2025 ᠣᠨ᠎ᠤ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠤᠯᠠᠷᠢᠯ᠎ᠤᠨ ᠰᠢᠯᠢᠳᠡᠭ᠎ᠢ᠎ᠨᠢ ᠲᠠᠨᠢᠯᠴᠠᠭᠣᠯᠬᠣ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ
2025-03-12

      ᠡᠯ᠎ᠡ ᠠᠶ᠋ᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠬᠤᠷᠢᠶ᠎ᠠ᠂ ᠥᠪᠥᠷ ᠮᠣᠩᠭᠤᠯ᠎ᠤᠨ ᠦᠢ᠍ᠯᠡᠳᠦᠯᠭᠡ ᠰᠡᠳᠬᠦᠯ᠎ᠤᠨ ᠬᠤᠷᠢᠶ᠎ᠠ᠂ ᠥᠪᠥᠷ ᠮᠣᠩᠭᠤᠯ᠎ᠤᠨ ᠺᠢᠨᠣ᠋ ᠵᠢᠨ ᠪᠦᠯᠦᠭᠯᠡᠯ᠂ ᠡᠯ᠎ᠡ ᠬᠠᠮᠢᠶ᠎ᠠ ᠪᠦᠬᠦᠢ ᠳᠡᠭᠡᠳᠦ ᠰᠤᠷᠭ᠋ᠠᠭᠤᠯᠢ (ᠬᠦᠷᠢᠶᠡᠯᠡᠩ ᠰᠠᠯᠪᠤᠷᠢ)᠂ ᠲᠥᠪ᠎ᠤᠨ ᠵᠠᠭᠤᠴᠢᠯᠠᠭᠤᠷ᠎ᠤᠨ ᠲᠣᠭᠣᠷᠢᠭ᠎ᠲᠤ ᠰᠠᠭᠤᠭ᠎ᠠ ᠨᠢᠭᠡᠴᠢ᠎ᠳᠤ᠄

      ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠣᠭᠣᠰᠢᠯᠠᠭᠣᠯᠣᠨ ᠨᠠᠢ᠌ᠳᠠᠪᠣᠷᠢᠵᠢᠭᠣᠯᠬᠣ ᠵᠢᠨ ᠲᠦᠯᠣᠭᠡ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠠᠵᠢᠯ᠎ᠤᠨ ᠭᠤᠣᠯ ᠱᠣᠭᠤᠮ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠪᠦᠬᠦ ᠬᠦᠴᠦᠨ ᠵᠶ᠋ᠠᠷ ᠵᠶ᠋ᠠᠨ ᠡᠭᠦᠳᠴᠦ᠂ 《ᠵᠢᠷᠭᠤᠭ᠋ᠠᠨ ᠠᠵᠢᠯᠯᠠᠭ᠎ᠠ》 ᠵᠢ ᠪᠦᠬᠦ ᠲᠠᠯ᠎ᠠ᠎ᠪᠠᠷ ᠳᠡᠮᠵᠢᠵᠦ᠂ ᠰᠦᠯᠵᠢᠶᠡᠨ᠎ᠤ ᠦᠵᠡᠵᠦ ᠰᠣᠨᠣᠰᠬᠤ ᠠᠵᠢᠯ ᠲᠦᠷᠦᠯ᠎ᠤᠨ ᠴᠢᠨᠠᠷ ᠰᠠᠶ᠋ᠢᠲᠠᠢ ᠦᠵᠡᠵᠦ ᠰᠣᠨᠣᠰᠬᠤ ᠠᠭᠤᠯᠭ᠎ᠠ ᠵᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠤᠯᠠᠮ ᠨᠢᠭᠡ ᠠᠯᠬᠤᠮ ᠵᠣᠷᠢᠭᠵᠢᠭᠤᠯᠵᠤ᠂ ᠰᠦᠯᠵᠢᠶᠡᠨ᠎ᠤ ᠦᠵᠡᠵᠦ ᠰᠣᠨᠣᠰᠬᠤ ᠰᠢᠯᠢᠳᠡᠭ ᠪᠦᠲᠦᠭᠡᠯ᠎ᠤᠨ ᠵᠢᠱ᠌ᠢᠶ᠎ᠡ ᠦᠵᠡᠭᠦᠯᠵᠦ ᠬᠦᠳᠦᠯᠦᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠦᠯᠵᠢᠶᠡᠨ᠎ᠤ ᠭᠤᠣᠯ ᠶᠠᠷᠢᠶ᠎ᠠ ᠬᠡᠯᠡᠯᠴᠡᠭᠡ ᠵᠢ ᠪᠤᠵᠠᠭ᠋ᠠᠢ᠌ᠷᠠᠭᠣᠯᠵᠦ᠂ 2025 ᠣᠨ᠎ᠳᠤ ᠮᠠᠨ᠎ᠤ ᠲᠣᠪᠴᠢᠶ᠎ᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠤᠯᠠᠷᠢᠯ᠎ᠳᠤ ᠰᠢᠯᠢᠳᠡᠭ᠎ᠢ᠎ᠨᠢ ᠲᠠᠨᠢᠯᠴᠠᠭᠤᠯᠬᠤ ᠠᠵᠢᠯ᠎ᠢ ᠦᠷᠭᠦᠯᠵᠢᠯᠡᠨ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄

     ᠨᠢᠭᠡ᠂ ᠰᠢᠯᠢᠳᠡᠭ᠎ᠢ ᠲᠠᠨᠢᠯᠴᠠᠭᠣᠯᠬᠣ ᠬᠡᠪᠴᠢᠶ᠎ᠡ

     ᠰᠢᠯᠭ᠋ᠠᠷᠠᠭᠤᠯᠤᠯᠲᠠ᠎ᠳᠤ ᠣᠷᠣᠯᠴᠠᠭᠰᠠᠨ ᠪᠦᠲᠦᠭᠡᠯ᠎ᠨᠢ ᠬᠠᠷᠢᠶ᠎ᠠ ᠭᠠᠵᠠᠷ᠎ᠨᠢ ᠮᠠᠨ᠎ᠤ ᠣᠷᠣᠨ᠎ᠳᠤ ᠪᠠᠢ᠌ᠭ᠎ᠠ ᠮᠡᠳᠡᠭᠦᠯᠬᠦ ᠪᠠᠶ᠋ᠢᠭᠤᠯᠤᠮᠵᠢ ᠪᠤᠶᠤ ᠬᠤᠪᠢ ᠬᠥᠮᠦᠨ᠎ᠤ ᠡᠭᠦᠳᠦᠨ ᠪᠦᠲᠦᠭᠡᠭᠰᠡᠨ ᠮᠥᠷᠲᠡᠭᠡᠨ ᠬᠡᠪᠯᠡᠯ᠎ᠤᠨ ᠡᠷᠬᠡ᠎ᠲᠠᠢ ᠪᠠᠶ᠋ᠢᠬᠤ ᠬᠡᠷᠡᠭᠲᠡᠶ ᠪᠥᠭᠡᠳ ᠱᠠᠭ᠋ᠠᠷᠳᠠᠭᠰᠠᠨ ᠴᠠᠭ᠎ᠤᠨ ᠬᠡᠪᠴᠢᠶᠡᠨ ᠳᠣᠲᠣᠷ᠎ᠠ ᠡᠯ᠎ᠡ ᠦᠨᠡᠮᠯᠡᠯ᠎ᠲᠠᠢ ᠪᠠ ᠳᠠᠩᠰᠠᠯᠠᠭᠣᠯᠣᠭᠰᠠᠨ ᠰᠦᠯᠵᠢᠶᠡᠨ ᠦᠵᠡᠵᠦ ᠰᠣᠨᠣᠰᠬᠤ ᠲᠠᠪᠴᠠᠩ᠎ᠳᠤ ᠠᠩᠬ᠎ᠠ ᠨᠡᠪᠲᠡᠷᠡᠭᠦᠯᠦᠭᠰᠡᠨ ᠪᠦᠲᠦᠭᠡᠯ ᠪᠠᠢ᠌ᠬᠣ ᠬᠡᠷᠡᠭᠲᠡᠶ᠃ ᠨᠢᠭᠡᠳᠦᠭᠡᠷ ᠤᠯᠠᠷᠢᠯ᠎ᠤᠨ ᠰᠢᠯᠭ᠋ᠠᠷᠠᠭᠤᠯᠤᠯᠲᠠ᠎ᠳᠤ ᠣᠷᠣᠯᠴᠠᠬᠤ ᠫᠷᠣᠭ᠌ᠷᠠᠮ ᠨᠡᠪᠲᠡᠷᠡᠭᠦᠯᠬᠦ ᠴᠠᠭ᠎ᠤᠨ ᠬᠡᠪᠴᠢᠶ᠎ᠡ᠎ᠨᠢ ᠳᠡᠭᠡᠷ᠎ᠡ ᠵᠢᠯ᠎ᠤᠨ 12 ᠳ᠋ᠤᠭ᠋ᠠᠷ ᠰᠠᠷ᠎ᠠ᠎ᠠᠴᠠ ᠲᠤᠰ ᠵᠢᠯ᠎ᠤᠨ 2 ᠳ᠋ᠤᠭ᠋ᠠᠷ ᠰᠠᠷ᠎ᠠ ᠬᠦᠷᠲᠡᠯ᠎ᠡ᠂ ᠬᠤᠶᠠᠳᠤᠭ᠋ᠠᠷ ᠤᠯᠠᠷᠢᠯ᠎ᠤᠨ ᠰᠢᠯᠭ᠋ᠠᠷᠠᠭᠤᠯᠤᠯᠲᠠ᠎ᠳᠤ ᠣᠷᠣᠯᠴᠠᠬᠤ ᠫᠷᠤᠭ᠌ᠷᠠᠮ᠎ᠤᠨ ᠨᠡᠪᠲᠡᠷᠡᠭᠦᠯᠬᠦ ᠴᠠᠭ᠎ᠤᠨ ᠬᠡᠪᠴᠢᠶ᠎ᠡ᠎ᠨᠢ 3 ᠳ᠋ᠤᠭ᠋ᠠᠷ ᠰᠠᠷ᠎ᠠ᠎ᠠᠴᠠ 5 ᠳ᠋ᠤᠭ᠋ᠠᠷ ᠰᠠᠷ᠎ᠠ ᠬᠦᠷᠲᠡᠯ᠎ᠡ᠂ ᠭᠤᠷᠪᠠᠳᠤᠭ᠋ᠠᠷ ᠤᠯᠠᠷᠢᠯ᠎ᠤᠨ ᠰᠢᠯᠭ᠋ᠠᠷᠠᠭᠤᠯᠤᠯᠲᠠ᠎ᠳᠤ ᠣᠷᠣᠯᠴᠠᠬᠤ ᠫᠷᠤᠭ᠌ᠷᠠᠮ᠎ᠤᠨ ᠨᠡᠪᠲᠡᠷᠡᠭᠦᠯᠬᠦ ᠴᠠᠭ᠎ᠤᠨ ᠬᠡᠪᠴᠢᠶ᠎ᠡ᠎ᠨᠢ 6 ᠳ᠋ᠤᠭ᠋ᠠᠷ ᠰᠠᠷ᠎ᠠ᠎ᠠᠴᠠ 8 ᠳ᠋ᠤᠭ᠋ᠠᠷ ᠰᠠᠷ᠎ᠠ ᠬᠦᠷᠲᠡᠯ᠎ᠡ᠂ ᠳᠥᠷᠪᠡᠳᠦᠭᠡᠷ ᠤᠯᠠᠷᠢᠯ᠎ᠤᠨ ᠰᠢᠯᠭ᠋ᠠᠷᠠᠭᠤᠯᠤᠯᠲᠠ᠎ᠳᠤ ᠣᠷᠣᠯᠴᠠᠬᠤ ᠫᠷᠤᠭ᠌ᠷᠠᠮ᠎ᠤᠨ ᠨᠡᠪᠲᠡᠷᠡᠭᠦᠯᠬᠦ ᠴᠠᠭ᠎ᠤᠨ ᠬᠡᠪᠴᠢᠶ᠎ᠡ᠎ᠨᠢ 9 ᠳ᠋ᠦ᠍ᠭᠡᠷ ᠰᠠᠷ᠎ᠠ᠎ᠠᠴᠠ 11 ᠳ᠋ᠦ᠍ᠭᠡᠷ ᠰᠠᠷ᠎ᠠ ᠪᠣᠯᠲᠠᠯ᠎ᠠ ᠪᠣᠯᠣᠨ᠎ᠠ᠃ ᠬᠡᠷᠪᠡ ᠵᠣᠬᠢᠶᠠᠯ ᠪᠦᠲᠦᠭᠡᠯ᠎ᠢ ᠨᠡᠪᠲᠡᠷᠡᠭᠦᠯᠬᠦ ᠴᠠᠭ᠎ᠤᠨ ᠠᠯᠭ᠋ᠠᠰᠠᠯ ᠨᠡᠯᠢᠶᠡᠳ ᠤᠷᠲᠤ ᠪᠣᠯ ᠰᠢᠯᠭ᠋ᠠᠷᠠᠭᠤᠯᠤᠯᠲᠠ᠎ᠳᠤ ᠣᠷᠣᠯᠴᠠᠬᠤ ᠪᠦᠲᠦᠭᠡᠯ᠎ᠢ ᠲᠠᠨᠢᠯᠴᠠᠭᠤᠯᠬᠤ ᠤᠯᠠᠷᠢᠯ᠎ᠤᠨ ᠬᠡᠪᠴᠢᠶᠡᠨ᠎ᠳᠤ ᠨᠡᠪᠲᠡᠷᠡᠭᠦᠯᠬᠦ ᠵᠢ ᠱᠠᠭ᠋ᠠᠷᠳᠠᠵᠤ ᠪᠣᠯᠣᠨ᠎ᠠ᠃ ᠪᠦᠲᠦᠭᠡᠯ᠎ᠤᠨ ᠲᠥᠷᠥᠯ ᠵᠦᠢ᠍ᠯ᠎ᠳᠤ ᠰᠦᠯᠵᠢᠶᠡᠨ᠎ᠤ ᠪᠠᠷᠢᠮᠲᠠᠲᠤ ᠹᠢᠯᠢᠮ᠂ ᠰᠦᠯᠵᠢᠶᠡᠨ᠎ᠤ ᠶᠡᠷᠦᠩᠬᠡᠶ᠋ᠢᠯᠡᠭᠰᠡᠨ ᠤᠷᠠᠯᠢᠭ᠎ᠤᠨ ᠫᠷᠤᠭ᠌ᠷᠠᠮ᠂ ᠰᠦᠯᠵᠢᠶᠡᠨ᠎ᠤ ᠺᠠᠷᠲ᠋ᠣᠨ ᠵᠢᠷᠣᠭ᠂ ᠰᠦᠯᠵᠢᠶᠡᠨ᠎ᠤ ᠺᠢᠨᠣ᠋᠂ ᠰᠦᠯᠵᠢᠶᠡᠨ᠎ᠤ ᠪᠢᠴᠢᠯ ᠣᠬᠤᠷ    ᠵᠦᠴᠦᠭᠡ᠂ ᠰᠦᠯᠵᠢᠶᠡᠨ᠎ᠤ ᠪᠢᠴᠢᠯ ᠺᠢᠨᠣ᠋᠂ ᠰᠦᠯᠵᠢᠶᠡᠨ᠎ᠤ ᠰᠢᠭᠤᠳ ᠨᠡᠪᠲᠡᠷᠡᠭᠦᠯᠭᠡ ᠵᠢᠨ ᠫᠷᠤᠭ᠌ᠷᠠᠮ᠂ ᠰᠦᠯᠵᠢᠶᠡᠨ᠎ᠤ ᠲᠠᠭᠤᠨ᠎ᠤ ᠳᠠᠪᠲᠠᠮᠵᠢ ᠵᠢᠨ ᠫᠷᠤᠭ᠌ᠷᠠᠮ᠂ ᠣᠬᠤᠷ ᠸᠢᠳᠢᠣ᠋᠂ ᠰᠦᠯᠵᠢᠶᠡᠨ᠎ᠤ ᠨᠡᠶ᠋ᠢᠲᠡ ᠵᠢᠨ ᠠᠰᠠᠷᠠᠮᠵᠢ ᠵᠢᠨ ᠣᠬᠤᠷ ᠹᠢᠯᠢᠮ ᠵᠡᠷᠭᠡ ᠵᠢ ᠪᠠᠭᠲᠠᠭ᠋ᠠᠨ᠎ᠠ᠃

     ᠬᠤᠶᠠᠷ᠂ ᠰᠢᠯᠢᠳᠡᠭ᠎ᠢ ᠳᠠᠨᠢᠯᠴᠠᠭᠣᠯᠬᠣ ᠪᠠᠷᠢᠮᠵᠢᠶ᠎ᠠ

     ᠲᠣᠣᠷᠠᠬᠢ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠢ ᠭᠤᠤᠯᠳᠡᠯᠭ᠎ᠠ᠎ᠲᠠᠢ ᠵᠣᠷᠢᠠᠠᠵᠢᠭᠤᠯᠥᠨ᠎ᠠ᠄

     (ᠨᠢᠭᠡ) ᠦᠵᠡᠯ ᠰᠠᠨᠠᠭ᠋ᠠᠨ᠎ᠤ ᠲᠤᠭ᠎ᠢ ᠥᠨᠳᠥᠷ ᠮᠠᠨᠳᠤᠭᠤᠯᠵᠤ᠂ ᠨᠠᠮ ᠪᠣᠯᠤᠨ ᠤᠯᠤᠰ ᠣᠷᠣᠨ᠎ᠤ ᠠᠵᠢᠯ᠎ᠤᠨ ᠶᠡᠬᠡ ᠲᠠᠯ᠎ᠠ᠎ᠳᠤ ᠦᠢ᠍ᠯᠡᠴᠢᠯᠡᠬᠦ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠠᠮᠢᠳᠣᠯᠢᠭ ᠤᠬᠠᠭᠤᠯᠤᠨ   ᠲᠠᠶ᠋ᠢᠯᠪᠤᠷᠢᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠭᠤᠣᠯ ᠰᠡᠳᠦᠪ ᠭᠤᠣᠯ ᠱᠣᠭᠣᠮ᠎ᠲᠠᠢ ᠨᠢᠭᠲᠠ ᠤᠶᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠵᠢᠨ ᠪᠣᠯᠪᠠᠰᠤᠨ᠎ᠤ ᠪᠦᠲᠦᠭᠡᠨ ᠪᠠᠶ᠋ᠢᠭᠤᠯᠤᠯᠲᠠ ᠵᠡᠷᠭᠡ ᠴᠢᠬᠤᠯᠠ ᠶᠡᠭᠡ ᠭᠤᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠰᠦᠯᠵᠢᠶᠡᠨ᠎ᠤ ᠦᠵᠡᠵᠦ ᠰᠣᠨᠣᠰᠬᠣ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠵᠢ ᠠᠮᠢᠳᠤᠯᠢᠭ ᠵᠶ᠋ᠠᠷ  ᠢᠯᠡᠷᠡᠭᠦᠯᠦᠨ᠎ᠡ᠃

