ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠣᠭᠣᠴᠠᠭ᠋ᠠᠨ᠎ᠤ ᠲᠥᠪ ᠬᠣᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠣᠯᠵᠦ ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠠᠵᠢᠯ᠎ᠤᠨ ᠪᠠᠢ᠌ᠷᠢᠯᠠᠭᠣᠯᠣᠯᠲᠠ ᠵᠢ ᠨᠠᠢ᠌ᠳᠠᠪᠣᠷᠢᠵᠢᠭᠣᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠣᠯᠲᠠ ᠵᠢᠨ ᠲᠣᠪᠴᠢᠶ᠎ᠠ᠎ᠲᠠᠢ ᠬᠠᠮᠲᠤᠷᠠᠨ 《ᠤᠰᠤ ᠠᠷᠪᠢᠯᠠᠵᠤ ᠬᠡᠷᠡᠭᠯᠡᠬᠦ᠂ ᠤᠮᠠᠷᠠᠲᠤ ᠬᠢᠯᠢ᠎ᠨᠢ ᠠᠵᠢᠯᠯᠠᠵᠤ ᠪᠣᠢ 》 ᠭᠡᠬᠦ ᠪᠥᠬᠦ ᠣᠷᠣᠨ᠎ᠤ ᠷᠠᠳᠢᠤ᠋ ᠨᠡᠪᠲᠡᠷᠡᠭᠦᠯᠭᠡ ᠵᠢᠨ ᠦᠵᠡᠵᠦ ᠰᠣᠨᠣᠰᠬᠣ ᠨᠡᠢ᠌ᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠣᠷᠣᠯᠳᠣᠭ᠋ᠠᠨ᠎ᠢ ᠬᠠᠮᠲᠣᠪᠡᠷ ᠡᠷᠬᠢᠯᠡᠵᠦ ᠂ ᠨᠢᠭᠡ ᠪᠦᠯᠦᠭ ᠤᠰᠤ ᠠᠷᠪᠢᠯᠠᠬᠤ ᠭᠤᠤᠯ ᠰᠡᠳᠦᠪᠲᠦ ᠰᠢᠯᠢᠳᠡᠭ ᠪᠦᠲᠦᠭᠡᠯ᠎ᠢ ᠬᠦᠴᠦᠯᠡᠨ ᠭᠠᠷᠭ᠋ᠠᠵᠤ᠂ ᠦᠵᠡᠵᠦ ᠰᠣᠨᠣᠰᠬᠣ ᠨᠡᠢ᠌ᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠣᠬᠣᠷ ᠠᠪᠰᠠᠷᠬᠠᠨ ᠴᠣᠪᠣᠭ᠋ᠠᠯᠢᠭ᠂ ᠳᠠᠮᠵᠢᠭᠣᠯᠬᠣ᠎ᠳᠤ ᠳᠦᠭᠦᠮ ᠪᠠᠢ᠌ᠳᠠᠭ ᠳᠠᠪᠠᠭᠣᠯᠢᠭ ᠣᠨᠴᠠᠯᠢᠭ᠎ᠢ ᠭᠦᠢ᠍ᠴᠡᠳ ᠪᠠᠳᠠᠷᠠᠭᠤᠯᠵᠤ᠂ ᠤᠮᠠᠷᠠᠲᠤ ᠬᠢᠯᠢ ᠵᠢᠨ ᠤᠰᠤ ᠠᠷᠪᠢᠯᠠᠭᠰᠠᠨ ᠦᠯᠢᠭᠡᠷ᠎ᠢ ᠶᠠᠷᠢᠵᠤ᠂ ᠤᠰᠤ ᠠᠷᠪᠢᠯᠠᠬᠤ ᠠᠭᠣᠷ ᠠᠮᠢᠰᠬᠣᠯ᠎ᠢ ᠪᠣᠢ ᠪᠣᠯᠭ᠋ᠠᠵᠤ᠂ ᠡᠯ᠎ᠡ ᠲᠠᠯ᠎ᠠ ᠵᠢᠨ᠎ᠬᠢᠨ᠎ᠤ ᠤᠰᠤ ᠠᠷᠪᠢᠯᠠᠵᠤ ᠬᠡᠷᠡᠭᠯᠡᠬᠦ ᠳᠠᠳᠬᠠᠯ᠎ᠲᠠᠢ ᠪᠣᠯᠬᠤ ᠵᠢ ᠠᠬᠢᠭᠣᠯᠣᠨ᠂ ᠦᠪᠡᠷᠲᠡᠭᠡᠨ ᠵᠠᠰᠠᠬᠣ ᠣᠷᠣᠨ᠎ᠤ ᠤᠰᠤ ᠠᠷᠪᠢᠯᠠᠬᠤ ᠠᠵᠢᠯᠯᠠᠭ᠎ᠠ᠎ᠳᠤ ᠬᠦᠴᠣᠨ ᠨᠡᠮᠡᠷᠢᠯᠡᠨ᠎ᠡ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠤᠷᠤᠯᠳᠤᠭ᠋ᠠᠨ᠎ᠤ ᠭᠤᠤᠯ ᠰᠡᠳᠦᠪ
