᠣᠯᠠ ᠵᠢᠨ ᠬᠦᠷᠭᠡᠵᠦ ᠬᠢᠨᠠᠭᠤᠯᠬᠤ ᠬᠦᠰᠦᠨᠦᠭᠲᠦ》 ᠵᠢᠨ ᠬᠤᠪᠢ ᠬᠥᠮᠦᠨ᠎ᠤ ᠬᠠᠷᠢᠯᠴᠠᠬᠤ ᠠᠷᠭ᠎ᠠ ᠬᠡᠯᠪᠡᠷᠢ᠎ᠪᠠᠨ ᠬᠦᠴᠦᠨ ᠪᠦᠬᠦᠢ᠎ᠪᠠᠷ ᠲᠠᠭᠯᠠᠨ ᠪᠢᠴᠢᠬᠦ ᠬᠡᠷᠡᠭᠲᠡᠶ᠃

  (ᠳᠥᠷᠪᠡ) ᠡᠯ᠎ᠡ ᠱᠠᠲᠤᠨ᠎ᠤ᠎ᠬᠢᠨ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [ 2023] 4 ᠳ᠋ᠤᠭᠡᠷ ᠲᠣᠭ᠋ᠠᠲᠤ)᠂ 《2024 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2024] 85 ᠳ᠋ᠤᠭ᠋ᠠᠷ ᠲᠣᠭ᠋ᠠᠲᠤ) ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠮᠡᠷᠭᠡᠵᠢᠯ᠎ᠤᠨ ᠴᠣᠯᠠ ᠵᠢᠨ ᠰᠢᠷᠢᠰ (ᠲᠤᠰᠬᠠᠶ ᠮᠡᠷᠭᠡᠵᠢᠯ᠎ᠤᠨ) ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠦᠴᠡᠯ᠎ᠳᠤ ᠱᠠᠭ᠋ᠠᠷᠳᠠᠭᠰᠠᠨ᠎ᠨᠢ᠂ ᠭᠤᠶᠤᠴᠢᠯᠠᠨ ᠮᠡᠳᠡᠭᠦᠯᠦᠭᠴᠢ ᠵᠢᠨ ᠬᠠᠩᠭ᠋ᠠᠭᠰᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠨᠠᠷᠢᠨ ᠬᠢᠨᠠᠮᠠᠭ᠋ᠠᠢ ᠬᠢᠨᠠᠨ ᠬᠠᠷᠭᠤᠭᠤᠯᠵᠤ᠂ ᠪᠣᠶ ᠪᠦᠬᠦᠢ ᠭᠤᠶᠤᠴᠢᠯᠠᠨ ᠮᠡᠳᠡᠭᠦᠯᠦᠭᠰᠡᠳ᠎ᠤᠨ 《ᠲᠤᠰᠬᠠᠢ ᠮᠡᠷᠭᠡᠵᠢᠯ᠎ᠤᠨ ᠴᠣᠯᠠ ᠵᠢᠨ ᠬᠦᠷᠭᠡᠵᠦ ᠬᠢᠨᠠᠭᠤᠯᠬᠤ ᠬᠦᠰᠦᠨᠦᠭᠲᠦ》 ᠵᠢᠨ ᠨᠡᠢ᠌ᠲᠡᠯᠡᠯ᠎ᠢ 5 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠂ ᠨᠡᠶ᠋ᠢᠲᠡᠯᠡᠭᠡᠳ ᠣᠨᠳᠣᠣ ᠰᠠᠨᠠᠯ ᠦᠭᠡᠢ ᠪᠣᠯ ᠳᠡᠭᠡᠭᠰᠢ ᠮᠡᠳᠡᠭᠦᠯᠦᠨ᠎ᠡ᠃ 《ᠲᠤᠰᠬᠠᠶ ᠮᠡᠷᠭᠡᠵᠢᠯ᠎ᠤᠨ ᠴᠣᠯᠠ ᠵᠢᠨ ᠬᠦᠷᠭᠡᠵᠦ ᠬᠢᠨᠠᠭᠤᠯᠬᠤ ᠬᠦᠰᠦᠨᠦᠭᠲᠦ》᠎ᠳᠤ ᠪᠠᠶ᠋ᠢᠭᠤᠯᠭ᠎ᠠ ᠵᠢᠨ ᠬᠢᠨᠠᠨ ᠬᠠᠷᠭᠤᠭᠤᠯᠤᠭᠰᠠᠨ ᠰᠠᠨᠠᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠬᠠᠷᠭᠤᠭᠤᠯᠤᠭᠰᠠᠨ ᠰᠠᠨᠠᠯ᠂ ᠠᠶ᠋ᠢᠮᠠᠭ ᠬᠤᠲᠠ ᠵᠢᠨ ᠲᠢᠩᠬᠢᠮ ᠲᠣᠪᠴᠢᠶ᠎ᠠ ᠵᠢᠨ ᠬᠢᠨᠠᠨ ᠬᠠᠷᠭᠤᠭᠤᠯᠤᠭᠰᠠᠨ ᠰᠠᠨᠠᠯ᠎ᠤᠨ ᠬᠡᠰᠡᠭ᠎ᠲᠤ ᠡᠷᠬᠡᠪᠰᠢ ᠬᠢᠨᠠᠨ ᠬᠠᠷᠭᠤᠭᠤᠯᠤᠭᠴᠢ᠂ ᠬᠠᠷᠢᠭᠤᠴᠠᠯᠭ᠋ᠠᠲᠠᠨ᠎ᠠᠴᠠ ᠭᠠᠷ᠎ᠤᠨ ᠦᠰᠦᠭ ᠵᠢᠷᠤᠬᠤ ᠵᠢᠨ ᠬᠠᠮᠲᠤ ᠨᠢᠭᠡᠴᠢ ᠵᠢᠨ ᠲᠠᠮᠠᠭ᠎ᠠ ᠵᠢ ᠳᠠᠷᠤᠬᠤ ᠬᠡᠷᠡᠭᠲᠡᠶ᠂ ᠡᠰᠡ ᠲᠡᠶ᠋ᠢᠮᠦ ᠪᠣᠯ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃

  (ᠲᠠᠪᠤ) ᠡᠯᠧᠺᠲᠷᠣᠨ ᠳᠠᠩᠰᠠ ᠡᠪᠬᠡᠮᠡᠯ᠎ᠤᠨ ᠳᠠᠩᠰᠠ ᠡᠪᠬᠡᠮᠡᠯ ᠪᠠᠢ᠌ᠭᠤᠯᠬᠤ ᠠᠵᠢᠯ᠎ᠢ ᠦᠷᠭᠦᠯᠵᠢᠯᠡᠨ ᠰᠠᠢ᠌ᠲᠤᠷ ᠬᠢᠬᠦ ᠱᠠᠭ᠋ᠠᠷᠳᠠᠯᠭ᠎ᠠ ᠶᠣᠰᠣᠭ᠋ᠠᠷ᠂ 《ᠲᠤᠰᠬᠠᠢ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠦᠰᠦᠨᠦᠭᠲᠦ》 ᠵᠢ A4 ᠴᠠᠭ᠋ᠠᠰᠤ ᠵᠢᠨ ᠬᠤᠶᠠᠷ ᠨᠢᠭᠤᠷ᠎ᠲᠤ ᠬᠡᠪᠯᠡᠵᠦ᠂ ᠨᠢᠭᠡ ᠬᠡᠯᠪᠡᠷᠢ ᠵᠢᠨ ᠬᠣᠶᠠᠷ ᠬᠤᠪᠢ ᠤᠭ ᠮᠠᠲ᠋ᠧᠷᠢᠶᠠᠯ᠂ ᠬᠤᠪᠢ ᠪᠦᠷᠢ ᠵᠢᠨ ᠭᠠᠭᠴᠠ ᠵᠡᠭᠦᠨ ᠳᠡᠭᠡᠷ᠎ᠡ ᠥᠨᠴᠥᠭ ᠳᠡᠭᠡᠷ᠎ᠡ ᠨᠢᠭᠡ ᠬᠠᠳᠠᠭ᠋ᠠᠰᠤᠯᠠᠵᠤ᠂ ᠨᠠᠭ᠋ᠠᠯᠲᠠ᠎ᠪᠠᠷ ᠳᠡᠪᠲᠡᠷᠯᠡᠵᠦ ᠪᠣᠯᠬᠤ ᠦᠭᠡᠢ᠂ ᠰᠢᠷᠪᠢᠯᠲᠡ᠎ᠳᠤ ᠳᠦᠭᠦᠮ ᠦᠵᠡᠭᠦᠯᠦᠨ᠎ᠡ᠃

