ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠪᠦᠬᠦ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢᠲᠤ ᠵᠠᠷ ᠎ᠤᠨ ᠤᠷᠤᠯᠳᠤᠭ᠋ᠠᠨ᠎ᠤ ᠰᠢᠯᠭ᠋ᠠᠷᠠᠭᠤᠯᠤᠯᠲᠠ ᠵᠢᠨ ᠦᠷ᠎ᠡ ᠳ᠋ᠦᠩ᠎ᠤᠨ ᠲᠤᠬᠠᠶ ᠨᠡᠶ᠋ᠢᠳᠡᠯᠡᠯ
2024-07-22




   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢᠲᠤ ᠵᠠᠷ ᠵᠣᠬᠢᠶᠠᠨ ᠪᠦᠲᠦᠭᠡᠬᠦ ᠪᠠ ᠤᠯᠠᠮᠵᠢᠯᠠᠬᠤ᠎ᠳᠤ ᠣᠷᠣᠯᠴᠠᠬᠤ ᠵᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ᠂ ᠨᠡᠩ ᠣᠯᠠᠨ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ᠂ ᠪᠦᠬᠦ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ  ᠠᠰᠠᠷᠠᠮᠵᠢᠲᠤ ᠵᠠᠷ᠎ᠤᠨ ᠤᠷᠤᠯᠳᠤᠭ᠋ᠠᠨ᠎ᠢ ᠡᠷᠬᠢᠯᠡᠪᠡ᠃  ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠬᠢᠨᠠᠨ ᠲᠣᠭᠲᠠᠭ᠋ᠠᠬᠤ᠂ ᠬᠤᠷᠠᠯ ᠵᠶ᠋ᠠᠷ ᠰᠤᠳᠤᠯᠬᠤ᠎ᠪᠠᠷ ᠳᠡᠮᠵᠢᠨ᠂ ᠪᠥᠬᠦ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢᠲᠤ ᠵᠠᠷ᠎ᠤᠨ ᠤᠷᠤᠯᠳᠤᠭ᠋ᠠᠨ᠎ᠤ ᠰᠢᠯᠢᠳᠡᠭ ᠪᠦᠲᠦᠭᠡᠯ 103 ᠬᠤᠪᠢ᠂ ᠰᠢᠯᠢᠳᠡᠭ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ 8᠂ ᠰᠢᠯᠢᠳᠡᠭ ᠳᠠᠮᠵᠢᠭᠤᠯᠭ᠎ᠠ ᠵᠢᠨ ᠪᠠᠶ᠋ᠢᠭᠤᠯᠤᠮᠵᠢ 8 ᠵᠢ ᠰᠢᠯᠭ᠋ᠠᠷᠠᠭᠤᠯᠤᠨ ᠭᠠᠷᠭ᠋ᠠᠪᠠ᠃ ᠡᠳᠦᠭᠡ ᠢᠯᠡ ᠨᠡᠢ᠍ᠲᠡᠯᠠᠶ᠎ᠠ᠃

   ᠵᠠᠷᠯᠠᠨ ᠨᠡᠶ᠋ᠢᠲᠡᠯᠡᠬᠦ ᠴᠠᠭ᠎ᠨᠢ 2024 ᠣᠨ᠎ᠤ 7 ᠳ᠋ᠤᠭ᠋ᠠᠷ ᠰᠠᠷ᠎ᠠ ᠵᠢᠨ 23᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 29᠎ᠤ ᠡᠳᠦᠷ ᠪᠣᠯᠲᠠᠯ᠎ᠠ ᠶᠠᠪᠤᠭᠳᠠᠨ᠎ᠠ᠃ ᠢᠯᠡ ᠨᠡᠶ᠋ᠢᠲᠡᠯᠡᠬᠦ ᠬᠤᠭᠤᠴᠠᠭ᠋ᠠᠨ᠎ᠳᠤ᠂ ᠬᠡᠷᠪᠡ ᠣᠨᠳᠣᠤ ᠰᠠᠨᠠᠯ᠎ᠲᠠᠢ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠵᠠᠭᠤᠴᠢᠯᠠᠭᠤᠷ᠎ᠤᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠭᠠᠵᠠᠷ᠎ᠲᠤ ᠪᠢᠴᠢᠭ ᠵᠶ᠋ᠡᠷ ᠮᠡᠳᠡᠭᠦᠯᠵᠦ ᠲᠤᠰᠬᠠᠨ᠎ᠠ᠃

   ᠬᠠᠷᠢᠯᠴᠠᠬᠤ ᠤᠲᠠᠰᠤ᠄ 0471 - 4590092    ᠹᠠᠺᠰ᠄ 0471 – 3288016

 

   ᠳᠠᠭ᠋ᠠᠯᠳᠤᠭᠤᠯᠤᠯ᠄

1. ᠪᠥᠬᠦ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢᠲᠤ ᠵᠠᠷ᠎ᠤᠨ ᠤᠷᠤᠯᠳᠤᠭ᠋ᠠᠨ᠎ᠤ ᠰᠢᠯᠢᠳᠡᠭ ᠪᠦᠲᠦᠭᠡᠯ᠎ᠤᠨ ᠨᠡᠷᠡᠰ

2. ᠪᠥᠬᠦ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢᠲᠤ ᠵᠠᠷ᠎ᠤᠨ ᠤᠷᠤᠯᠳᠤᠭ᠋ᠠᠨ᠎ᠤ ᠰᠢᠯᠢᠳᠡᠭ ᠪᠠᠶ᠋ᠢᠭᠤᠯᠤᠮᠵᠢ ᠵᠢᠨ ᠨᠡᠷᠡᠰ

 

ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ

2024  ᠣᠨ᠎ᠤ 7 ᠳ᠋ᠤᠭ᠋ᠠᠷ ᠰᠠᠷ᠎ᠠ ᠵᠢᠨ 22᠎ᠤᠨ ᠡᠳᠦᠷ 

 

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