     (ᠬᠤᠶᠠᠷ) ᠡᠬᠡ ᠣᠷᠣᠨᠴᠢ ᠦᠵᠡᠯ᠎ᠢ ᠢᠯᠡᠷᠡᠭᠦᠯᠵᠦ᠂ ᠨᠡᠢ᠍ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ  ᠪᠠᠳᠠᠷᠠᠭᠣᠯᠣᠨ᠎ᠠ᠃ ᠨᠠᠮ ᠪᠠᠶ᠋ᠢᠭᠤᠯᠬᠤ ᠠᠭᠤᠤ ᠶᠡᠭᠡ ᠵᠣᠷᠢᠭ ᠰᠠᠨᠠᠭ᠎ᠠ᠎ᠪᠠᠷ ᠡᠬᠢ ᠰᠤᠷᠪᠤᠯᠵᠢ ᠪᠣᠯᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ ᠰᠠᠨᠠᠭ᠋ᠠᠨ᠎ᠤ ᠴᠠᠳᠢᠭ᠎ᠢ ᠠᠮᠢᠳᠤᠯᠢᠭ ᠵᠶ᠋ᠠᠷ ᠢᠯᠡᠷᠡᠭᠦᠯᠵᠦ᠂ ᠡᠬᠡ ᠣᠷᠣᠨᠴᠢ ᠦᠵᠡᠯ᠂ ᠨᠡᠶ᠋ᠢᠲᠡᠴᠢ ᠦᠵᠡᠯ᠂ ᠨᠡᠶ᠋ᠢᠭᠡᠮ ᠵᠢᠷᠤᠮ᠎ᠤᠨ ᠬᠥᠮᠦᠵᠢᠯ᠎ᠢ ᠦᠯᠤ ᠮᠡᠳᠡᠭᠳᠡᠮ᠎ᠡ ᠬᠦᠨᠵᠡᠭᠡᠢ᠌ᠷᠡᠭᠦᠯᠵᠦ᠂ ᠡᠷᠳᠡᠮᠲᠡᠨ ᠮᠡᠷᠭᠡᠳ᠎ᠠᠴᠠ᠎ᠲᠠᠭᠠᠨ ᠰᠤᠷᠤᠯᠴᠠᠬᠤ᠂ ᠪᠠᠭ᠋ᠠᠲᠤᠷᠴᠤᠳ ᠵᠶ᠋ᠠᠨ ᠡᠷᠬᠢᠮᠯᠡᠬᠦ᠂ ᠬᠤᠰᠢᠭᠤᠴᠢ ᠪᠣᠯᠬᠤ᠎ᠪᠠᠷ ᠴᠢᠷᠮᠠᠶ᠋ᠢᠬᠤ ᠵᠢ ᠠᠬᠢᠭᠤᠯᠵᠤ᠂ ᠬᠥᠳᠡᠯᠮᠦᠷᠢ ᠵᠢᠨ ᠵᠣᠷᠢᠭ ᠰᠠᠨᠠᠭ᠎ᠠ᠂ ᠲᠡᠮᠡᠴᠡᠯ᠎ᠤᠨ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠠᠳᠠᠯ ᠦᠢ᠍ᠯᠡᠰ ᠴᠣᠭᠴᠠᠯᠠᠬᠤ ᠵᠣᠷᠢᠭ ᠰᠠᠨᠠᠭ᠎ᠠ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠵᠢ ᠰᠠᠨᠠᠭ᠋ᠠᠴᠢᠯᠠᠨ ᠰᠡᠳᠦᠵᠦ᠂ ᠠᠷᠠᠳ ᠲᠦᠮᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠮᠲᠤ ᠵᠢᠨ ᠬᠦᠰᠡᠯᠡᠩ᠎ᠢ ᠲᠠᠰᠤᠷᠠᠯᠲᠠ ᠦᠭᠡᠢ ᠪᠠᠲᠤᠳᠬᠠᠨ᠎ᠠ᠃

     (ᠭᠤᠷᠪᠠ) ᠰᠣᠶᠣᠯ᠎ᠤᠨ ᠢᠲᠡᠭᠡᠯ᠎ᠢ ᠪᠠᠲᠤᠳᠬᠠᠵᠤ᠂ ᠰᠣᠶᠣᠯ᠎ᠤᠨ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠠᠬᠢᠭᠤᠯᠤᠨ᠎ᠠ᠃ ᠳᠤᠮᠳᠠᠳᠤ ᠵᠢᠨ ᠰᠣᠶᠣᠯ᠎ᠤᠨ ᠵᠣᠭᠰᠣᠯᠲᠠ ᠵᠢ ᠪᠠᠲᠤ ᠰᠠᠬᠢᠵᠤ᠂ ᠡᠷᠲᠡᠨ᠎ᠤ᠎ᠬᠢ ᠵᠢ ᠡᠳᠦᠭᠡ᠎ᠳᠤ ᠬᠡᠷᠡᠭᠯᠡᠬᠦ᠂ ᠬᠠᠭᠤᠴᠢᠨ᠎ᠢ ᠤᠷᠬᠢᠵᠤ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠳᠤᠮᠳᠠᠳᠤ ᠵᠢᠨ ᠪᠣᠯᠪᠠᠰᠤᠨ᠎ᠤ ᠳᠤᠪᠤᠶ᠋ᠢᠮ᠎ᠠ ᠦᠷᠭᠦᠯᠵᠢᠯᠡᠬᠦ᠋ᠢ᠍ᠴᠡ ᠴᠢᠨᠠᠷ᠂ ᠰᠢᠨ᠎ᠡ ᠵᠢ ᠡᠭᠦᠳᠬᠦ ᠴᠢᠨᠠᠷ᠂ ᠨᠢᠭᠡᠳᠦᠮᠡᠯ ᠴᠢᠨᠠᠷ᠂ ᠪᠠᠭᠲᠠᠭ᠋ᠠᠮᠵᠢᠲᠤ ᠴᠢᠨᠠᠷ᠂ ᠡᠶ᠎ᠡ ᠨᠠᠶ᠋ᠢᠷᠠᠮᠳᠠᠭᠤ ᠴᠢᠨᠠᠷ᠎ᠢ ᠠᠮᠢᠳᠤᠯᠢᠭ ᠵᠶ᠋ᠠᠷ ᠢᠯᠡᠷᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠵᠢ ᠡᠭᠦᠳᠬᠦ ᠴᠢᠨᠠᠷᠲᠠᠢ ᠬᠥᠭᠵᠢᠯᠲᠡ ᠵᠢ ᠠᠬᠢᠭᠤᠯᠵᠤ᠂ ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ ᠲᠥᠪ ᠰᠤᠷᠲᠠᠯ ᠪᠠ ᠣᠮᠤᠭ ᠰᠦᠷ ᠵᠶ᠋ᠠᠷ ᠲᠡᠦᠬᠡ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠵᠦ᠂ ᠤᠳᠤ ᠦᠶ᠎ᠡ ᠵᠢᠨ ᠢᠷᠠᠭᠤ ᠬᠠᠭᠤᠳᠠᠰᠤ ᠵᠢ ᠪᠢᠴᠢᠭᠯᠡᠨ᠎ᠡ᠃

     (ᠲᠦᠷᠪᠡ) ᠪᠣᠳᠠᠲᠤ ᠠᠮᠢᠳᠤᠷᠠᠯ᠎ᠳᠤ ᠦᠨᠳᠦᠰᠦᠯᠡᠵᠦ᠂ ᠠᠷᠠᠳ ᠣᠯᠠᠨ᠎ᠤ ᠣᠶᠤᠨ ᠰᠠᠨᠠᠭ᠋ᠠᠨ᠎ᠤ ᠬᠦᠴᠦᠨ᠎ᠢ ᠨᠡᠮᠡᠭᠳᠡᠭᠦᠯᠵᠦ᠃ ᠠᠷᠠᠳ ᠤᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠤᠶᠤᠨ᠎ᠤ ᠪᠠ ᠰᠤᠶᠤᠯ᠎ᠤᠨ ᠬᠡᠷᠡᠭᠴᠡᠭᠡ ᠵᠢ ᠡᠵᠡᠮᠳᠡᠵᠦ᠂ ᠠᠷᠠᠳ ᠲᠦᠮᠡᠨ᠎ᠤ ᠦᠢ᠍ᠯᠡᠳᠦᠯᠭᠡ᠎ᠳᠤ ᠦᠨᠳᠦᠰᠦᠯᠡᠵᠦ᠂ ᠴᠠᠭ ᠦᠶ᠎ᠡ ᠵᠢᠨ ᠤᠷᠤᠰᠬᠠᠯ᠎ᠢ ᠰᠠᠯᠤᠯ ᠦᠭᠡᠢ ᠳᠠᠭ᠋ᠠᠵᠤ᠂ ᠠᠬᠤᠢ᠍ᠢ᠍ᠴᠢ ᠦᠵᠡᠯ᠎ᠤᠨ ᠵᠤᠷᠢᠭ ᠰᠠᠨᠠᠭ᠎ᠠ ᠪᠠ ᠷᠤᠮᠠᠨᠲ᠋ᠢᠭ ᠦᠵᠡᠯ᠎ᠤᠨ ᠬᠠᠶ᠋ᠢᠷ᠎ᠠ ᠰᠡᠳᠭᠢᠯᠭᠡ᠎ᠪᠠᠷ ᠠᠬᠤᠶ᠋ᠢᠴᠢ ᠠᠮᠢᠳᠤᠷᠠᠯ᠎ᠢ ᠬᠠᠷᠠᠭ᠋ᠠᠯᠵᠠᠨ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠨᠡᠶ᠋ᠢᠴᠡᠭᠦᠯᠵᠦ᠂ ᠠᠷᠠᠳ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠢ ᠲᠤᠰᠬᠠᠵᠤ᠂ ᠲᠡᠮᠡᠴᠡᠯ᠎ᠤᠨ ᠠᠮᠢᠳᠤᠷᠠᠯ᠎ᠢ ᠮᠠᠭᠲᠠᠨ ᠳᠠᠭᠤᠯᠠᠵᠤ᠂ ᠬᠠᠮᠤᠭ᠎ᠤᠨ ᠭᠤᠶᠤ ᠬᠥᠮᠦᠰ᠎ᠢ ᠵᠢᠷᠤᠭᠯᠠᠵᠤ᠂ ᠳᠤᠮᠳᠠᠳᠤ ᠵᠢᠨ ᠬᠥᠮᠦᠨ᠎ᠤ ᠬᠦᠰᠡᠯ ᠵᠡᠭᠦᠳᠦ᠎ᠪᠠᠨ ᠬᠥᠭᠡᠭᠡᠴᠡᠯᠳᠦᠬᠦ᠂ ᠵᠡᠭᠦᠳᠦ᠎ᠪᠠᠨ ᠴᠣᠭᠴᠠᠯᠠᠬᠤ᠂ ᠵᠡᠭᠦᠳᠦ᠎ᠪᠠᠨ ᠲᠡᠷᠭᠡᠯᠰᠢᠭᠦᠯᠦᠭᠰᠡᠨ ᠦᠯᠢᠭᠡᠷ᠎ᠢ ᠰᠠᠶ᠋ᠢᠲᠤᠷ ᠶᠠᠷᠢᠵᠤ᠂ ᠲᠠᠰᠤᠷᠠᠯᠳᠠ ᠦᠭᠡᠢ ᠤᠯᠠᠷᠢᠨ ᠮᠠᠨᠳᠤᠭᠰᠠᠨ ᠠᠷᠠᠳ᠎ᠤᠨ ᠲᠤᠤᠯᠢᠰ᠎ᠢ ᠪᠢᠴᠢᠭᠯᠡᠨ᠎ᠡ᠃