  (ᠵᠢᠷᠭᠤᠭ᠎ᠠ) ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠦᠶ᠎ᠡ᠎ᠳᠤ᠂ ᠰᠢᠯᠭ᠋ᠠᠷᠠᠭᠤᠯᠬᠤ ᠺᠣᠮᠢᠰ᠎ᠲᠤ 《ᠨᠠᠶ᠋ᠢᠳᠠᠵᠤ ᠬᠢᠨᠠᠨ ᠪᠠᠶ᠋ᠢᠴᠠᠭ᠋ᠠᠯᠭ᠋ᠠᠬᠤ ᠪᠢᠴᠢᠭ》᠂ ᠭᠤᠶᠤᠴᠢᠯᠠᠨ ᠮᠡᠳᠡᠭᠦᠯᠬᠦ ᠬᠥᠮᠦᠰ᠎ᠤᠨ ᠲᠠᠨᠢᠯᠴᠠᠭᠤᠯᠭ᠎ᠠ ᠵᠢᠨ ᠨᠡᠷᠡᠰ᠎ᠤᠨ ᠳᠡᠪᠲᠡᠷ (ᠳᠠᠭ᠋ᠠᠯᠳᠤᠭᠤᠯᠤᠯ 2) ᠨᠡᠶ᠋ᠢᠲᠡᠯᠡᠭᠰᠡᠨ ᠪᠠᠶ᠋ᠢᠳᠠᠯ ᠵᠡᠷᠭᠡ᠎ᠪᠠᠨ ᠲᠤᠰᠢᠶᠠᠨ᠎ᠠ᠃ ᠲᠠᠨᠢᠯᠴᠠᠭᠤᠯᠤᠭᠰᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠨᠢᠭᠡᠳᠦᠯᠲᠡᠶ ᠲᠥᠪᠯᠡᠷᠡᠭᠦᠯᠦᠨ ᠮᠡᠳᠡᠭᠦᠯᠦᠨ ᠬᠦᠷᠭᠡᠬᠦ ᠬᠡᠷᠡᠭᠲᠡᠶ᠂ ᠬᠤᠪᠢ ᠬᠥᠮᠦᠨ᠎ᠤ ᠮᠡᠳᠡᠭᠦᠯᠦᠭᠰᠡᠨ ᠮᠠᠲ᠋ᠧᠷᠢᠶᠠᠯ᠎ᠢ ᠬᠦᠯᠢᠶᠡᠨ ᠠᠪᠴᠤ ᠰᠢᠢ᠍ᠳᠪᠦᠷᠢᠯᠡᠬᠦ ᠦᠭᠡᠶ᠃

  (ᠳᠣᠯᠤᠭ᠎ᠠ) ᠨᠡᠪᠲᠡᠷᠡᠭᠦᠯᠭᠡ ᠬᠥᠲᠦᠯᠦᠯᠭᠡ ᠵᠢᠨ ᠳᠤᠮᠳᠠ ᠵᠡᠷᠭᠡ᠎ᠠᠴᠠ ᠳᠡᠭᠡᠭᠰᠢ (ᠳᠤᠮᠳᠠ ᠵᠡᠷᠭᠡ ᠵᠢ ᠪᠠᠭᠲᠠᠭ᠋ᠠᠨ᠎ᠠ) ᠮᠡᠷᠭᠡᠵᠢᠯ᠎ᠤᠨ ᠴᠣᠯᠠ ᠵᠢ ᠭᠤᠶᠤᠴᠢᠯᠠᠨ ᠮᠡᠳᠡᠭᠦᠯᠬᠦ᠎ᠳᠤ᠂ ᠬᠢᠨᠠᠨ ᠲᠣᠭᠲᠠᠭ᠋ᠠᠬᠤ ᠨᠥᠬᠥᠴᠡᠯ ᠶᠣᠰᠣᠭ᠋ᠠᠷ ᠸᠢᠳᠢᠣ᠋ ᠳᠠᠭᠤᠨ᠎ᠤ ᠮᠠᠲ᠋ᠧᠷᠢᠶᠠᠯ᠎ᠢ ᠪᠡᠯᠡᠳᠬᠡᠬᠦ ᠬᠡᠷᠡᠭᠲᠡᠢ᠃ ᠭᠤᠶᠤᠴᠢᠯᠠᠨ ᠮᠡᠳᠡᠭᠦᠯᠦᠭᠴᠢ ᠵᠢᠨ ᠪᠠᠶ᠋ᠢᠭ᠎ᠠ ᠨᠢᠭᠡᠴᠢ ᠪᠣᠯᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠫᠷᠤᠭ᠌ᠷᠠᠮ᠎ᠤᠨ ᠪᠦᠲᠦᠭᠡᠯ᠎ᠳᠤ ᠤᠯᠤᠰ ᠲᠥᠷᠥᠴᠢ ᠴᠢᠨᠠᠷ᠂ ᠤᠳᠤᠷᠢᠳᠤᠮᠵᠢ ᠵᠢᠨ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠵᠦ᠂ ᠤᠳᠤᠷᠢᠳᠤᠮᠵᠢ᠎ᠨᠢ ᠵᠥᠪ ᠣᠨᠣᠪᠴᠢᠲᠠᠶ᠂ ᠠᠭᠤᠯᠭ᠎ᠠ᠎ᠨᠢ ᠡᠷᠡᠭᠦᠯ ᠴᠢᠭᠢᠷᠠᠭ ᠪᠠᠶ᠋ᠢᠬᠤ ᠵᠢ ᠦᠨᠡᠨ ᠬᠦ᠌ ᠪᠠᠲᠤᠯᠠᠨ᠎ᠠ᠃

  (ᠨᠠᠢ᠍ᠮᠠ) ᠨᠡᠪᠲᠡᠷᠡᠭᠦᠯᠭᠡ ᠬᠥᠲᠦᠯᠦᠯᠭᠡ ᠵᠢᠨ ᠰᠢᠷᠢᠰ ᠳᠡᠭᠡᠳᠦ ᠵᠡᠷᠭᠡ᠎ᠠᠴᠠ ᠳᠡᠭᠡᠭᠰᠢᠬᠢ (ᠳᠡᠭᠡᠳᠦ ᠵᠡᠷᠭᠡ ᠵᠢ ᠪᠠᠭᠲᠠᠭ᠋ᠠᠨ᠎ᠠ) ᠮᠡᠷᠭᠡᠵᠢᠯ᠎ᠤᠨ ᠴᠤᠯᠠ ᠵᠢ ᠭᠤᠶᠤᠴᠢᠯᠠᠨ ᠮᠡᠳᠡᠭᠦᠯᠬᠦ᠎ᠳᠤ᠂ 《2024 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2024] 85 ᠳ᠋ᠤᠭ᠋ᠠᠷ ᠲᠣᠭ᠋ᠠᠲᠤ)᠎ᠤᠨ ᠪᠢᠴᠢᠭ ᠮᠠᠲᠸᠷᠢᠶᠠᠯ ᠶᠤᠰᠤᠭ᠋ᠠᠷ᠂ ᠳᠡᠭᠡᠳᠦ ᠵᠡᠷᠭᠡ ᠵᠢᠨ ᠠᠵᠢᠯ᠎ᠤᠨ ᠪᠠᠶ᠋ᠢᠷᠢ ᠵᠢᠨ ᠬᠣᠭᠣᠰᠤᠨ ᠠᠵᠢᠯ᠎ᠤᠨ ᠪᠠᠶ᠋ᠢᠷᠢ᠎ᠤᠨ ᠲᠣᠭ᠎ᠠ ᠵᠢᠨ ᠲᠣᠳᠣᠷᠬᠠᠶ᠋ᠢᠯᠠᠯᠲᠠ ᠵᠢ ᠬᠠᠩᠭ᠋ᠠᠬᠤ ᠬᠡᠷᠡᠭᠲᠡᠢ᠃ ᠨᠡᠪᠲᠡᠷᠡᠭᠦᠯᠭᠡ ᠬᠥᠲᠦᠯᠦᠯᠭᠡ ᠵᠢᠨ ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢᠨ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ᠎ᠳᠤ᠂ ᠤᠷᠢᠳ ᠵᠶ᠋ᠠᠷ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠴᠠᠭ ᠲᠤᠬᠠᠢ᠎ᠳᠤ᠎ᠨᠢ ᠳᠡᠭᠡᠭᠰᠢ ᠮᠡᠳᠡᠭᠦᠯᠵᠦ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠠᠴᠠ ᠮᠡᠳᠡᠭᠳᠡᠯ᠎ᠢ ᠪᠠᠭᠤᠯᠭ᠋ᠠᠭᠰᠠᠨ᠎ᠤ ᠲᠠᠷᠠᠭ᠎ᠠ᠂ ᠬᠣᠯᠪᠣᠭᠳᠠᠯ ᠪᠦᠬᠦᠢ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ ᠨᠥᠬᠦᠪᠦᠷᠢᠯᠡᠨ ᠲᠡᠭᠦᠯᠳᠡᠷᠵᠢᠭᠦᠯᠦᠨ᠎ᠡ᠃

  (ᠶᠢᠰᠦ) ᠨᠡᠪᠲᠡᠷᠡᠭᠦᠯᠭᠡ ᠬᠥᠲᠦᠯᠦᠯᠭᠡ ᠵᠢᠨ ᠰᠢᠷᠢᠰ ᠮᠡᠷᠭᠡᠵᠢᠯ᠎ᠤᠨ ᠴᠤᠯᠠ ᠵᠢ ᠭᠤᠶᠤᠴᠢᠯᠠᠨ ᠮᠡᠳᠡᠭᠦᠯᠬᠦ ᠬᠦᠮᠦᠰ ᠡᠷᠬᠡᠪᠰᠢ ᠬᠦᠴᠦᠨ ᠪᠦᠬᠦᠢ ᠬᠤᠭᠤᠴᠠᠭ᠋ᠠᠨ ᠳᠣᠲᠣᠷ᠎ᠠ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠪᠲᠡᠷᠡᠭᠦᠯᠦᠭᠴᠢ ᠬᠦᠲᠦᠯᠦᠭᠴᠢ ᠵᠢᠨ ᠦᠨᠡᠮᠯᠡᠯ》᠎ᠤᠨ ᠬᠠᠭᠤᠯᠪᠤᠷᠢ ᠵᠢ ᠲᠤᠰᠢᠶᠠᠬᠤ ᠬᠡᠷᠡᠭᠲᠡᠶ᠃ ᠰᠣᠨᠢᠨ ᠮᠡᠳᠡᠭᠡᠨ᠎ᠤ ᠰᠢᠷᠢᠰ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠬᠦᠮᠦᠰ ᠡᠷᠬᠡᠪᠰᠢ ᠬᠦᠴᠦᠨ ᠪᠦᠬᠦᠢ ᠬᠤᠭᠤᠴᠠᠭ᠋ᠠᠨ᠎ᠳᠤ 《ᠰᠣᠨᠢᠨ ᠮᠡᠳᠡᠭᠡᠨ᠎ᠤ ᠰᠤᠷᠪᠤᠯᠵᠢᠯᠠᠭᠴᠢ ᠵᠢᠨ ᠦᠨᠡᠮᠯᠡᠯ》᠎ᠤᠨ ᠪᠠᠭᠤᠯᠭ᠋ᠠᠪᠤᠷᠢ ᠵᠢ ᠲᠤᠰᠢᠶᠠᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠪᠲᠡᠷᠡᠭᠦᠯᠦᠭᠴᠢ ᠬᠦᠲᠦᠯᠦᠭᠴᠢ ᠵᠢᠨ ᠦᠨᠡᠮᠯᠡᠯ》᠂ 《ᠰᠣᠨᠢᠨ ᠮᠡᠳᠡᠭᠡᠨ᠎ᠤ ᠰᠤᠷᠪᠤᠯᠵᠢᠯᠠᠭᠴᠢ ᠵᠢᠨ ᠦᠨᠡᠮᠯᠡᠯ》 ᠦᠭᠡᠢ ᠪᠤᠶᠤ ᠦᠨᠡᠮᠯᠡᠯ᠎ᠨᠢ ᠬᠦᠴᠦᠨ ᠪᠦᠬᠦᠢ ᠬᠤᠭᠤᠴᠠᠭ᠋ᠠᠨ᠎ᠳᠤ ᠪᠠᠶ᠋ᠢᠬᠤ ᠦᠭᠡᠢ ᠬᠥᠮᠦᠰ ᠭᠤᠶᠤᠴᠢᠯᠠᠨ ᠮᠡᠳᠡᠭᠦᠯᠵᠦ ᠪᠣᠯᠬᠤ ᠦᠭᠡᠢ᠃

