2025 ᠣᠨ᠎ᠤ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠡᠯᠰᠡᠭᠰᠡᠨ ᠠᠵᠢᠯᠲᠠᠨ᠎ᠤ ᠨᠢᠭᠤᠷᠳᠠᠨ ᠰᠢᠯᠭ᠋ᠠᠯᠲᠠ ᠵᠢᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ ᠵᠠᠷᠯᠠᠯ
2025-01-08



   ᠡᠳᠦᠭᠡ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ 2025 ᠣᠨ᠎ᠤ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠡᠯᠰᠡᠭᠰᠡᠨ ᠠᠵᠢᠯᠲᠠᠨ᠎ᠤ  ᠨᠢᠭᠤᠷᠳᠠᠨ ᠰᠢᠯᠭ᠋ᠠᠯᠲᠠ ᠵᠢᠨ  ᠬᠤᠯᠪᠣᠭᠳᠠᠯ ᠪᠥᠬᠦᠶ ᠤᠴᠢᠷ᠎ᠢ ᠳᠣᠤᠷᠠᠬᠢ ᠮᠡᠲᠦ ᠵᠠᠷᠯᠠᠶ᠎ᠠ᠄

   ᠨᠢᠭᠡ᠂ ᠴᠠᠭ ᠪᠠ ᠭᠠᠵᠠᠷ

   ᠨᠢᠭᠤᠷᠲᠠᠨ  ᠰᠢᠯᠭ᠋ᠠᠬᠤ  ᠴᠠᠭ ᠪᠠ ᠭᠠᠵᠠᠷ᠎ᠢ 《ᠨᠢᠭᠤᠷᠲᠠᠨ ᠰᠢᠯᠭ᠋ᠠᠯᠲᠠ ᠵᠢᠨ  ᠮᠡᠳᠡᠭᠳᠡᠯ᠎ᠤᠨ ᠪᠢᠴᠢᠭ》᠎ᠠᠴᠠ ᠨᠠᠷᠢᠨ ᠦᠵᠡᠭᠡᠷᠡᠢ ᠂ ᠬᠢᠷᠢ ᠬᠡᠮ᠎ᠤᠨ ᠳᠠᠬᠢᠨ ᠬᠢᠨᠠᠯᠲᠠ᠎ᠳᠤ  ᠪᠠᠲᠤᠯᠠᠭᠳᠠᠭᠰᠠᠳ ᠂ 2025 ᠣᠨ᠎ᠤ 1 ᠳ᠋ᠦ᠍ᠭᠡᠷ ᠰᠠᠷ᠎ᠠ ᠵᠢᠨ 10᠎ᠤ ᠡᠳᠦᠷ᠎ᠤᠨ 17᠄ 00᠎ᠠᠴᠠ ᠰᠡᠭᠦᠯᠡᠷ ᠥᠪᠥᠷ ᠮᠣᠩᠭᠤᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ ( www.impta.com.cn )᠎ᠳᠤ ᠨᠡᠪᠲᠡᠷᠡᠬᠦ — ᠰᠦᠯᠵᠢᠶᠡᠨ ᠳᠡᠭᠡᠷᠡᠬᠢ ᠰᠢᠯᠭ᠋ᠠᠯᠲᠠ ᠵᠢᠨ ᠶᠠᠪᠤᠳᠠᠯ —  ᠬᠦᠰᠦᠨᠦᠭᠲᠦ ᠵᠢ  ᠪᠠᠭᠤᠯᠭ᠋ᠠᠬᠤ ᠪᠤᠯᠤᠩ᠎ᠠᠴᠠ 《ᠨᠢᠭᠤᠷᠲᠠᠨ ᠰᠢᠯᠭ᠋ᠠᠯᠲᠠ ᠵᠢᠨ  ᠮᠡᠳᠡᠭᠳᠡᠯ᠎ᠤᠨ ᠪᠢᠴᠢᠭ》᠎ᠢ ᠪᠠᠭᠤᠯᠭ᠋ᠠᠨ ᠳᠠᠷᠤᠮᠠᠯᠯᠠᠨ᠎ᠠ᠃