ᠤᠷᠤᠯᠳᠤᠭ᠋ᠠᠨ᠎ᠨᠢ 《ᠤᠰᠤ ᠵᠢ ᠠᠷᠪᠢᠯᠠᠵᠤ ᠬᠡᠷᠡᠭᠯᠡᠬᠦ᠂ ᠤᠮᠠᠷᠠᠲᠤ ᠬᠢᠯᠢ ᠨᠢ ᠠᠵᠢᠯᠯᠠᠵᠦ ᠪᠣᠢ 》᠎ᠪᠠᠷ ᠭᠤᠣᠯ ᠰᠡᠳᠦᠪ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠵᠢᠯ᠎ᠤᠨ ᠭᠤᠣᠯ ᠰᠢᠵᠢᠮ᠎ᠢ ᠪᠠᠲᠤᠳᠬᠠᠬᠤ ᠵᠢ ᠪᠠᠷᠢᠮᠲᠠᠯᠠᠵᠤ᠂ ᠭᠤᠣᠯᠳᠠᠭᠤ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠠᠵᠦ ᠠᠬᠤᠢ ᠂ ᠮᠠᠯ ᠠᠵᠤ ᠠᠬᠤᠢ᠂ ᠠᠵᠤ ᠦᠢ᠍ᠯᠡᠳᠪᠦᠷᠢ᠂ ᠬᠤᠳᠠ ᠬᠥᠳᠡᠭᠡ᠂ ᠠᠮᠢ ᠠᠬᠤᠢ ᠵᠡᠷᠭᠡ ᠡᠯ᠎ᠡ ᠬᠦᠷᠢᠶᠡᠨ᠎ᠤ ᠤᠰᠤ ᠠᠷᠪᠢᠯᠠᠵᠤ ᠤᠰᠤ ᠬᠡᠷᠡᠭᠯᠡᠬᠦ ᠠᠷᠭ᠎ᠠ ᠬᠡᠮᠵᠢᠶ᠎ᠡ᠂ ᠦᠷ᠎ᠡ ᠪᠦᠲᠦᠮᠵᠢ ᠵᠢᠴᠢ ᠤᠰᠤ ᠠᠷᠪᠢᠯᠠᠬᠤ ᠶᠡᠷᠦ ᠵᠢᠨ ᠮᠡᠳᠡᠯᠭᠡ ᠵᠢᠨ ᠪᠦᠲᠦᠭᠡᠯᠴᠢ ᠪᠦᠲᠦᠭᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠣᠩᠭᠤᠯ ᠮᠣᠷᠢᠨ᠎ᠤ ᠵᠣᠷᠢᠭ ᠰᠠᠨᠠᠭ᠎ᠠ᠂ 《ᠭᠤᠷᠪᠠᠨ ᠤᠮᠠᠷᠠᠲᠤ ᠵᠢᠨ ᠵᠣᠷᠢᠭ ᠰᠠᠨᠠᠭ᠎ᠠ》᠂ ᠬᠤᠪᠢᠰᠬᠠᠯᠲᠤ ᠰᠣᠶᠣᠯ᠂ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠤᠣᠯ᠎ᠤᠨ ᠰᠣᠶᠣᠯ ᠵᠡᠷᠭᠡ ᠤᠮᠠᠷᠠᠲᠤ ᠬᠢᠯᠢ ᠵᠢᠨ ᠰᠣᠶᠣᠯ᠎ᠤᠨ ᠠᠭᠤᠯᠤᠭᠳᠠᠬᠤᠨ ᠵᠢᠴᠢ 《ᠨᠢᠭᠡ ᠮᠥᠷᠡᠨ᠎ᠤ ᠤᠰᠤ ᠵᠢ ᠬᠠᠮᠲᠣᠪᠡᠷ ᠣᠣᠭᠣᠪᠠᠯ᠂ ᠦᠨᠳᠦᠰᠦᠲᠡᠨ ᠪᠦᠬᠦᠨ ᠨᠢᠭᠡ ᠭᠡᠷ᠎ᠤᠨ ᠬᠥᠮᠦᠨ ᠮᠡᠲᠦ ᠳᠣᠲᠣᠨᠣ》᠂ 《ᠤᠰᠤ ᠤᠤᠭᠤᠪᠠᠯ ᠡᠬᠢ ᠵᠢ᠎ᠨᠢ ᠮᠠᠷᠲᠠᠬᠣ ᠦᠭᠡᠢ ᠨᠠᠮ᠎ᠤᠨ ᠠᠴᠢ ᠵᠢ ᠡᠷᠭᠢᠴᠡᠭᠦᠯᠬᠦ》 ᠵᠡᠷᠭᠡ ᠤᠢ᠍ᠢ᠍ᠯᠠᠭ᠋ᠠᠭᠳᠠᠬᠤᠨ᠎ᠢ ᠭᠦᠨᠵᠡᠭᠡᠢ ᠠᠭᠤᠰᠤᠯᠴᠠᠭᠤᠯᠵᠤ᠂ ᠤᠰᠤ ᠠᠷᠪᠢᠯᠠᠵᠤ ᠤᠰᠤ ᠬᠡᠷᠡᠭᠯᠡᠬᠦ ᠤᠮᠠᠷᠠᠲᠤ ᠵᠢᠨ ᠭᠠᠵᠠᠷ ᠣᠷᠣᠨ᠎ᠤ ᠣᠨᠴᠠᠯᠢᠭ᠎ᠢ ᠲᠤᠪᠤᠶ᠋ᠢᠯᠭ᠋ᠠᠵᠦ᠂ ᠳᠤᠮᠳᠠᠳᠤ ᠤᠯᠤᠰ᠎ᠤᠨ ᠦᠯᠢᠭᠡᠷ᠂ ᠥᠪᠥᠷ ᠮᠣᠩᠭᠤᠯ᠎ᠤᠨ ᠦᠯᠢᠭᠡᠷ᠎ᠢ ᠰᠠᠶ᠋ᠢᠲᠤᠷ ᠶᠠᠷᠢᠬᠤ ᠬᠡᠷᠡᠭᠲᠡᠢ ᠃