  (ᠠᠷᠪᠠ) ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ 《2024 ᠣᠨ᠎ᠤ ᠪᠥᠬᠦ ᠣᠷᠣᠨ᠎ᠤ ᠲᠤᠰᠬᠠᠶ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [ 2023] 204   ᠳ᠋ᠦ᠍ᠭᠡᠷ ᠲᠣᠭ᠋ᠠᠲᠤ)᠎ᠤᠨ ᠶᠣᠰᠣᠭ᠋ᠠᠷ ᠬᠡᠷᠡᠭᠵᠢᠭᠦᠯᠦᠨ᠎ᠡ᠃

  (ᠠᠷᠪᠠᠨ ᠨᠢᠭᠡ) ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠭᠥᠯᠢᠶᠡᠨ ᠠᠪᠬᠤ ᠴᠠᠭ᠎ᠨᠢ 2024 ᠣᠨ᠎ᠤ 6 ᠳ᠋ᠤᠭ᠋ᠠᠷ ᠰᠠᠷ᠎ᠠ ᠵᠢᠨ 29᠎ᠤ ᠡᠳᠦᠷ ᠪᠣᠯᠲᠠᠯ᠎ᠠ ᠪᠠᠢ᠌ᠵᠤ᠂ ᠬᠤᠭᠤᠴᠠᠭ᠎ᠠ᠎ᠠᠴᠠ ᠬᠡᠲᠦᠷᠡᠪᠡᠯ ᠭᠥᠯᠢᠶᠡᠨ ᠠᠪᠴᠤ ᠰᠢᠢ᠍ᠳᠪᠦᠷᠢᠯᠡᠬᠦ ᠦᠭᠡᠢ᠃ ᠮᠡᠳᠡᠭᠦᠯᠬᠦ ᠨᠥᠬᠥᠴᠡᠯ ᠪᠠ ᠳᠠᠷᠠᠭ᠋ᠠᠯᠠᠯ᠎ᠳᠤ ᠨᠡᠶ᠋ᠢᠴᠡᠬᠦ ᠦᠭᠡᠶ᠂ ᠰᠢᠯᠭ᠋ᠠᠷᠠᠭᠤᠯᠬᠤ ᠺᠣᠮᠢᠰ᠎ᠤᠨ ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶ᠎ᠡ᠎ᠠᠴᠠ ᠬᠡᠲᠦᠷᠡᠭᠰᠡᠨ ᠪᠤᠶᠤ ᠨᠠᠶ᠋ᠢᠳᠠᠵᠤ ᠬᠢᠨᠠᠨ ᠲᠣᠭᠲᠠᠭ᠋ᠠᠯᠭ᠋ᠠᠬᠤ ᠳᠠᠷᠠᠭ᠋ᠠᠯᠠᠯ᠎ᠠᠴᠠ ᠵᠥᠷᠢᠴᠡᠨ ᠮᠡᠳᠡᠭᠦᠯᠦᠨ ᠬᠦᠷᠭᠡᠭᠰᠡᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠦᠯᠢᠶᠡᠨ ᠠᠪᠬᠤ ᠦᠭᠡᠶ᠃ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠲᠣᠭᠲᠠᠭ᠋ᠠᠭᠰᠠᠨ᠎ᠤ ᠳᠠᠷᠠᠭ᠎ᠠ  ᠤᠰᠠᠳᠬᠠᠵᠤ ᠂ ᠪᠤᠴᠠᠭ᠋ᠠᠵᠤ ᠥᠭᠬᠦ ᠦᠭᠡᠢ᠃

