2024 ᠣᠨ᠎ᠤ ᠪᠥᠬᠦ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠥᠲᠥᠯᠥᠭᠴᠢ ᠵᠢᠨ ᠬᠢᠷᠢ ᠬᠡᠮ᠎ᠤᠨ ᠰᠢᠯᠭ᠋ᠠᠯᠲᠠ ᠵᠢᠨ ᠥᠪᠥᠷ ᠮᠣᠩᠭᠤᠯ᠎ᠤᠨ ᠰᠢᠯᠭ᠋ᠠᠯᠲᠠ ᠵᠢᠨ ᠲᠣᠭᠤᠷᠢᠭ᠎ᠤᠨ ᠵᠠᠷᠯᠠᠯ
2024-06-24




  2024 ᠣᠨ᠎ᠤ ᠪᠥᠬᠦ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠥᠲᠦᠯᠦᠭᠴᠢ ᠵᠢᠨ ᠬᠢᠷᠢ ᠬᠡᠮ᠎ᠤᠨ ᠰᠢᠯᠭ᠋ᠠᠯᠲᠠ (ᠥᠪᠥᠷ ᠮᠣᠩᠭᠤᠯ᠎ᠤᠨ ᠰᠢᠯᠭ᠋ᠠᠯᠲᠠ ᠵᠢᠨ ᠲᠤᠭᠤᠷᠢᠭ) ᠵᠢ 2024 ᠣᠨ᠎ᠤ 9 ᠳ᠋ᠦ᠍ᠭᠡᠷ ᠰᠠᠷ᠎ᠠ ᠵᠢᠨ 7᠂ 8᠎ᠤ ᠡᠳᠦᠷ ᠶᠠᠪᠤᠭᠳᠠᠭᠤᠯᠬᠤ᠎ᠪᠠᠷ ᠲᠣᠭᠲᠠᠵᠤ᠂ ᠡᠳᠦᠭᠡ ᠬᠠᠮᠢᠶ᠎ᠠ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠃

   ᠨᠢᠭᠡ᠂ ᠨᠡᠷ᠎ᠡ ᠮᠡᠳᠡᠭᠦᠯᠬᠦ ᠨᠥᠬᠦᠴᠡᠯ

  (ᠨᠢᠭᠡ) ᠦᠨᠳᠦᠰᠦᠨ ᠬᠠᠤᠯᠢ᠂ ᠬᠠᠤᠯᠢ ᠴᠠᠭ᠋ᠠᠵᠠ᠂ ᠷᠠᠳᠢᠣ᠋ ᠲᠧᠯᠸᠢᠰ᠎ᠤᠨ ᠬᠣᠯᠪᠣᠭᠳᠠᠯ ᠪᠦᠬᠦᠢ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠵᠢᠷᠤᠮᠯᠠᠬᠤ ᠬᠡᠷᠡᠭᠲᠡᠢ;

  (ᠬᠤᠶᠠᠷ) ᠳᠥᠷᠪᠡᠨ ᠦᠨᠳᠦᠰᠦᠨ ᠵᠠᠷᠴᠢᠮ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ ᠪᠠ ᠴᠢᠭᠯᠡᠯᠲᠡ ᠲᠥᠷᠥ ᠵᠢᠨ ᠪᠣᠳᠣᠯᠭ᠎ᠠ ᠵᠢ ᠬᠦᠷᠢᠶᠡᠯᠡᠬᠦ ᠬᠡᠷᠡᠭᠲᠡᠢ;

  (ᠭᠤᠷᠪᠠ) ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠪᠦᠷᠢᠨ ᠴᠢᠳᠠᠪᠤᠷᠢ᠎ᠲᠠᠢ;

  (ᠳᠥᠷᠪᠡ) ᠶᠡᠭᠡ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠠᠩᠭᠢ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ (2025 ᠣᠨ᠎ᠳᠤ ᠲᠡᠭᠦᠰᠦᠭᠰᠡᠳ᠎ᠢ ᠪᠠᠭᠲᠠᠭ᠋ᠠᠨ᠎ᠠ)᠃

   ᠬᠤᠶᠠᠷ᠂ ᠨᠡᠷ᠎ᠡ ᠮᠡᠳᠡᠭᠦᠯᠬᠦ ᠠᠷᠭ᠎ᠠ ᠬᠡᠯᠪᠡᠷᠢ

   ᠨᠡᠷ᠎ᠡ ᠮᠡᠳᠡᠭᠦᠯᠬᠦ ᠠᠷᠭ᠎ᠠ ᠬᠡᠯᠪᠡᠷᠢ᠄ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠰᠢᠯᠭ᠋ᠠᠯᠲᠠ ᠵᠢᠨ ᠰᠦᠢ᠍ᠳᠬᠡᠯ ᠲᠤᠰᠢᠶᠠᠨ᠎ᠠ᠃

  (ᠨᠢᠭᠡ) ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ

  2024 ᠣᠨ᠎ᠤ ᠪᠥᠬᠦ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠦᠲᠦᠯᠦᠭᠴᠢ ᠵᠢᠨ ᠬᠢᠷᠢ ᠬᠡᠮ᠎ᠤᠨ ᠰᠢᠯᠭ᠋ᠠᠯᠲᠠ ᠵᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠨᠡᠷ᠎ᠡ ᠮᠡᠳᠡᠭᠦᠯᠬᠦ ᠴᠠᠭ᠎ᠨᠢ 2024 ᠣᠨ᠎ᠤ 6 ᠳ᠋ᠤᠭ᠋ᠠᠷ ᠰᠠᠷ᠎ᠠ ᠵᠢᠨ 24᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 5᠎ᠤ ᠡᠳᠦᠷ ᠪᠣᠯᠲᠠᠯ᠎ᠠ ᠪᠣᠯᠣᠨ᠎ᠠ᠃ ᠨᠡᠷ᠎ᠡ ᠮᠡᠳᠡᠭᠦᠯᠦᠭᠰᠡᠨ ᠬᠥᠮᠦᠰ ᠲᠣᠭᠲᠠᠭᠰᠠᠨ ᠬᠤᠭᠤᠴᠠᠭ᠋ᠠᠨ ᠳᠣᠲᠣᠷ᠎ᠠ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠰᠦᠯᠵᠢᠶ᠎ᠡ (www.nrta.gov.cn ) ᠵᠢᠨ ᠬᠢᠷᠢ ᠬᠡᠮ᠎ᠤᠨ ᠰᠢᠯᠭ᠋ᠠᠯᠲᠠ ᠵᠢᠨ ᠪᠤᠯᠤᠩ᠎ᠳᠤ ᠣᠷᠣᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠱᠠᠭ᠋ᠠᠷᠳᠠᠯᠭ᠎ᠠ᠂ ᠶᠠᠪᠤᠴᠠ ᠵᠢᠴᠢ ᠠᠯᠬᠤᠮ ᠳᠠᠷᠠᠭ᠎ᠠ ᠶᠣᠰᠣᠭ᠋ᠠᠷ ᠬᠤᠪᠢ ᠬᠥᠮᠦᠨ᠎ᠤ ᠮᠡᠳᠡᠭᠡ ᠵᠠᠩᠭᠢ᠎ᠪᠠᠨ ᠲᠠᠭᠯᠠᠨ ᠮᠡᠳᠡᠭᠦᠯᠵᠦ᠂ ᠬᠤᠭᠤᠴᠠᠭ᠎ᠠ ᠥᠩᠭᠡᠷᠡᠪᠡᠯ ᠨᠥᠬᠦᠨ ᠮᠡᠳᠡᠭᠦᠯᠵᠦ ᠪᠣᠯᠬᠤ ᠥᠬᠡᠶ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠦᠭᠡᠢ  ᠰᠢᠯᠭ᠋ᠠᠭᠰᠠᠳ᠎ᠤᠨ ᠲᠤᠬᠠᠶ ᠵᠢᠨ ᠲᠠᠯᠠᠪᠤᠷ᠎ᠲᠤ ᠨᠡᠷ᠎ᠡ ᠮᠡᠳᠡᠭᠦᠯᠬᠦ ᠵᠢ ᠬᠦᠯᠢᠶᠡᠨ ᠠᠪᠬᠤ ᠥᠬᠡᠶ᠃

   ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠎ᠳᠤ᠎ᠪᠠᠨ ᠳᠣᠤᠷᠠᠬᠢ ᠮᠡᠲᠦ ᠮᠠᠲ᠋ᠧᠷᠢᠶᠠᠯ᠎ᠢ ᠳᠡᠭᠡᠭᠰᠢ ᠳᠠᠮᠵᠢᠭᠤᠯᠬᠤ ᠬᠡᠷᠡᠭᠲᠡᠶ᠄

  1. ᠲᠣᠰ ᠬᠥᠮᠦᠨ᠎ᠤ ᠬᠦᠴᠦᠨ ᠪᠥᠬᠦᠶ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠤᠨ ᠰᠢᠷᠪᠢᠯᠲᠡ ᠵᠢᠨ ᠵᠦᠢ᠍ᠯ (ᠡᠮᠦᠨ᠎ᠡ᠂ ᠠᠷᠤ ᠲᠠᠯ᠎ᠠ ᠵᠢ ᠪᠠᠭᠲᠠᠭ᠋ᠠᠨ᠎ᠠ᠂ ᠰᠢᠯᠭ᠋ᠠᠯᠲᠠ ᠵᠢᠨ ᠬᠤᠭᠤᠴᠠᠭ᠋ᠠᠨ᠎ᠳᠠᠬᠢ ᠪᠡᠶ᠎ᠡ ᠵᠢᠨ ᠦᠨᠡᠮᠯᠡᠯ᠎ᠨᠢ ᠬᠦᠴᠦᠨ ᠪᠦᠬᠦᠢ ᠬᠤᠭᠤᠴᠠᠭ᠋ᠠᠨ᠎ᠳᠤ ᠪᠠᠶ᠋ᠢᠬᠤ ᠬᠡᠷᠡᠭᠲᠡᠶ);