     (ᠲᠠᠪᠤ) ᠰᠣᠶᠣᠯ᠎ᠤᠨ ᠰᠣᠯᠢᠯᠴᠠᠭ᠎ᠠ ᠵᠢ ᠠᠬᠢᠭᠤᠯᠵᠤ᠂ ᠳᠤᠮᠳᠠᠳᠤ ᠤᠯᠤᠰ᠎ᠤᠨ ᠦᠯᠢᠭᠡᠷ᠎ᠢ ᠭᠠᠳᠠᠭᠰᠢ᠎ᠪᠠᠨ ᠳᠣᠮᠳᠠᠳᠣ ᠣᠯᠣᠰ᠎ᠤᠨ ᠦᠯᠢᠭᠡᠷ ᠵᠶ᠋ᠡᠨ ᠰᠠᠢ᠌ᠲᠣᠷ ᠶᠠᠷᠢᠨ᠎ᠠ᠃ ᠤᠯᠠᠨ ᠤᠯᠤᠰ᠎ᠤᠨ ᠳᠠᠮᠵᠢᠭᠤᠯᠭ᠎ᠠ ᠵᠢᠨ ᠬᠦᠷᠢᠶᠡᠨ᠎ᠤ ᠰᠢᠯᠵᠢᠮᠡᠯ ᠴᠢᠨᠠᠷ᠂ ᠨᠡᠶ᠋ᠢᠭᠡᠮ᠎ᠤᠨ ᠬᠠᠷᠢᠯᠴᠠᠭ᠎ᠠ ᠵᠢᠨ ᠴᠢᠨᠠᠷ᠂ ᠦᠵᠡᠭᠳᠡᠬᠦ᠋ᠢ᠍ᠴᠡ ᠬᠠᠨᠳᠤᠰᠢ ᠵᠢ    ᠡᠵᠡᠮᠳᠡᠵᠦ᠂ ᠨᠡᠭᠡᠭᠡᠯᠲᠡ᠎ᠲᠠᠢ ᠪᠠᠭᠲᠠᠭ᠋ᠠᠮᠵᠢᠲᠠᠢ ᠪᠠᠶ᠋ᠢᠬᠤ ᠵᠢ ᠪᠠᠷᠢᠮᠲᠠᠯᠠᠨ᠂ ᠭᠠᠳᠠᠭ᠋ᠠᠳᠤ ᠵᠢᠨ ᠰᠢᠯᠢᠳᠡᠭ ᠤᠳᠬ᠎ᠠ ᠤᠷᠠᠯᠢᠭ᠎ᠢ ᠰᠤᠷᠤᠯᠴᠠᠨ ᠲᠣᠯᠢᠯᠠᠵᠤ᠂ ᠭᠠᠳᠠᠨ᠎ᠠ᠎ᠠᠴᠠ ᠢᠷᠡᠭᠰᠡᠨ ᠰᠣᠶᠣᠯ᠎ᠢ ᠣᠷᠣᠨ ᠨᠤᠲᠤᠭᠴᠢᠯᠠᠬᠤ ᠵᠢ ᠠᠬᠢᠭᠣᠯᠵᠦ᠂ ᠳᠤᠮᠳᠠᠳᠤ ᠤᠯᠤᠰ᠎ᠤᠨ ᠭᠤᠸ᠎ᠠ ᠰᠠᠶ᠋ᠢᠬᠠᠨ᠎ᠤ ᠵᠣᠷᠢᠯᠭ᠎ᠠ ᠵᠢ ᠢᠯᠡᠷᠡᠭᠦᠯᠵᠦ᠂ ᠤᠳᠤ ᠦᠶ᠎ᠡ ᠵᠢᠨ ᠳᠤᠮᠳᠠᠳᠤ ᠤᠯᠤᠰ᠎ᠤᠨ ᠦᠷᠳᠡᠭ᠎ᠤᠨ ᠦᠵᠡᠯᠲᠡ ᠵᠢ ᠲᠠᠷᠬᠠᠭ᠋ᠠᠵᠤ᠂ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠦᠷᠳᠡᠭ᠎ᠤᠨ ᠬᠥᠭᠡᠭᠡᠴᠡᠯᠳᠦᠯ᠎ᠢ ᠲᠤᠰᠬᠠᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠳᠤᠮᠳᠠ ᠭᠠᠳᠠᠭ᠋ᠠᠳᠤ ᠵᠢᠨ ᠬᠦᠯᠢᠶᠡᠨ ᠠᠪᠤᠭᠴᠢᠳ᠎ᠢ ᠣᠯᠵᠤ᠂ ᠢᠲᠡᠭᠡᠯᠲᠡᠢ᠂ ᠬᠠᠢ᠌ᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ᠎ᠤᠨ ᠲᠦᠷᠢ ᠲᠥᠷᠬᠦ ᠵᠢ ᠢᠯᠡᠷᠡᠭᠦᠯᠦᠨ᠎ᠡ᠃

     (ᠵᠢᠷᠭᠤᠭ᠎ᠠ) ᠢᠳᠡᠪᠬᠢᠲᠡᠢ᠎ᠪᠠᠷ ᠰᠢᠨ᠎ᠡ ᠵᠢ ᠡᠭᠦᠳᠦᠨ ᠪᠦᠲᠦᠭᠡᠵᠦ᠂ ᠰᠦᠯᠵᠢᠶᠡᠨ᠎ᠤ ᠦᠵᠡᠵᠦ ᠰᠣᠨᠣᠰᠬᠤ ᠤᠳᠬ᠎ᠠ ᠤᠷᠠᠯᠢᠭ᠎ᠤᠨ ᠰᠢᠨ᠎ᠡ ᠠᠬᠤᠢ ᠪᠠᠶ᠋ᠢᠳᠠᠯ᠎ᠢ ᠨᠡᠭᠡᠭᠡᠨ᠎ᠡ᠃ ᠢᠨᠲ᠋ᠧᠷ ᠰᠦᠯᠵᠢᠶᠡᠨ᠎ᠤ ᠮᠡᠷᠭᠡᠵᠢᠯ ᠪᠠ ᠰᠢᠨ᠎ᠡ ᠵᠠᠭᠤᠴᠢᠯᠠᠭᠤᠷ᠎ᠤᠨ ᠤᠳᠬ᠎ᠠ ᠤᠷᠠᠯᠢᠭ᠎ᠤᠨ ᠬᠡᠯᠪᠡᠷᠢ ᠪᠠᠶ᠋ᠢᠳᠠᠯ᠎ᠳᠤ᠎ᠬᠢ ᠭᠦᠨᠵᠡᠭᠡᠢ ᠨᠥᠯᠥᠭᠡ ᠵᠢ ᠡᠵᠡᠮᠰᠢᠵᠦ᠂ ᠭᠤᠣᠯ ᠤᠷᠤᠰᠬᠠᠯ᠎ᠤᠨ ᠥᠷᠲᠡᠭ᠎ᠤᠨ ᠦᠵᠡᠯᠲᠡ ᠪᠠ ᠤᠳᠬ᠎ᠠ ᠤᠷᠠᠯᠢᠭ᠎ᠤᠨ ᠭᠤᠸ᠎ᠠ ᠰᠠᠶ᠋ᠢᠬᠠᠨ᠎ᠤ ᠬᠥᠭᠡᠭᠡᠴᠡᠯᠳᠦᠯ᠎ᠢ ᠪᠠᠲᠤ ᠰᠠᠬᠢᠳᠠᠭ ᠤᠷᠢᠲᠠᠯ ᠳᠣᠣᠷ᠎ᠠ᠂ ᠰᠦᠯᠵᠢᠶᠡᠨ᠎ᠤ ᠦᠵᠡᠵᠦ ᠰᠣᠨᠣᠰᠬᠤ 《ᠤᠷᠠᠯᠢᠭ + ᠮᠡᠷᠭᠡᠵᠢᠯ》᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠣᠶ᠋ᠢᠯᠠᠭ᠋ᠠᠭᠳᠠᠬᠤᠨ᠂ ᠠᠭᠤᠯᠭ᠎ᠠ᠂ ᠬᠡᠪ ᠨᠠᠮᠪᠠ᠂ ᠤᠷᠤᠰᠬᠠᠯ ᠪᠦᠯᠦᠭ᠎ᠢ ᠵᠣᠷᠢᠭᠲᠠᠢ᠎ᠪᠠᠷ ᠰᠢᠨᠡᠴᠢᠯᠡᠵᠦ᠂ ᠰᠡᠳᠦᠪ᠂ ᠰᠲ᠋ᠢᠯᠢ᠂ ᠬᠡᠯᠪᠡᠷᠢ᠂ ᠠᠷᠭ᠎ᠠ ᠪᠠᠷᠢᠯ᠎ᠢ ᠢᠳᠡᠪᠬᠢᠲᠡᠢ ᠦᠭᠡᠷᠡᠴᠢᠯᠡᠨ ᠰᠢᠨᠡᠴᠢᠯᠡᠵᠦ᠂ ᠪᠦᠲᠦᠭᠡᠯᠴᠢ ᠰᠡᠳᠬᠢᠮᠵᠢ ᠵᠢᠨ ᠬᠢᠷᠢ ᠲᠦᠪᠰᠢᠨ᠎ᠢ ᠶᠡᠬᠡᠪᠡᠷ ᠳᠡᠭᠡᠭᠰᠢᠯᠡᠭᠦᠯᠵᠦ᠂ ᠤᠷᠠᠯᠢᠭ᠎ᠤᠨ ᠢᠯᠡᠳᠭᠡᠬᠦ ᠨᠣᠲᠣᠭ ᠳᠡᠪᠢᠰᠭᠡᠷ᠎ᠢ ᠢᠳᠡᠪᠬᠢᠲᠡᠢ ᠥᠷᠭᠡᠳᠬᠡᠨ᠎ᠡ᠃