   ᠳᠥᠷᠪᠡ᠂ ᠬᠠᠷᠢᠯᠴᠠᠬᠤ ᠬᠡᠯᠪᠡᠷᠢ

   ᠬᠠᠷᠢᠭᠤᠴᠠᠬᠤ ᠰᠠᠯᠠᠭ᠎ᠠ ᠮᠥᠴᠢᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠠᠵᠢᠯᠲᠠᠨ᠎ᠤ ᠶᠠᠪᠤᠳᠠᠯ᠎ᠤᠨ ᠭᠠᠵᠠᠷ

   ᠬᠠᠷᠢᠯᠴᠠᠬᠤ ᠬᠥᠮᠥᠨ᠄ ᠵᠠᠩ ᠴᠢᠶᠣᠤ ᠯᠢᠩ᠂ ᠸᠠᠩ ᠵᠢᠩ

   ᠬᠠᠷᠢᠯᠴᠠᠬᠤ ᠤᠲᠠᠰᠤ᠄ 0471 - 4590029᠂ 4590021

   ᠹᠠᠺᠰ᠄ 0471 - 4590021

   ᠬᠠᠶᠢᠭ᠄ ᠬᠥᠬᠡᠬᠤᠲᠠ ᠵᠢᠨ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ 1 ᠳ᠋ᠦ᠍ᠭᠡᠷ ᠨᠣᠮᠧᠷᠲᠤ ᠵᠠᠭᠤᠴᠢᠯᠠᠭᠤᠷ᠎ᠤᠨ ᠲᠥᠪ᠎ᠤᠨ A ᠰᠠᠭᠤᠳᠠᠯ᠎ᠤᠨ 1717 ᠥᠷᠥᠭᠡ

   ᠰᠢᠤᠳᠠᠨ ᠨᠣᠮᠧᠷ᠄ 010050

  

   ᠳᠠᠭ᠋ᠠᠯᠳᠤᠭᠤᠯᠤᠯ᠄

   ᠳᠠᠭ᠋ᠠᠯᠳᠤᠭᠤᠯᠤᠯ 1᠄ ᠲᠤᠰᠬᠠᠶ ᠮᠡᠷᠭᠡᠵᠢᠯ᠎ᠤᠨ ᠴᠣᠯᠠ ᠵᠢᠨ ᠬᠦᠷᠭᠡᠵᠦ ᠦᠨᠡᠯᠡᠭᠦᠯᠬᠦ ᠮᠠᠲ᠋ᠧᠷᠢᠶᠠᠯ᠎ᠤᠨ ᠭᠠᠷᠴᠠᠭ᠎ᠤᠨ ᠬᠠᠭᠤᠳᠠᠰᠤ.doc

   ᠳᠠᠭ᠋ᠠᠯᠳᠤᠭᠤᠯᠤᠯ 2᠄ 2024 ᠣᠨ᠎ᠤ ᠰᠢᠯᠭ᠋ᠠᠷᠠᠭᠤᠯᠤᠯᠲᠠ᠎ᠳᠤ ᠣᠷᠣᠯᠴᠠᠭᠰᠠᠳ᠎ᠤᠨ ᠨᠡᠷᠡᠰ᠎ᠤᠨ ᠪᠦᠷᠢᠳᠬᠡᠯ (ᠵᠠᠭᠪᠤᠷ).xls

  

 

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

2024 ᠣᠨ᠎ᠤ 5 ᠳ᠋ᠤᠭ᠋ᠠᠷ ᠰᠠᠷ᠎ᠠ ᠵᠢᠨ 24᠎ᠤ ᠡᠳᠦᠷ

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