  2. ᠶᠡᠭᠡ ᠰᠤᠷᠭ᠋ᠠᠭᠤᠯᠢ ᠵᠢᠨ ᠲᠤᠰᠬᠠᠶ ᠮᠡᠷᠭᠡᠵᠢᠯ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠤᠨ ᠦᠨᠡᠮᠯᠡᠯ (ᠰᠤᠷᠭ᠋ᠠᠭᠤᠯᠢ᠎ᠳᠤ ᠪᠠᠶ᠋ᠢᠬᠤ ᠲᠤᠰ ᠬᠤᠭᠤᠴᠠᠭ᠋ᠠᠨ᠎ᠳᠤ ᠲᠡᠭᠦᠰᠦᠭᠰᠡᠳ ᠰᠤᠷᠤᠯᠭ᠎ᠠ ᠵᠢᠨ ᠮᠡᠳᠡᠭᠡ ᠵᠠᠩᠭᠢ ᠵᠢᠨ ᠰᠦᠯᠵᠢᠶᠡᠨ᠎ᠤ ᠰᠤᠷᠭ᠋ᠠᠭᠤᠯᠢ ᠵᠢᠨ ᠬᠠᠷᠢᠶᠠᠯᠠᠯ᠎ᠤᠨ ᠭᠡᠷᠡᠴᠢ᠎ᠪᠠᠨ ᠳᠡᠭᠡᠭᠰᠢ ᠳᠠᠮᠵᠢᠭᠤᠯᠬᠤ ᠬᠡᠷᠡᠭᠲᠡᠶ; ᠭᠠᠳᠠᠭ᠋ᠠᠳᠤ᠎ᠳᠤ ᠰᠤᠷᠤᠯᠴᠠᠭᠰᠠᠳ ᠰᠤᠷᠭ᠋ᠠᠨ ᠬᠥᠮᠦᠵᠢᠯ᠎ᠤᠨ ᠶᠠᠮᠤᠨ᠎ᠤ ᠭᠠᠳᠠᠭ᠋ᠠᠳᠤ᠎ᠳᠤ ᠰᠤᠷᠤᠯᠴᠠᠭᠰᠠᠳ᠎ᠤᠨ ᠦᠢ᠍ᠯᠡᠴᠢᠯᠡᠭᠡᠨ᠎ᠤ ᠲᠥᠪ᠎ᠠᠴᠠ ᠭᠠᠷᠭ᠋ᠠᠭᠰᠠᠨ ᠭᠠᠳᠠᠭ᠋ᠠᠳᠤ ᠵᠢᠨ ᠰᠤᠷᠤᠯᠭ᠎ᠠ ᠵᠢᠨ ᠨᠠᠮᠲᠠᠷ ᠡᠷᠳᠡᠮ᠎ᠤᠨ ᠴᠣᠯᠠ ᠵᠢ ᠮᠡᠳᠡᠷᠡᠬᠦ ᠦᠨᠡᠮᠯᠡᠯ ᠵᠶ᠋ᠠᠨ ᠳᠡᠭᠡᠭᠰᠢ ᠳᠠᠮᠵᠢᠭᠤᠯᠬᠤ ᠬᠡᠷᠡᠭᠲᠡᠶ; 2004 ᠣᠨ᠎ᠠᠴᠠ ᠡᠮᠦᠨ᠎ᠡ ᠲᠡᠭᠦᠰᠦᠭᠰᠡᠨ ᠰᠢᠯᠭ᠋ᠠᠭᠤᠯᠤᠭᠴᠢ ᠴᠠᠭ ᠲᠤᠬᠠᠶ᠎ᠳᠤ᠎ᠨᠢ ᠰᠤᠷᠤᠯᠭ᠎ᠠ ᠵᠢᠨ ᠨᠠᠮᠲᠠᠷ᠎ᠤᠨ ᠭᠡᠷᠡᠴᠢᠯᠡᠯ ᠬᠢᠬᠦ ᠵᠢᠨ ᠬᠠᠮᠲᠤ ᠰᠤᠷᠤᠯᠭ᠎ᠠ ᠵᠢᠨ ᠨᠠᠮᠲᠠᠷ ᠦᠨᠡᠮᠯᠡᠯ ᠵᠶ᠋ᠠᠨ ᠳᠡᠭᠡᠭᠰᠢ ᠳᠠᠮᠵᠢᠭᠤᠯᠬᠤ ᠬᠡᠷᠡᠭᠲᠡᠶ)᠃

  (ᠬᠤᠶᠠᠷ) ᠬᠢᠨᠠᠨ ᠬᠠᠷᠭᠤᠭᠤᠯᠤᠭᠰᠠᠨ ᠳ᠋ᠦᠩ᠎ᠢ ᠪᠠᠶ᠋ᠢᠴᠠᠭ᠋ᠠᠬᠤ

  2024 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ᠎ᠠᠴᠠ 22᠎ᠤᠨ ᠡᠳᠦᠷ᠎ᠤᠨ 18 ᠴᠠᠭ ᠪᠣᠯᠲᠠᠯ᠎ᠠ᠂ ᠰᠢᠯᠭ᠋ᠠᠭᠤᠯᠤᠭᠴᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠰᠦᠯᠵᠢᠶ᠎ᠡ (www.nrta.gov.cn ) ᠵᠢᠨ ᠬᠢᠷᠢ ᠬᠡᠮ᠎ᠤᠨ ᠰᠢᠯᠭ᠋ᠠᠯᠲᠠ ᠵᠢᠨ ᠪᠤᠯᠤᠩ᠎ᠳᠤ ᠣᠷᠣᠵᠤ ᠬᠤᠪᠢ ᠬᠥᠮᠦᠨ᠎ᠤ ᠮᠡᠳᠡᠭᠡ ᠵᠠᠩᠭᠢ ᠵᠢᠨ  ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠡᠨ  ᠪᠠᠶ᠋ᠢᠴᠠᠭ᠋ᠠᠨ ᠦᠵᠡᠵᠦ ᠪᠣᠯᠤᠨ᠎ᠠ᠃