ᠬᠤᠶᠠᠷ᠂ ᠤᠷᠤᠯᠳᠤᠭ᠋ᠠᠨ᠎ᠳᠤ ᠣᠷᠣᠯᠴᠠᠬᠤ ᠬᠡᠪᠴᠢᠶ᠎ᠡ
ᠤᠷᠤᠯᠳᠤᠭ᠋ᠠᠨ᠎ᠳᠤ ᠣᠷᠣᠨ᠎ᠤ ᠳᠣᠲᠣᠨ᠎ᠠ ᠭᠠᠳᠠᠨᠠᠬᠢ ᠡᠯ᠎ᠡ ᠡᠲᠡᠭᠡᠳ᠎ᠤᠨ᠎ᠬᠢᠨ᠎ᠤ ᠤᠷᠤᠯᠳᠤᠭ᠋ᠠᠨ᠎ᠤ ᠭᠣᠣᠯ ᠰᠡᠳᠦᠪ᠎ᠤᠨ ᠲᠣᠭᠣᠷᠢᠨ᠎ᠳᠤ ᠢᠳᠡᠪᠬᠢᠲᠡᠢ ᠣᠷᠣᠯᠴᠠᠬᠤ ᠵᠢ ᠴᠢᠩ ᠰᠡᠳᠭᠢᠯ᠎ᠠᠴᠠ᠎ᠪᠠᠨ ᠤᠷᠢᠵᠤ ᠪᠠᠢ᠌ᠨ᠎ᠠ ᠃ ᠤᠷᠤᠯᠳᠤᠭ᠋ᠠᠨ᠎ᠳᠤ ᠣᠷᠣᠯᠴᠠᠬᠤ ᠡᠲᠡᠭᠡᠳ᠎ᠨᠢ ᠡᠯ᠎ᠡ ᠨᠠᠮ ᠵᠠᠰᠠᠭ᠎ᠤᠨ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠂ ᠨᠡᠶ᠋ᠢᠭᠡᠮ᠎ᠤᠨ ᠪᠦᠯᠬᠦᠮ᠂ ᠳᠡᠭᠡᠳᠦ ᠵᠡᠷᠭᠡ ᠵᠢᠨ ᠰᠤᠷᠭ᠋ᠠᠭᠤᠯᠢ᠂ ᠰᠣᠨᠢᠨ ᠮᠡᠳᠡᠭᠡᠨ᠎ᠤ ᠵᠠᠭᠤᠴᠢᠯᠠᠭᠤᠷ᠂ ᠵᠠᠷ ᠮᠡᠳᠡᠭᠡᠨ᠎ᠤ ᠺᠣᠮᠫᠠᠨᠢ᠂ ᠺᠢᠨᠣ᠋ ᠲᠧᠯᠸᠢᠰ ᠦᠢ᠍ᠯᠡᠳᠬᠦ ᠪᠠᠶ᠋ᠢᠭᠤᠯᠤᠮᠵᠢ᠂ ᠨᠡᠪᠲᠡᠷᠡᠭᠦᠯᠬᠦ ᠪᠠᠶ᠋ᠢᠭᠤᠯᠤᠮᠵᠢ ᠵᠢᠴᠢ ᠪᠣᠢ ᠪᠦᠬᠦᠢ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠵᠣᠬᠢᠶᠠᠨ ᠪᠦᠲᠦᠭᠡᠯᠭᠡ ᠵᠢ ᠬᠠᠶ᠋ᠢᠷᠠᠯᠠᠬᠤ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠦᠨ᠎ᠢ ᠪᠠᠭᠲᠠᠭ᠋ᠠᠭᠰᠠᠨ ᠪᠣᠯᠪᠠᠴᠤ ᠬᠢᠵᠠᠭ᠋ᠠᠷᠯᠠᠭᠳᠠᠬᠤ ᠦᠭᠡᠢ᠃
ᠭᠤᠷᠪᠠ᠂ ᠰᠢᠯᠢᠳᠡᠭ᠎ᠢ᠎ᠨᠢ ᠲᠠᠨᠢᠯᠴᠠᠭᠣᠯᠵᠦ ᠲᠡᠳᠬᠦᠨ ᠳᠡᠮᠵᠢᠬᠦ
ᠤᠷᠤᠯᠳᠤᠭ᠋ᠠᠨ᠎ᠳᠤ ᠨᠡᠶ᠋ᠢᠲᠡ 7 ᠲᠡᠳᠬᠦᠨ ᠳᠡᠮᠵᠢᠬᠦ ᠲᠥᠷᠥᠯ ᠵᠦᠢ᠍ᠯ ᠭᠠᠷᠭ᠋ᠠᠵᠠᠶ᠃