   ᠬᠤᠶᠠᠷ᠂ ᠬᠤᠯᠪᠣᠭᠳᠠᠯ ᠪᠦᠬᠦᠢ ᠱᠠᠭ᠋ᠠᠷᠳᠠᠯᠭ᠎ᠠ

  (ᠨᠢᠭᠡ) ᠬᠢᠷᠢ ᠬᠡᠮ᠎ᠤᠨ ᠳᠠᠬᠢᠨ ᠬᠢᠨᠠᠯᠲᠠ᠎ᠳᠤ  ᠪᠠᠲᠤᠯᠠᠭᠳᠠᠭᠰᠠᠳ  ᠨᠢᠭᠤᠷᠲᠠᠨ ᠰᠢᠯᠭ᠋ᠠᠯᠲᠠ᠎ᠳᠤ ᠣᠷᠣᠯᠴᠠᠬᠤ᠎ᠳᠤ᠎ᠪᠠᠨ  ᠡᠷᠬᠡᠪᠰᠢ ᠬᠦᠴᠦᠨ ᠪᠦᠬᠦᠢ  ᠬᠤᠭᠤᠴᠠᠭ᠋ᠠᠨ᠎ᠳᠠᠬᠢ  ᠬᠤᠶᠠᠳᠤᠭ᠋ᠠᠷ ᠦᠶ᠎ᠡ ᠵᠢᠨ ᠪᠡᠶ᠎ᠡ ᠵᠢᠨ ᠦᠨᠡᠮᠯᠡᠯ ᠪᠠ 《ᠨᠢᠭᠤᠷᠲᠠᠨ ᠰᠢᠯᠭ᠋ᠠᠯᠲᠠ ᠵᠢᠨ  ᠮᠡᠳᠡᠭᠳᠡᠯ᠎ᠤᠨ ᠪᠢᠴᠢᠭ》 ᠵᠶ᠋ᠠᠨ ᠠᠪᠴᠢᠷᠠᠬᠤ ᠬᠡᠷᠡᠭᠲᠡᠢ ᠃

  (ᠬᠤᠶᠠᠷ) ᠨᠢᠭᠤᠷᠳᠠᠨ ᠰᠢᠯᠭ᠋ᠠᠯᠲᠠ᠎ᠳᠤ  ᠣᠷᠣᠯᠴᠠᠭᠰᠠᠳ ᠣᠨᠴᠠᠭ᠋ᠠᠶ ᠠᠵᠢᠯ ᠮᠡᠷᠭᠡᠵᠢᠯ᠎ᠤᠨ ᠲᠡᠮᠳᠡᠭ᠎ᠲᠠᠢ ᠳᠦᠷᠢᠮᠲᠦ ᠬᠤᠪᠴᠠᠰᠤ ᠡᠮᠦᠰᠴᠤ ᠪᠣᠯᠬᠤ ᠥᠬᠡᠶ᠂ ᠣᠨᠴᠠᠭ᠋ᠠᠶ ᠲᠡᠮᠳᠡᠭ᠂ ᠵᠠᠰᠠᠯ ᠴᠢᠮᠡᠭᠯᠡᠯ᠎ᠲᠠᠢ ᠪᠠᠶ᠋ᠢᠵᠤ ᠪᠣᠯᠬᠤ ᠥᠬᠡᠶ᠃

  (ᠭᠤᠷᠪᠠ) ᠪᠤᠰᠤᠳ ᠱᠠᠭ᠋ᠠᠷᠳᠠᠯᠭ᠎ᠠ ᠵᠢ 《ᠨᠢᠭᠤᠷᠳᠠᠨ ᠰᠢᠯᠭ᠋ᠠᠯᠲᠠ ᠵᠢᠨ  ᠮᠡᠳᠡᠭᠳᠡᠯ᠎ᠤᠨ ᠪᠢᠴᠢᠭ》᠎ᠤᠨ ᠶᠣᠰᠣᠭ᠋ᠠᠷ ᠬᠡᠷᠡᠭᠵᠢᠭᠦᠯᠦᠨ᠎ᠡ᠃

  

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

2025 ᠣᠨ᠎ᠤ 1 ᠳ᠋ᠤᠭᠡᠷ ᠰᠠᠷ᠎ᠠ ᠵᠢᠨ 8᠎ᠤ ᠡᠳᠦᠷ

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