   ᠬᠢᠨᠠᠨ ᠬᠠᠷᠭᠤᠭᠤᠯᠤᠭᠰᠠᠨ ᠪᠠᠶ᠋ᠢᠳᠠᠯ᠎ᠨᠢ 《ᠮᠡᠳᠡᠭᠡ ᠵᠠᠩᠭᠢ ᠵᠢᠨ ᠬᠢᠨᠠᠨ ᠬᠠᠷᠭᠤᠭᠤᠯᠤᠯᠲᠠ ᠵᠢ ᠥᠩᠭᠡᠷᠡᠭᠡᠪᠡ》 ᠭᠡᠵᠦ ᠪᠠᠶ᠋ᠢᠪᠠᠯ᠂ ᠥᠪᠥᠷ ᠮᠣᠩᠭᠤᠯ᠎ᠤᠨ ᠰᠢᠯᠭ᠋ᠠᠯᠲᠠ ᠵᠢᠨ ᠲᠣᠭᠤᠷᠢᠭ᠎ᠤᠨ ᠵᠠᠷᠯᠠᠯ᠎ᠢ ᠴᠠᠭ ᠲᠤᠬᠠᠶ᠎ᠳᠤ᠎ᠨᠢ ᠪᠠᠶ᠋ᠢᠴᠠᠭ᠋ᠠᠨ ᠦᠵᠡᠵᠦ᠂ ᠵᠢᠭ᠋ᠠᠨ ᠲᠣᠭᠲᠠᠭ᠋ᠠᠭᠰᠠᠨ ᠴᠠᠭ᠎ᠤᠨ ᠳᠣᠲᠣᠷ᠎ᠠ ᠰᠦᠢ᠍ᠳᠬᠡᠯ ᠲᠤᠰᠢᠶᠠᠨ᠎ᠠ; ᠬᠢᠨᠠᠨ ᠬᠠᠷᠭᠤᠭᠤᠯᠤᠭᠰᠠᠨ ᠪᠠᠶ᠋ᠢᠳᠠᠯ᠎ᠨᠢ 《ᠮᠡᠳᠡᠭᠡ ᠵᠠᠩᠭᠢ ᠵᠢᠨ ᠬᠢᠨᠠᠨ ᠬᠠᠷᠭᠤᠭᠤᠯᠤᠯᠲᠠ᠎ᠨᠢ ᠥᠩᠭᠡᠷᠡᠭᠰᠡᠨ ᠦᠭᠡᠢ》 ᠭᠡᠵᠦ ᠪᠠᠢ᠌ᠪᠠᠯ᠂ ᠨᠡᠷ᠎ᠡ ᠮᠡᠳᠡᠭᠦᠯᠬᠦ ᠰᠢᠰᠲ᠋ᠧᠮ᠎ᠳᠤ ᠨᠥᠬᠦᠪᠥᠷᠢ ᠮᠠᠲ᠋ᠧᠷᠢᠶᠠᠯ ᠵᠶ᠋ᠠᠨ ᠳᠡᠭᠡᠭᠰᠢ ᠳᠠᠮᠵᠢᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ ᠰᠠᠶᠢ ᠰᠦᠢ᠍ᠳᠬᠡᠯ ᠲᠤᠰᠢᠶᠠᠨ᠎ᠠ᠃ 7 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ 18 ᠴᠠᠭ᠎ᠠᠴᠠ ᠬᠣᠶ᠋ᠢᠰᠢ ᠨᠥᠬᠥᠪᠦᠷᠢᠯᠡᠬᠦ ᠮᠠᠲ᠋ᠧᠷᠢᠶᠠᠯ᠎ᠢ ᠳᠠᠬᠢᠨ ᠳᠡᠭᠡᠭᠰᠢ ᠳᠠᠮᠵᠢᠭᠤᠯᠵᠤ ᠳᠡᠢ᠌ᠯᠬᠦ ᠦᠭᠡᠢ᠃

  (ᠭᠤᠷᠪᠠ) ᠰᠢᠯᠭ᠋ᠠᠯᠲᠠ ᠵᠢᠨ ᠰᠦᠢ᠍ᠳᠭᠡᠯ ᠲᠤᠰᠢᠶᠠᠬᠤ

   ᠰᠦᠢ᠍ᠳᠬᠡᠯ ᠲᠤᠰᠢᠶᠠᠬᠤ ᠠᠷᠭ᠎ᠠ ᠬᠡᠯᠪᠡᠷᠢ᠄ 《ᠮᠡᠳᠡᠭᠡ ᠵᠠᠩᠭᠢ ᠵᠢᠨ ᠬᠢᠨᠠᠨ ᠬᠠᠷᠭᠤᠭᠤᠯᠤᠯᠲᠠ ᠵᠢ ᠥᠩᠭᠡᠷᠡᠭᠡᠭᠰᠡᠨ》 ᠰᠢᠯᠭ᠋ᠠᠭᠤᠯᠤᠭᠴᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠰᠦᠯᠵᠢᠶ᠎ᠡ (www.nrta.gov.cn ) ᠵᠢᠨ ᠬᠢᠷᠢ ᠬᠡᠮ᠎ᠤᠨ ᠰᠢᠯᠭ᠋ᠠᠯᠲᠠ ᠵᠢᠨ ᠪᠤᠯᠤᠩ᠎ᠳᠤ ᠣᠷᠣᠵᠤ᠂ 《ᠨᠡᠷ᠎ᠡ ᠮᠡᠳᠡᠭᠦᠯᠬᠦ ᠰᠦᠢ᠍ᠳᠭᠡᠯ ᠲᠤᠰᠢᠶᠠᠬᠤ》 ᠴᠢᠳᠠᠮᠵᠢ ᠵᠢᠨ ᠪᠣᠺᠰ᠎ᠢ ᠳᠣᠲᠣᠯᠠᠵᠤ᠂ ᠰᠢᠯᠭ᠋ᠠᠭᠤᠯᠤᠭᠴᠢ ᠵᠢᠨ ᠮᠡᠳᠡᠭᠡ ᠵᠠᠩᠭᠢ ᠵᠢᠴᠢ ᠠᠯᠤᠰ᠎ᠠᠴᠠ ᠲᠣᠭ᠋ᠠᠴᠠᠭ᠎ᠠ ᠬᠢᠬᠦ ᠬᠤᠶᠠᠷ ᠬᠡᠮᠵᠢᠯᠳᠦ ᠺᠣᠳ᠋᠎ᠢ ᠪᠠᠶ᠋ᠢᠴᠠᠭ᠋ᠠᠨ ᠦᠵᠡᠵᠦ᠂ ᠺᠣᠳ᠋ ᠰᠢᠷᠪᠢᠵᠦ ᠰᠢᠭᠤᠳ  ᠲᠣᠭ᠋ᠠᠴᠠᠭ᠎ᠠ ᠬᠢᠨ᠎ᠡ (ᠲᠣᠭ᠋ᠠᠴᠠᠭ᠎ᠠ ᠬᠢᠬᠦ ᠠᠷᠭ᠎ᠠ ᠬᠡᠯᠪᠡᠷᠢ ᠎ᠨᠢ ᠸᠢᠴᠠᠲ ᠪᠤᠶᠤ ᡁᠢ ᠹᠦ᠋ ᠪᠣᠤ)᠃