(ᠨᠢᠭᠡ) ᠰᠢᠯᠢᠳᠡᠭ ᠷᠠᠳᠢᠣ᠋ ᠨᠡᠪᠲᠡᠷᠡᠭᠦᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ᠃ ᠨᠢᠭᠡᠳᠦᠭᠡᠷ ᠲᠥᠷᠥᠯ᠎ᠤᠨ ᠪᠦᠲᠦᠭᠡᠯ 1 ᠬᠤᠪᠢ ᠂ ᠬᠤᠶᠠᠳᠤᠭ᠋ᠠᠷ ᠲᠥᠷᠥᠯ᠎ᠤᠨ ᠪᠦᠲᠦᠭᠡᠯ 3 ᠬᠤᠪᠢ ᠂ ᠭᠤᠷᠪᠠᠳᠤᠭ᠋ᠠᠷ ᠲᠥᠷᠥᠯ᠎ᠤᠨ ᠪᠦᠲᠦᠭᠡᠯ 5 ᠬᠤᠪᠢ ᠂ ᠰᠢᠯᠢᠳᠡᠭ ᠪᠦᠲᠦᠭᠡᠯ 8 ᠬᠤᠪᠢ ᠭᠠᠷᠭ᠋ᠠᠵᠤ᠂ ᠨᠡᠶ᠋ᠢᠲᠡ 17 ᠬᠤᠪᠢ ᠲᠣᠬᠢᠷᠠᠭᠣᠯᠪᠠ᠃
(ᠬᠤᠶᠠᠷ) ᠲᠸᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠰᠢᠯᠢᠳᠡᠭ ᠵᠠᠷ ᠮᠡᠳᠡᠭᠡ᠃ ᠨᠢᠭᠡᠳᠦᠭᠡᠷ ᠲᠥᠷᠥᠯ᠎ᠤᠨ ᠪᠦᠲᠦᠭᠡᠯ 1 ᠬᠤᠪᠢ ᠂ ᠬᠤᠶᠠᠳᠤᠭ᠋ᠠᠷ ᠲᠥᠷᠥᠯ᠎ᠤᠨ ᠪᠦᠲᠦᠭᠡᠯ 3 ᠬᠤᠪᠢ ᠂ ᠭᠤᠷᠪᠠᠳᠤᠭ᠋ᠠᠷ ᠲᠥᠷᠥᠯ᠎ᠤᠨ ᠪᠦᠲᠦᠭᠡᠯ 5 ᠬᠤᠪᠢ ᠂ ᠰᠢᠯᠢᠳᠡᠭ ᠪᠦᠲᠦᠭᠡᠯ 8 ᠬᠤᠪᠢ ᠭᠠᠷᠭ᠋ᠠᠵᠤ᠂ ᠨᠡᠶ᠋ᠢᠲᠡ 17 ᠬᠤᠪᠢ ᠲᠣᠬᠢᠷᠠᠭᠣᠯᠪᠠ ᠃
(ᠭᠤᠷᠪᠠ) ᠰᠢᠯᠢᠳᠡᠭ ᠰᠦᠯᠵᠢᠶᠡᠨ᠎ᠤ ᠦᠵᠡᠵᠦ ᠰᠣᠨᠣᠰᠬᠤ ᠨᠡᠢ᠌ᠲᠡ ᠵᠢᠨ ᠠᠰᠠᠷᠠᠮᠵᠢ ᠵᠢᠨ ᠵᠠᠷ ᠮᠡᠳᠡᠭᠡ᠃ ᠨᠢᠭᠡᠳᠦᠭᠡᠷ ᠲᠥᠷᠥᠯ᠎ᠤᠨ ᠪᠦᠲᠦᠭᠡᠯ 1᠂ ᠬᠤᠶᠠᠳᠤᠭ᠋ᠠᠷ ᠲᠥᠷᠥᠯ᠎ᠤᠨ ᠪᠦᠲᠦᠭᠡᠯ 3᠂ ᠭᠤᠷᠪᠠᠳᠤᠭ᠋ᠠᠷ ᠲᠥᠷᠥᠯ᠎ᠤᠨ ᠪᠦᠲᠦᠭᠡᠯ 5᠂ ᠰᠢᠯᠢᠳᠡᠭ ᠪᠦᠲᠦᠭᠡᠯ 8 ᠭᠠᠷᠭ᠋ᠠᠵᠤ᠂ ᠨᠡᠶ᠋ᠢᠲᠡ 17 ᠬᠣᠪᠢ ᠲᠣᠬᠢᠷᠠᠭᠣᠯᠪᠠ ᠃
(ᠲᠦᠷᠪᠡ) ᠰᠢᠯᠢᠳᠡᠭ ᠷᠠᠳᠢᠤ᠋ ᠨᠡᠪᠲᠡᠷᠡᠭᠦᠯᠭᠡ ᠵᠢᠨ ᠨᠡᠢ᠌ᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠪᠦᠲᠦᠭᠡᠯᠴᠢ ᠰᠡᠳᠬᠢᠮᠵᠢ ᠃ ᠰᠢᠯᠢᠳᠡᠭ ᠷᠠᠳᠢᠤ᠋ ᠨᠡᠪᠳᠡᠷᠡᠭᠦᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠪᠦᠲᠦᠭᠡᠯᠴᠢ ᠰᠡᠳᠬᠢᠮᠵᠢ ᠵᠢ 10 ᠬᠤᠪᠢ ᠲᠤᠬᠢᠷᠠᠭᠤᠯᠪᠠ᠃
