ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠵᠢ ᠦᠨᠳᠦᠰᠦᠯᠡᠨ᠂ 2023 ᠣᠨ᠎ᠤ 9 ᠳ᠋ᠦ᠍ᠭᠡᠷ ᠰᠠᠷ᠎ᠠ ᠵᠢᠨ 22᠎ᠤᠨ ᠡᠳᠦᠷ᠎ᠠᠴᠠ 11 ᠳ᠋ᠦ᠍ᠭᠡᠷ ᠰᠠᠷ᠎ᠠ ᠵᠢᠨ 15᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠶᠢᠰᠦᠳᠦᠭᠡᠷ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠳᠤ ᠪᠠᠶ᠋ᠢᠩᠭᠤ ᠵᠢᠨ ᠲᠣᠭᠤᠷᠢᠨ ᠪᠠᠶ᠋ᠢᠴᠠᠭ᠋ᠠᠯᠲᠠ ᠥᠷᠨᠢᠭᠦᠯᠪᠡ᠃ 2023 ᠣᠨ᠎ᠤ 12 ᠳ᠋ᠤᠭ᠋ᠠᠷ ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠳᠤ ᠲᠣᠭᠤᠷᠢᠨ ᠪᠠᠶ᠋ᠢᠴᠠᠭ᠋ᠠᠭᠰᠠᠨ ᠰᠠᠨᠠᠯ ᠵᠶ᠋ᠠᠨ ᠬᠠᠷᠢᠭᠤ ᠲᠤᠰᠬᠠᠪᠠ᠃ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠡᠳᠦᠭᠡ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠨᠡᠢ᠌ᠲᠡᠯᠡᠶ᠎ᠡ᠃
ᠨᠢᠭᠡ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠳᠤᠭᠤᠶ᠋ᠢᠯᠠᠩ᠎ᠤᠨ ᠬᠠᠭᠤᠳᠠᠰᠤ ᠶᠣᠰᠣᠭ᠋ᠠᠷ ᠪᠦᠬᠦᠨ᠎ᠢ ᠬᠤᠷᠢᠶᠠᠨ ᠠᠪᠴᠤ᠂ ᠦᠳᠲᠡᠷ ᠲᠦᠷᠭᠡᠨ ᠬᠥᠳᠡᠯᠦᠯᠴᠡᠵᠦ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠦᠨᠡᠨ ᠬᠦ᠌ 《ᠬᠤᠶᠠᠷ᠎ᠢ ᠲᠣᠭᠲᠠᠭ᠋ᠠᠭᠰᠠᠨ》᠎ᠢ ᠬᠦᠷᠢᠶᠡᠯᠡᠬᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠤᠯᠤᠰ ᠲᠥᠷᠥ ᠵᠢᠨ ᠰᠢᠯᠭ᠋ᠠᠯᠲᠠ ᠪᠣᠯᠭ᠋ᠠᠵᠤ᠂ 《ᠬᠤᠶᠠᠷ ᠬᠠᠷᠢᠭᠤᠴᠠᠯᠭ᠎ᠠ》 ᠵᠢ ᠭᠦᠢ᠍ᠴᠡᠳᠭᠡᠬᠦ᠂ ᠰᠤᠷᠲᠠᠯ ᠴᠢᠬᠡᠴᠢ ᠣᠪᠣᠷ ᠲᠥᠪ ᠰᠠᠶ᠋ᠢᠨ ᠰᠠᠶ᠋ᠢᠬᠠᠨ ᠤᠯᠤᠰ ᠲᠥᠷᠥ ᠵᠢᠨ ᠠᠮᠢ ᠠᠬᠤᠶ ᠵᠢ ᠪᠣᠶ ᠪᠣᠯᠭ᠋ᠠᠬᠤ ᠴᠢᠬᠤᠯᠠ ᠶᠡᠭᠡ ᠡᠭᠦᠷᠭᠡ ᠪᠣᠯᠭ᠋ᠠᠵᠤ᠂ ᠪᠠᠲᠤ ᠴᠢᠩᠭ᠎ᠠ ᠤᠯᠤᠰ ᠲᠥᠷᠥ ᠵᠢᠨ ᠡᠭᠦᠷᠭᠡᠯᠡᠯ ᠵᠶ᠋ᠠᠷ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠰᠠᠶ᠋ᠢᠲᠤᠷ ᠠᠳᠬᠤᠪᠠ᠃
(ᠨᠢᠭᠡ) ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠤᠯᠤᠰ ᠲᠦᠷᠦ ᠵᠢᠨ ᠤᠬᠠᠮᠰᠠᠷ᠎ᠢ ᠴᠢᠩᠭ᠋ᠠᠷᠠᠭᠤᠯᠪᠠ
ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ᠎ᠤ ᠳᠠᠷᠠᠭ᠎ᠠ᠂ ᠲᠡᠷᠡ ᠳᠠᠷᠤᠢ᠎ᠳᠤ᠎ᠨᠢ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠤᠬᠠᠢ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠰᠢᠰᠲ᠋ᠧᠮ᠎ᠲᠠᠢ ᠰᠤᠷᠤᠯᠴᠠᠵᠤ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ᠂ ᠲᠤᠰᠬᠠᠶ ᠰᠡᠳᠦᠪᠲᠦ ᠬᠤᠷᠠᠯ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠬᠤᠷᠠᠯ ᠵᠡᠷᠭᠡ ᠵᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠶᠢᠰᠦᠳᠦᠭᠡᠷ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠠᠶ᠋ᠢᠳᠠᠯ᠎ᠢ ᠬᠠᠷᠢᠭᠤ ᠲᠤᠰᠬᠠᠬᠤ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠲᠤᠭᠤᠰᠢᠯᠠᠭᠤᠯᠵᠤ᠂ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠳᠠᠬᠢᠨ ᠲᠣᠳᠣᠷᠬᠠᠶ᠋ᠢᠯᠠᠵᠤ᠂ ᠳᠠᠬᠢᠨ ᠨᠠᠷᠢᠯᠢᠬ᠍ᠵᠢᠭᠤᠯᠵᠤ᠂ ᠳᠠᠬᠢᠨ ᠠᠬᠢᠭᠤᠯᠪᠠ᠃ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠬᠤᠷᠠᠯᠳᠤᠭᠤᠯᠵᠤ᠂ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠪᠣᠯᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠨᠢᠭᠡᠪᠦᠷᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠲᠠᠢ ᠨᠢᠭᠲᠠ ᠤᠶᠠᠯᠳᠤᠭᠤᠯᠤᠨ᠂ ᠵᠤᠷᠪᠤᠰ ᠳᠠᠷᠠᠭ᠋ᠠᠯᠠᠨ ᠬᠠᠷᠢᠴᠠᠭᠤᠯᠤᠨ ᠪᠠᠶ᠋ᠢᠴᠠᠭ᠋ᠠᠵᠤ᠂ ᠰᠢᠯᠲᠠᠭ᠋ᠠᠨ᠎ᠢ ᠭᠦᠨᠵᠡᠭᠡᠶ ᠵᠠᠳᠠᠯᠵᠤ᠂ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ᠎ᠪᠠᠨ ᠪᠠᠶ᠋ᠢᠴᠠᠭ᠋ᠠᠨ ᠳᠡᠯᠭᠡᠵᠦ᠂ ᠴᠡᠭᠴᠡᠯᠡᠨ ᠰᠠᠶ᠋ᠢᠵᠢᠷᠠᠭᠤᠯᠬᠤ ᠴᠢᠭᠯᠡᠯ ᠵᠶ᠋ᠠᠨ ᠲᠣᠳᠣᠷᠬᠠᠶ᠋ᠢᠯᠠᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠯᠠᠪᠳᠠᠭᠤᠨ ᠪᠠᠲᠤᠲᠠᠶ ᠠᠬᠢᠭᠤᠯᠪᠠ᠃
(ᠬᠤᠶᠠᠷ) ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠤᠯᠤᠰ ᠲᠦᠷᠦ ᠵᠢᠨ ᠡᠭᠦᠷᠭᠡᠯᠡᠯ᠎ᠢ ᠴᠢᠩᠭ᠋ᠠᠷᠠᠭᠤᠯᠪᠠ
ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠭᠤᠤᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠬᠠᠮᠤᠭ᠎ᠤᠨ ᠲᠡᠷᠢᠭᠦᠨ᠎ᠳᠤ ᠪᠠᠶ᠋ᠢᠭᠤᠯᠵᠤ᠂ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠬᠤ ᠲᠥᠰᠦᠯ᠎ᠢ ᠰᠤᠳᠤᠯᠤᠨ ᠲᠣᠭᠲᠠᠭ᠋ᠠᠵᠤ᠂ ᠨᠢᠭᠡᠳ ᠨᠢᠭᠡ᠎ᠪᠠᠷ ᠨᠠᠷᠢᠯᠢᠬ᠍ᠵᠢᠭᠤᠯᠤᠨ ᠵᠠᠳᠠᠯᠵᠤ᠂ ᠵᠦᠢ᠍ᠯ ᠳᠠᠷᠠᠭ᠋ᠠᠯᠠᠨ ᠬᠠᠷᠢᠭᠤᠴᠠᠯᠭ᠋ᠠᠲᠤ ᠤᠳᠤᠷᠢᠳᠤᠯᠭ᠎ᠠ ᠂ ᠲᠦᠷᠦᠭᠦᠴᠢ ᠨᠢᠭᠡᠴᠢ ᠪᠠ ᠴᠡᠭᠴᠡᠯᠡᠨ ᠰᠠᠶ᠋ᠢᠵᠢᠷᠠᠭᠤᠯᠬᠤ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠪᠠ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠪᠠᠶ᠋ᠢᠭᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠬᠤ ᠠᠯᠪᠠᠨ ᠬᠡᠷ᠎ᠤᠨ ᠬᠢᠨᠠᠯᠲᠠ ᠵᠢᠯᠣᠭᠤᠳᠣᠯᠭ᠎ᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠣᠯᠠᠨ ᠤᠳᠠᠭ᠎ᠠ ᠵᠢᠭ᠋ᠠᠪᠤᠷᠢ ᠠᠪᠴᠤ ᠮᠡᠳᠡᠭᠦᠯᠦᠨ᠂ ᠬᠠᠷᠢᠭᠤ ᠲᠤᠰᠬᠠᠭᠰᠠᠨ ᠰᠠᠨᠠᠯ᠎ᠤᠨ ᠶᠣᠰᠣᠭ᠋ᠠᠷ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠪᠠ᠃
(ᠭᠤᠷᠪᠠ) ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠪᠠ
ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢ᠍ᠴᠡᠳᠭᠡᠵᠣ᠂ ᠤᠷᠢᠳ ᠬᠤᠵᠢᠳ 5 ᠤᠳᠠᠭ᠎ᠠ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠂ 9 ᠤᠳᠠᠭ᠎ᠠ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠠᠰᠠᠭᠤᠳᠠᠯ᠎ᠲᠠᠢ ᠬᠠᠷᠢᠴᠠᠭᠤᠯᠤᠨ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠵᠤᠷᠪᠤᠰ ᠳᠠᠷᠠᠭ᠋ᠠᠯᠠᠨ ᠲᠡᠭᠦᠯᠳᠡᠷᠵᠢᠭᠦᠯᠵᠦ᠂ ᠨᠢᠭᠡᠳ ᠨᠢᠭᠡ᠎ᠪᠠᠷ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠪᠠᠶ᠋ᠢᠳᠠᠯ᠎ᠢ ᠲᠣᠬᠢᠷᠠᠭᠤᠯᠬᠤ ᠵᠢ ᠰᠣᠨᠣᠰᠴᠤ᠂ ᠴᠡᠭᠴᠡᠯᠡᠨ ᠰᠠᠶ᠋ᠢᠵᠢᠷᠠᠭᠤᠯᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠪᠠ᠃ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠨᠠᠷᠢᠨ ᠲᠠᠩᠰᠠ ᠪᠠᠶ᠋ᠢᠭᠤᠯᠵᠤ᠂ ᠬᠠᠭ᠋ᠠᠰ ᠰᠠᠷ᠎ᠠ᠎ᠳᠤ ᠨᠢᠭᠡ ᠤᠳᠠᠭ᠎ᠠ ᠳᠣᠭᠢᠷᠠᠭᠤᠯᠤᠨ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠨᠢᠭᠡᠳ ᠨᠢᠭᠡ᠎ᠪᠠᠷ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠪᠠ᠃ ᠡᠯ᠎ᠡ ᠭᠠᠵᠠᠷ ᠭᠡᠷ ᠲᠠᠰᠤᠭ᠂ ᠨᠢᠭᠡᠴᠢ᠎ᠨᠦᠭᠦᠳ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠭᠤᠤᠯ ᠬᠠᠷᠢᠭᠤᠴᠠᠯᠭ᠋ᠠᠲᠠᠨ ᠲᠦᠷᠦᠭᠦᠯᠡᠨ᠂ ᠬᠠᠷᠢᠭᠤ ᠲᠤᠰᠬᠠᠭᠰᠠᠨ ᠠᠰᠠᠭᠤᠳᠠᠯ᠎ᠢ ᠨᠠᠷᠢᠨ ᠬᠢᠨᠠᠮᠠᠭ᠋ᠠᠶ ᠬᠢᠨᠠᠨ ᠪᠠᠶ᠋ᠢᠴᠠᠭ᠋ᠠᠵᠤ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠪᠣᠳᠠᠲᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠪᠠ ᠃
ᠬᠤᠶᠠᠷ᠂ ᠲᠤᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ
ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠠᠷᠢᠭᠤ ᠲᠤᠰᠬᠠᠭᠰᠠᠨ ᠠᠰᠠᠭᠤᠳᠠᠯ ᠪᠠ ᠳᠤᠷᠠᠳᠤᠭᠰᠠᠨ ᠰᠠᠨᠠᠯ ᠰᠠᠨᠠᠭᠤᠯᠭ᠎ᠠ ᠵᠢᠨ ᠲᠣᠭᠤᠷᠢᠨ᠎ᠳᠤ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢ ᠰᠤᠳᠤᠯᠤᠨ ᠨᠠᠷᠢᠯᠢᠬ᠍ᠵᠢᠭᠤᠯᠵᠤ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠵᠦᠢ᠍ᠯ ᠳᠠᠷᠠᠭ᠋ᠠᠯᠠᠨ ᠠᠬᠢᠭᠤᠯᠬᠤ ᠵᠢᠨ ᠬᠠᠮᠲᠤ ᠥᠪᠡᠷ᠎ᠢ᠎ᠪᠠᠨ ᠪᠠᠶ᠋ᠢᠴᠠᠭ᠋ᠠᠵᠤ ᠥᠪᠡᠷ᠎ᠢ᠎ᠪᠠᠨ ᠦᠨᠡᠯᠡᠬᠦ ᠵᠢ ᠥᠷᠨᠢᠭᠦᠯᠵᠦ᠂ ᠴᠡᠭᠴᠡᠯᠡᠨ ᠰᠠᠶ᠋ᠢᠵᠢᠷᠠᠭᠤᠯᠬᠤ ᠲᠠᠯ᠎ᠠ᠎ᠪᠠᠷ ᠱᠠᠳᠤᠴᠢ ᠴᠢᠨᠠᠷᠲᠠᠢ ᠦᠷ᠎ᠡ ᠪᠦᠲᠦᠮᠵᠢ ᠤᠯᠬᠤ ᠵᠢ ᠠᠬᠢᠭᠤᠯᠪᠠ ᠃
(ᠨᠢᠭᠡ) ᠨᠠᠮ᠎ᠤᠨ ᠱᠤᠭᠤᠮ ᠴᠢᠭᠯᠡᠯᠲᠡ ᠲᠦᠷᠦ ᠵᠢᠨ ᠪᠣᠳᠣᠯᠭ᠎ᠠ ᠵᠢ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠶ᠋ᠢᠳᠪᠦᠷᠢᠲᠦ ᠪᠣᠳᠣᠯᠭ᠎ᠠ᠎ᠳᠤ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠪᠠ
1. ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠨᠢᠭᠡ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠬᠠᠮᠤᠭ᠎ᠤᠨ ᠰᠢᠨ᠎ᠡ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠴᠠᠭ ᠲᠤᠬᠠᠢᠳᠤᠨᠢ ᠳᠠᠭ᠋ᠠᠵᠤ ᠰᠤᠷᠤᠯᠴᠠᠪᠠ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠤᠨ ᠲᠦᠷᠢᠮ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 《ᠨᠢᠭᠡᠳᠦᠭᠡᠷ ᠵᠥᠪᠯᠡᠬᠦ ᠰᠡᠳᠦᠪ》᠎ᠤᠨ ᠲᠦᠷᠢᠮ᠎ᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠲᠡᠷᠢᠭᠦᠨ ᠴᠢᠬᠤᠯᠠ ᠰᠤᠷᠤᠯᠴᠠᠬᠤ ᠠᠭᠤᠯᠭ᠎ᠠ ᠪᠣᠯᠭ᠋ᠠᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠥᠪᠯᠡᠬᠦ ᠰᠡᠳᠦᠪ᠎ᠢ ᠪᠠᠶ᠋ᠢᠷᠢᠯᠠᠭᠤᠯᠬᠤ ᠪᠠ ᠪᠡᠯᠡᠳᠬᠡᠯ ᠠᠵᠢᠯ᠎ᠢ ᠵᠢᠷᠤᠮᠵᠢᠭᠤᠯᠪᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠭᠤᠣᠯᠳᠠᠯᠭ᠎ᠠ᠎ᠲᠠᠢ ᠰᠤᠷᠤᠯᠴᠠᠬᠤ ᠠᠭᠤᠯᠭ᠎ᠠ ᠵᠢᠨ ᠨᠠᠷᠢᠨ ᠳᠠᠩᠰᠠ ᠵᠢ ᠰᠤᠳᠤᠯᠤᠨ ᠲᠣᠭᠲᠠᠭ᠋ᠠᠵᠤ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠭᠤᠣᠯᠳᠠᠯᠭ᠎ᠠ᠎ᠲᠠᠢ ᠰᠤᠷᠤᠯᠴᠠᠬᠤ ᠠᠭᠤᠯᠭ᠎ᠠ ᠪᠣᠯᠭ᠋ᠠᠪᠠ᠃ ᠬᠤᠶᠠᠷ᠎ᠲᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠪᠠ᠃ ᠨᠠᠮ᠎ᠤᠨ ᠬᠤᠷᠢᠳᠤᠭ᠋ᠠᠷ ᠶᠡᠭᠡ ᠬᠤᠷᠠᠯ᠂ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠣᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢ ᠣᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠣᠬᠢᠷᠠᠭᠤᠯᠤᠯᠲᠠ᠎ᠳᠤ ᠣᠷᠣᠭᠤᠯᠵᠤ᠂ ᠤᠳᠤᠷᠢᠳᠬᠤ ᠪᠠᠭ᠎ᠤᠨ ᠭᠡᠰᠢᠭᠦᠳ ᠬᠤᠪᠢᠳᠠᠨ ᠬᠠᠮᠢᠶᠠᠷᠴᠤ ᠪᠦᠬᠦᠢ ᠰᠠᠯᠠᠭ᠎ᠠ ᠮᠥᠴᠢᠷ᠂ ᠬᠣᠷᠢᠶ᠎ᠠ ᠦᠷᠳᠡᠭᠡ᠎ᠳᠤ ᠭᠦᠨᠵᠡᠭᠡᠶ᠋ᠢᠷᠡᠨ ᠤᠬᠠᠭᠤᠯᠤᠨ ᠲᠠᠶ᠋ᠢᠯᠪᠤᠷᠢᠯᠠᠵᠤ᠂ ᠡᠯ᠎ᠡ ᠨᠠᠮ᠎ᠤᠨ ᠡᠭᠦᠷ᠎ᠤᠨ ᠱᠦᠵᠢ ᠲᠤᠰ ᠡᠭᠦᠷ᠎ᠲᠤ᠎ᠪᠠᠨ ᠤᠬᠠᠭᠤᠯᠤᠨ ᠲᠠᠶ᠋ᠢᠯᠪᠤᠷᠢᠯᠠᠵᠤ᠂ ᠲᠣᠪᠴᠢᠶᠠᠨ᠎ᠤ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠣᠨᠣᠪᠴᠢᠲᠠᠢ ᠰᠤᠷᠤᠯᠴᠠᠨ ᠣᠶ᠋ᠢᠯᠠᠭ᠋ᠠᠵᠤ᠂ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠤᠶᠠᠷ᠎ᠢ ᠲᠣᠭᠲᠠᠭ᠋ᠠᠭᠰᠠᠨ 》᠎ᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠪᠡ ᠃
2. ᠤᠯᠤᠰ ᠲᠥᠷᠥ ᠵᠢᠨ ᠪᠠᠢ᠌ᠭᠤᠯᠭ᠎ᠠ ᠵᠢᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠪᠠ᠃ ᠨᠢᠭᠡ᠎ᠳᠤ᠂ ᠵᠢᠭ᠋ᠠᠪᠤᠷᠢ ᠠᠪᠴᠤ ᠮᠡᠳᠡᠭᠦᠯᠬᠦ ᠲᠦᠷᠢᠮ᠎ᠢ ᠲᠡᠭᠦᠯᠳᠡᠷᠵᠢᠭᠦᠯᠪᠡ᠃ ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠢ ᠴᠢᠩᠭ᠎ᠠ ᠵᠢᠷᠤᠮᠯᠠᠵᠤ᠂ ᠵᠢᠭ᠋ᠠᠪᠤᠷᠢ ᠠᠪᠴᠤ ᠮᠡᠳᠡᠭᠦᠯᠬᠦ ᠠᠵᠢᠯ᠎ᠢ ᠪᠦᠬᠦ ᠲᠠᠯ᠎ᠠ᠎ᠪᠠᠷ ᠵᠢᠷᠤᠮᠵᠢᠭᠤᠯᠤᠨ ᠴᠢᠩᠭ᠋ᠠᠳᠬᠠᠪᠠ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠥᠷᠭᠡᠳᠬᠡᠭᠰᠡᠨ ᠬᠤᠷᠠᠯ᠎ᠤᠨ ᠴᠢᠬᠤᠯᠠ ᠶᠡᠭᠡ ᠤᠴᠢᠷ ᠶᠠᠪᠤᠳᠠᠯ᠎ᠤᠨ ᠲᠤᠬᠠᠶ ᠵᠢᠭ᠋ᠠᠪᠤᠷᠢ ᠠᠪᠴᠤ ᠮᠡᠳᠡᠭᠦᠯᠬᠦ ᠬᠣᠯᠪᠣᠭᠳᠠᠯ ᠪᠥᠬᠦᠶ ᠱᠠᠭ᠋ᠠᠷᠳᠠᠯᠭ᠎ᠠ ᠵᠢ ᠲᠤᠰᠬᠠᠶ ᠰᠡᠳᠦᠪ ᠵᠶ᠋ᠠᠷ ᠰᠤᠷᠤᠯᠴᠠᠵᠤ᠂ ᠴᠢᠬᠤᠯᠠ ᠶᠡᠭᠡ ᠤᠴᠢᠷ ᠶᠠᠪᠤᠳᠠᠯ᠎ᠤᠨ ᠲᠤᠬᠠᠶ ᠵᠢᠭ᠋ᠠᠪᠤᠷᠢ ᠠᠪᠴᠤ ᠮᠡᠳᠡᠭᠦᠯᠬᠦ ᠤᠬᠠᠮᠰᠠᠷ ᠵᠶ᠋ᠠᠨ ᠳᠡᠭᠡᠭᠰᠢᠯᠡᠭᠦᠯᠦᠨ᠂ ᠲᠣᠪᠴᠢᠶ᠎ᠠ ᠵᠢᠨ ᠴᠢᠬᠤᠯᠠ ᠶᠡᠭᠡ ᠤᠴᠢᠷ ᠶᠠᠪᠤᠳᠠᠯ᠎ᠤᠨ ᠲᠤᠬᠠᠶ ᠵᠢᠭ᠋ᠠᠪᠤᠷᠢ ᠠᠪᠴᠤ ᠮᠡᠳᠡᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠵᠢᠭ᠋ᠠᠪᠤᠷᠢ ᠠᠪᠴᠤ ᠮᠡᠳᠡᠭᠦᠯᠬᠦ ᠵᠦᠢ᠍ᠯᠡᠰ᠂ ᠳᠠᠷᠠᠭ᠋ᠠᠯᠠᠯ᠂ ᠮᠡᠳᠡᠭᠦᠯᠬᠦ ᠠᠷᠭ᠎ᠠ ᠬᠡᠯᠪᠡᠷᠢ᠂ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠡᠷᠭᠡ᠎ᠳᠤ ᠲᠣᠳᠣᠷᠬᠠᠶ ᠲᠣᠭᠲᠠᠭ᠋ᠠᠯ ᠭᠠᠷᠭ᠋ᠠᠪᠠ᠃ ᠴᠢᠬᠤᠯᠠ ᠶᠡᠭᠡ ᠤᠴᠢᠷ ᠶᠠᠪᠤᠳᠠᠯ᠎ᠤᠨ ᠲᠤᠬᠠᠶ ᠵᠢᠭ᠋ᠠᠪᠤᠷᠢ ᠠᠪᠴᠤ ᠮᠡᠳᠡᠭᠦᠯᠦᠭᠰᠡᠨ ᠪᠠᠶ᠋ᠢᠳᠠᠯ᠎ᠢ ᠳᠣᠤᠷᠠᠳᠤ ᠱᠠᠲᠤᠨ᠎ᠤ ᠨᠢᠭᠡᠴᠢ ᠵᠢᠴᠢ ᠲᠡᠭᠦᠨ᠎ᠤ ᠭᠤᠤᠯ ᠬᠠᠷᠢᠭᠤᠴᠠᠯᠭ᠋ᠠᠲᠠᠨ᠎ᠢ ᠬᠢᠨᠠᠨ ᠰᠢᠯᠭ᠋ᠠᠬᠤ ᠠᠭᠤᠯᠭ᠎ᠠ᠎ᠳᠤ ᠣᠷᠣᠭᠤᠯᠵᠤ᠂ ᠡᠳᠦᠷ ᠲᠤᠲᠤᠮ᠎ᠤᠨ ᠬᠢᠨᠠᠯᠲᠠ ᠲᠠᠯᠪᠢᠬᠤ ᠵᠢ ᠴᠢᠩᠭ᠋ᠠᠷᠠᠭᠤᠯᠪᠠ᠃ ᠬᠤᠶᠠᠷ᠎ᠲᠤ᠂ ᠤᠨᠤᠯ ᠰᠤᠷᠤᠯᠴᠠᠬᠤ ᠭᠤᠣᠯ ᠳᠤᠭᠤᠶ᠋ᠢᠯᠠᠩ᠎ᠤᠨ ᠰᠤᠳᠤᠯᠤᠨ ᠶᠠᠷᠢᠯᠴᠠᠬᠤ ᠵᠢ ᠭᠦᠨᠵᠡᠭᠡᠢ᠌ᠷᠡᠭᠦᠯᠪᠡ᠃ ᠤᠨᠤᠯ ᠰᠤᠷᠤᠯᠴᠠᠬᠤ ᠭᠤᠣᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠶᠠᠪᠤᠴᠠ ᠵᠢ ᠡᠮᠬᠢᠯᠡᠵᠦ᠂ ᠰᠤᠷᠤᠯᠴᠠᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠰᠤᠳᠤᠯᠤᠨ ᠶᠠᠷᠢᠯᠴᠠᠵᠤ ᠰᠣᠯᠢᠯᠴᠠᠬᠤ ᠭᠤᠣᠯ ᠰᠡᠳᠦᠪ᠎ᠤᠨ ᠲᠣᠭᠤᠷᠢᠨ᠎ᠳᠤ ᠲᠥᠪᠯᠡᠷᠡᠩᠭᠦᠢ᠂ ᠠᠭᠤᠯᠭ᠎ᠠ ᠣᠨᠣᠪᠴᠢᠲᠠᠢ᠂ ᠰᠤᠳᠤᠯᠤᠨ ᠶᠠᠷᠢᠯᠴᠠᠬᠤ ᠵᠢ ᠭᠦᠨᠵᠡᠭᠡᠶ᠋ᠢᠷᠡᠭᠦᠯᠬᠦ ᠵᠢ ᠠᠬᠢᠭᠤᠯᠪᠠ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠠᠴᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠰᠤᠷᠤᠯᠴᠠᠬᠤ ᠲᠦᠷᠢᠮ》᠎ᠢ ᠲᠤᠰᠬᠠᠶ ᠰᠡᠳᠦᠪ ᠵᠶ᠋ᠠᠷ ᠰᠤᠷᠤᠯᠴᠠᠵᠤ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠰᠤᠷᠤᠯᠴᠠᠬᠤ ᠲᠦᠷᠢᠮ᠎ᠢ ᠲᠡᠭᠦᠯᠳᠡᠷᠵᠢᠭᠦᠯᠦᠨ᠂ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠭᠤᠤᠯ ᠰᠡᠳᠦᠪ᠂ ᠠᠭᠤᠯᠭ᠎ᠠ ᠵᠢᠨ ᠲᠣᠬᠢᠷᠠᠭᠤᠯᠤᠯᠲᠠ᠂ ᠰᠤᠷᠤᠯᠴᠠᠬᠤ ᠠᠷᠭ᠎ᠠ ᠬᠡᠯᠪᠡᠷᠢ ᠵᠡᠷᠭᠡ᠎ᠳᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠭᠠᠷᠭ᠋ᠠᠵᠤ᠂ ᠣᠨᠣᠯ᠎ᠤᠨ ᠭᠤᠤᠯ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠪᠡ᠃
3. ᠭᠤᠣᠯ ᠬᠠᠷᠢᠭᠤᠴᠠᠯᠭ᠎ᠠ ᠭᠤᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠪᠡ ᠃ ᠨᠢᠭᠡ᠎ᠳᠤ᠂ ᠮᠠᠨ᠎ᠤ ᠣᠷᠣᠨ᠎ᠤ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠪᠠᠶ᠋ᠢᠭᠤᠯᠤᠮᠵᠢ ᠵᠢ ᠵᠢᠯᠣᠭᠤᠳᠤᠨ ᠲᠡᠳᠬᠦᠬᠦ ᠵᠢ ᠴᠢᠩᠭ᠋ᠠᠳᠬᠠᠵᠤ᠂ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ ᠴᠢᠳᠠᠪᠤᠷᠢ ᠵᠢ᠎ᠨᠢ ᠳᠡᠭᠡᠭᠰᠢᠯᠡᠭᠦᠯᠪᠡ᠃ ᠪᠦᠬᠦ ᠣᠷᠣᠨ᠎ᠤ ᠡᠵᠡᠩᠨᠡᠯᠲᠡ ᠵᠢᠨ ᠪᠠᠶ᠋ᠢᠭᠤᠯᠤᠮᠵᠢ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ ᠪᠣᠯᠤᠨ ᠯᠠᠪᠯᠠᠯᠭ᠎ᠠ ᠵᠢᠨ ᠦᠢ᠍ᠯᠡᠴᠢᠯᠡᠭᠡᠨ᠎ᠢ ᠴᠠᠭ ᠲᠤᠬᠠᠶ᠎ᠳᠤᠨᠢ ᠬᠠᠩᠭ᠋ᠠᠵᠤ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠤᠨ ᠵᠢᠯᠣᠭᠣᠳᠣᠯᠭ᠎ᠠ ᠵᠢ ᠴᠢᠩᠭ᠋ᠠᠳᠬᠠᠪᠠ᠃ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠪᠣᠭᠣᠨᠢᠰᠬᠠᠨ᠂ ᠲᠦᠷᠦ ᠵᠢᠨ ᠪᠤᠳᠤᠯᠭ᠎ᠠ ᠵᠢᠨ ᠲᠠᠶ᠋ᠢᠯᠤᠮᠵᠢ ᠵᠢ ᠴᠢᠩᠭ᠋ᠠᠷᠠᠭᠤᠯᠵᠤ ᠂ ᠲᠦᠷᠦ ᠵᠢᠨ ᠪᠤᠳᠤᠯᠭ᠎ᠠ ᠵᠢᠨ ᠪᠢᠴᠢᠭ ᠮᠠᠲ᠋ᠧᠷᠢᠶᠠᠯ᠎ᠢ ᠡᠮᠬᠢᠳᠬᠡᠨ ᠨᠠᠶ᠋ᠢᠷᠠᠭᠤᠯᠵᠤ᠂ ᠡᠵᠡᠩᠨᠡᠯᠲᠡ ᠵᠢᠨ ᠪᠠᠶ᠋ᠢᠭᠤᠯᠤᠮᠵᠢ ᠵᠢᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ ᠵᠢ ᠦᠢ᠍ᠯᠡᠳᠬᠦ᠎ᠳᠤ ᠠᠵᠢᠯᠯᠠᠭ᠋ᠠᠨ᠎ᠤ ᠵᠦᠭᠯᠡᠭᠦᠷ ᠬᠠᠩᠭ᠋ᠠᠪᠠ᠃ ᠲᠤᠬᠠᠶ᠋ᠢᠯᠠᠭᠰᠠᠨ ᠠᠵᠢᠯ᠎ᠤᠨ ᠲᠥᠷᠥᠯ ᠬᠡᠯᠪᠡᠷᠢ ᠵᠢᠨ ᠲᠥᠷᠥᠯ ᠬᠤᠪᠢᠶᠠᠨ ᠵᠢᠯᠣᠭᠤᠳᠬᠤ ᠵᠢ ᠬᠡᠷᠡᠭᠵᠢᠭᠦᠯᠵᠦ᠂ ᠪᠥᠬᠦ ᠣᠷᠣᠨ᠎ᠤ ᠰᠦᠯᠵᠢᠶᠡᠨ᠎ᠤ ᠪᠢᠴᠢᠯ ᠣᠬᠤᠷ ᠵᠦᠴᠦᠭᠡ ᠵᠣᠬᠢᠶᠠᠨ ᠪᠦᠲᠦᠭᠡᠬᠦ ᠪᠣᠯᠪᠠᠰᠤᠷᠠᠯ᠎ᠤᠨ ᠠᠩᠭᠢ᠂ ᠪᠠᠷᠢᠮᠲᠠᠲᠤ ᠺᠢᠨᠣ᠋ ᠵᠢᠨ ᠪᠣᠯᠪᠠᠰᠤᠷᠠᠯ᠎ᠤᠨ ᠠᠩᠭᠢ᠂ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠪᠣᠯᠪᠠᠰᠤᠷᠠᠯ᠎ᠤᠨ ᠠᠩᠭᠢ ᠵᠢ ᠡᠷᠭᠢᠯᠡᠵᠦ᠂ ᠬᠣᠯᠪᠣᠭᠳᠠᠯ ᠪᠥᠬᠦᠶ ᠴᠢᠳᠠᠪᠤᠷᠢᠲᠠᠨ᠎ᠢ ᠪᠣᠯᠪᠠᠰᠤᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠪᠠ᠃ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠢᠯᠢᠳᠡᠭ᠎ᠢ᠎ᠨᠢ ᠪᠠᠲᠤᠯᠠᠨ ᠲᠡᠳᠬᠦᠬᠦ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠰᠡᠳᠦᠪ᠎ᠢ ᠲᠥᠯᠥᠪᠵᠢᠭᠦᠯᠦᠨ ᠬᠥᠲᠥᠯᠥᠨ ᠵᠢᠯᠣᠭᠤᠳᠬᠤ ᠪᠠ ᠠᠭᠤᠯᠭ᠎ᠠ ᠵᠢ ᠵᠣᠬᠢᠶᠠᠨ ᠪᠦᠲᠦᠭᠡᠬᠦ ᠵᠢᠯᠣᠭᠤᠳᠣᠯᠭ᠎ᠠ ᠵᠢ ᠴᠢᠩᠭ᠋ᠠᠳᠬᠠᠵᠤ᠂ ᠲᠦᠷᠦᠯ ᠵᠦᠢ᠍ᠯ᠎ᠤᠨ ᠬᠥᠮᠥᠷᠭᠡ ᠵᠢᠨ ᠬᠠᠮᠢᠶᠠᠷᠤᠯᠲᠠ᠂ ᠵᠣᠬᠢᠶᠠᠨ ᠪᠦᠲᠦᠭᠡᠯᠭᠡ ᠵᠢᠨ ᠳᠡᠳᠭᠦᠯᠭᠡ ᠂ ᠤᠯᠠᠷᠢᠯ᠎ᠳᠤ ᠰᠢᠯᠢᠳᠡᠭ᠎ᠢ᠎ᠨᠢ ᠲᠠᠨᠢᠯᠴᠠᠭᠤᠯᠬᠤ᠂ ᠣᠨ᠎ᠤ ᠬᠥᠬᠢᠭᠦᠯᠦᠨ ᠰᠠᠶ᠋ᠢᠰᠢᠶᠠᠬᠤ ᠠᠵᠢᠯᠯᠠᠭ᠎ᠠ ᠵᠡᠷᠭᠡ ᠲᠠᠯ᠎ᠠ᠎ᠪᠠᠷ ᠲᠣᠰ ᠲᠣᠰ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ ᠬᠤᠶᠠᠷ᠎ᠲᠤ᠂ ᠮᠠᠨ᠎ᠤ ᠣᠷᠣᠨ᠎ᠤ ᠰᠦᠯᠵᠢᠶᠡᠨ᠎ᠤ ᠤᠬᠠᠭᠤᠯᠭ᠎ᠠ ᠵᠢᠨ ᠵᠢᠭᠰᠠᠭ᠋ᠠᠯ᠎ᠤᠨ ᠭᠠᠵᠠᠷ᠎ᠤᠨ ᠲᠠᠩᠰᠠᠨ ᠨᠣᠮᠧᠷ᠎ᠤᠨ ᠠᠩᠬᠠᠷᠤᠯ᠎ᠤᠨ ᠬᠡᠮᠵᠢᠶ᠎ᠡ ᠵᠢ ᠳᠡᠭᠡᠭᠰᠢᠯᠡᠭᠦᠯᠵᠦ᠂ ᠡᠯ᠎ᠡ ᠲᠠᠪᠴᠠᠩ᠎ᠤᠨ ᠪᠠᠬᠠᠷᠤᠭᠰᠠᠳᠤᠨ ᠲᠣᠭ᠎ᠠ ᠵᠢ ᠨᠡᠮᠡᠭᠳᠡᠭᠦᠯᠦᠨ᠂ ᠨᠥᠯᠥᠭᠡᠯᠡᠬᠦ ᠬᠦᠴᠦᠨ᠂ ᠲᠠᠲᠠᠬᠤ ᠬᠦᠴᠦᠨ᠎ᠢ ᠲᠠᠰᠤᠷᠠᠯᠲᠠ ᠥᠬᠡᠶ ᠨᠡᠮᠡᠭᠳᠡᠭᠦᠯᠪᠡ ᠃ ᠲᠠᠪᠴᠠᠩ᠎ᠤᠨ ᠬᠦᠴᠦᠨ᠎ᠢ ᠠᠰᠢᠭᠯᠠᠨ᠂ ᠥᠪᠥᠷ ᠮᠣᠩᠭᠤᠯ᠎ᠤᠨ ᠬᠤᠶᠠᠳᠤᠭ᠋ᠠᠷ ᠬᠤᠭᠤᠴᠠᠭ᠋ᠠᠨ᠎ᠤ ᠣᠬᠤᠷ ᠸᠢᠳᠢᠤ᠋ ᠵᠢᠨ ᠤᠷᠤᠯᠳᠤᠭ᠋ᠠᠨ᠎ᠳᠤ ᠣᠷᠣᠯᠴᠠᠬᠤ ᠪᠦᠲᠦᠭᠡᠯ᠎ᠢ ᠳᠡᠯᠭᠡᠨ ᠨᠡᠪᠲᠡᠷᠡᠭᠦᠯᠬᠦ᠎ᠪᠠᠷ ᠳᠠᠮᠵᠢᠭᠤᠯᠤᠨ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠬᠠᠯᠠᠮᠰᠢᠯ ᠴᠡᠭ᠎ᠢ ᠠᠰᠢᠭᠯᠠᠨ ᠵᠣᠬᠢᠴᠠᠩᠭᠤᠶ ᠦᠵᠡᠵᠦ ᠰᠣᠨᠣᠰᠬᠤ ᠠᠭᠤᠯᠭ᠎ᠠ ᠵᠢ ᠨᠡᠶ᠋ᠢᠲᠡᠯᠡᠵᠦ᠂ ᠮᠠᠨ᠎ᠤ ᠣᠷᠣᠨ᠎ᠤ ᠢᠳᠡᠪᠬᠢ ᠬᠦᠴᠦᠨ᠎ᠤ ᠠᠭᠤᠯᠭ᠎ᠠ ᠵᠢ ᠢᠯᠡᠷᠡᠭᠦᠯᠵᠦ᠂ ᠡᠯ᠎ᠡ ᠲᠠᠪᠴᠠᠩ᠎ᠤᠨ ᠪᠠᠬᠠᠷᠤᠭᠰᠠᠳᠤᠨ ᠲᠤᠭ᠎ᠠ ᠴᠥᠮ ᠨᠡᠮᠡᠭᠳᠡᠪᠡ᠃ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠲᠠᠪᠴᠠᠩ᠎ᠨᠢ ᠭᠠᠷᠠᠭ ᠪᠦᠷᠢ 3 — 5 ᠣᠬᠤᠷ ᠸᠢᠳᠢᠣ᠋ ᠵᠢ ᠰᠢᠨᠡᠳᠬᠡᠵᠦ᠂ ᠷᠠᠳᠢᠣ᠋ ᠲᠧᠯᠸᠢᠰ᠎ᠤᠨ ᠰᠢᠨ᠎ᠡ ᠵᠠᠭᠤᠴᠢᠯᠠᠭᠤᠷ᠎ᠤᠨ ᠬᠤᠯᠪᠣᠭᠠᠯᠤᠭᠠ ᠬᠤᠯᠪᠣᠭ᠋ᠠᠯᠠᠨ ᠬᠥᠳᠡᠯᠦᠯᠴᠡᠵᠦ ᠳᠠᠮᠵᠢᠭᠤᠯᠬᠤ ᠵᠢ ᠴᠢᠩᠭ᠋ᠠᠳᠬᠠᠵᠤ᠂ ᠬᠠᠷᠢᠯᠴᠠᠨ ᠤᠷᠤᠰᠴᠠ ᠵᠢ ᠲᠠᠲᠠᠵᠤ᠂ ᠤᠬᠠᠭᠤᠯᠭ᠎ᠠ ᠵᠢᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠰᠢᠯᠢᠳᠡᠭ ᠣᠬᠤᠷ ᠸᠢᠳᠢᠣ᠋ ᠵᠢᠨ ᠤᠬᠠᠭᠤᠯᠭ᠎ᠠ ᠨᠡᠪᠲᠡᠷᠡᠭᠦᠯᠭᠡ ᠵᠢᠨ ᠳ᠋ᠤᠭ᠋ᠠᠷ ᠵᠶ᠋ᠠᠷ ᠳᠠᠮᠵᠢᠭᠤᠯᠤᠨ 《ᠦᠵᠡᠵᠦ ᠰᠣᠨᠣᠰᠬᠤ ᠰᠢᠨ᠎ᠡ ᠴᠠᠭ ᠦᠶ᠎ᠡ 》᠎ᠳᠤ ᠮᠠᠨ᠎ᠤ ᠣᠷᠣᠨ᠎ᠤ ᠰᠢᠯᠢᠳᠡᠭ ᠦᠵᠡᠵᠦ ᠰᠣᠨᠣᠰᠬᠤ ᠪᠦᠲᠦᠭᠡᠯ᠎ᠢ ᠬᠦᠷᠭᠡᠵᠦ᠂ ᠪᠦᠲᠦᠭᠡᠯ᠎ᠳᠤ ᠣᠷᠤᠰᠴᠠ ᠵᠢᠨ ᠬᠡᠮᠵᠢᠶ᠎ᠡ ᠵᠢ ᠨᠡᠮᠡᠭᠳᠡᠭᠦᠯᠪᠡ᠃ ᠭᠤᠷᠪᠠ᠎ᠳᠤ᠂ ᠠᠷᠠᠳ᠎ᠲᠤ ᠠᠰᠢᠭ ᠬᠦᠷᠲᠡᠭᠡᠬᠦ ᠭᠤᠣᠯᠳᠠᠯᠭ᠎ᠠ᠎ᠲᠠᠢ ᠢᠨᠵᠧᠨᠧᠷᠢᠩ᠎ᠤᠨ ᠲᠦᠷᠦᠯ ᠵᠦᠢ᠍ᠯ᠎ᠢ ᠲᠦᠷᠭᠡᠨ ᠬᠡᠷᠡᠭᠵᠢᠭᠦᠯᠵᠦ᠂ ᠲᠦᠷᠦᠯ ᠵᠦᠢ᠍ᠯ ᠢ ᠲᠣᠭᠲᠠᠭᠰᠠᠨ ᠬᠤᠭᠤᠴᠠᠭ᠋ᠠᠨ᠎ᠳᠤ ᠠᠵᠢᠯ ᠳᠠᠭᠤᠰᠬᠠᠬᠤ ᠵᠢ ᠪᠠᠲᠤᠯᠠᠪᠠ ᠃ ᠠᠵᠢᠯ᠎ᠤᠨ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ 2022 ᠣᠨ᠎ᠤ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ ᠴᠥᠭᠡᠨ ᠲᠣᠭ᠋ᠠᠲᠤ ᠦᠨᠳᠦᠰᠦᠲᠡᠨ᠎ᠤ ᠬᠢᠯᠢ ᠬᠢᠵᠠᠭ᠋ᠠᠷ ᠣᠷᠣᠨ ᠵᠢᠴᠢ ᠬᠥᠭᠵᠢᠭᠡᠳᠦᠢ ᠭᠠᠵᠠᠷ ᠣᠷᠣᠨ᠎ᠤ ᠰᠢᠶᠠᠨ᠎ᠤ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠰᠢᠯᠭ᠋ᠠᠨ ᠠᠪᠬᠤ ᠠᠵᠢᠯ᠎ᠢ ᠪᠡᠶᠡᠯᠡᠭᠦᠯᠪᠡ᠃ 2023 ᠣᠨ᠎ᠤ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ ᠵᠢᠴᠢ ᠬᠥᠭᠵᠢᠭᠡᠳᠦᠢ ᠭᠠᠵᠠᠷ ᠣᠷᠣᠨ᠎ᠤ ᠰᠢᠶᠠᠨ᠎ᠤ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠪᠦᠬᠦᠨ᠎ᠢ ᠪᠡᠶᠡᠯᠡᠭᠦᠯᠬᠦ ᠪᠠ ᠰᠢᠯᠭ᠋ᠠᠨ ᠠᠪᠬᠤ ᠠᠵᠢᠯ᠎ᠢ ᠠᠬᠢᠭᠤᠯᠪᠠ᠃ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠳᠡᠮᠵᠢᠯᠭᠡ ᠵᠢ ᠲᠡᠮᠡᠴᠡᠨ ᠣᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠠᠴᠠ 2024 ᠣᠨ᠎ᠤ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ ᠵᠢᠴᠢ ᠬᠥᠭᠵᠢᠭᠡᠳᠦᠶ ᠭᠠᠵᠠᠷ ᠣᠷᠣᠨ᠎ᠤ ᠰᠢᠶᠠᠨ᠎ᠤ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠠᠷᠠᠳ᠎ᠲᠤ ᠠᠰᠢᠭ ᠬᠦᠷᠲᠡᠭᠡᠬᠦ ᠭᠤᠤᠯᠳᠠᠯᠭ᠎ᠠ᠎ᠲᠠᠢ ᠢᠨᠵᠧᠨᠧᠷᠢᠩ᠎ᠤᠨ ᠬᠡᠷᠡᠭᠵᠢᠭᠦᠯᠬᠦ ᠬᠠᠮᠢᠶᠠᠷᠤᠯᠲᠠ ᠵᠢᠨ ᠨᠠᠷᠢᠨ ᠲᠦᠷᠢᠮ》᠎ᠢ ᠲᠣᠭᠲᠠᠭ᠋ᠠᠵᠤ᠂ ᠲᠦᠷᠦᠯ ᠵᠦᠢ᠍ᠯ᠎ᠤᠨ ᠲᠣᠭᠲᠠᠭ᠋ᠠᠯᠲᠠ᠂ ᠬᠡᠷᠡᠭᠵᠢᠭᠦᠯᠦᠯᠲᠡ᠂ ᠪᠠᠯᠠ ᠮᠥᠩᠭᠦ ᠵᠢᠨ ᠬᠡᠷᠡᠭᠯᠡᠯᠲᠡ᠂ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠡᠷᠭᠡ ᠠᠭᠤᠯᠭ᠎ᠠ ᠵᠢ ᠵᠢᠷᠤᠮᠵᠢᠭᠤᠯᠪᠠ᠃
4. ᠷᠠᠳᠢᠣ᠋ ᠲᠧᠯᠸᠢᠰ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠠᠬᠢᠭᠤᠯᠪᠠ᠃ ᠨᠢᠭᠡ᠎ᠳᠤ᠂ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ ᠵᠢ ᠵᠦᠶ ᠵᠣᠬᠢᠰᠲᠠᠶ ᠵᠢᠷᠤᠮᠵᠢᠭᠤᠯᠪᠠ᠃ ᠠᠵᠢᠯ ᠦᠢ᠍ᠯᠡᠰ᠎ᠤᠨ ᠨᠢᠭᠡᠴᠢ ᠵᠢᠨ ᠠᠵᠢᠯ᠎ᠤᠨ ᠪᠠᠶ᠋ᠢᠷᠢ ᠵᠢᠨ ᠪᠠᠶ᠋ᠢᠷᠢᠯᠠᠭᠤᠯᠤᠯᠲᠠ ᠪᠠ ᠳᠣᠲᠣᠭ᠋ᠠᠳᠤ ᠪᠠᠶ᠋ᠢᠭᠤᠯᠤᠮᠵᠢ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠰᠢᠯᠢᠳᠡᠭᠵᠢᠭᠦᠯᠪᠡ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠠᠴᠠ ᠲᠣᠪᠴᠢᠶᠠᠨ᠎ᠤ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠂ ᠣᠷᠣᠨ ᠲᠤᠭ᠎ᠠ ᠵᠢᠨ ᠬᠠᠮᠢᠶᠠᠷᠤᠯᠲᠠ ᠵᠢᠨ ᠠᠵᠢᠯ᠎ᠳᠤ ᠪᠠᠶ᠋ᠢᠷᠢᠯᠠᠭᠤᠯᠤᠯᠲᠠ ᠬᠢᠵᠦ᠂ ᠬᠠᠭ᠋ᠠᠰ ᠵᠢᠯ ᠪᠦᠷᠢ ᠲᠣᠪᠴᠢᠶᠠᠨ᠎ᠤ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠺᠠᠳ᠋ᠷ᠎ᠢ ᠰᠣᠩᠭᠤᠨ ᠲᠣᠮᠢᠯᠠᠬᠤ᠂ ᠲᠦᠷᠢᠮ᠎ᠢ ᠨᠠᠶ᠋ᠢᠳᠠᠪᠤᠷᠢᠵᠢᠭᠤᠯᠬᠤ ᠵᠡᠷᠭᠡ ᠪᠠᠶ᠋ᠢᠳᠠᠯ᠎ᠢ ᠲᠣᠬᠢᠷᠠᠭᠤᠯᠵᠤ᠂ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠵᠢᠭ᠋ᠠᠨ ᠵᠢᠯᠣᠭᠤᠳᠴᠤ ᠬᠢᠨᠠᠯᠲᠠ ᠲᠠᠯᠪᠢᠪᠠ᠃ 《ᠭᠤᠷᠪᠠ ᠵᠢ ᠲᠣᠭᠲᠠᠭ᠋ᠠᠬᠤ》 ᠲᠥᠰᠦᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠵᠢᠯ ᠦᠢ᠍ᠯᠡᠰ᠎ᠤᠨ ᠨᠢᠭᠡᠴᠢ ᠵᠢᠨ ᠰᠠᠯᠠᠭ᠎ᠠ ᠲᠠᠰᠤᠭ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠵᠢᠷᠤᠮᠵᠢᠭᠤᠯᠤᠨ᠂ ᠠᠵᠢᠯᠲᠠᠨ᠎ᠤ ᠶᠠᠪᠤᠳᠠᠯ᠂ ᠡᠳ᠋᠎ᠤᠨ ᠶᠠᠪᠤᠳᠠᠯ᠂ ᠮᠡᠷᠭᠡᠵᠢᠯ ᠵᠡᠷᠭᠡ ᠬᠠᠮᠢᠶᠠᠷᠤᠯᠲᠠ ᠵᠢᠨ ᠲᠦᠷᠢᠮ᠎ᠢ ᠪᠦᠷᠢᠨᠰᠢᠭᠦᠯᠪᠡ᠃ ᠬᠤᠶᠠᠷ᠎ᠲᠤ᠂ 《ᠬᠤᠶᠠᠷ ᠰᠢᠯᠢᠳᠡᠭ》 ᠲᠤᠰᠬᠠᠶ ᠠᠵᠢᠯᠯᠠᠭ᠎ᠠ ᠵᠢ ᠭᠦᠨᠵᠡᠭᠡᠶ ᠠᠬᠢᠭᠤᠯᠪᠠ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠬᠡᠷᠡᠭᠵᠢᠭᠦᠯᠬᠦ ᠬᠦᠴᠦᠨ ᠵᠦᠢ᠍ᠯ᠎ᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠪᠡ᠃ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠨᠢᠭᠡ ᠴᠤᠭᠴᠠᠵᠢᠭᠤᠯᠤᠭᠰᠠᠨ ᠦᠢ᠍ᠯᠡᠴᠢᠯᠡᠭᠡᠨ᠎ᠤ ᠲᠠᠪᠴᠠᠩ᠎ᠤᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠤᠨ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠤᠨ ᠡᠯ᠎ᠡ ᠵᠦᠢ᠍ᠯ᠎ᠤᠨ ᠬᠦᠴᠦᠨ ᠵᠦᠢ᠍ᠯ᠎ᠢ ᠪᠥᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠤᠨ ᠡᠯ᠎ᠡ ᠵᠦᠢ᠍ᠯ᠎ᠤᠨ ᠬᠦᠴᠦᠨ ᠵᠦᠢ᠍ᠯ᠎ᠤᠨ ᠣᠨᠣᠪᠴᠢᠲᠤ ᠴᠢᠨᠠᠷ᠂ ᠨᠢᠭᠡᠲᠦᠯᠲᠦ ᠴᠢᠨᠠᠷ᠎ᠢ ᠪᠠᠲᠤᠯᠠᠪᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠪᠥᠬᠦ ᠣᠷᠣᠨ᠎ᠤ ᠵᠠᠰᠠᠭ᠎ᠤᠨ ᠶᠠᠪᠤᠳᠠᠯ᠎ᠤᠨ ᠨᠢᠭᠡ ᠴᠣᠭᠴᠠᠵᠢᠭᠰᠠᠨ ᠦᠢ᠍ᠯᠡᠴᠢᠯᠡᠭᠡᠨ᠎ᠤ ᠲᠠᠪᠴᠠᠩ᠎ᠢ ᠬᠥᠳᠡᠯᠦᠩᠭᠦᠶ᠎ᠪᠠᠷ ᠬᠠᠮᠠᠭ᠋ᠠᠯᠠᠬᠤ ᠠᠵᠢᠯ᠎ᠤᠨ ᠳᠦᠷᠢᠮ》᠎ᠢ ᠲᠣᠭᠲᠠᠭ᠋ᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠢᠭᠰᠠᠭ᠋ᠠᠨ ᠪᠠᠶ᠋ᠢᠴᠠᠭ᠋ᠠᠵᠤ᠂ ᠴᠠᠭ ᠲᠤᠬᠠᠶ᠎ᠳᠤᠨᠢ ᠰᠢᠨᠡᠳᠬᠡᠨ ᠵᠠᠰᠠᠪᠤᠷᠢ ᠣᠷᠣᠭᠤᠯᠵᠤ᠂ ᠬᠥᠳᠡᠯᠦᠩᠭᠦᠶ᠎ᠪᠠᠷ ᠰᠢᠨᠡᠳᠬᠡᠬᠦ ᠠᠵᠢᠯ᠎ᠢ ᠪᠠᠶ᠋ᠢᠩᠭᠤᠵᠢᠭᠤᠯᠬᠤ᠂ ᠳᠦᠷᠢᠮᠵᠢᠭᠦᠯᠬᠦ ᠵᠢ ᠠᠬᠢᠭᠤᠯᠪᠠ᠃