   ᠲᠤᠰᠢᠶᠠᠬᠤ ᠵᠣᠭᠤᠰ᠎ᠤᠨ ᠲᠤᠭ᠎ᠠ᠄ ᠺᠣᠳ᠋ ᠰᠢᠷᠪᠢᠭᠰᠡᠨ᠎ᠤ ᠳᠠᠷᠠᠭ᠎ᠠ ᠰᠢᠯᠭ᠋ᠠᠭᠤᠯᠤᠭᠴᠢ ᠣᠪᠣᠭ ᠨᠡᠷ᠎ᠡ ᠪᠠ ᠪᠡᠶ᠎ᠡ ᠵᠢᠨ ᠦᠨᠡᠮᠯᠡᠯ᠎ᠤᠨ ᠨᠣᠮᠧᠷ ᠵᠶ᠋ᠠᠨ ᠪᠢᠴᠢᠵᠦ ᠰᠦᠢ᠍ᠳᠭᠡᠯ ᠲᠤᠰᠢᠶᠠᠨ᠎ᠠ᠃ ᠬᠤᠪᠢ ᠬᠥᠮᠦᠨ᠎ᠤ ᠰᠢᠯᠲᠠᠭ᠋ᠠᠨ᠎ᠠᠴᠠ ᠪᠣᠯᠵᠣ ᠰᠢᠯᠭ᠋ᠠᠯᠲᠠ᠎ᠳᠤ ᠣᠷᠣᠯᠴᠠᠬᠤ ᠵᠢᠨ ᠠᠷᠭ᠎ᠠ ᠥᠬᠡᠶ ᠪᠠᠶ᠋ᠢᠪᠠᠯ᠂ ᠨᠢᠭᠡᠨᠲᠡ ᠲᠤᠰᠢᠶᠠᠭᠰᠠᠨ ᠰᠢᠯᠭ᠋ᠠᠯᠲᠠ ᠵᠢᠨ ᠰᠦᠢ᠍ᠳᠭᠡᠯ᠎ᠢ ᠪᠤᠴᠠᠭ᠋ᠠᠬᠤ ᠥᠬᠡᠶ᠃

   ᠰᠦᠢ᠍ᠳᠬᠡᠯ ᠲᠤᠰᠢᠶᠠᠬᠤ ᠴᠠᠭ᠄ ᠰᠢᠯᠭ᠋ᠠᠭᠤᠯᠤᠭᠴᠢ 《ᠮᠡᠳᠡᠭᠡ ᠵᠠᠩᠭᠢ ᠵᠢᠨ ᠬᠢᠨᠠᠨ ᠬᠠᠷᠭᠤᠭᠤᠯᠤᠯᠲᠠ ᠵᠢ ᠥᠩᠭᠡᠷᠡᠭᠡᠭᠰᠡᠨ》᠎ᠤ ᠳᠠᠷᠠᠭ᠎ᠠ᠂ ᠡᠷᠬᠡᠪᠰᠢ 7 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 29᠎ᠤ ᠡᠳᠦᠷ ᠪᠣᠯᠲᠠᠯᠠᠬᠢ ᠬᠤᠭᠤᠴᠠᠭ᠋ᠠᠨ᠎ᠳᠤ ᠰᠦᠢ᠍ᠳᠬᠡᠯ ᠲᠤᠰᠢᠶᠠᠬᠤ ᠬᠡᠷᠡᠭᠲᠡᠶ᠃ ᠬᠤᠭᠤᠴᠠᠭ᠎ᠠ ᠥᠩᠭᠡᠷᠡᠲᠡᠯ᠎ᠡ ᠰᠦᠢ᠍ᠳᠬᠡᠯ ᠲᠤᠰᠢᠶᠠᠭᠰᠠᠨ ᠦᠭᠡᠶ ᠪᠣᠯ ᠨᠡᠷ᠎ᠡ ᠮᠡᠳᠡᠭᠦᠯᠵᠦ ᠳᠡᠢ᠌ᠯᠬᠦ ᠦᠭᠡᠶ ᠮᠥᠷᠲᠡᠭᠡᠨ ᠨᠥᠬᠥᠵᠦ ᠲᠤᠰᠢᠶᠠᠵᠤ ᠳᠡᠢ᠌ᠯᠬᠦ ᠦᠭᠡᠶ᠃