(ᠲᠠᠪᠤ ) ᠂ ᠰᠢᠯᠢᠳᠡᠭ ᠲᠧᠯᠸᠢᠰ (ᠰᠦᠯᠵᠢᠶ᠎ᠡ᠎ᠪᠠᠷ ᠦᠵᠡᠵᠦ ᠰᠣᠨᠣᠰᠬᠤ)᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠪᠦᠲᠦᠭᠡᠯᠴᠢ ᠰᠡᠳᠬᠢᠮᠵᠢ ᠃ ᠰᠢᠯᠢᠳᠡᠭ ᠲᠧᠯᠸᠢᠰ (ᠰᠦᠯᠵᠢᠶ᠎ᠡ᠎ᠪᠠᠷ ᠦᠵᠡᠵᠦ ᠰᠣᠨᠤᠰᠬᠤ)) ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠪᠦᠲᠦᠭᠡᠯᠴᠢ ᠰᠡᠳᠬᠢᠮᠵᠢ 10 ᠬᠤᠪᠢ ᠲᠤᠬᠢᠷᠠᠭᠣᠯᠪᠠ ᠃ (ᠵᠢᠷᠭᠤᠭ᠎ᠠ) ᠰᠢᠯᠢᠳᠡᠭ ᠳᠠᠮᠵᠢᠭᠣᠯᠭ᠎ᠠ ᠵᠢᠨ ᠪᠠᠶ᠋ᠢᠭᠤᠯᠤᠮᠵᠢ᠃ 8 ᠰᠢᠯᠢᠳᠡᠭ ᠳᠠᠮᠵᠢᠭᠤᠯᠭ᠎ᠠ ᠵᠢᠨ ᠪᠠᠶ᠋ᠢᠭᠤᠯᠤᠮᠵᠢ ᠲᠣᠬᠢᠷᠠᠭᠣᠯᠪᠠ ᠃ ᠳᠠᠮᠵᠢᠭᠣᠯᠭ᠎ᠠ ᠵᠢᠨ ᠪᠠᠶ᠋ᠢᠭᠤᠯᠤᠮᠵᠢ᠎ᠨᠢ ᠭᠣᠤᠯᠳᠠᠭᠤ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠭᠡ ᠵᠢᠨ ᠪᠠᠶ᠋ᠢᠭᠤᠯᠤᠮᠵᠢ ᠵᠢᠴᠢ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠳᠠᠮᠵᠢᠭᠣᠯᠬᠣ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠪᠤᠰᠤᠳ ᠣᠷᠣᠨ᠎ᠤ ᠳᠣᠲᠣᠷᠠᠬᠢ ᠪᠠᠶ᠋ᠢᠭᠤᠯᠤᠮᠵᠢ ᠪᠣᠯᠤᠨ᠎ᠠ᠂ ᠡᠭᠦᠨ᠎ᠳᠤ ᠣᠷᠣᠨ᠎ᠤ ᠳᠣᠲᠣᠷᠠᠬᠢ ᠪᠠᠶ᠋ᠢᠭᠤᠯᠤᠮᠵᠢ ᠵᠢᠨ ᠵᠠᠭᠤᠴᠢᠯᠠᠭᠤᠷ᠎ᠤᠨ ᠲᠠᠪᠴᠠᠩ᠎ᠳᠤ ᠪᠠᠶ᠋ᠢᠭᠤᠯᠤᠭᠰᠠᠨ ᠸᠢᠴᠠᠲ᠎ᠤᠨ ᠨᠡᠶ᠋ᠢᠲᠡ ᠵᠢᠨ ᠳ᠋ᠤᠭ᠋ᠠᠷ᠂ ᠸᠢᠳᠢᠤ᠋ ᠵᠢᠨ ᠳ᠋ᠤᠭ᠋ᠠᠷ᠂ ᠲᠢᠺ ᠲᠤᠺ ᠂ ᠬᠣᠷᠳᠣᠨ ᠭᠠᠷ ᠵᠡᠷᠭᠡ ᠨᠡᠶ᠋ᠢᠲᠡ ᠵᠢᠨ ᠠᠰᠠᠷᠠᠮᠵᠢ ᠵᠢᠨ ᠠᠭᠤᠯᠭ᠎ᠠ ᠵᠢ ᠳᠠᠮᠵᠢᠭᠣᠯᠬᠣ ᠡᠯ᠎ᠡ ᠲᠥᠷᠥᠯ᠎ᠤᠨ ᠰᠢᠨ᠎ᠡ ᠵᠠᠭᠤᠴᠢᠯᠠᠭᠤᠷ᠎ᠤᠨ ᠳᠠᠩᠰᠠᠨ ᠳ᠋ᠤᠭ᠋ᠠᠷ ᠵᠢᠴᠢ ᠭᠡᠷ᠎ᠤᠨ ᠭᠠᠳᠠᠨᠠᠬᠢ ᠦᠵᠡᠵᠦ ᠰᠣᠨᠣᠰᠬᠤ ᠲᠠᠪᠴᠠᠩ ᠵᠡᠷᠭᠡ ᠵᠢ ᠪᠠᠭᠲᠠᠨ᠎ᠠ᠃
