2024 ᠣᠨ᠎ᠤ 《ᠳᠤᠮᠳᠠᠳᠤ ᠵᠢᠨ ᠬᠦᠰᠡᠯ ᠰᠢᠨ᠎ᠡ ᠠᠶᠠᠨ ᠵᠠᠮ》 ᠭᠡᠬᠦ ᠭᠤᠤᠯ ᠰᠡᠳᠦᠪᠲᠦ ᠤᠤᠭ᠋ᠠᠯ ᠡᠭᠦᠳᠦᠯᠲᠡ ᠵᠢᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠢᠯᠢᠳᠡᠭ᠎ᠢ ᠲᠠᠨᠢᠴᠯᠠᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ
2024-08-30




ᠡᠯ᠎ᠡ ᠠᠶ᠋ᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠎ᠳᠤ᠄

   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠤᠬᠠᠭᠤᠯᠤᠨ ᠲᠤᠭᠤᠰᠢᠯᠠᠭᠤᠯᠵᠤ᠂ ᠰᠦᠯᠵᠢᠶᠡᠨ᠎ᠤ ᠦᠵᠡᠵᠦ ᠰᠣᠨᠣᠰᠬᠤ ᠰᠣᠳᠣᠨ ᠪᠦᠲᠦᠭᠡᠯ ᠵᠶ᠋ᠠᠷ ᠪᠦᠯᠬᠦᠮᠳᠡᠨ ᠲᠡᠮᠡᠴᠡᠬᠦ ᠰᠦᠷ ᠳᠠᠯᠠᠶ᠋ᠢᠴᠠᠲᠠᠢ ᠬᠦᠴᠦᠨ᠎ᠢ ᠨᠢᠭᠲᠠᠷᠠᠭᠤᠯᠵᠤ᠂ ᠰᠢᠨ᠎ᠡ ᠠᠶᠠᠨ ᠵᠠᠮ ᠵᠶ᠋ᠠᠷ ᠴᠢᠷᠮᠠᠶ᠋ᠢᠨ ᠵᠠᠮᠨᠠᠵᠤ᠂ ᠰᠡᠳᠬᠢᠯ ᠨᠢᠭᠡᠳᠦᠨ ᠳᠤᠮᠳᠠᠳᠤ ᠵᠢᠨ ᠬᠦᠰᠡᠯ᠎ᠢ ᠬᠠᠮᠲᠤ᠎ᠪᠠᠷ ᠲᠡᠷᠭᠡᠯᠰᠢᠭᠦᠯᠬᠦ ᠵᠢᠨ ᠲᠥᠯᠥᠭᠡ᠂ ᠮᠠᠨ᠎ᠤ ᠲᠣᠪᠴᠢᠶ᠎ᠠ 2024 ᠣᠨ᠎ᠤ 《ᠳᠤᠮᠳᠠᠳᠤ ᠵᠢᠨ ᠬᠦᠰᠡᠯ   ᠰᠢᠨ᠎ᠡ ᠠᠶᠠᠨ ᠵᠠᠮ》 ᠤᠤᠭ᠋ᠠᠯ ᠡᠭᠦᠳᠦᠯᠲᠡ ᠵᠢᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠢ ᠴᠤᠭᠯᠠᠭᠤᠯᠤᠨ ᠳᠡᠯᠭᠡᠨ ᠨᠡᠪᠲᠡᠷᠡᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ᠃ ᠵᠣᠬᠢᠶᠠᠨ ᠪᠠᠶ᠋ᠢᠭᠤᠯᠤᠨ ᠭᠤᠶᠤᠴᠢᠯᠠᠨ ᠮᠡᠳᠡᠭᠦᠯᠬᠦ᠂ ᠬᠢᠨᠠᠨ ᠲᠣᠭᠲᠠᠭ᠋ᠠᠬᠤ᠎ᠪᠠᠷ ᠳᠡᠮᠵᠢᠨ᠂ 《ᠲᠣᠮᠣ ᠰᠢᠪᠠᠭᠤ ᠵᠢ ᠠᠪᠤᠷᠠᠭᠰᠠᠨ》᠂ 《ᠳᠡᠷᠭᠡᠳᠡᠬᠢ ᠣᠷᠳᠣ ᠴᠠᠭ᠋ᠠᠨ ᠬᠡᠷᠡᠮ》᠂ 《〈ᠲᠡᠳᠡᠨ〉᠎ᠤ ᠬᠦᠰᠡᠯ ᠡᠷᠡᠮᠡᠯᠵᠡᠯ᠎ᠢ ᠪᠢᠲᠡᠭᠡᠢ ᠬᠥᠰᠡᠷᠳᠡᠭᠦᠯᠦᠯ ᠪᠣᠯᠭ᠋ᠠᠭ᠋ᠠᠷᠠᠢ — ᠨᠠᠰᠤᠲᠠᠨ᠎ᠢ ᠬᠠᠯᠠᠮᠵᠢᠯᠠᠨ ᠬᠠᠶ᠋ᠢᠷᠠᠯᠠᠵᠤ᠂ ᠬᠥᠮᠦᠨ᠎ᠤ ᠶᠢᠷᠲᠢᠨᠴᠦ ᠵᠢᠨ ᠬᠠᠮᠤᠭ᠎ᠤᠨ ᠭᠤᠶᠣ ᠥᠲᠡᠯᠦᠭᠡ ᠨᠠᠰᠤ ᠵᠢ ᠰᠠᠬᠢᠨ ᠬᠠᠮᠠᠭ᠋ᠠᠯᠠᠶ᠎ᠠ》 ᠵᠡᠷᠭᠡ 30 ᠰᠢᠯᠢᠳᠡᠭ ᠪᠦᠲᠦᠭᠡᠯ᠎ᠢ ᠰᠣᠩᠭᠤᠨ ᠭᠠᠷᠭ᠋ᠠᠪᠠ᠃