   ᠭᠤᠷᠪᠠ᠂ ᠰᠢᠯᠭ᠋ᠠᠭᠤᠯᠬᠤ᠎ᠪᠠᠷ ᠵᠥᠪᠰᠢᠶᠡᠷᠡᠭᠰᠡᠨ ᠦᠨᠡᠮᠯᠡᠯ᠎ᠤᠨ ᠳᠠᠷᠤᠮᠠᠯᠯᠠᠬᠤ   ᠴᠠᠭ

   ᠨᠡᠷ᠎ᠡ ᠮᠡᠳᠡᠭᠦᠯᠵᠦ ᠰᠦᠢ᠍ᠳᠬᠡᠯ ᠲᠤᠰᠢᠶᠠᠭ᠋ᠠᠳ ᠳᠡᠢ᠌ᠯᠪᠡᠯ ᠰᠢᠯᠭ᠋ᠠᠭᠤᠯᠤᠭᠴᠢ 9 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠰᠡᠭᠦᠯᠡᠷ ᠨᠡᠷ᠎ᠡ ᠮᠡᠳᠡᠭᠦᠯᠬᠦ ᠰᠦᠯᠵᠢᠶᠡᠨ᠎ᠳᠤ ᠳᠠᠩᠰᠠᠯᠠᠵᠤ᠂ ᠰᠢᠯᠭ᠋ᠠᠭᠤᠯᠬᠤ᠎ᠪᠠᠷ ᠵᠥᠪᠰᠢᠶᠡᠷᠡᠭᠰᠡᠨ ᠦᠨᠡᠮᠯᠡᠯ᠎ᠢ ᠪᠠᠭᠤᠯᠭ᠋ᠠᠨ ᠠᠪᠴᠤ ᠪᠣᠯᠤᠨ᠎ᠠ᠃

   ᠲᠦᠷᠪᠡ᠂ ᠰᠢᠯᠭ᠋ᠠᠬᠤ ᠬᠢᠴᠢᠶᠡᠯ ᠲᠥᠷᠥᠯ

  (ᠨᠢᠭᠡ) ᠶᠡᠷᠦᠩᠬᠡᠢ᠌ᠯᠡᠭᠰᠡᠨ ᠮᠡᠳᠡᠯᠭᠡ

  (ᠬᠤᠶᠠᠷ) ᠷᠠᠳᠢᠣ᠋ ᠲᠧᠯᠸᠢᠰ᠎ᠤᠨ ᠦᠨᠳᠦᠰᠦᠨ ᠮᠡᠳᠡᠯᠭᠡ

  (ᠭᠤᠷᠪᠠ) ᠷᠠᠳᠢᠣ᠋ ᠲᠧᠯᠸᠢᠰ᠎ᠤᠨ ᠨᠡᠪᠳᠡᠷᠡᠭᠦᠯᠭᠡ ᠬᠥᠲᠦᠯᠦᠯᠭᠡ ᠵᠢᠨ ᠲᠤᠬᠠᠶ᠋ᠢᠯᠠᠭᠰᠠᠨ ᠠᠵᠢᠯ (ᠪᠢᠷ᠎ᠤᠨ ᠰᠢᠯᠭ᠋ᠠᠯᠲᠠ)

  (ᠳᠥᠷᠪᠡ) ᠷᠠᠳᠢᠣ᠋ ᠲᠧᠯᠸᠢᠰ᠎ᠤᠨ ᠨᠡᠪᠲᠡᠷᠡᠭᠦᠯᠭᠡ ᠬᠥᠲᠦᠯᠦᠯᠭᠡ ᠵᠢᠨ ᠲᠤᠬᠠᠶ᠋ᠢᠯᠠᠭᠰᠠᠨ ᠠᠵᠢᠯ (ᠶᠠᠷᠢᠶᠠᠨ᠎ᠤ ᠰᠢᠯᠭ᠋ᠠᠯᠲᠠ)

   ᠲᠠᠪᠤ᠂ ᠰᠦᠢ᠍ᠳᠬᠡᠯ ᠬᠤᠷᠢᠶᠠᠬᠤ ᠪᠠᠷᠢᠮᠵᠢᠶ᠎ᠠ

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ 《ᠷᠠᠳᠢᠣ᠋ ᠲᠧᠯᠸᠢᠰ᠎ᠤᠨ ᠠᠵᠢᠯ ᠡᠷᠬᠢᠯᠡᠭᠰᠡᠳ᠎ᠤᠨ ᠬᠢᠷᠢ ᠭᠡᠮ᠎ᠤᠨ ᠰᠢᠯᠭ᠋ᠠᠯᠲᠠ ᠵᠢᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢᠨ ᠲᠤᠬᠠᠶ ᠵᠠᠬᠢᠳᠠᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠰᠦᠢ᠍ᠳᠭᠡᠯ ᠦᠰᠦᠭ [2008] 995 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠨ᠂ ᠨᠡᠪᠲᠡᠷᠡᠭᠦᠯᠦᠭᠴᠢ ᠬᠥᠲᠥᠯᠥᠭᠴᠢ ᠵᠢᠨ ᠬᠢᠷᠢ ᠭᠡᠮ᠎ᠤᠨ ᠰᠢᠯᠭ᠋ᠠᠯᠲᠠ᠎ᠳᠤ ᠣᠷᠣᠯᠴᠠᠭᠰᠠᠳ᠎ᠲᠤ ᠰᠢᠯᠭ᠋ᠠᠯᠲᠠ ᠵᠢᠨ ᠶᠠᠪᠤᠳᠠᠯ᠎ᠤᠨ ᠪᠢᠷ᠎ᠤᠨ ᠰᠢᠯᠭ᠋ᠠᠯᠲᠠ᠎ᠳᠤ ᠬᠥᠮᠦᠨ ᠨᠢᠭᠡᠪᠦᠷᠢ ᠬᠢᠴᠢᠶᠡᠯ ᠪᠦᠷᠢ᠎ᠳᠤ᠎ᠪᠠᠨ 90 ᠲᠥᠭᠥᠷᠢᠭ ᠲᠤᠰᠢᠶᠠᠵᠤ᠂ ᠶᠠᠷᠢᠶᠠᠨ᠎ᠤ ᠰᠢᠯᠭ᠋ᠠᠯᠲᠠ᠎ᠨᠢ ᠬᠥᠮᠦᠨ ᠨᠢᠭᠡᠪᠦᠷᠢ ᠬᠢᠴᠢᠶᠡᠯ ᠪᠦᠷᠢ᠎ᠳᠤ᠎ᠪᠠᠨ 100 ᠲᠥᠭᠥᠷᠢᠭ ᠲᠤᠰᠢᠶᠠᠨ᠎ᠠ᠃