5. ᠬᠦᠨᠳᠦ ᠶᠡᠭᠡ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠨ ᠠᠷᠢᠯᠭ᠋ᠠᠪᠠ᠃ ᠨᠢᠭᠡ᠎ᠳᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠪᠠ ᠃ ᠰᠢ ᠵᠢᠨ ᠫᠢᠩ ᠶᠡᠷᠦᠩᠬᠡᠶ ᠱᠦᠵᠢ ᠵᠢᠨ ᠬᠦᠨᠳᠦ ᠶᠡᠭᠡ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠣᠶ᠋ᠢᠯᠠᠭ᠋ᠠᠵᠤ᠂ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠠᠴᠠ ᠨᠠᠮ᠎ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠲᠤᠬᠠᠶ ᠬᠠᠮᠢᠶ᠎ᠠ ᠪᠥᠬᠦᠶ ᠲᠣᠭᠲᠠᠭ᠋ᠠᠯ᠎ᠢ ᠲᠤᠰᠬᠠᠶ ᠰᠡᠳᠦᠪ ᠵᠶ᠋ᠠᠷ ᠰᠤᠷᠤᠯᠴᠠᠵᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠬᠦ᠂ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠷᠠᠭᠤᠯᠬᠤ ᠂ ᠵᠢᠭᠰᠠᠭ᠋ᠠᠯ᠎ᠤᠨ ᠭᠠᠵᠠᠷ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠪᠣᠳᠠᠲᠠᠶ ᠱᠠᠭ᠋ᠠᠷᠳᠠᠯᠭ᠎ᠠ ᠳᠤᠷᠠᠳᠪᠠ᠃ ᠤᠯᠠᠷᠢᠯ ᠪᠦᠷᠢ᠎ᠳᠤ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠢ ᠲᠤᠰᠬᠠᠶ ᠰᠡᠳᠦᠪ ᠵᠶ᠋ᠠᠷ ᠰᠤᠳᠤᠯᠵᠤ᠂ ᠲᠦᠭᠰᠢᠭᠦᠷᠢ ᠵᠢᠨ ᠳᠠᠯᠳᠠ ᠭᠡᠮ᠎ᠢ ᠴᠠᠭ ᠲᠤᠬᠠᠶ᠎ᠳᠤᠨᠢ ᠡᠮᠬᠢᠯᠡᠨ ᠵᠢᠭᠰᠠᠭ᠋ᠠᠨ ᠪᠠᠶ᠋ᠢᠴᠠᠭ᠋ᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠬᠦᠷᠢᠶᠡᠨ᠎ᠳᠠᠬᠢ ᠠᠵᠢᠯ᠎ᠢ ᠪᠥᠬᠦ ᠲᠠᠯ᠎ᠠ᠎ᠪᠠᠷ ᠴᠢᠩᠭ᠋ᠠᠳᠬᠠᠵᠤ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ᠎ᠪᠠᠷ ᠬᠦᠨᠳᠦ ᠶᠡᠭᠡ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠬᠠᠷᠢᠭᠤᠴᠠᠯᠭ᠎ᠠ ᠵᠢ ᠡᠷᠡᠰ ᠡᠭᠦᠷᠭᠡᠯᠡᠪᠡ᠃ ᠬᠤᠶᠠᠷ᠎ᠲᠤ᠂ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠪᠠ᠃ ᠣᠨᠴᠠ ᠵᠠᠷᠢᠮ ᠬᠣᠷᠢᠶ᠎ᠠ ᠥᠷᠲᠡᠭᠡ᠎ᠨᠢ ᠠᠮᠤᠷ ᠲᠦᠪᠰᠢᠨ᠎ᠤ ᠪᠠᠷᠢᠮᠵᠢᠶ᠎ᠠ᠎ᠳᠤ ᠬᠦᠷᠦᠭᠡᠳᠦᠶ ᠠᠯᠪᠠᠨ᠎ᠳᠤ ᠬᠡᠷᠡᠭᠯᠡᠬᠦ ᠭᠡᠷ᠎ᠲᠤ ᠴᠢᠭᠯᠡᠭᠦᠯᠦᠨ᠂ ᠴᠠᠭ ᠲᠤᠬᠠᠶ᠎ᠳᠤᠨᠢ ᠴᠢᠭᠯᠡᠭᠦᠯᠬᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠲᠤᠬᠠᠶ᠋ᠢᠯᠠᠭᠰᠠᠨ ᠠᠵᠢᠯ᠎ᠳᠤ ᠬᠡᠷᠡᠭᠯᠡᠬᠦ ᠭᠡᠷ᠎ᠢ ᠲᠣᠬᠢᠷᠠᠭᠤᠯᠤᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠮᠠᠰᠢᠨ᠎ᠤ ᠭᠡᠷ ᠪᠣᠯᠤᠨ ᠪᠠᠶ᠋ᠢᠷᠢ ᠲᠣᠬᠢᠷᠠᠭᠤᠯᠵᠤ᠂ ᠠᠮᠤᠷ ᠲᠦᠪᠰᠢᠨ᠎ᠤ ᠳᠠᠯᠳᠠ ᠭᠡᠮ᠎ᠢ ᠠᠷᠢᠯᠭ᠋ᠠᠨ᠂ ᠠᠮᠤᠷ ᠲᠦᠪᠰᠢᠨ᠎ᠤ ᠪᠣᠯᠪᠠᠰᠤᠷᠠᠯ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠥᠷᠨᠢᠭᠦᠯᠵᠦ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠬᠣᠷᠢᠶ᠎ᠠ ᠥᠷᠲᠡᠭᠡᠨ᠎ᠤ ᠨᠤᠷᠠᠭ᠋ᠠᠵᠤ ᠪᠦᠲᠦᠭᠡᠨ ᠪᠠᠶ᠋ᠢᠭᠤᠯᠬᠤ ᠲᠦᠷᠦᠯ ᠵᠦᠢ᠍ᠯ᠎ᠢ ᠲᠦᠷᠭᠡᠳᠬᠡᠨ ᠬᠡᠷᠡᠭᠵᠢᠭᠦᠯᠪᠡ᠃ ᠭᠤᠷᠪᠠ᠎ᠳᠤ᠂ ᠰᠦᠯᠵᠢᠶᠡᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠦᠲᠦᠮᠵᠢᠲᠡᠶ ᠠᠷᠢᠯᠭ᠋ᠠᠪᠠ᠃ ᠰᠦᠯᠵᠢᠶ᠎ᠡ ᠪᠠ ᠮᠡᠳᠡᠭᠡ ᠵᠠᠩᠭᠢ ᠵᠢᠨ ᠠᠮᠤᠷ ᠲᠦᠪᠰᠢᠨ᠎ᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠰᠦᠯᠵᠢᠶᠡᠨ᠎ᠤ ᠠᠮᠤᠷ ᠲᠦᠪᠰᠢᠨ᠎ᠤ ᠦᠨᠡᠯᠡᠯᠲᠡ ᠵᠢ ᠥᠷᠨᠢᠭᠦᠯᠵᠦ᠂ ᠰᠦᠯᠵᠢᠶᠡᠨ᠎ᠤ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠴᠢᠩᠭ᠋ᠠᠷᠠᠭᠤᠯᠵᠤ ᠂ ᠰᠦᠯᠵᠢᠶᠡᠨ᠎ᠤ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠰᠦᠯᠵᠢᠶᠡᠨ᠎ᠤ ᠠᠮᠤᠷ ᠲᠦᠪᠰᠢᠨ᠎ᠤ ᠮᠡᠷᠭᠡᠵᠢᠯ᠎ᠤᠨ ᠪᠠᠲᠤᠯᠠᠭ᠎ᠠ ᠵᠢᠨ ᠠᠵᠢᠯᠯᠠᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ ᠰᠦᠯᠵᠢᠶᠡᠨ᠎ᠤ ᠠᠮᠤᠷ ᠲᠦᠪᠰᠢᠨ᠎ᠢ ᠪᠦᠬᠦ ᠲᠠᠯ᠎ᠠ᠎ᠪᠠᠷ ᠪᠠᠲᠤᠯᠠᠵᠤ᠂ ᠰᠦᠯᠵᠢᠶᠡᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠬᠤ ᠲᠦᠪᠰᠢᠨ᠎ᠢ ᠦᠨᠡᠨ ᠬᠦ᠌ ᠳᠡᠭᠡᠭᠰᠢᠯᠡᠭᠦᠯᠪᠡ᠃
(ᠬᠤᠶᠠᠷ) ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠶ᠋ᠢᠯᠳᠤᠬᠤ ᠪᠣᠳᠣᠯᠭ᠎ᠠ ᠵᠢᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠲᠠᠯ᠎ᠠ᠎ᠪᠠᠷ
1. ᠭᠣᠤᠯ ᠴᠣᠭᠴᠠ ᠵᠢᠨ ᠬᠠᠷᠢᠭᠤᠴᠠᠯᠭ᠎ᠠ ᠵᠢ ᠬᠢᠨᠠᠮᠠᠭ᠋ᠠᠶ ᠭᠦᠢ᠍ᠴᠡᠳᠭᠡᠪᠡ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠠᠴᠠ ᠨᠠᠮ᠎ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠤᠬᠠᠶ ᠬᠣᠯᠪᠣᠭᠳᠠᠯ ᠪᠥᠬᠦᠶ ᠪᠠᠶ᠋ᠢᠷᠢᠯᠠᠭᠤᠯᠤᠯᠲᠠ ᠪᠠ ᠪᠣᠳᠠᠲᠠᠶ ᠱᠠᠭ᠋ᠠᠷᠳᠠᠯᠭ᠎ᠠ ᠵᠢ ᠭᠦᠨᠵᠡᠭᠡᠶ ᠰᠤᠷᠤᠯᠴᠠᠪᠠ᠃ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠰᠤᠳᠤᠯᠵᠤ᠂ 2023 ᠣᠨ᠎ᠤ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ 2024 ᠣᠨ᠎ᠤ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠳᠤ ᠲᠣᠬᠢᠷᠠᠭᠤᠯᠤᠯᠲᠠ ᠬᠢᠪᠠ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ 《ᠨᠢᠭᠡ ᠠᠵᠢᠯ᠎ᠤᠨ ᠪᠠᠶ᠋ᠢᠷᠢ ᠬᠤᠶᠠᠷ ᠬᠠᠷᠢᠭᠤᠴᠠᠯᠭ᠎ᠠ》 ᠵᠢ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠤᠪᠢᠳᠠᠨ ᠬᠠᠮᠢᠶᠠᠷᠴᠤ ᠪᠦᠬᠦᠢ ᠭᠠᠵᠠᠷ ᠭᠡᠷ ᠲᠠᠰᠤᠭ᠂ ᠨᠢᠭᠡᠴᠢ ᠵᠢᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠣᠷᠣᠰᠢᠵᠤ ᠪᠠᠶ᠋ᠢᠭ᠎ᠠ ᠠᠰᠠᠭᠤᠳᠠᠯ᠎ᠢ ᠰᠤᠳᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠦᠨᠳᠦᠰᠦᠨ ᠱᠠᠳᠤ ᠲᠡᠶ᠋ᠢᠰᠢ ᠤᠷᠲᠤᠳᠬᠠᠬᠤ ᠵᠢ ᠠᠬᠢᠭᠤᠯᠪᠠ᠃ 2024 ᠣᠨ᠎ᠤ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠲᠣᠭᠲᠠᠭ᠋ᠠᠵᠤ᠂ ᠣᠨ᠎ᠤ ᠡᠭᠦᠷᠭᠡ ᠵᠢᠨ ᠲᠣᠬᠢᠷᠠᠭᠤᠯᠤᠯᠲᠠ᠂ ᠬᠠᠷᠢᠭᠤᠴᠠᠯᠭ᠎ᠠ ᠵᠢᠨ ᠬᠤᠪᠢᠶᠠᠷᠢᠯᠠᠯ ᠪᠠ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠵᠤ᠂ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ ᠪᠤᠳᠠᠳᠠᠢ᠌ᠵᠢᠭᠤᠯᠪᠠ᠃
2. ᠠᠷᠢᠭᠤᠨ ᠴᠢᠬᠡᠴᠢ ᠵᠢᠨ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠪᠡ᠃ ᠨᠢᠭᠡ᠎ᠳᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ᠃ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠴᠢᠩᠳᠠᠯᠠᠵᠤ᠂ ᠠᠵᠢᠯ᠎ᠤᠨ ᠶᠠᠪᠤᠴᠠ ᠵᠢ ᠰᠢᠯᠢᠳᠡᠭᠵᠢᠭᠦᠯᠵᠦ᠂ ᠪᠣᠳᠠᠲᠠᠢ ᠵᠢ ᠡᠷᠬᠢᠮᠯᠡᠭᠰᠡᠨ ᠲᠤᠰᠠᠲᠠᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠲᠣᠭᠲᠠᠭ᠋ᠠᠪᠠ᠃ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠡᠭᠦᠷᠭᠡ ᠴᠢᠳᠠᠪᠤᠷᠢ ᠵᠢ ᠴᠠᠭ ᠲᠤᠬᠠᠶ᠎ᠳᠤᠨᠢ ᠲᠣᠬᠢᠷᠠᠭᠤᠯᠤᠨ ᠨᠠᠶ᠋ᠢᠳᠠᠪᠤᠷᠢᠵᠢᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠲᠤᠳᠤᠷᠬᠠᠢ᠌ᠯᠠᠨ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠪᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠭᠠᠷ ᠳᠡᠪᠲᠡᠷ》᠎ᠲᠤ ᠵᠠᠰᠠᠪᠤᠷᠢ ᠣᠷᠣᠭᠤᠯᠤᠨ᠂ ᠪᠠᠶ᠋ᠢᠭᠤᠯᠭ᠎ᠠ ᠵᠢᠨ ᠡᠯ᠎ᠡ ᠭᠠᠵᠠᠷ ᠭᠡᠷ ᠲᠠᠰᠤᠭ᠎ᠤᠨ ᠡᠷᠬᠡ ᠵᠢᠨ ᠠᠵᠢᠯᠯᠠᠭ᠋ᠠᠨ᠎ᠤ ᠶᠠᠪᠤᠴᠠ ᠵᠢᠨ ᠵᠢᠷᠤᠭ᠎ᠢ ᠲᠡᠭᠦᠯᠳᠡᠷᠵᠢᠭᠦᠯᠵᠦ᠂ ᠠᠵᠢᠯ᠎ᠤᠨ ᠭᠤᠤᠯᠳᠠᠯᠭ᠎ᠠ ᠵᠢ ᠳᠣᠪᠤᠶ᠋ᠢᠯᠭ᠋ᠠᠨ᠂ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭᠰᠢᠭᠦᠷᠢ ᠵᠢ ᠭᠦᠨᠵᠡᠭᠡᠶ ᠵᠢᠭᠰᠠᠭ᠋ᠠᠨ ᠪᠠᠶ᠋ᠢᠴᠠᠭ᠋ᠠᠵᠤ᠂ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠪᠠ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠬᠤ ᠵᠢ ᠠᠬᠢᠭᠤᠯᠪᠠ᠃ ᠡᠳᠦᠷ ᠲᠤᠲᠤᠮ᠎ᠤᠨ ᠬᠥᠮᠦᠵᠢᠯ᠎ᠢ ᠪᠣᠳᠠᠲᠠᠶ ᠠᠳᠬᠤᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠤᠬᠠᠭᠤᠯᠭ᠎ᠠ ᠬᠥᠮᠦᠵᠢᠯ ᠵᠢᠴᠢ ᠠᠷᠢᠭᠤᠨ ᠴᠢᠬᠡᠴᠢ ᠰᠣᠶᠣᠯ᠎ᠤᠨ ᠰᠠᠷ᠎ᠠ ᠵᠢᠨ ᠠᠵᠢᠯᠯᠠᠭ᠎ᠠ ᠵᠢ ᠥᠷᠨᠢᠭᠦᠯᠵᠦ᠂ ᠲᠤᠰᠬᠠᠶ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠶ᠋ᠢᠭᠤᠯᠬᠤ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠨᠠᠮ᠎ᠤᠨ ᠬᠢᠴᠢᠶᠡᠯ ᠣᠷᠣᠬᠤ᠂ ᠰᠡᠷᠡᠮᠵᠢᠯᠡᠭᠦᠯᠬᠦ ᠬᠥᠮᠦᠵᠢᠯ ᠥᠷᠨᠢᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠤᠬᠠᠮᠰᠠᠷ᠎ᠢ ᠳᠡᠭᠡᠭᠰᠢᠯᠡᠭᠦᠯᠪᠡ ᠃ ᠬᠤᠶᠠᠷ᠎ᠲᠤ᠂ ᠳᠣᠲᠣᠭ᠋ᠠᠳᠤ ᠵᠢᠨ ᠬᠢᠨᠠᠨ ᠪᠤᠳᠤᠬᠤ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠪᠠ ᠃ ᠳᠣᠲᠣᠭ᠋ᠠᠳᠤ ᠵᠢᠨ ᠬᠢᠨᠠᠨ ᠪᠣᠳᠣᠬᠤ ᠠᠵᠢᠯ᠎ᠢ ᠤᠯᠠᠮ ᠴᠢᠨᠠᠭᠰᠢᠳᠠ ᠴᠢᠩᠭ᠋ᠠᠳᠬᠠᠨ ᠵᠢᠷᠤᠮᠵᠢᠭᠤᠯᠵᠤ᠂ ᠳᠣᠲᠣᠭ᠋ᠠᠳᠤ ᠵᠢᠨ ᠬᠢᠨᠠᠨ ᠪᠣᠳᠣᠬᠤ ᠠᠵᠢᠯ᠎ᠢ ᠪᠠᠶ᠋ᠢᠩᠭᠤᠵᠢᠭᠤᠯᠬᠤ᠂ ᠣᠨᠣᠪᠴᠢᠵᠢᠭᠤᠯᠬᠤ ᠵᠢ ᠠᠬᠢᠭᠤᠯᠪᠠ᠃ ᠳᠣᠲᠣᠭ᠋ᠠᠳᠤ ᠵᠢᠨ ᠬᠢᠨᠠᠨ ᠪᠤᠳᠤᠬᠤ ᠠᠵᠢᠯ᠎ᠤᠨ ᠠᠭᠤᠯᠭ᠎ᠠ ᠵᠢ ᠵᠢᠷᠤᠮᠵᠢᠭᠤᠯᠵᠤ᠂ ᠲᠣᠪᠴᠢᠶᠠᠨ᠎ᠤ ᠳᠣᠲᠣᠭ᠋ᠠᠳᠤ ᠵᠢᠨ ᠬᠢᠨᠠᠨ ᠪᠤᠳᠤᠬᠤ ᠠᠵᠢᠯ᠎ᠤᠨ ᠠᠷᠭ᠎ᠠ ᠵᠢ ᠲᠣᠭᠲᠠᠭ᠋ᠠᠵᠤ᠂ ᠳᠣᠲᠣᠭ᠋ᠠᠳᠤ ᠵᠢᠨ ᠬᠢᠨᠠᠨ ᠪᠤᠳᠤᠬᠤ ᠡᠭᠦᠷᠭᠡ ᠬᠠᠷᠢᠭᠤᠴᠠᠯᠭ᠎ᠠ ᠵᠢᠨ ᠡᠷᠬᠡ ᠵᠢᠨ ᠬᠢᠵᠠᠭ᠋ᠠᠷ᠂ ᠳᠠᠷᠠᠭ᠋ᠠᠯᠠᠯ ᠵᠢᠴᠢ ᠦᠷ᠎ᠡ ᠳ᠋ᠦᠩ᠎ᠤᠨ ᠬᠡᠷᠡᠭᠯᠡᠯᠲᠡ ᠵᠢ ᠤᠯᠠᠮ ᠨᠢᠭᠡ ᠠᠯᠬᠤᠮ ᠲᠣᠳᠣᠷᠬᠠᠶ ᠵᠢᠷᠤᠮᠵᠢᠭᠤᠯᠪᠠ᠃ ᠣᠶ᠋ᠢᠷ᠎ᠠ ᠵᠢᠨ ᠵᠢᠯ᠎ᠤᠳ᠎ᠲᠤ ᠲᠣᠪᠴᠢᠶ᠎ᠠ ᠵᠢᠨ ᠬᠠᠷᠢᠶ᠎ᠠ ᠲᠥᠰᠦᠪ᠎ᠤᠨ ᠨᠢᠭᠡᠴᠢ ᠵᠢᠨ ᠲᠥᠰᠦᠪ᠎ᠢ ᠬᠡᠷᠡᠭᠵᠢᠭᠦᠯᠦᠭᠰᠡᠨ ᠪᠠ ᠡᠳ᠋᠎ᠤᠨ ᠶᠠᠪᠤᠳᠠᠯ᠎ᠤᠨ ᠣᠷᠣᠯᠭ᠎ᠠ ᠵᠠᠷᠤᠯᠭ᠎ᠠ ᠵᠢᠨ ᠪᠠᠶ᠋ᠢᠳᠠᠯ᠎ᠳᠤ ᠪᠥᠬᠦ ᠲᠠᠯ᠎ᠠ ᠵᠢᠨ ᠬᠢᠨᠠᠨ ᠪᠣᠳᠣᠯᠲᠠ ᠬᠢᠵᠦ᠂ ᠳᠣᠲᠣᠭ᠋ᠠᠳᠤ ᠵᠢᠨ ᠬᠢᠨᠠᠨ ᠪᠣᠳᠣᠯᠲᠠ ᠵᠢ ᠨᠡᠶ᠋ᠢᠳᠡᠮ ᠪᠦᠷᠬᠦᠭᠦᠯᠬᠦ ᠵᠢ ᠪᠡᠶᠡᠯᠡᠭᠦᠯᠪᠡ᠃ 2024 ᠣᠨ᠎ᠤ ᠳᠣᠲᠣᠭ᠋ᠠᠳᠤ ᠵᠢᠨ ᠬᠢᠨᠠᠨ ᠪᠤᠳᠤᠬᠤ ᠠᠵᠢᠯ᠎ᠤᠨ ᠲᠥᠯᠥᠪᠯᠡᠭᠡ ᠵᠢ ᠲᠣᠭᠲᠠᠭ᠋ᠠᠵᠤ᠂ ᠳᠣᠲᠣᠭ᠋ᠠᠳᠤ ᠵᠢᠨ ᠬᠢᠨᠠᠨ ᠪᠤᠳᠤᠬᠤ ᠠᠵᠢᠯ᠎ᠤᠨ ᠡᠮᠬᠢ ᠵᠢᠷᠤᠮ᠎ᠲᠠᠢ ᠥᠷᠨᠢᠬᠦ ᠵᠢ ᠱᠠᠲᠤ ᠲᠥᠷᠥᠯ ᠬᠤᠪᠢᠶᠠᠨ ᠠᠬᠢᠭᠤᠯᠵᠤ᠂ ᠳᠣᠲᠣᠭ᠋ᠠᠳᠤ ᠬᠢᠨᠠᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠪᠡ᠃
3. ᠰᠤᠷᠲᠠᠯ᠎ᠤᠨ ᠪᠠᠶ᠋ᠢᠭᠤᠯᠤᠯᠲᠠ ᠵᠢ ᠴᠢᠩᠭ᠎ᠠ ᠪᠣᠳᠠᠲᠠᠶ ᠰᠠᠶ᠋ᠢᠲᠤᠷ ᠠᠳᠬᠤᠪᠠ᠃ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠴᠥᠬᠦᠷᠡᠰᠢ ᠥᠬᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠳᠥᠷᠪᠡᠨ ᠰᠤᠷᠲᠠᠯ》᠎ᠢ ᠵᠠᠯᠠᠷᠠᠭᠤᠯᠤᠨ ᠰᠢᠨ᠎ᠡ ᠰᠤᠷᠲᠠᠯ᠎ᠢ ᠪᠣᠶ ᠪᠣᠯᠭ᠋ᠠᠬᠤ ᠵᠢ ᠴᠥᠬᠦᠷᠡᠰᠢ ᠥᠬᠡᠶ ᠪᠠᠷᠢᠮᠲᠠᠯᠠᠪᠠ ᠃ 《ᠠᠷᠪᠢᠴᠢ ᠭᠠᠮᠲᠠᠶ ᠠᠮᠢᠳᠤᠷᠠᠬᠤ》 ᠪᠠ 《ᠭᠤᠷᠪᠠᠨ ᠠᠯᠪᠠᠨ 》᠎ᠤ ᠵᠠᠷᠤᠳᠠᠯ᠎ᠤᠨ ᠲᠥᠰᠦᠪ᠎ᠤᠨ 《ᠪᠠᠭ᠋ᠠᠰᠬᠤ᠎ᠠᠴᠠ ᠪᠢᠰᠢ ᠨᠡᠮᠡᠭᠳᠡᠭᠦᠯᠬᠦ ᠥᠬᠡᠶ》 ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠳᠣᠲᠣᠭ᠋ᠠᠳᠤ ᠵᠢᠨ ᠡᠵᠡᠮᠳᠡᠯ᠎ᠤᠨ ᠲᠦᠷᠢᠮ ᠬᠢᠭᠡᠳ ᠶᠠᠪᠤᠴᠠ᠎ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠬᠤᠷᠠᠯ᠂ ᠪᠤᠯᠪᠠᠰᠤᠷᠠᠯ᠂ ᠠᠯᠪᠠᠨ ᠶᠠᠪᠤᠳᠠᠯ᠎ᠤᠨ ᠵᠣᠴᠢᠯᠠᠬᠤ ᠬᠠᠮᠢᠶ᠎ᠠ ᠪᠥᠬᠦᠶ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠪᠡ ᠃ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠬᠦ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠵᠦ᠂ ᠵᠢᠯ ᠪᠦᠷᠢ 《ᠠᠷᠪᠢᠯᠠᠨ ᠭᠠᠮᠨᠠᠬᠤ》 ᠪᠠᠶ᠋ᠢᠳᠠᠯ᠎ᠢ ᠦᠨᠡᠯᠡᠨ ᠵᠢᠱ᠌ᠢᠵᠦ᠂ 《ᠭᠤᠷᠪᠠᠨ ᠠᠯᠪᠠᠨ 》᠎ᠤ ᠵᠠᠷᠤᠳᠠᠯ᠎ᠤᠨ ᠵᠠᠷᠤᠯᠭ᠎ᠠ ᠵᠢ ᠴᠢᠩᠭ᠎ᠠ ᠬᠢᠵᠠᠭ᠋ᠠᠷᠯᠠᠪᠠ᠃ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢ ᠵᠢᠷᠤᠮᠵᠢᠭᠤᠯᠤᠨ᠂ ᠣᠨ᠎ᠤ ᠡᠳ᠋᠎ᠤᠨ ᠶᠠᠪᠤᠳᠠᠯ᠎ᠤᠨ ᠬᠠᠮᠢᠶᠠᠷᠤᠯᠲᠠ ᠪᠣᠯᠪᠠᠰᠤᠷᠠᠯ᠎ᠤᠨ ᠲᠥᠯᠥᠪᠯᠡᠭᠡ ᠲᠣᠭᠲᠠᠭ᠋ᠠᠵᠤ᠂ ᠡᠳ᠋᠎ᠤᠨ ᠶᠠᠪᠤᠳᠠᠯ᠎ᠤᠨ ᠠᠵᠢᠯᠲᠠᠨ᠎ᠤ ᠡᠳ᠋᠎ᠤᠨ ᠵᠠᠰᠠᠭ ᠠᠵᠤ ᠠᠬᠤᠶ ᠵᠢᠨ ᠬᠠᠤᠯᠢ ᠲᠣᠭᠲᠠᠭ᠋ᠠᠯ᠎ᠤᠨ ᠰᠤᠷᠤᠯᠴᠠᠯᠭ᠎ᠠ ᠵᠢ ᠴᠢᠩᠭ᠋ᠠᠳᠬᠠᠨ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ᠎ᠨᠢ ᠳᠡᠭᠡᠭᠰᠢᠯᠡᠭᠦᠯᠪᠡ᠃
(ᠭᠤᠷᠪᠠ) ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠤᠭᠤᠮ᠎ᠢ ᠨᠠᠢ᠌ᠳᠠᠪᠤᠷᠢᠵᠢᠭᠤᠯᠤᠭᠰᠠᠨ ᠲᠠᠯ᠎ᠠ᠎ᠪᠠᠷ
1. ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠪᠠ᠃ ᠴᠢᠳᠠᠪᠤᠷᠢᠲᠠᠨ᠎ᠤ ᠳᠦᠷᠢᠮ ᠲᠣᠭᠲᠠᠴᠠ ᠵᠢᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭ᠋ᠠᠨᠴᠢ ᠪᠥᠭᠡᠳ ᠪᠦᠷᠢᠨ ᠲᠡᠭᠦᠯᠳᠡᠷ ᠴᠢᠳᠠᠪᠤᠷᠢᠲᠠᠨ᠎ᠤ ᠠᠵᠢᠯ᠎ᠤᠨ ᠲᠣᠭᠲᠠᠴᠠ ᠵᠢ ᠪᠠᠶ᠋ᠢᠭᠤᠯᠬᠤ᠎ᠪᠠᠷ ᠳᠠᠮᠵᠢᠭᠤᠯᠤᠨ᠂ ᠳᠡᠭᠡᠳᠦ ᠳᠠᠪᠬᠤᠷᠭ᠎ᠠ ᠵᠢᠨ ᠴᠢᠳᠠᠪᠤᠷᠢᠲᠠᠨ᠂ ᠰᠢᠨ᠎ᠡ ᠵᠢ ᠡᠭᠦᠳᠬᠦ ᠵᠠᠯᠠᠭᠤ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠲᠣᠪᠣᠶ᠋ᠢᠮ᠎ᠠ ᠰᠠᠶ᠋ᠢᠲᠤᠷ ᠠᠳᠬᠤᠪᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢᠨ ᠲᠥᠯᠥᠪᠯᠡᠭᠡ》 ᠵᠢ ᠲᠣᠭᠲᠠᠭ᠋ᠠᠵᠤ᠂ ᠴᠢᠳᠠᠪᠤᠷᠢᠲᠠᠨ᠎ᠢ ᠬᠥᠮᠦᠵᠢᠭᠦᠯᠬᠦ᠂ ᠤᠷᠮᠠᠰᠢᠭᠤᠯᠬᠤ ᠲᠦᠷᠢᠮ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠪᠡ ᠃ ᠡᠯ᠎ᠡ ᠲᠥᠷᠥᠯ᠎ᠤᠨ ᠴᠢᠳᠠᠪᠤᠷᠢᠲᠠᠨ᠎ᠢ ᠬᠢᠨᠠᠨ ᠲᠣᠭᠲᠠᠭ᠋ᠠᠬᠤ ᠪᠠᠷᠢᠮᠵᠢᠶ᠎ᠠ ᠶᠣᠰᠣᠭ᠋ᠠᠷ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠰᠢᠰᠲ᠋ᠧᠮ ᠪᠠ ᠠᠵᠢᠯ ᠲᠥᠷᠥᠯ᠎ᠤᠨ ᠴᠢᠳᠠᠪᠤᠷᠢᠲᠠᠨ᠎ᠤ ᠦᠰᠦᠨ ᠪᠤᠶ᠋ᠢᠵᠢᠬᠤ ᠵᠢ ᠬᠥᠲᠥᠯᠦᠨ ᠵᠢᠯᠣᠭᠤᠳᠴᠤ ᠬᠥᠭᠵᠢᠭᠡᠵᠦ᠂ ᠵᠣᠬᠢᠶᠠᠨ ᠪᠠᠶ᠋ᠢᠭᠤᠯᠵᠤ ᠲᠠᠨᠢᠯᠴᠠᠭᠤᠯᠬᠤ ᠠᠵᠢᠯ᠎ᠢ ᠰᠠᠶ᠋ᠢᠲᠤᠷ ᠬᠢᠪᠡ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ 2024 ᠣᠨ᠎ᠤ ᠬᠥᠮᠦᠵᠢᠯ ᠪᠣᠯᠪᠠᠰᠤᠷᠠᠯ᠎ᠤᠨ ᠲᠥᠯᠥᠪᠯᠡᠭᠡ》 ᠵᠢ ᠲᠣᠭᠲᠠᠭ᠋ᠠᠵᠤ᠂ ᠠᠵᠢᠯ ᠲᠥᠷᠥᠯ᠎ᠤᠨ ᠨᠢᠭᠡᠴᠢ ᠵᠢ ᠵᠣᠬᠢᠶᠠᠨ ᠪᠠᠶ᠋ᠢᠭᠤᠯᠤᠨ ᠰᠦᠯᠵᠢᠶᠡᠨ᠎ᠤ ᠪᠢᠴᠢᠯ ᠣᠬᠤᠷ ᠵᠦᠴᠦᠭᠡ ᠵᠣᠬᠢᠶᠠᠨ ᠪᠦᠲᠦᠭᠡᠬᠦ᠂ ᠪᠠᠷᠢᠮᠲᠠᠲᠤ ᠺᠢᠨᠣ᠋ ᠵᠣᠬᠢᠶᠠᠨ ᠪᠦᠲᠦᠭᠡᠬᠦ᠂ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠪᠣᠯᠪᠠᠰᠤᠷᠠᠯ᠎ᠢ ᠥᠷᠨᠢᠭᠦᠯᠵᠦ᠂ ᠲᠤᠬᠠᠶ᠋ᠢᠯᠠᠭᠰᠠᠨ ᠠᠵᠢᠯ᠎ᠤᠨ ᠭᠤᠣᠯᠯᠠᠭᠴᠢ ᠬᠦᠴᠦᠨ᠎ᠢ ᠵᠣᠬᠢᠶᠠᠨ ᠪᠠᠶ᠋ᠢᠭᠤᠯᠤᠨ ᠪᠥᠬᠦ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠤᠷᠤᠯᠳᠤᠭ᠋ᠠᠨ᠎ᠳᠤ ᠣᠷᠣᠯᠴᠠᠭᠤᠯᠵᠤ᠂ 2024 ᠣᠨ᠎ᠤ ᠪᠥᠬᠦ ᠣᠷᠣᠨ᠎ᠤ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠣᠯᠪᠠᠰᠤᠷᠠᠯ᠎ᠤᠨ ᠠᠩᠭᠢ ᠵᠢᠴᠢ ᠡᠷᠦᠬᠡ ᠪᠣᠯᠭ᠋ᠠᠨ᠎ᠳᠤ ᠨᠡᠪᠲᠡᠷᠡᠬᠦ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠡᠷᠭᠢᠯᠡᠵᠦ᠂ ᠪᠥᠬᠦ ᠣᠷᠣᠨ᠎ᠤ ᠠᠵᠢᠯ ᠲᠥᠷᠥᠯ᠎ᠤᠨ ᠰᠢᠰᠲ᠋ᠧᠮ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠬᠡᠷᠡᠭᠯᠡᠭᠡᠨ᠎ᠤ ᠴᠢᠳᠠᠪᠤᠷᠢᠲᠠᠨ᠎ᠤ ᠡᠷᠡᠭᠦᠯ ᠵᠶ᠋ᠠᠷ ᠬᠥᠭᠵᠢᠬᠦ ᠵᠢ ᠤᠯᠠᠮ ᠨᠢᠭᠡ ᠠᠯᠬᠤᠮ ᠠᠬᠢᠭᠤᠯᠪᠠ᠃
2. ᠪᠠᠢ᠌ᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠠᠳᠬᠤᠪᠠ᠃ ᠣᠳᠣᠨ ᠲᠠᠰ᠎ᠤᠨ ᠭᠡᠷᠡᠯᠲᠦᠭᠦᠯᠭᠡ ᠵᠢᠨ ᠬᠠᠷᠢᠴᠠᠭᠤᠯᠭ᠎ᠠ᠎ᠪᠠᠷ ᠭᠠᠷᠳᠠᠴᠠ ᠪᠣᠯᠭ᠋ᠠᠵᠤ᠂ ᠪᠠᠲᠤ ᠴᠢᠩᠭ᠎ᠠ ᠪᠠᠬᠢᠯᠡᠯᠲᠡ ᠵᠢᠨ 《ᠵᠢᠱ᠌ᠢᠶᠡᠴᠢ》 ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠵᠢ ᠭᠦᠨᠵᠡᠭᠡᠶ ᠠᠬᠢᠭᠤᠯᠵᠤ᠂ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ ᠠᠵᠢᠯ᠎ᠢ ᠬᠢᠨᠠᠮᠠᠭ᠋ᠠᠶ ᠥᠷᠨᠢᠭᠦᠯᠵᠦ᠂ ᠡᠯ᠎ᠡ ᠨᠠᠮ᠎ᠤᠨ ᠡᠭᠦᠷ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠲᠣᠰ ᠪᠡᠶ᠎ᠡ ᠵᠢᠨ ᠣᠨᠴᠠᠯᠢᠭ᠎ᠲᠠᠢ᠎ᠪᠠᠨ ᠤᠶᠠᠯᠳᠤᠭᠤᠯᠤᠨ ᠨᠠᠮ᠎ᠤᠨ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠪᠠ᠃ ᠬᠤᠭᠤᠴᠠᠭ᠎ᠠ ᠰᠣᠯᠢᠬᠤ ᠰᠣᠩᠭᠤᠭᠤᠯᠢ ᠵᠢᠨ ᠠᠵᠢᠯ᠎ᠢ ᠴᠢᠨᠠᠷ ᠰᠠᠶ᠋ᠢᠲᠠᠶ ᠥᠷᠨᠢᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠤᠭᠤᠴᠠᠭ᠎ᠠ ᠰᠣᠯᠢᠬᠤ ᠰᠣᠩᠭᠤᠭᠤᠯᠢ ᠵᠢᠨ ᠬᠢᠨᠠᠨ ᠵᠢᠯᠣᠭᠤᠳᠬᠤ ᠡᠬᠡ ᠲᠠᠩᠰᠠ ᠵᠢ ᠪᠠᠶ᠋ᠢᠭᠤᠯᠵᠤ᠂ ᠬᠤᠭᠤᠴᠠᠭ᠎ᠠ ᠰᠣᠯᠢᠬᠤ ᠠᠵᠢᠯ᠎ᠢ ᠴᠠᠭ ᠲᠤᠬᠠᠶ᠎ᠳᠤᠨᠢ ᠱᠠᠯᠠᠪᠳᠠᠭᠤᠯᠤᠨ ᠰᠠᠨᠠᠭᠤᠯᠬᠤ ᠵᠢᠨ ᠬᠠᠮᠲᠤ ᠬᠤᠭᠤᠴᠠᠭ᠎ᠠ ᠰᠣᠯᠢᠬᠤ ᠰᠣᠩᠭᠤᠭᠤᠯᠢ ᠵᠢᠨ ᠪᠠᠶ᠋ᠢᠳᠠᠯ᠎ᠢ ᠣᠨ᠎ᠤ ᠨᠠᠮ᠎ᠤᠨ ᠪᠠᠶ᠋ᠢᠭᠤᠯᠤᠯᠲᠠ ᠵᠢᠨ ᠲᠤᠰᠢᠶᠠᠯ᠎ᠤᠨ ᠮᠡᠳᠡᠭᠦᠯᠦᠯᠲᠡ ᠵᠢ ᠬᠢᠨᠠᠨ ᠰᠢᠯᠭ᠋ᠠᠬᠤ᠎ᠳᠤ ᠣᠷᠣᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶ᠋ᠢᠭᠤᠯᠤᠯᠲᠠ ᠵᠢᠨ ᠲᠦᠪᠰᠢᠨ᠎ᠢ ᠬᠦᠴᠦᠯᠡᠨ ᠳᠡᠭᠡᠭᠰᠢᠯᠡᠭᠦᠯᠪᠡ᠃
3. ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠬᠦ ᠵᠢ ᠤᠷᠮᠠᠰᠢᠭᠤᠯᠤᠨ ᠵᠣᠷᠢᠭᠵᠢᠭᠣᠯᠪᠠ᠃ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠬᠤ ᠰᠠᠶ᠋ᠢᠨ ᠰᠠᠶ᠋ᠢᠬᠠᠨ ᠬᠥᠮᠦᠨ ᠬᠡᠷᠡᠭᠯᠡᠬᠦ ᠤᠳᠤᠷᠢᠳᠤᠮᠵᠢ ᠵᠢ ᠢᠯᠡ ᠲᠣᠳᠣ ᠪᠤᠢ ᠪᠣᠯᠭ᠋ᠠᠵᠤ᠂ ᠠᠵᠢᠯ ᠬᠢᠵᠦ ᠦᠢ᠍ᠯᠡᠰ ᠪᠤᠰᠬᠠᠬᠤ ᠬᠥᠳᠡᠯᠭᠡᠬᠦ ᠬᠦᠴᠦᠨ ᠠᠮᠢᠵᠢᠷᠠᠯ᠎ᠤᠨ ᠬᠦᠴᠦᠨ᠎ᠢ ᠳᠡᠭᠡᠭᠰᠢᠯᠡᠭᠦᠯᠪᠡ᠃ ᠤᠳᠤᠷᠢᠳᠬᠤ ᠺᠠᠳ᠋ᠷ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ᠎ᠤᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠺᠠᠳ᠋ᠷ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠪᠠ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠬᠦ ᠬᠠᠮᠢᠶᠠᠷᠤᠯᠲᠠ ᠵᠢᠨ ᠠᠷᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠡᠯ᠎ᠡ ᠲᠥᠷᠥᠯ᠎ᠤᠨ ᠠᠵᠢᠯ᠎ᠤᠨ ᠪᠠᠶ᠋ᠢᠷᠢ ᠵᠢᠨ ᠦᠨᠳᠦᠰᠦᠨ ᠨᠥᠬᠥᠴᠡᠯ᠂ ᠠᠵᠢᠯ᠎ᠤᠨ ᠪᠠᠶ᠋ᠢᠷᠢ ᠵᠢᠨ ᠤᠷᠢᠨ ᠬᠡᠷᠡᠭᠯᠡᠬᠦ ᠶᠠᠪᠤᠴᠠ ᠵᠢᠴᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠡᠷᠭᠡ᠎ᠳᠤ ᠨᠠᠷᠢᠨ ᠲᠣᠳᠣᠷᠬᠠᠶ ᠲᠣᠭᠲᠠᠭ᠋ᠠᠯ ᠭᠠᠷᠭ᠋ᠠᠵᠤ᠂ ᠺᠠᠳ᠋ᠷ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠰᠢᠨᠵᠢᠯᠡᠬᠦ ᠤᠬᠠᠭ᠋ᠠᠨᠴᠢ ᠵᠢᠷᠤᠮᠵᠢᠭᠰᠠᠨ ᠳᠦᠷᠢᠮ᠎ᠤᠨ ᠲᠣᠭᠲᠠᠯᠴᠠᠭ᠎ᠠ ᠵᠢ ᠪᠠᠢ᠌ᠭᠤᠯᠪᠠ᠃ ᠺᠠᠳ᠋ᠷ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠣᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ 496 ᠨᠡᠷᠡᠰ ᠨᠥᠬᠦᠴᠡᠯ᠎ᠳᠤ ᠨᠡᠶ᠋ᠢᠴᠡᠬᠦ ᠬᠥᠮᠦᠰ᠎ᠤᠨ ᠠᠵᠢᠯ᠎ᠤᠨ ᠪᠠᠶ᠋ᠢᠷᠢ᠎ᠳᠤ ᠤᠷᠢᠬᠤ ᠠᠵᠢᠯ᠎ᠢ ᠪᠡᠶᠡᠯᠡᠭᠦᠯᠪᠡ᠃
(ᠲᠦᠷᠪᠡ) ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠢ ᠨᠠᠶ᠋ᠢᠳᠠᠪᠤᠷᠢᠵᠢᠭᠤᠯᠵᠤ ᠴᠡᠭᠴᠡᠯᠡᠨ ᠰᠠᠢ᠌ᠵᠢᠷᠠᠭᠤᠯᠤᠭᠰᠠᠨ ᠲᠠᠯ᠎ᠠ᠎ᠪᠠᠷ
ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠲᠣᠭᠤᠷᠢᠨ ᠪᠠᠶ᠋ᠢᠴᠠᠭ᠋ᠠᠵᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠪᠠ᠃ ᠳᠡᠭᠡᠷ᠎ᠡ ᠨᠢᠭᠡ ᠡᠭᠡᠯᠵᠢ ᠵᠢᠨ ᠲᠣᠭᠤᠷᠢᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠳᠤ ᠴᠢᠭᠯᠡᠭᠦᠯᠦᠨ᠂ ᠤᠯᠠᠷᠢᠯ᠎ᠤᠨ ᠰᠤᠷᠤᠯᠴᠠᠯᠭ᠎ᠠ ᠵᠢᠨ ᠲᠣᠬᠢᠷᠠᠭᠤᠯᠤᠯᠲᠠ ᠵᠢᠨ ᠲᠥᠯᠥᠪᠯᠡᠭᠡ᠂ ᠰᠠᠷ᠎ᠠ ᠵᠢᠨ ᠭᠤᠣᠯᠳᠠᠯᠭ᠎ᠠ᠎ᠲᠠᠢ ᠰᠤᠷᠤᠯᠴᠠᠬᠤ ᠠᠭᠤᠯᠭ᠎ᠠ ᠵᠢᠨ ᠨᠠᠷᠢᠨ ᠳᠠᠩᠰᠠ ᠵᠢ ᠳᠠᠷᠤᠮᠠᠯᠯᠠᠨ ᠲᠠᠷᠬᠠᠭ᠋ᠠᠵᠤ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠬᠣᠯᠪᠣᠭᠳᠠᠯ ᠪᠦᠬᠦᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠭᠦᠨᠵᠡᠭᠡᠢ ᠰᠤᠷᠤᠯᠴᠠᠪᠠ᠃ 2023 ᠣᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠬᠦ ᠬᠤᠷᠠᠯ᠎ᠢ ᠬᠤᠷᠠᠯᠳᠤᠭᠤᠯᠵᠤ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠨᠢᠭᠡᠳ ᠨᠢᠭᠡ᠎ᠪᠠᠷ ᠦᠨᠡᠯᠡᠵᠦ᠂ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭ᠋ᠠᠬᠤ ᠵᠢ ᠱᠠᠯᠠᠪᠳᠠᠭᠤᠯᠵᠤ᠂ ᠨᠠᠮ᠎ᠤᠨ ᠡᠭᠦᠷ᠎ᠤᠨ ᠱᠦᠵᠢ ᠵᠢᠨ ᠨᠠᠮ᠎ᠤᠨ ᠬᠢᠴᠢᠶᠡᠯ ᠣᠷᠣᠭᠰᠠᠨ ᠪᠠᠶ᠋ᠢᠳᠠᠯ᠎ᠢ ᠣᠨ᠎ᠤ ᠨᠠᠮ᠎ᠤᠨ ᠪᠠᠶ᠋ᠢᠭᠤᠯᠤᠯᠲᠠ ᠵᠢᠨ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠪᠠ᠃