     (ᠳᠤᠯᠤᠭ᠎ᠠ) ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠤᠭᠰᠠᠨ 80 ᠵᠢᠯ᠎ᠤᠨ ᠤᠢ᠂ ᠽᠦᠨᠶᠢ ᠵᠢᠨ ᠬᠤᠷᠠᠯ ᠬᠤᠷᠠᠯᠳᠤᠭᠰᠠᠨ 90 ᠵᠢᠯ᠎ᠤᠨ ᠤᠢ᠂ 《ᠲᠠᠪᠤᠨ ᠰᠠᠷ᠎ᠠ ᠵᠢᠨ ᠭᠣᠴᠢᠨ》᠎ᠤ ᠬᠥᠳᠡᠯᠭᠡᠭᠡᠨ᠎ᠤ 100 ᠵᠢᠯ᠎ᠤᠨ ᠤᠢ᠂ ᠳᠤᠮᠳᠠᠳᠤ ᠵᠢᠨ ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠶ᠋ᠢᠭᠤᠯᠤᠭᠳᠠᠭᠰᠠᠨ 100 ᠵᠢᠯ᠎ᠤᠨ ᠤᠢ᠂ ᠳᠤᠮᠳᠠᠳᠤ ᠤᠯᠤᠰ᠎ᠤᠨ ᠠᠷᠠᠳ᠎ᠤᠨ ᠰᠠᠶ᠋ᠢᠨ ᠳᠤᠷ᠎ᠠ ᠵᠢᠨ ᠴᠡᠷᠢᠭ᠎ᠤᠨ ᠠᠮᠧᠷᠢᠺᠠ ᠵᠢ ᠡᠰᠡᠷᠭᠦᠴᠡᠨ ᠰᠣᠯᠣᠩᠭᠤᠰ᠎ᠢ ᠲᠤᠰᠠᠯᠠᠨ ᠭᠠᠳᠠᠭ᠋ᠠᠳᠤ᠎ᠳᠤ ᠭᠠᠷᠴᠤ ᠳᠠᠶ᠋ᠢᠨ ᠬᠢᠭᠰᠡᠨ 75 ᠵᠢᠯ᠎ᠤᠨ ᠤᠢ ᠵᠡᠷᠭᠡ ᠴᠢᠬᠤᠯᠠ ᠴᠠᠭ ᠬᠤᠭᠤᠴᠠᠭ᠎ᠠ ᠵᠢᠨ ᠵᠠᠩᠭᠢᠶᠠᠰᠣ᠎ᠲᠠᠢ ᠨᠢᠭᠲᠠ ᠤᠶᠠᠯᠳᠤᠭᠤᠯᠤᠨ᠂ ᠠᠩᠬᠠᠳᠠᠭᠴᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠴᠠᠭ᠋ᠠᠨ ᠰᠠᠷ᠎ᠠ ᠵᠡᠷᠭᠡ ᠤᠯᠠᠮᠵᠢᠯᠠᠯᠲᠤ ᠪᠠᠶᠠᠷ᠎ᠤᠨ ᠡᠳᠦᠷ᠎ᠤᠨ ᠠᠭᠤᠯᠤᠭᠳᠠᠬᠤᠨ᠎ᠢ ᠪᠠᠳᠠᠷᠠᠭᠤᠯᠵᠤ᠂ ᠶᠢᠰᠦᠳᠦᠭᠡᠷ ᠬᠤᠭᠤᠴᠠᠭ᠋ᠠᠨ᠎ᠤ ᠠᠽᠢᠶ᠎ᠠ ᠲᠢᠪ᠎ᠤᠨ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠂ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠡᠷᠭᠡ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠰᠢᠯᠢᠳᠡᠭ ᠪᠦᠲᠦᠭᠡᠯ᠎ᠢ ᠳᠡᠯᠭᠡᠨ ᠦᠵᠡᠭᠦᠯᠪᠡ᠃

     (ᠨᠠᠢ᠍ᠮᠠ) ᠥᠪᠡᠷᠲᠡᠭᠡᠨ ᠵᠠᠰᠠᠬᠤ ᠣᠷᠣᠨ᠎ᠤ ᠡᠯ᠎ᠡ ᠠᠵᠢᠯ ᠲᠥᠷᠥᠯ᠎ᠤᠨ᠎ᠬᠢᠨ 《ᠨᠢᠭᠡ ᠭᠤᠣᠯ ᠱᠣᠭᠤᠮ᠎ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ᠎ᠢ ᠨᠡᠭᠡᠭᠡᠵᠦ ᠳᠤᠮᠳᠠ ᠤᠷᠤᠰᠬᠠᠯ᠎ᠳᠤ ᠣᠷᠣᠬᠤ》᠂ 《ᠲᠠᠪᠤᠨ ᠶᠡᠭᠡ ᠡᠭᠦᠷᠭᠡ》 ᠵᠢ ᠠᠬᠢᠭᠤᠯᠬᠤ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ ᠵᠡᠷᠭᠡ ᠵᠣᠬᠢᠶᠠᠨ ᠪᠦᠲᠦᠭᠡᠭᠰᠡᠨ ᠰᠢᠯᠢᠳᠡᠭ ᠪᠦᠲᠦᠭᠡᠯ᠎ᠢ ᠠᠮᠢᠳᠤᠯᠢᠭ ᠵᠶ᠋ᠠᠷ ᠳᠡᠯᠭᠡᠨ ᠦᠵᠡᠭᠦᠯᠪᠡ᠃

     (ᠶᠢᠰᠦ) ᠥᠪᠥᠷ ᠮᠣᠩᠭᠣᠯ᠎ᠤᠨ ᠡᠬᠡ ᠭᠠᠵᠠᠷ ᠳᠡᠭᠡᠷᠡᠬᠢ ᠭᠦᠨ ᠵᠤᠵᠠᠭ᠋ᠠᠨ ᠲᠡᠦᠬᠡ ᠰᠤᠶᠤᠯ ᠪᠣᠯᠤᠨ ᠪᠠᠶᠠᠯᠢᠭ ᠬᠦᠮᠣᠨ ᠰᠣᠶᠣᠯ᠎ᠤᠨ ᠡᠬᠢ ᠪᠠᠶᠠᠯᠢᠭ᠎ᠢ ᠠᠮᠢᠳᠤᠯᠢᠭ ᠵᠶ᠋ᠠᠷ ᠬᠠᠷᠠᠭᠣᠯᠣᠨ᠎ᠠ᠃ ᠬᠣᠪᠢᠰᠬᠠᠯ᠎ᠤᠨ ᠰᠣᠶᠣᠯ ᠪᠠ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠤᠤᠯ᠎ᠤᠨ ᠰᠣᠶᠣᠯ᠂ ᠣᠷᠳᠣ ᠴᠠᠭ᠋ᠠᠨ ᠬᠡᠷᠡᠮ᠎ᠤᠨ ᠰᠣᠶᠣᠯ ᠵᠡᠷᠭᠡ ᠵᠢ ᠨᠢᠭᠡ ᠴᠣᠭᠴᠠᠵᠢᠯᠠᠬᠤ ᠵᠢᠨ ᠲᠣᠭᠤᠷᠢᠨ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ᠂ ᠡᠯ᠎ᠡ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠮᠣᠩᠭᠤᠯ ᠮᠣᠷᠢᠨ᠎ᠤ ᠵᠣᠷᠢᠭ ᠰᠠᠨᠠᠭ᠎ᠠ ᠪᠠ 《ᠭᠤᠷᠪᠠᠨ ᠤᠮᠠᠷᠠᠲᠤ ᠵᠢᠨ ᠵᠣᠷᠢᠭ ᠰᠠᠨᠠᠭ᠎ᠠ》᠎ᠪᠠᠷ ᠦᠨᠳᠦᠰᠦᠨ ᠠᠭᠤᠯᠭ᠎ᠠ ᠪᠣᠯᠭ᠋ᠠᠭᠰᠠᠨ ᠤᠮᠠᠷᠠᠲᠤ ᠬᠢᠯᠢ ᠵᠢᠨ ᠰᠣᠶᠣᠯ᠎ᠤᠨ ᠵᠣᠬᠢᠶᠠᠨ ᠪᠦᠲᠦᠭᠡᠭᠰᠡᠨ ᠰᠢᠯᠢᠳᠡᠭ ᠪᠦᠲᠦᠭᠡᠯ᠎ᠢ ᠬᠠᠮᠲᠤ᠎ᠪᠠᠷ ᠪᠠᠳᠠᠷᠠᠭᠣᠯᠣᠨ᠎ᠠ᠃

     ᠭᠤᠷᠪᠠ᠂ ᠮᠡᠳᠡᠭᠦᠯᠦᠨ ᠬᠦᠷᠭᠡᠬᠦ ᠱᠠᠭ᠋ᠠᠷᠳᠠᠯᠭ᠎ᠠ ᠵᠢᠴᠢ ᠦᠷ᠎ᠡ ᠳ᠋ᠦᠩ᠎ᠢ ᠨᠡᠶ᠋ᠢᠲᠡᠯᠡᠬᠦ

     (ᠨᠢᠭᠡ᠂ ᠮᠡᠳᠡᠭᠦᠯᠬᠦ ᠠᠷᠭ᠎ᠠ ᠮᠠᠶᠢᠭ᠃ ᠮᠡᠳᠡᠭᠦᠯᠬᠦ ᠠᠵᠢᠯ᠎ᠤᠨ ᠪᠥᠬᠦ ᠶᠠᠪᠤᠴᠠ ᠵᠢ ᠰᠦᠯᠵᠢᠶᠡᠨ ᠳᠡᠭᠡᠷ᠎ᠡ ᠶᠠᠪᠤᠭᠳᠠᠭᠤᠯᠵᠤ᠂ ᠮᠡᠳᠡᠭᠦᠯᠬᠦ ᠪᠠᠶ᠋ᠢᠭᠤᠯᠤᠮᠵᠢ ᠪᠤᠶᠤ ᠬᠤᠪᠢ ᠬᠥᠮᠦᠨ ᠤᠯᠠᠷᠢᠯ ᠪᠦᠷᠢ ᠮᠡᠳᠡᠭᠦᠯᠦᠨ ᠬᠦᠷᠭᠡᠬᠦ ᠡᠴᠣᠰ᠎ᠤᠨ ᠡᠳᠦᠷ᠎ᠠᠴᠠ ᠡᠮᠦᠨ᠎ᠡ 《ᠰᠢᠯᠢᠳᠡᠭ ᠰᠦᠯᠵᠢᠶᠡᠨ᠎ᠤ ᠦᠵᠡᠵᠦ ᠰᠣᠨᠣᠰᠬᠤ ᠪᠦᠲᠦᠭᠡᠯ ᠲᠠᠨᠢᠯᠴᠠᠭᠣᠯᠬᠣ ᠠᠵᠢᠯᠯᠠᠭ᠎ᠠ ᠵᠢᠨ ᠮᠡᠳᠡᠭᠦᠯᠬᠦ ᠰᠢᠰᠲ᠋ᠧᠮ》 (http://wlshen.nrta.gov.cn)᠎ᠢ ᠲᠡᠮᠳᠡᠭᠯᠡᠵᠦ ᠳᠠᠨᠭ᠌ᠰᠠᠨ᠎ᠤ ᠳ᠋ᠤᠭ᠋ᠠᠷ ᠵᠶ᠋ᠠᠨ ᠳᠠᠩᠰᠠᠯᠠᠭᠤᠯᠵᠤ᠂ ᠬᠡᠷᠡᠭᠯᠡᠭᠴᠢ ᠵᠢᠨ ᠭᠠᠷ ᠳᠡᠪᠲᠡᠷ᠎ᠢ ᠬᠢᠨᠠᠮᠠᠭ᠋ᠠᠶ ᠤᠩᠰᠢᠵᠤ᠂ ᠲᠠᠪᠴᠠᠩ᠎ᠤᠨ ᠬᠤᠯᠪᠣᠭᠳᠠᠯ ᠪᠥᠬᠦᠶ ᠲᠣᠳᠣᠷᠬᠠᠶ᠋ᠢᠯᠠᠯᠲᠠ ᠵᠢ ᠦᠨᠳᠦᠰᠦᠯᠡᠨ᠂ ᠬᠡᠷᠡᠭᠰᠡᠬᠦ ᠮᠡᠳᠡᠭᠡ ᠵᠠᠩᠭᠢ ᠵᠢ ᠪᠦᠷᠢᠨ ᠪᠦᠲᠦᠨ ᠲᠠᠭᠯᠠᠵᠤ᠂ 《ᠮᠤᠵᠢ ᠵᠢᠨ ᠲᠣᠪᠴᠢᠶ᠎ᠠ᠎ᠳᠤ ᠮᠡᠳᠡᠭᠦᠯᠬᠦ》 ᠪᠣᠯᠤᠩ᠎ᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ》᠎ᠪᠠᠷ ᠰᠣᠩᠭᠤᠬᠤ ᠵᠢᠨ ᠬᠠᠮᠲᠤ ᠮᠡᠳᠡᠭᠦᠯᠣᠯᠲᠡ᠎ᠪᠠᠨ ᠲᠤᠰᠢᠶᠠᠨ᠎ᠠ᠃

     (ᠬᠤᠶᠠᠷ) ᠮᠡᠳᠡᠭᠦᠯᠬᠦ ᠴᠠᠭ᠃ ᠤᠯᠠᠷᠢᠯ ᠪᠦᠷᠢ ᠵᠢᠨ ᠮᠡᠳᠡᠭᠦᠯᠬᠦ ᠡᠳᠦᠷ ᠬᠤᠭᠤᠴᠠᠭ᠎ᠠ ᠡᠴᠦᠰᠯᠡᠬᠦ ᠡᠳᠦᠷ᠎ᠢ ᠲᠣᠰ ᠲᠣᠰ 3 ᠳ᠋ᠤᠭ᠋ᠠᠷ ᠰᠠᠷ᠎ᠠ ᠵᠢᠨ 15᠎ᠤ ᠡᠳᠦᠷ᠂ 6 ᠳ᠋ᠤᠭ᠋ᠠᠷ ᠰᠠᠷ᠎ᠠ ᠵᠢᠨ 15᠎ᠤ ᠡᠳᠦᠷ᠂ 9 ᠳ᠋ᠦ᠍ᠭᠡᠷ ᠰᠠᠷ᠎ᠠ ᠵᠢᠨ 15᠎ᠤ ᠡᠳᠦᠷ᠂ 12 ᠳ᠋ᠤᠭ᠋ᠠᠷ ᠰᠠᠷ᠎ᠠ ᠵᠢᠨ 15᠎ᠤ ᠡᠳᠦᠷ ᠪᠣᠯᠣᠨ᠎ᠠ᠃

     (ᠭᠤᠷᠪᠠ) ᠮᠡᠳᠡᠭᠦᠯᠬᠦ ᠵᠤᠬᠢᠶᠠᠯ ᠪᠦᠲᠦᠭᠡᠯ᠎ᠤᠨ ᠱᠠᠭ᠋ᠠᠷᠳᠠᠯᠭ᠎ᠠ᠃ ᠮᠡᠳᠡᠭᠦᠯᠦᠭᠰᠡᠨ ᠵᠤᠬᠢᠶᠠᠯ ᠪᠦᠲᠦᠭᠡᠯ᠎ᠨᠢ ᠰᠢᠯᠭ᠋ᠠᠷᠠᠭᠤᠯᠤᠯᠲᠠ᠎ᠳᠤ ᠳᠠᠬᠢᠨ ᠳᠠᠪᠲᠠᠨ ᠣᠷᠣᠯᠴᠠᠵᠤ᠂ ᠣᠯᠠᠨ ᠲᠠᠯ᠎ᠠ᠎ᠠᠴᠠ ᠮᠡᠳᠡᠭᠦᠯᠵᠦ ᠪᠣᠯᠬᠤ ᠥᠬᠡᠶ᠂ ᠰᠢᠯᠢᠳᠡᠭ᠎ᠢ ᠲᠠᠨᠢᠯᠴᠠᠭᠣᠯᠬᠣ ᠰᠢᠯᠭ᠋ᠠᠷᠠᠭᠤᠯᠤᠯᠲᠠ᠎ᠳᠤ ᠣᠷᠣᠯᠴᠠᠭᠰᠠᠨ ᠰᠦᠯᠵᠢᠶᠡᠨ᠎ᠤ ᠵᠦᠴᠦᠭᠡ᠂ ᠰᠦᠯᠵᠢᠶᠡᠨ᠎ᠤ ᠺᠢᠨᠣ᠋᠂ ᠰᠦᠯᠵᠢᠶᠡᠨ᠎ᠤ ᠪᠠᠷᠢᠮᠲᠠᠲᠤ ᠺᠢᠨᠣ᠋᠂ ᠰᠦᠯᠵᠢᠶᠡᠨ᠎ᠤ ᠶᠡᠷᠦᠩᠬᠡᠶ᠋ᠢᠯᠡᠭᠰᠡᠨ ᠤᠷᠠᠯᠢᠭ᠎ᠤᠨ ᠫᠷᠤᠭ᠌ᠷᠠᠮ᠂ ᠰᠦᠯᠵᠢᠶᠡᠨ᠎ᠤ ᠺᠠᠷᠲ᠋ᠣᠨ ᠺᠢᠨᠣ᠋᠂ ᠰᠦᠯᠵᠢᠶᠡᠨ᠎ᠤ ᠪᠢᠴᠢᠯ ᠣᠬᠤᠷ    ᠵᠦᠴᠦᠭᠡ᠂ ᠰᠦᠯᠵᠢᠶ᠎ᠡ᠎ᠪᠠᠷ ᠰᠢᠭᠤᠳ ᠨᠡᠪᠲᠡᠷᠡᠭᠦᠯᠬᠦ ᠫᠷᠤᠭ᠌ᠷᠠᠮ᠎ᠳᠤ ᠱᠠᠭ᠋ᠠᠷᠳᠠᠯᠭ᠎ᠠ ᠶᠣᠰᠣᠭ᠋ᠠᠷ ᠲᠠᠷᠬᠠᠭ᠋ᠠᠯᠲᠠ ᠵᠢᠨ ᠦᠨᠡᠮᠯᠡᠯ᠎ᠤᠨ ᠳ᠋ᠤᠭ᠋ᠠᠷ᠎ᠢ ᠲᠠᠭᠯᠠᠨ ᠮᠡᠳᠡᠭᠦᠯᠬᠦ ᠪᠤᠶᠤ ᠰᠦᠯᠵᠢᠶᠡᠨ᠎ᠳᠤ ᠭᠠᠷᠴᠤ ᠳᠠᠩᠰᠠᠯᠠᠭᠤᠯᠬᠤ ᠨᠣᠮᠧᠷ᠎ᠢ ᠲᠠᠭᠯᠠᠵᠤ ᠮᠡᠳᠡᠭᠦᠯᠬᠦ ᠬᠡᠷᠡᠭᠲᠡᠶ᠃ ᠬᠡᠲᠦ ᠦᠨᠳᠦᠷ ᠲᠣᠩᠭ᠋ᠠᠯᠠᠭ ᠫᠷᠣᠭ᠌ᠷᠠᠮ᠂ AI᠎ᠪᠠᠷ ᠡᠭᠦᠳᠦᠭᠰᠡᠨ ᠸᠢᠳᠢᠤ᠋᠂ ᠰᠢᠷᠢᠰ ᠫᠷᠦᠭᠷᠡᠮ᠎ᠤᠨ ᠳᠣᠲᠣᠷᠠᠬᠢ ᠳᠠᠩ ᠪᠦᠯᠣᠭ᠌ (ᠬᠤᠭᠤᠴᠠᠭ᠎ᠠ)) ᠵᠣᠬᠢᠶᠠᠯ ᠪᠦᠲᠦᠭᠡᠯ᠎ᠨᠢ ᠲᠠᠨᠢᠯᠴᠠᠭᠤᠯᠬᠤ ᠮᠠᠲ᠋ᠧᠷᠢᠶᠠᠯ᠎ᠢ ᠮᠡᠳᠡᠭᠦᠯᠦᠨ ᠬᠦᠷᠭᠡᠬᠦ᠎ᠳᠤ᠂ ᠰᠢᠰᠲ᠋ᠧᠮ ᠵᠶ᠋ᠠᠷ ᠲᠠᠭᠯᠠᠨ ᠮᠡᠳᠡᠭᠦᠯᠬᠦ ᠦᠶ᠎ᠡ᠎ᠳᠤ ᠲᠣᠳᠣᠷᠬᠠᠢ ᠲᠣᠳᠣᠷᠬᠠᠶ᠋ᠢᠯᠠᠬᠤ ᠬᠡᠷᠡᠭᠲᠡᠢ᠃