   ᠵᠢᠷᠭᠤᠭ᠎ᠠ᠂ ᠪᠤᠰᠤᠳ ᠵᠦᠢ᠍ᠯ

  (ᠨᠢᠭᠡ) 2024 ᠣᠨ᠎ᠠᠴᠠ ᠡᠬᠢᠯᠡᠨ᠂ ᠪᠥᠬᠦ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠦᠲᠦᠯᠦᠭᠴᠢ ᠵᠢᠨ ᠬᠢᠷᠢ ᠬᠡᠮ᠎ᠤᠨ ᠰᠢᠯᠭ᠋ᠠᠯᠲᠠ ᠵᠢ ᠺᠣᠮᠫᠢᠦ᠋ᠲ᠋ᠧᠷ᠎ᠤᠨ ᠰᠢᠯᠭ᠋ᠠᠯᠲᠠ (ᠪᠢᠷ᠎ᠤᠨ ᠰᠢᠯᠭ᠋ᠠᠯᠲᠠ ᠵᠢ ᠺᠣᠮᠫᠢᠦ᠋ᠲ᠋ᠧᠷ ᠵᠶ᠋ᠠᠷ ᠬᠠᠷᠢᠭᠤᠯᠵᠤ᠂ ᠶᠠᠷᠢᠶᠠᠨ᠎ᠤ ᠰᠢᠯᠭ᠋ᠠᠯᠲᠠ ᠵᠢᠨ ᠠᠷᠭ᠎ᠠ ᠬᠡᠯᠪᠡᠷᠢ᠎ᠳᠤ ᠬᠤᠪᠢᠷᠠᠯᠲᠠ ᠦᠭᠡᠢ) ᠪᠣᠯᠭ᠋ᠠᠨ ᠥᠭᠡᠷᠡᠴᠢᠯᠡᠪᠡ᠃ ᠰᠢᠯᠭ᠋ᠠᠭᠤᠯᠤᠭᠴᠢ ᠵᠢᠨ ᠰᠢᠯᠭ᠋ᠠᠯᠲᠠ ᠵᠢᠨ ᠰᠢᠰᠲ᠋ᠧᠮ᠎ᠢ ᠰᠠᠶ᠋ᠢᠨ ᠣᠢ᠌ᠯᠠᠭ᠋ᠠᠬᠤ ᠪᠠ ᠺᠣᠮᠫᠢᠦ᠋ᠲ᠋ᠧᠷ᠎ᠤᠨ ᠰᠢᠯᠭ᠋ᠠᠯᠲᠠ ᠵᠢᠨ ᠠᠷᠭ᠎ᠠ ᠬᠡᠯᠪᠡᠷᠢ᠎ᠳᠤ ᠵᠣᠬᠢᠴᠠᠭᠤᠯᠬᠤ᠎ᠳᠤ ᠲᠥᠬᠦᠮ ᠪᠣᠯᠭ᠋ᠠᠬᠤ ᠵᠢᠨ ᠲᠥᠯᠥᠭᠡ᠂ ᠰᠢᠯᠭ᠋ᠠᠭᠤᠯᠤᠭᠴᠢ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠤᠶ᠋ᠢᠰᠢ http://gdys.ks365.org/᠎ᠳᠤ ᠣᠷᠣᠵᠣ ᠪᠢᠷ᠎ᠤᠨ ᠰᠢᠯᠭ᠋ᠠᠯᠲᠠ ᠵᠢᠨ ᠳᠠᠰᠬᠠᠯᠵᠢᠭᠤᠯᠤᠯᠲᠠ ᠬᠢᠵᠦ ᠪᠣᠯᠤᠨ᠎ᠠ᠃

  (ᠬᠤᠶᠠᠷ) 2024 ᠣᠨ᠎ᠤ ᠪᠥᠬᠦ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠦᠲᠦᠯᠦᠭᠴᠢ ᠵᠢᠨ ᠬᠢᠷᠢ ᠬᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠦᠨ ᠣᠷᠣᠯᠴᠠᠭᠰᠠᠨ ᠬᠥᠮᠦᠰ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠲᠣᠭᠲᠠᠭ᠋ᠠᠭᠰᠠᠨ 《2024 ᠣᠨ᠎ᠤ ᠪᠥᠬᠦ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠦᠲᠦᠯᠦᠭᠴᠢ ᠵᠢᠨ ᠬᠢᠷᠢ ᠬᠡᠮ᠎ᠤᠨ ᠰᠢᠯᠭ᠋ᠠᠯᠲᠠ ᠵᠢᠨ ᠬᠥᠲᠥᠯᠪᠦᠷᠢ》 ᠵᠢ ᠦᠨᠳᠦᠰᠦᠯᠡᠨ ᠳᠠᠪᠲᠠᠬᠤ ᠪᠠ ᠰᠢᠯᠭ᠋ᠠᠯᠲᠠ᠎ᠳᠤ ᠪᠡᠯᠡᠳᠬᠡᠵᠦ ᠪᠣᠯᠤᠨ᠎ᠠ᠃