(ᠳᠤᠯᠤᠭ᠎ᠠ) ᠰᠢᠯᠢᠳᠡᠭ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠃ 8 ᠰᠢᠯᠢᠳᠡᠭ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠲᠣᠬᠢᠷᠠᠭᠣᠯᠪᠠ ᠃ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠎ᠨᠢ ᠭᠣᠤᠯᠳᠠᠭᠤ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠷᠢᠶ᠎ᠠ ᠪᠦᠬᠦᠢ ᠠᠵᠢᠯ ᠲᠥᠷᠥᠯ᠎ᠤᠨ ᠰᠢᠰᠲ᠋ᠧᠮ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠤᠷᠤᠯᠳᠤᠭ᠋ᠠᠨ᠎ᠳᠤ ᠣᠷᠣᠯᠴᠠᠬᠤ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠪᠠᠶ᠋ᠢᠭᠤᠯᠤᠮᠵᠢ ᠨᠢᠭᠡᠴᠢ ᠵᠢ ᠵᠢᠭ᠋ᠠᠵᠤ ᠪᠤᠶ᠃
ᠰᠢᠯᠭ᠋ᠠᠷᠠᠭᠤᠯᠵᠤ ᠭᠠᠷᠭ᠋ᠠᠭᠰᠠᠨ ᠳᠡᠳᠬᠦᠨ ᠳᠡᠮᠵᠢᠬᠦ ᠲᠥᠷᠥᠯ ᠵᠦᠢ᠍ᠯ᠎ᠳᠤ ᠵᠣᠬᠢᠴᠠᠩᠭᠤᠶ ᠲᠡᠳᠬᠦᠮᠵᠢ ᠵᠢᠨ ᠪᠡᠯᠡ ᠮᠥᠩᠭᠥ ᠪᠤᠶᠤ ᠦᠨᠡᠮᠯᠡᠯ ᠣᠯᠭᠣᠬᠤ ᠬᠡᠷᠡᠭᠲᠡᠶ᠃ ᠡᠯᠰᠡᠯᠲᠡ ᠵᠢᠨ ᠬᠢᠨᠠᠨ ᠲᠣᠭᠲᠠᠭ᠋ᠠᠬᠤ ᠠᠵᠢᠯ᠎ᠤᠨ ᠳᠤᠮᠳᠠ᠂ ᠲᠣᠲᠠᠭᠳᠠᠭᠣᠯᠬᠣᠠᠴᠠ ᠪᠢᠰᠢ ᠬᠡᠲᠦᠷᠡᠭᠦᠯᠬᠦ ᠦᠭᠡᠶ ᠵᠠᠷᠴᠢᠮ᠎ᠢ ᠪᠠᠷᠢᠮᠲᠠᠯᠠᠵᠤ᠂ ᠳᠡᠳᠬᠦᠨ ᠳᠡᠮᠵᠢᠬᠦ ᠲᠥᠷᠥᠯ ᠵᠦᠢ᠍ᠯ᠎ᠤᠨ ᠲᠤᠭ᠎ᠠ ᠬᠡᠮᠵᠢᠶ᠎ᠡ ᠵᠢ ᠵᠣᠬᠢᠴᠠᠩᠭᠤᠶ᠎ᠪᠠᠷ ᠪᠠᠭ᠋ᠠᠰᠬᠠᠵᠤ ᠪᠣᠯᠤᠨ᠎ᠠ᠃
ᠳᠥᠷᠪᠡ᠂ ᠪᠦᠲᠦᠭᠡᠯ᠎ᠤᠨ ᠱᠠᠭ᠋ᠠᠷᠳᠠᠯᠭ᠎ᠠ
(ᠨᠢᠭᠡ) ᠷᠠᠳᠢᠤ᠋ ᠨᠡᠪᠲᠡᠷᠡᠭᠦᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ
MP3 ᠪᠤᠶᠤ WMA ᠵᠢᠨ ᠵᠠᠭᠪᠣᠷ᠎ᠨᠢ ᠪᠡᠶᠡᠲᠦ ᠳᠠᠭᠤ ᠪᠤᠶᠤ 5.1 ᠲᠣᠭᠣᠷᠢᠯᠲᠠ ᠵᠢᠨ ᠳᠠᠭᠣᠨᠤ ᠺᠣᠳ᠋᠎ᠢ ᠳᠡᠮᠵᠢᠪᠡᠯ ᠵᠣᠬᠢᠨ᠎ᠠ᠂ ᠨᠥᠬᠥᠴᠡᠯ ᠪᠠᠶ᠋ᠢᠪᠠᠯ ᠭᠤᠷᠪᠠᠨ ᠬᠡᠮᠵᠢᠯᠲᠦ ᠳᠠᠭᠤᠨ᠎ᠤ ᠺᠣᠳ᠋᠎ᠢ ᠳᠡᠮᠵᠢᠵᠦ ᠂ Audio Vivid ᠪᠠᠷᠢᠮᠵᠢᠶ᠎ᠠ ᠵᠢ ᠬᠡᠷᠡᠭᠯᠡᠵᠦ ᠪᠣᠯᠣᠨ᠎ᠠ᠃ ᠪᠡᠶᠡᠲᠦ ᠳᠠᠭᠤ ᠪᠣᠯᠣᠨ 5.1 ᠲᠣᠭᠣᠷᠢᠯᠲᠠ ᠵᠢᠨ ᠳᠠᠭᠤᠨ᠎ᠤ ᠠᠪᠴᠢᠯᠲᠠ ᠵᠢᠨ ᠺᠣᠳ᠋᠎ᠤᠨ ᠨᠣᠷᠮ᠎ᠠ ᠵᠢ 256Kbps᠎ᠠᠴᠠ ᠳᠣᠣᠷ᠎ᠠ ᠪᠠᠶ᠋ᠢᠯᠭ᠋ᠠᠬᠤ ᠦᠭᠡᠢ᠂ ᠭᠤᠷᠪᠠᠨ ᠬᠡᠮᠵᠢᠯᠳᠦ ᠳᠠᠭᠤᠨ᠎ᠤ ᠠᠪᠴᠢᠯᠲᠠ ᠵᠢᠨ ᠺᠣᠳ᠋᠎ᠤᠨ ᠨᠣᠷᠮ᠎ᠠ ᠵᠢ 384Kbps᠎ᠠᠴᠠ ᠳᠣᠣᠷ᠎ᠠ ᠪᠠᠢ᠌ᠯᠭ᠋ᠠᠵᠤ ᠪᠣᠯᠬᠣ ᠦᠭᠡᠢ᠃
(ᠬᠤᠶᠠᠷ) ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ
ᠥᠨᠳᠥᠷ ᠲᠤᠡᠭᠭ᠋ᠠᠯᠠᠭ ᠸᠢᠳᠢᠤ᠋ ᠄ MP4 ᠵᠠᠭᠪᠣᠷ᠂ 1920x1080 (16᠄ 9) ᠢᠯᠭ᠋ᠠᠮᠵᠢ ᠂ ᠺᠣᠳ᠋ᠯᠠᠮᠵᠢ ᠵᠢ 15Mbps᠎ᠠᠴᠠ ᠳᠣᠣᠷ᠎ᠠ ᠪᠠᠢ᠌ᠯᠭ᠋ᠠᠵᠤ ᠪᠣᠯᠬᠣ ᠦᠭᠡᠢ ᠃
4K ᠬᠡᠳᠦ ᠥᠨᠳᠥᠷ ᠲᠣᠩᠭ᠋ᠠᠯᠠᠭ ᠸᠢᠳᠢᠤ᠋ ᠄ MP4 ᠵᠠᠭᠪᠣᠷ ᠂ 3840x2160 (16᠄ 9) ᠢᠯᠭ᠋ᠠᠮᠵᠢ᠂ ᠸᠢᠳᠢᠤ᠋ ᠵᠢᠨ ᠺᠣᠳ᠋ ᠨᠢ AVS3 ᠪᠠᠷᠢᠮᠵᠢᠶ᠎ᠠ ᠵᠢ ᠬᠡᠷᠡᠭᠯᠡᠵᠦ ᠂ ᠺᠣᠳ᠋ᠯᠠᠮᠵᠢ ᠵᠢ 18Mbps᠎ᠠᠴᠠ ᠳᠣᠣᠷ᠎ᠠ ᠪᠠᠢ᠌ᠯᠭ᠋ᠠᠵᠤ ᠪᠣᠯᠬᠣ ᠦᠭᠡᠢ ᠂ ᠸᠢᠳᠢᠤ᠋ ᠵᠢᠨ ᠺᠣᠳ᠋ ᠨᠢ AVS2 ᠪᠠᠷᠢᠮᠵᠢᠶ᠎ᠠ ᠵᠢ ᠬᠡᠷᠡᠭᠯᠡᠵᠦ᠂ ᠺᠣᠳ᠋ᠯᠠᠮᠵᠢ ᠵᠢ 36 Mbps᠎ᠠᠴᠠ ᠳᠣᠣᠷ᠎ᠠ ᠪᠠᠢ᠍ᠯᠭ᠋ᠠᠵᠤ ᠪᠣᠯᠬᠤ ᠦᠭᠡᠢ᠃
(ᠭᠤᠷᠪᠠ) ᠰᠦᠯᠵᠢᠶᠡᠨ᠎ᠤ ᠦᠵᠡᠵᠦ ᠰᠣᠨᠣᠰᠬᠤ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ
MP4 ᠵᠠᠭᠪᠣᠷ᠎ᠨᠢ ᠬᠦᠨᠳᠡᠯᠡᠨ ᠭᠣᠯᠳᠤ ᠳᠡᠯᠭᠡᠴᠡ ᠵᠢ ᠴᠦᠮ ᠬᠢᠵᠤ ᠪᠤᠯᠤᠨ᠎ᠠ᠃
(ᠲᠦᠷᠪᠡ) ᠪᠦᠲᠦᠭᠡᠯᠴᠢ ᠰᠡᠳᠬᠢᠮᠵᠢ ᠵᠢᠨ ᠪᠢᠴᠢᠭ ᠮᠠᠲ᠋ᠧᠷᠢᠶᠠᠯ