     ᠵᠣᠬᠢᠶᠠᠭᠴᠢ ᠪᠤᠶᠤ ᠭᠤᠤᠯ ᠡᠭᠦᠳᠦᠭᠴᠢ ᠪᠦᠲᠦᠭᠡᠯ᠎ᠤᠨ ᠲᠦᠷᠤᠯ ᠵᠦᠢ᠍ᠯ ᠶᠣᠰᠣᠭ᠋ᠠᠷ ᠪᠤᠳᠠᠲᠠᠶ ᠮᠡᠳᠡᠭᠦᠯᠬᠦ ᠬᠡᠷᠡᠭᠲᠡᠶ᠃ ᠳᠣᠤᠷᠠᠬᠢ ᠪᠠᠶ᠋ᠢᠳᠠᠯ᠎ᠢ ᠦᠨᠳᠦᠰᠦᠯᠡᠨ          《ᠬᠠᠮᠲᠤ》 ᠵᠢᠨ ᠪᠦᠲᠦᠭᠡᠯ ᠵᠶ᠋ᠠᠷ ᠮᠡᠳᠡᠭᠦᠯᠦᠨ᠎ᠡ᠄ ᠣᠬᠤᠷ ᠸᠢᠳᠢᠣ᠋᠂ ᠰᠦᠯᠵᠢᠶᠡᠨ᠎ᠤ ᠨᠡᠶ᠋ᠢᠲᠡ ᠵᠢᠨ ᠠᠰᠠᠷᠠᠮᠵᠢ ᠵᠢᠨ ᠣᠬᠤᠷ ᠹᠢᠯᠢᠮ᠎ᠤᠨ ᠪᠦᠲᠦᠭᠡᠯ᠎ᠤᠨ ᠭᠤᠤᠯ ᠡᠭᠦᠳᠦᠭᠴᠢ 6 ᠬᠥᠮᠦᠨ᠎ᠢ ᠳᠠᠪᠠᠵᠤ᠂ ᠰᠦᠯᠵᠢᠶᠡᠨ᠎ᠤ ᠵᠦᠴᠦᠭᠡ᠂ ᠰᠦᠯᠵᠢᠶᠡᠨ᠎ᠤ ᠺᠢᠨᠣ᠋᠂ ᠰᠦᠯᠵᠢᠶᠡᠨ᠎ᠤ ᠶᠡᠷᠦᠩᠬᠡᠶ᠋ᠢᠯᠡᠭᠰᠡᠨ ᠤᠷᠠᠯᠢᠭ᠂ ᠰᠦᠯᠵᠢᠶᠡᠨ᠎ᠤ ᠺᠠᠷᠲ᠋ᠣᠨ ᠺᠢᠨᠣ᠋᠂ ᠰᠦᠯᠵᠢᠶᠡᠨ᠎ᠤ ᠪᠢᠴᠢᠯ ᠤᠬᠣᠷ ᠵᠦᠴᠦᠭᠡ᠂ ᠰᠦᠯᠵᠢᠶᠡᠨ᠎ᠤ ᠪᠢᠴᠢᠯ ᠺᠢᠨᠣ᠋᠂ ᠰᠦᠯᠵᠢᠶᠡᠨ᠎ᠤ ᠪᠠᠷᠢᠮᠲᠠᠲᠤ ᠺᠢᠨᠤ᠋᠂ ᠰᠦᠯᠵᠢᠶᠡᠨ᠎ᠤ ᠳᠠᠭᠣᠨ ᠳᠠᠪᠲᠠᠮᠵᠢ ᠵᠢᠨ ᠫᠷᠣᠭ᠌ᠷᠠᠮ᠎ᠤᠨ ᠭᠤᠤᠯ ᠡᠭᠦᠳᠦᠭᠴᠢ᠎ᠨᠢ 8 ᠬᠥᠮᠦᠨ᠎ᠢ ᠳᠠᠪᠠᠵᠤ᠂ ᠰᠦᠯᠵᠢᠶᠡᠨ᠎ᠤ ᠰᠢᠭᠤᠳ ᠨᠡᠪᠲᠡᠷᠡᠭᠦᠯᠭᠡ᠂ ᠰᠢᠷᠢᠰ ᠣᠬᠤᠷ ᠸᠢᠳᠢᠤ᠋ ᠵᠢᠨ ᠭᠤᠤᠯ  ᠡᠭᠦᠳᠦᠭᠴᠢ᠎ᠨᠢ 10 ᠬᠥᠮᠦᠨ᠎ᠢ ᠳᠠᠪᠠᠭᠰᠠᠨ ᠪᠠᠢ᠌ᠪᠠᠯ᠃

     (ᠲᠦᠷᠪᠡ) ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠳᠥᠷᠪᠡᠳᠦᠭᠡᠷ ᠤᠯᠠᠷᠢᠯ᠎ᠳᠤ ᠰᠢᠯᠢᠳᠡᠭ᠎ᠢ᠎ᠨᠢ ᠲᠠᠨᠢᠯᠴᠭᠣᠯᠵᠦ ᠰᠢᠯᠭ᠋ᠠᠷᠠᠭᠣᠯᠬᠣ ᠦᠶ᠎ᠡ᠎ᠳᠤ᠂ ᠣᠨ᠎ᠤ ᠰᠢᠯᠢᠳᠡᠭ ᠳᠠᠮᠵᠢᠭᠤᠯᠭ᠎ᠠ ᠵᠢᠨ ᠬᠡᠷᠡᠭ᠎ᠤᠨ ᠵᠢᠱ᠌ᠢᠶ᠎ᠡ ᠵᠢ ᠰᠢᠯᠭ᠋ᠠᠷᠠᠭᠤᠯᠤᠨ᠎ᠠ᠃ ᠡᠯ᠎ᠡ ᠨᠢᠭᠡᠴᠢ᠎ᠨᠦᠭᠦᠳ ᠳᠥᠷᠪᠡᠳᠦᠭᠡᠷ ᠤᠯᠠᠷᠢᠯ᠎ᠤᠨ ᠰᠢᠯᠢᠳᠡᠭ ᠪᠦᠲᠦᠭᠡᠯ᠎ᠢ ᠲᠠᠨᠢᠯᠴᠠᠭᠤᠯᠬᠤ᠎ᠪᠠᠷ ᠮᠡᠳᠡᠭᠦᠯᠬᠦ᠎ᠳᠤ᠂ 2025 ᠣᠨ᠎ᠳᠤ ᠥᠷᠨᠢᠭᠦᠯᠦᠭᠰᠡᠨ ᠲᠣᠰ ᠮᠡᠳᠡᠭᠳᠡᠯ᠎ᠳᠤ ᠵᠢᠭᠰᠠᠭ᠋ᠠᠭᠰᠠᠨ ᠰᠢᠯᠢᠳᠡᠭ ᠪᠠᠷᠢᠮᠵᠢᠶ᠎ᠠ᠎ᠳᠤ ᠨᠡᠶ᠋ᠢᠴᠡᠭᠰᠡᠨ ᠰᠢᠯᠢᠳᠡᠭ ᠰᠦᠯᠵᠢᠶᠡᠨ᠎ᠤ ᠦᠵᠡᠵᠦ ᠰᠣᠨᠣᠰᠬᠤ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ᠂ ᠪᠦᠲᠦᠭᠡᠯᠴᠢ ᠰᠡᠳᠬᠢᠮᠵᠢ ᠵᠢ ᠳᠡᠯᠭᠡᠷᠡᠭᠦᠯᠬᠦ ᠠᠵᠢᠯᠯᠠᠭ᠎ᠠ᠂ ᠰᠢᠨ᠎ᠡ ᠵᠢ ᠡᠭᠦᠳᠴᠦ ᠳᠡᠯᠭᠡᠷᠡᠭᠦᠯᠬᠦ ᠦᠢ᠍ᠯᠡᠳᠦᠯᠭᠡᠵᠢᠭᠦᠯᠬᠦ ᠵᠡᠷᠭᠡ ᠵᠢ ᠮᠠᠨ᠎ᠤ ᠲᠣᠪᠴᠢᠶ᠎ᠠ᠎ᠳᠤ ᠮᠡᠳᠡᠭᠦᠯᠵᠦ ᠪᠣᠯᠤᠨ᠎ᠠ᠃