   ᠪᠥᠬᠦ ᠣᠷᠣᠨ᠎ᠤ ᠡᠯ᠎ᠡ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ ᠦᠢ᠍ᠯᠡᠳᠬᠦ ᠪᠠᠶ᠋ᠢᠭᠤᠯᠤᠮᠵᠢ ᠤᠯᠠᠮ ᠴᠢᠷᠮᠠᠶ᠋ᠢᠵᠤ᠂ ᠰᠦᠯᠵᠢᠶᠡᠨ᠎ᠤ ᠬᠦᠴᠦᠨ ᠵᠦᠢ᠍ᠯ᠎ᠢ ᠢᠯᠡᠷᠡᠭᠦᠯᠦᠭᠰᠡᠨ᠂ ᠰᠦᠯᠵᠢᠶᠡᠨ᠎ᠤ ᠳᠠᠮᠵᠢᠭᠤᠯᠭ᠎ᠠ ᠵᠢᠨ ᠥᠪᠡᠷᠮᠢᠴᠡ ᠴᠢᠨᠠᠷ᠎ᠲᠤ ᠨᠡᠶ᠋ᠢᠴᠡᠭᠰᠡᠨ᠂ ᠰᠦᠯᠵᠢᠶᠡᠨ᠎ᠤ ᠵᠠᠭᠤᠴᠢᠯᠠᠭᠤᠷ᠎ᠤᠨ ᠳᠠᠮᠵᠢᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠨᠡᠶ᠋ᠢᠴᠡᠭᠰᠡᠨ ᠤᠤᠭ᠋ᠠᠯ ᠡᠭᠦᠳᠦᠯᠲᠡ ᠵᠢᠨ ᠪᠦᠲᠦᠭᠡᠯ᠎ᠢ ᠲᠠᠰᠤᠷᠠᠯᠲᠠ ᠥᠬᠡᠶ ᠭᠠᠷᠭ᠋ᠠᠵᠤ᠂ ᠮᠠᠨ᠎ᠤ ᠣᠷᠣᠨ᠎ᠤ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠵᠣᠬᠢᠶᠠᠨ ᠪᠦᠲᠦᠭᠡᠯᠭᠡ ᠵᠢᠨ ᠴᠢᠨᠠᠭᠰᠢᠳᠠ ᠴᠡᠴᠡᠭᠯᠡᠨ ᠬᠥᠭᠵᠢᠬᠦ᠎ᠳᠤ᠎ᠨᠢ ᠬᠦᠴᠦᠨ ᠨᠡᠮᠡᠷᠢᠯᠡᠬᠦ ᠵᠢ ᠬᠦᠰᠡᠵᠦ ᠪᠠᠶ᠋ᠢᠨ᠎ᠠ᠃

   ᠳᠠᠭ᠋ᠠᠯᠳᠤᠭᠤᠯᠤᠯ᠄ 2024 ᠣᠨ᠎ᠤ 《ᠳᠤᠮᠳᠠᠳᠤ ᠵᠢᠨ ᠬᠦᠰᠡᠯ   ᠰᠢᠨ᠎ᠡ ᠠᠶᠠᠨ ᠵᠠᠮ》 ᠭᠡᠬᠦ ᠭᠤᠤᠯ ᠰᠡᠳᠦᠪᠲᠦ ᠤᠤᠭ᠋ᠠᠯ ᠡᠭᠦᠳᠦᠯᠳᠡ ᠵᠢᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠢᠯᠢᠳᠡᠭ ᠲᠠᠨᠢᠯᠴᠠᠭᠤᠯᠭ᠎ᠠ ᠵᠢᠨ ᠨᠡᠷᠡᠰ

 

  

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

2024 ᠣᠨ᠎ᠤ 8 ᠳ᠋ᠤᠭ᠋ᠠᠷ ᠰᠠᠷ᠎ᠠ ᠵᠢᠨ 30᠎ᠤ ᠡᠳᠦᠷ

  (ᠬᠠᠷᠢᠯᠴᠠᠬᠤ ᠬᠥᠮᠦᠨ᠄ ᠶᠣᠣ ᠸᠧᠶ᠂ ᠬᠠᠷᠢᠯᠴᠠᠬᠤ ᠤᠲᠠᠰᠤ᠄ 18147145322)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