  (ᠭᠤᠷᠪᠠ) ᠴᠥᠭᠡᠨ ᠲᠣᠭ᠋ᠠᠲᠤ ᠦᠨᠳᠦᠰᠦᠲᠡᠨ᠎ᠤ ᠰᠢᠯᠭ᠋ᠠᠭᠤᠯᠤᠭᠴᠢ ᠲᠤᠰ ᠦᠨᠳᠦᠰᠦᠲᠡᠨ᠎ᠤ ᠦᠭᠡ ᠬᠡᠯᠡ ᠦᠰᠦᠭ ᠪᠢᠴᠢᠭ ᠵᠶ᠋ᠠᠷ ᠵᠶ᠋ᠠᠨ ᠬᠠᠷᠢᠭᠤᠯᠤᠭᠰᠠᠨ ᠴᠦ᠍ ᠪᠣᠯᠤᠨ᠎ᠠ᠂ ᠪᠠᠰᠠ ᠨᠢᠭᠡᠳᠦᠯᠲᠡᠢ ᠦᠭᠡ ᠬᠡᠯᠡ ᠦᠰᠦᠭ ᠪᠢᠴᠢᠭ ᠵᠶ᠋ᠠᠷ ᠬᠠᠷᠢᠭᠤᠯᠤᠭᠰᠠᠨ ᠴᠤ᠌ ᠪᠣᠯᠤᠨ᠎ᠠ᠂ ᠭᠡᠪᠡᠴᠦ ᠲᠤᠰ ᠵᠢᠯ᠎ᠤᠨ ᠰᠢᠯᠭ᠋ᠠᠭᠤᠯᠤᠭᠰᠠᠨ ᠡᠯ᠎ᠡ ᠬᠢᠴᠢᠶᠡᠯ ᠲᠥᠷᠥᠯ᠎ᠤᠨ ᠬᠠᠷᠢᠭᠤᠯᠲᠠ ᠵᠢᠨ ᠬᠠᠭᠤᠳᠠᠰᠤᠨ (ᠶᠠᠷᠢᠶᠠᠨ᠎ᠤ ᠰᠢᠯᠭ᠋ᠠᠯᠲᠠ ᠵᠢ ᠪᠠᠭᠲᠠᠭ᠋ᠠᠨ᠎ᠠ)᠎ᠳᠤ ᠠᠳᠠᠯᠢ ᠨᠢᠭᠡᠨ ᠵᠦᠢ᠍ᠯ᠎ᠤᠨ ᠦᠭᠡ ᠬᠡᠯᠡ ᠦᠰᠦᠭ ᠪᠢᠴᠢᠭ᠎ᠢ ᠬᠡᠷᠡᠭᠯᠡᠨ᠎ᠡ᠃ ᠬᠡᠷᠪᠡ ᠲᠤᠰ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠬᠡᠷᠡᠭᠯᠡᠪᠡᠯ᠂ ᠰᠢᠯᠭ᠋ᠠᠯᠲᠠ ᠵᠢᠨ ᠠᠷᠭ᠎ᠠ ᠬᠡᠯᠪᠡᠷᠢ᠎ᠨᠢ᠄ ᠪᠡᠶᠡᠴᠢ ᠰᠡᠳᠦᠪ᠎ᠢ   ᠭᠠᠷ ᠵᠶ᠋ᠠᠷ ᠵᠶ᠋ᠠᠨ ᠪᠢᠴᠢᠵᠦ᠂ ᠪᠤᠰᠤᠳᠴᠢ ᠰᠡᠳᠦᠪ᠎ᠢ ᠺᠣᠮᠫᠢᠦ᠋ᠲ᠋ᠧᠷ ᠵᠶ᠋ᠠᠷ  ᠬᠠᠷᠢᠭᠤᠯᠤᠨ᠎ᠠ ᠃

  (ᠳᠥᠷᠪᠡ) 2025 ᠣᠨ᠎ᠤ 1 ᠳ᠋ᠦ᠍ᠭᠡᠷ ᠰᠠᠷ᠎ᠠ᠎ᠳᠤ ᠰᠢᠯᠭ᠋ᠠᠯᠲᠠ ᠵᠢᠨ ᠬᠢᠷᠢ ᠪᠦᠲᠦᠮᠵᠢ ᠵᠢ ᠨᠡᠶ᠋ᠢᠲᠡᠯᠡᠵᠦ᠂ ᠰᠢᠯᠭ᠋ᠠᠯᠲᠠ ᠵᠢᠨ ᠬᠢᠷᠢ ᠲᠡᠩᠴᠡᠯᠲᠡ ᠵᠢᠨ ᠪᠠᠷᠢᠮᠵᠢᠶ᠎ᠠ ᠵᠢ ᠨᠡᠢ᠌ᠲᠡᠯᠡᠨ᠎ᠡ᠃ ᠲᠤᠬᠠᠢ ᠵᠢᠨ ᠦᠶ᠎ᠡ᠎ᠳᠤ᠂ ᠰᠢᠯᠭ᠋ᠠᠭᠤᠯᠤᠭᠴᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠰᠦᠯᠵᠢᠶ᠎ᠡ (www.nrta.gov.cn ) ᠵᠢᠨ  ᠬᠢᠷᠢ ᠬᠡᠮ᠎ᠤᠨ ᠰᠢᠯᠭ᠋ᠠᠯᠲᠠ ᠵᠢᠨ ᠪᠣᠯᠤᠩ᠎ᠳᠤ ᠣᠷᠣᠵᠤ ᠯᠠᠪᠯᠠᠨ ᠦᠵᠡᠵᠦ ᠪᠣᠯᠣᠨ᠎ᠠ᠃

  

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ ᠵᠢᠨ ᠬᠢᠷᠢ ᠭᠡᠮ᠎ᠤᠨ ᠰᠢᠯᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ

2024 ᠣᠨ᠎ᠤ 6 ᠳ᠋ᠤᠭ᠋ᠠᠷ ᠰᠠᠷ᠎ᠠ ᠵᠢᠨ 24᠎ᠤ ᠡᠳᠦᠷ

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