     (ᠲᠠᠪᠤ) ᠪᠥᠬᠦ ᠣᠷᠣᠨ᠎ᠤ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠤᠯᠠᠷᠢᠯ᠎ᠳᠤ ᠰᠢᠯᠢᠳᠡᠭ᠎ᠢ᠎ᠨᠢ ᠲᠠᠨᠢᠯᠴᠠᠭᠤᠯᠬᠤ ᠪᠦᠲᠦᠭᠡᠯ ᠵᠶ᠋ᠠᠷ ᠰᠣᠩᠭᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠵᠠᠰᠠᠭ᠎ᠤᠨ ᠣᠷᠳᠣᠨ᠎ᠤ ᠰᠦᠯᠵᠢᠶ᠎ᠡ (https://gbdsj.nmg.gov.cn)᠎ᠨᠢ ᠨᠡᠶ᠋ᠢᠭᠡᠮ᠎ᠳᠤ ᠨᠡᠶ᠋ᠢᠲᠡᠯᠡᠵᠦ᠂ ᠣᠯᠠᠨ᠎ᠳᠤ ᠵᠠᠷᠯᠠᠨ ᠰᠠᠢ᠌ᠰᠢᠶᠠᠵᠤ᠂ ᠢᠷᠠᠭᠤ ᠠᠯᠳᠠᠷ᠎ᠤᠨ ᠦᠨᠡᠮᠯᠡᠯ᠂ ᠲᠡᠳᠬᠦᠬᠦ ᠪᠡᠯᠡ ᠮᠥᠩᠭᠥ ᠣᠯᠭᠣᠬᠤ ᠬᠡᠷᠡᠭᠲᠡᠶ᠃ ᠤᠯᠠᠷᠢᠯ ᠪᠥᠷᠢ 30  ᠢᠵᠢ ᠰᠢᠯᠢᠳᠡᠭ᠎ᠢ ᠲᠠᠨᠢᠯᠴᠠᠭᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠰᠢᠯᠢᠳᠡᠭ᠎ᠢ᠎ᠨᠢ  ᠲᠠᠨᠢᠯᠴᠠᠭᠣᠯᠬᠣ ᠠᠵᠢᠯ᠎ᠤᠨ ᠳᠤᠮᠳᠠ ᠵᠣᠬᠢᠶᠠᠨ ᠪᠠᠶ᠋ᠢᠭᠤᠯᠤᠭᠰᠠᠨ᠎ᠨᠢ ᠡᠮᠬᠢ ᠵᠢᠷᠤᠮ᠎ᠲᠠᠢ᠂ ᠵᠣᠬᠢᠴᠠᠭᠤᠯᠭ᠎ᠠ᠎ᠨᠢ ᠬᠦᠴᠦᠲᠡᠶ᠂ ᠰᠣᠩᠭᠤᠭᠳᠠᠭᠰᠠᠨ ᠪᠦᠲᠦᠭᠡᠯ᠎ᠤᠨ ᠲᠤᠭ᠎ᠠ ᠬᠡᠮᠵᠢᠶ᠎ᠡ᠎ᠨᠢ ᠣᠯᠠᠨ ᠪᠤᠶᠤ ᠢᠯᠡᠳᠲᠡ ᠳᠠᠪᠰᠢᠯᠲᠠ᠎ᠲᠠᠢ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠨᠢᠭᠡᠴᠢ ᠵᠢ ᠣᠨ᠎ᠤ ᠣᠯᠠᠨ᠎ᠳᠤ ᠵᠠᠷᠯᠠᠨ ᠰᠠᠶ᠋ᠢᠰᠢᠶᠠᠬᠤ ᠵᠢ ᠶᠠᠪᠣᠭᠳᠠᠭᠣᠯᠣᠨ᠎ᠠ᠃ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠢᠯᠢᠳᠡᠭ᠎ᠢ ᠲᠠᠨᠢᠯᠴᠠᠭᠣᠯᠬᠣ ᠵᠢ ᠣᠯᠣᠭᠰᠠᠨ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠪᠦᠬᠦ ᠣᠷᠣᠨ᠎ᠤ ᠰᠦᠯᠵᠢᠶᠡᠨ᠎ᠤ ᠦᠵᠡᠵᠦ ᠰᠣᠨᠣᠰᠬᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠲᠠᠨᠢᠯᠴᠠᠭᠤᠯᠤᠨ ᠨᠡᠪᠲᠡᠷᠡᠭᠦᠯᠬᠦ᠎ᠪᠠᠷ ᠲᠣᠬᠢᠷᠠᠭᠤᠯᠬᠤ ᠬᠡᠷᠡᠭᠲᠡᠢ᠃

      ᠳᠥᠷᠪᠡ᠂ ᠠᠵᠢᠯ᠎ᠤᠨ ᠱᠠᠭ᠋ᠠᠷᠳᠠᠯᠭ᠎ᠠ

      ᠡᠯ᠎ᠡ ᠠᠶ᠋ᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠡᠯ᠎ᠡ ᠬᠠᠮᠢᠶ᠎ᠠ ᠪᠦᠬᠦᠢ ᠨᠢᠭᠡᠴᠢ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠤᠰ ᠠᠵᠢᠯᠯᠠᠭ᠎ᠠ ᠵᠢ ᠪᠦᠬᠦ ᠵᠢᠯ᠎ᠤᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ ᠨᠢᠭᠡ ᠵᠦᠢ᠍ᠯ᠎ᠤᠨ ᠭᠤᠣᠯᠳᠠᠯᠭ᠎ᠠ᠎ᠲᠠᠢ ᠠᠵᠢᠯ ᠪᠣᠯᠭ᠋ᠠᠵᠤ᠂ ᠬᠠᠷᠢᠶ᠎ᠠ ᠣᠷᠣᠨ᠎ᠤ ᠳᠣᠲᠣᠷᠠᠬᠢ ᠬᠠᠮᠢᠶ᠎ᠠ ᠪᠦᠬᠦᠢ ᠪᠠᠶ᠋ᠢᠭᠤᠯᠤᠮᠵᠢ᠂ ᠲᠤᠰ  ᠨᠢᠭᠡᠴᠢ ᠵᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢᠳᠡᠪᠬᠢᠲᠡᠢ ᠣᠷᠣᠯᠴᠠᠭᠤᠯᠵᠤ᠂ ᠤᠯᠠᠷᠢᠯ ᠪᠦᠷᠢ ᠵᠢᠨ ᠴᠠᠭ᠎ᠤᠨ  ᠵᠠᠩᠭᠢᠶᠠᠰᠣ᠎ᠤᠨ ᠱᠠᠭ᠋ᠠᠷᠳᠠᠯᠭ᠎ᠠ ᠶᠣᠰᠣᠭ᠋ᠠᠷ ᠰᠢᠯᠢᠳᠡᠭ ᠪᠦᠲᠦᠭᠡᠯ ᠵᠶ᠋ᠠᠨ ᠮᠡᠳᠡᠭᠦᠯᠦᠨ ᠬᠦᠷᠭᠡᠬᠦ ᠵᠢᠨ ᠬᠠᠮᠲᠤ ᠬᠠᠷᠢᠶ᠎ᠠ ᠪᠠ ᠭᠤᠣᠯᠯᠠᠨ ᠡᠷᠬᠢᠯᠡᠭᠰᠡᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠦᠯᠵᠢᠶ᠎ᠡ᠂ ᠰᠢᠯᠵᠢᠮᠡᠯ ᠬᠡᠷᠡᠭᠯᠡᠭᠴᠢ ᠵᠢᠨ ᠦᠵᠦᠭᠦᠷ᠎ᠤᠨ ᠲᠡᠷᠢᠭᠦᠨ ᠨᠢᠭᠤᠷ᠎ᠲᠤ ᠡᠯᠰᠡᠬᠦ ᠠᠵᠢᠯᠯᠠᠭ᠎ᠠ ᠵᠢᠨ ᠮᠡᠳᠡᠭᠡ ᠵᠠᠩᠬᠢ ᠵᠢ ᠦᠷᠭᠡᠨ ᠵᠶ᠋ᠡᠷ ᠨᠡᠢ᠌ᠲᠡᠯᠡᠪᠡ᠃

      ᠤᠯᠠᠷᠢᠯ ᠪᠦᠷᠢ᠎ᠳᠤ ᠰᠢᠯᠢᠳᠡᠭ᠎ᠢ᠎ᠨᠢ ᠲᠠᠨᠢᠯᠴᠠᠭᠣᠯᠬᠣ ᠠᠵᠢᠯ᠎ᠢ ᠦᠷᠨᠢᠬᠦᠯᠬᠦ᠎ᠠᠴᠠ ᠡᠮᠤᠨ᠎ᠠ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ ᠠᠰᠳᠠᠭ᠋ᠠᠨ ᠪᠢᠴᠢᠭ ᠮᠠᠲ᠋ᠧᠷᠢᠶᠠᠯ ᠨᠡᠢ᠌ᠳᠡᠯᠡᠬᠦ ᠦᠬᠡᠢ᠂ ᠡᠯ᠎ᠡ ᠠᠶ᠋ᠢᠮᠠᠭ ᠬᠤᠳᠠ ᠪᠠ ᠮᠠᠨᠵᠤᠤᠷ ᠬᠤᠳᠠ᠂ ᠡᠷᠢᠶᠡᠨ ᠬᠤᠳᠠ ᠵᠢᠨ ᠷᠠᠳᠢᠤ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ ᠵᠢᠴᠢ ᠡᠯ᠎ᠡ ᠬᠠᠮᠢᠶ᠎ᠠ ᠪᠦᠭᠦᠢ ᠨᠢᠭᠡᠴᠢ᠎ᠨᠢ ᠲᠤᠰ ᠮᠡᠳᠡᠭᠳᠡᠯ᠎ᠳᠤ ᠵᠢᠭᠰᠠᠭ᠋ᠠᠭᠰᠠᠨ ᠴᠠᠭ᠎ᠤᠨ ᠵᠠᠩᠭᠢᠶᠠᠰᠤ ᠶᠤᠰᠤᠭ᠋ᠠᠷ ᠰᠤᠩᠭᠤᠵᠤ ᠵᠤᠬᠢᠶᠠᠨ ᠪᠠᠶ᠋ᠢᠭᠤᠯᠬᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃

      ᠣᠨᠴᠠᠭ᠋ᠠᠶ᠋ᠢᠯᠠᠨ ᠮᠡᠳᠡᠭᠳᠡᠪᠡ᠃

                                         ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
                                                           2025 ᠣᠨ᠎ᠤ 3  ᠳ᠋ᠤᠭ᠋ᠠᠷ ᠰᠠᠷ᠎ᠠ ᠵᠢᠨ 7᠎ᠤ ᠡᠳᠦᠷ

      (ᠬᠠᠷᠢᠯᠴᠠᠬᠣ ᠬᠦᠮᠣᠨ᠄ ᠶᠣᠣ ᠸᠧᠢ᠂ ᠬᠠᠷᠢᠯᠴᠠᠬᠣ ᠣᠲᠠᠰᠣ᠄ 0471-4590081 ᠂ 18147145322)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