ᠭᠤᠷᠪᠠ᠂ ᠳᠠᠷᠠᠭ᠋ᠠᠴᠢ ᠵᠢᠨ ᠠᠯᠬᠤᠮ᠎ᠤᠨ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠲᠥᠯᠥᠪᠯᠡᠭᠡ
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠲᠤᠬᠠᠶ ᠨᠠᠮ᠎ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠮᠢᠶ᠎ᠠ ᠪᠥᠬᠦᠶ ᠱᠠᠭ᠋ᠠᠷᠳᠠᠯᠭ᠎ᠠ ᠵᠢ ᠦᠷᠭᠦᠯᠵᠢᠯᠡᠨ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠵᠡᠯ ᠰᠠᠨᠠᠭ᠎ᠠ᠎ᠪᠠᠨ ᠰᠤᠯᠠᠷᠠᠭᠤᠯᠬᠤ ᠥᠬᠡᠶ᠂ ᠪᠠᠷᠢᠮᠵᠢᠶ᠎ᠠ᠎ᠪᠠᠨ ᠬᠤᠪᠢᠷᠠᠭᠤᠯᠬᠤ ᠥᠬᠡᠶ᠂ ᠡᠷᠴᠢᠮ ᠵᠶ᠋ᠠᠨ ᠰᠤᠯᠠᠷᠠᠭᠤᠯᠬᠤ ᠥᠬᠡᠶ ᠪᠠᠶ᠋ᠢᠬᠤ ᠵᠢ ᠪᠠᠷᠢᠮᠲᠠᠯᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭ᠋ᠠᠯᠠᠨ ᠪᠦᠷᠢᠳᠬᠡᠬᠦ᠂ ᠦᠷ᠎ᠡ ᠪᠦᠲᠦᠮᠵᠢ ᠵᠢ ᠮᠥᠷᠳᠡᠨ ᠠᠰᠠᠭᠤᠬᠤ ᠂ ᠳᠠᠩᠰᠠ ᠬᠠᠷᠭᠤᠭᠤᠯᠵᠤ ᠳ᠋ᠤᠭ᠋ᠠᠷ ᠬᠠᠰᠤᠬᠤ ᠵᠢ ᠴᠢᠩᠭ᠋ᠠᠷᠠᠭᠤᠯᠵᠤ᠂ ᠳᠡᠭᠡᠳᠦ ᠳᠣᠤᠷᠠᠳᠤ ᠱᠠᠲᠤ ᠵᠢ ᠵᠣᠯᠭ᠋ᠠᠭᠤᠯᠤᠨ ᠬᠤᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠭᠡᠯ ᠵᠶ᠋ᠠᠨ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠯᠠᠪᠳᠠᠭᠤᠨ ᠪᠠᠲᠤᠲᠠᠶ ᠦᠷ᠎ᠡ ᠪᠦᠲᠦᠮᠵᠢ᠎ᠪᠠᠷ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃
(ᠨᠢᠭᠡ) ᠲᠠᠨᠢᠯᠲᠠ᠎ᠪᠠᠨ ᠭᠦᠨᠵᠡᠭᠡᠶ᠋ᠢᠷᠡᠭᠦᠯᠵᠦ᠂ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠨ᠎ᠡ᠃ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠱᠠᠲᠤ ᠱᠠᠲᠤ᠎ᠪᠠᠷ ᠳᠠᠷᠤᠯᠲᠠ ᠥᠭᠴᠦ᠂ 《ᠬᠠᠷᠢᠭᠤᠴᠠᠯᠭ᠎ᠠ ᠵᠢᠨ ᠬᠡᠯᠬᠢᠶ᠎ᠡ》 ᠵᠢ ᠴᠢᠩᠭ᠎ᠠ ᠪᠣᠳᠠᠲᠠᠢ ᠨᠠᠶ᠋ᠢᠳᠠᠪᠤᠷᠢᠵᠢᠭᠤᠯᠵᠤ᠂ 《ᠨᠢᠭᠡ ᠠᠵᠢᠯ᠎ᠤᠨ ᠪᠠᠶ᠋ᠢᠷᠢ ᠬᠤᠤᠰ ᠬᠠᠷᠢᠭᠤᠴᠠᠯᠭ᠎ᠠ》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠤᠳᠤᠷᠢᠳᠬᠤ ᠪᠠᠭ᠎ᠤᠨ ᠡᠩᠨᠡᠭᠡᠨ᠎ᠤ ᠪᠠᠶ᠋ᠢᠭᠤᠯᠤᠯᠲᠠ᠎ᠳᠤ ᠠᠭᠤᠰᠤᠯᠴᠠᠭᠤᠯᠵᠤ᠂ ᠳᠤᠲᠠᠭᠤᠳᠠᠯ ᠪᠠᠭᠤᠷᠠᠢ ᠲᠠᠯ᠎ᠠ᠎ᠪᠠᠨ ᠲᠦᠷᠭᠡᠨ ᠨᠥᠬᠦᠪᠥᠷᠢᠯᠡᠵᠦ᠂ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠬᠦ ᠲᠠᠯ᠎ᠠ᠎ᠪᠠᠷ ᠤᠳᠤᠷᠢᠳᠬᠤ᠂ ᠡᠯ᠎ᠡ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠬᠤ᠂ ᠡᠯ᠎ᠡ ᠲᠠᠯ᠎ᠠ ᠵᠢᠨ᠎ᠬᠢᠨ᠎ᠤ ᠬᠠᠮᠲᠤ᠎ᠪᠠᠷ ᠣᠷᠣᠯᠴᠠᠭᠰᠠᠨ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ ᠵᠢ ᠪᠠᠷᠢᠮᠲᠠᠯᠠᠵᠤ᠂ ᠪᠦᠬᠦ ᠲᠠᠯ᠎ᠠ᠎ᠪᠠᠷ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠨ᠎ᠠ᠃
(ᠬᠤᠶᠠᠷ) ᠣᠨᠢᠨ ᠳᠡᠭᠡᠷ᠎ᠡ᠎ᠨᠢ ᠬᠦᠴᠦᠯᠡᠵᠦ᠂ ᠡᠳᠦᠷ ᠲᠤᠲᠤᠮ᠎ᠤᠨ ᠬᠢᠨᠠᠯᠲᠠ ᠵᠢ ᠴᠢᠩᠭ᠋ᠠᠷᠠᠭᠤᠯᠤᠨ᠎ᠠ ᠃ ᠲᠠᠬᠢᠨ ᠳᠠᠪᠲᠠᠭᠳᠠᠬᠤ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠭᠤᠣᠯᠳᠠᠯᠭ᠎ᠠ᠎ᠲᠠᠢ ᠪᠠᠶ᠋ᠢᠴᠠᠭ᠋ᠠᠯᠲᠠ ᠬᠢᠵᠦ᠂ ᠤᠨᠢᠨ ᠳᠡᠭᠡᠷ᠎ᠡ᠎ᠨᠢ ᠬᠦᠴᠦᠯᠡᠵᠦ᠂ ᠲᠦᠢ᠍ᠯᠪᠤᠷᠢᠲᠠᠢ ᠴᠡᠭᠴᠡᠯᠡᠨ ᠰᠠᠢ᠌ᠵᠢᠷᠠᠭᠤᠯᠤᠨ᠎ᠠ᠃ ᠱᠠᠲᠤᠴᠢ ᠴᠢᠨᠠᠷᠲᠠᠶ ᠦᠷ᠎ᠡ ᠪᠦᠲᠦᠮᠵᠢ ᠣᠯᠤᠭᠰᠠᠨ ᠠᠰᠠᠭᠤᠳᠠᠯ᠎ᠳᠤ᠂ ᠰᠠᠷ᠎ᠠ ᠪᠦᠷᠢ ᠴᠡᠭᠴᠡᠯᠡᠨ ᠰᠠᠶ᠋ᠢᠵᠢᠷᠠᠭᠤᠯᠬᠤ ᠠᠬᠢᠴᠠ ᠵᠢ ᠰᠢᠮᠳᠠᠭᠤᠯᠤᠨ ᠭᠦᠢ᠍ᠴᠡᠳᠬᠡᠵᠦ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠵᠢ ᠰᠢᠮᠳᠠᠭᠤᠯᠵᠤ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠣᠭᠲᠠᠭᠰᠠᠨ ᠲᠥᠯᠥᠪᠯᠡᠭᠡ᠎ᠪᠠᠷ ᠠᠯᠬᠤᠮ ᠠᠯᠬᠤᠮ ᠵᠶ᠋ᠠᠷ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ; ᠨᠢᠭᠡᠨᠲᠡ ᠴᠡᠭᠴᠡᠯᠡᠨ ᠰᠠᠶ᠋ᠢᠵᠢᠷᠠᠭᠤᠯᠤᠭᠰᠠᠨ ᠠᠰᠠᠭᠤᠳᠠᠯ᠎ᠳᠤ ᠴᠠᠭᠲᠤᠨᠢ ᠲᠣᠬᠢᠷᠠᠭᠤᠯᠤᠨ 《ᠡᠷᠭᠢᠨ ᠬᠠᠷᠠᠬᠤ》 ᠬᠢᠨᠠᠨ ᠪᠠᠶ᠋ᠢᠴᠠᠭ᠋ᠠᠯᠲᠠ ᠵᠢ ᠬᠡᠷᠡᠭᠵᠢᠭᠦᠯᠵᠦ᠂ ᠠᠰᠠᠭᠤᠳᠠᠯ᠎ᠤᠨ ᠳᠠᠬᠢᠨ ᠡᠭᠦᠰᠬᠦ ᠵᠢ ᠡᠷᠡᠰ ᠰᠡᠷᠭᠡᠢ᠌ᠯᠡᠨ᠎ᠡ ᠃
(ᠭᠤᠷᠪᠠ) ᠠᠯᠤᠰ ᠬᠡᠳᠦ ᠵᠢ ᠪᠣᠳᠣᠯᠬᠢᠯᠠᠨ᠂ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠦᠨ᠎ᠡ᠃ ᠴᠡᠭᠴᠡᠯᠡᠨ ᠰᠠᠶ᠋ᠢᠵᠢᠷᠠᠭᠤᠯᠬᠤ ᠳᠤᠮᠳᠠᠬᠢ ᠰᠠᠶ᠋ᠢᠨ ᠲᠤᠷᠰᠢᠯᠭ᠎ᠠ ᠰᠠᠶ᠋ᠢᠨ ᠠᠷᠭ᠎ᠠ ᠬᠢᠳᠡᠯ᠎ᠢ ᠰᠢᠰᠲ᠋ᠧᠮ᠎ᠲᠠᠢ ᠡᠮᠬᠢᠯᠡᠵᠦ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ᠎ᠢ ᠳ᠋ᠦᠩᠨᠡᠨ ᠳᠡᠭᠡᠭᠰᠢᠯᠡᠭᠦᠯᠬᠦ ᠵᠢ ᠪᠠᠶ᠋ᠢᠩᠭᠤ ᠠᠳᠬᠤᠵᠤ ᠤᠷᠳᠤ ᠬᠤᠭᠤᠴᠠᠭ᠎ᠠ᠎ᠪᠠᠷ ᠠᠳᠬᠤᠬᠤ ᠲᠦᠷᠢᠮ᠎ᠤᠨ ᠵᠢᠷᠤᠮᠵᠢᠯ ᠪᠠ ᠠᠵᠢᠯ᠎ᠤᠨ ᠲᠣᠭᠲᠠᠴᠠ ᠪᠣᠯᠭ᠋ᠠᠨ ᠬᠤᠪᠢᠷᠠᠭᠤᠯᠵᠤ᠂ ᠦᠢ᠍ᠯᠡᠴᠢᠯᠡᠭᠡ ᠬᠠᠮᠢᠶᠠᠷᠤᠯᠲᠠ ᠬᠢᠨᠠᠯᠲᠠ ᠲᠠᠯᠪᠢᠬᠤ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠦᠨ᠎ᠡ᠃ ᠳᠠᠬᠢᠨ ᠳᠠᠪᠲᠠᠨ ᠢᠯᠡᠷᠡᠭᠰᠡᠨ ᠨᠡᠶ᠋ᠢᠲᠡᠴᠢ ᠴᠢᠨᠠᠷᠲᠠᠢ ᠠᠰᠠᠭᠤᠳᠠᠯ᠎ᠳᠤ᠂ ᠰᠢᠯᠲᠠᠭ᠋ᠠᠨ᠎ᠢ ᠵᠠᠳᠠᠯᠵᠤ᠂ ᠳᠤᠲᠠᠭᠳᠠᠯ᠎ᠢ ᠪᠠᠶ᠋ᠢᠴᠠᠭ᠋ᠠᠨ ᠨᠥᠬᠦᠪᠥᠷᠢᠯᠡᠵᠦ᠂ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠵᠦ᠂ ᠲᠦᠷᠢᠮ᠎ᠢ ᠲᠡᠭᠦᠯᠳᠡᠷᠵᠢᠭᠦᠯᠵᠦ᠂ ᠲᠦᠷᠢᠮ᠎ᠤᠨ 《ᠰᠢᠩᠭᠡᠯᠢᠭ》᠎ᠢ ᠨᠢᠭᠲᠠ ᠰᠦᠯᠵᠢᠵᠦ᠂ ᠲᠦᠭᠰᠢᠭᠦᠷᠢ ᠵᠢᠨ ᠳᠠᠯᠳᠠ ᠭᠡᠮ᠎ᠢ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠠᠷᠢᠯᠭ᠋ᠠᠨ᠎ᠠ᠃
ᠥᠷᠭᠡᠨ ᠤᠯᠠᠨ ᠺᠠᠳ᠋ᠷ ᠤᠯᠠᠨ ᠲᠦᠮᠡᠨ᠎ᠤ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠬᠤ ᠵᠢ ᠪᠠᠶᠠᠷᠯᠠᠨ ᠤᠭᠲᠤᠵᠤ ᠪᠠᠶ᠋ᠢᠨ᠎ᠠ᠃ ᠬᠡᠷᠪᠡ ᠰᠠᠨᠠᠯ᠎ᠲᠠᠢ ᠪᠣᠯ ᠴᠠᠭ ᠲᠤᠬᠠᠢᠳᠤᠨᠢ ᠪᠢᠳᠡᠨ᠎ᠳᠤ ᠲᠤᠰᠬᠠᠭ᠋ᠠᠷᠠᠢ᠃
ᠬᠠᠷᠢᠯᠴᠠᠬᠤ ᠤᠲᠠᠰᠤ᠄ 0471— 4590013
ᠰᠢᠤᠳᠠᠨ᠎ᠤ ᠵᠠᠬᠢᠳᠠᠯ᠎ᠤᠨ ᠬᠠᠶ᠋ᠢᠷᠴᠠᠭ᠄ ᠬᠥᠬᠡᠬᠤᠲᠠ ᠵᠢᠨ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ 1 ᠨᠣᠮᠸᠷᠲᠤ ᠥᠪᠥᠷ ᠮᠣᠩᠭᠤᠯ᠎ᠤᠨ ᠵᠠᠭᠤᠴᠢᠯᠠᠭᠤᠷ᠎ᠤᠨ ᠲᠥᠪ᠂ 010010
ᠢᠮᠸᠯ ᠄ nmgxwcbgdjxx@163.com
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ
2024 ᠣᠨ᠎ᠤ 8 ᠳ᠋ᠤᠭ᠋ᠠᠷ ᠰᠠᠷ᠎ᠠ ᠵᠢᠨ 8᠎ᠤ ᠡᠳᠦᠷ