ᠪᠦᠲᠦᠭᠡᠯᠴᠢ ᠰᠡᠳᠬᠢᠮᠵᠢ ᠵᠢᠨ ᠪᠢᠴᠢᠭ ᠮᠠᠲ᠋ᠧᠷᠢᠶᠠᠯ᠎ᠨᠢ ᠤᠯᠤᠰ᠎ᠤᠨ ᠳᠣᠲᠣᠭ᠋ᠠᠳᠤ ᠵᠢᠨ ᠠᠳᠠᠯᠢ ᠲᠥᠷᠥᠯ᠎ᠤᠨ ᠤᠷᠤᠯᠳᠤᠭ᠋ᠠᠨ᠎ᠤ ᠱᠠᠩᠨᠠᠯ ᠪᠤᠶᠤ ᠳᠡᠳᠬᠦᠨ ᠳᠡᠮᠵᠢᠯᠭᠡ ᠵᠢ ᠣᠯᠣᠭᠰᠠᠨ ᠦᠭᠡᠢ ᠪᠣᠯ ᠬᠡᠷᠡᠭᠵᠢᠭᠦᠯᠵᠦ ᠪᠣᠯᠬᠣᠢ᠌ᠴᠠ ᠴᠢᠨᠠᠷ ᠵᠶ᠋ᠠᠷ ᠴᠢᠩᠭ᠎ᠠ ᠪᠠᠢ᠌ᠳᠠᠭ ᠃ ᠪᠦᠲᠦᠭᠡᠯᠴᠢ ᠪᠢᠴᠢᠭ ᠮᠠᠲ᠋ᠧᠷᠢᠶᠠᠯ᠎ᠢ ᠠᠵᠢᠯ ᠲᠥᠷᠥᠯ᠎ᠤᠨ ᠳᠣᠲᠣᠷᠠᠬᠢ ᠵᠢᠷᠤᠮᠵᠢᠯ ᠶᠣᠰᠣᠭ᠋ᠠᠷ ᠪᠢᠴᠢᠵᠦ᠂ ᠦᠵᠡᠭᠳᠡᠯ ᠬᠤᠪᠢᠶᠠᠭᠰᠠᠨ ᠦᠯᠢᠭᠡᠷ ᠳᠡᠪᠲᠡᠷ (ᠵᠢᠷᠤᠭ ᠪᠢᠴᠢᠭ᠎ᠤᠨ ᠦᠵᠡᠭᠦᠯᠦᠯᠭᠡ)᠎ᠢ ᠪᠣᠢ ᠪᠣᠯᠭ᠋ᠠᠵᠤ ᠂ ᠬᠤᠶᠠᠷ᠎ᠠᠴᠠ ᠳᠡᠭᠡᠭᠰᠢᠬᠢᠢ ᠰᠢᠷᠢᠰ (ᠬᠤᠶᠠᠷ᠎ᠢ ᠪᠠᠭᠲᠠᠭ᠋ᠠᠨ᠎ᠠ) ᠵᠶ᠋ᠠᠷ ᠦᠵᠡᠵᠦ᠂ ᠰᠢᠷᠢᠰ ᠪᠦᠲᠦᠭᠡᠯ᠎ᠨᠢ ᠳᠡᠰ ᠳᠠᠷᠠᠭ᠋ᠠᠯᠠᠯ᠎ᠤᠨ ᠳ᠋ᠤᠭ᠋ᠠᠷ ᠵᠶ᠋ᠠᠷ ᠵᠢᠭᠰᠠᠭ᠋ᠠᠨ᠎ᠠ᠃
(ᠲᠠᠪᠤ) ᠪᠤᠰᠤᠳ᠃ ᠪᠦᠲᠦᠭᠡᠯ᠎ᠤᠨ ᠴᠠᠭ᠎ᠨᠢ 30 ᠰᠸᠺᠦ᠋ᠨ᠋ᠳ᠋ ᠂ 60 ᠰᠸᠺᠦ᠋ᠨ᠋ᠳ᠋᠎ᠳᠤ ᠵᠣᠬᠢᠴᠠᠭᠣᠯᠣᠨᠠ ᠂ ᠡᠩ᠎ᠤᠨ ᠪᠠᠶ᠋ᠢᠳᠠᠯ᠎ᠳᠤ 90 ᠰᠸᠺᠦ᠋ᠨ᠋ᠳ᠋᠎ᠠᠴᠠ ᠬᠡᠲᠦᠷᠡᠵᠦ ᠪᠣᠯᠬᠤ ᠦᠭᠡᠢ᠃ ᠡᠭᠦᠰᠬᠡᠬᠦ ᠬᠡᠯᠪᠡᠷᠢ ᠵᠢᠨ ᠵᠣᠬᠢᠶᠠᠮᠠᠯ ᠣᠶᠣᠨᠴᠢ (AI)) ᠮᠡᠷᠭᠡᠵᠢᠯ ᠵᠶ᠋ᠠᠷ ᠬᠢᠭᠰᠡᠨ ᠪᠦᠲᠦᠭᠡᠯ᠎ᠢ ᠬᠡᠷᠡᠭᠯᠡᠨ᠎ᠡ᠂ 《ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠦᠨ ᠨᠡᠢ᠌ᠯᠡᠮᠡᠯ᠎ᠤᠨ ᠬᠠᠮᠢᠶᠠᠷᠤᠯᠲᠠ ᠵᠢᠨ ᠲᠣᠭᠲᠠᠭ᠋ᠠᠯ》᠂ 《 ᠡᠭᠦᠰᠬᠦ ᠬᠡᠯᠪᠡᠷᠢ ᠵᠢᠨ ᠵᠣᠬᠢᠶᠠᠮᠠᠯ ᠣᠶᠤᠨᠴᠢ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠡᠷᠭᠡ ᠬᠠᠮᠢᠶ᠎ᠠ ᠪᠥᠬᠦᠶ ᠬᠠᠮᠢᠶᠠᠷᠤᠯᠲᠠ ᠵᠢᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠥᠩᠭᠡᠷᠡᠭᠰᠡᠨ ᠬᠤᠭᠤᠴᠠᠭ᠋ᠠᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠤᠷᠤᠯᠳᠤᠭ᠋ᠠᠨ᠎ᠤ ᠲᠡᠳᠬᠦᠮᠵᠢ ᠣᠯᠣᠭᠰᠠᠨ ᠪᠦᠲᠦᠭᠡᠯ᠎ᠨᠢ ᠳᠠᠪᠬᠤᠷᠳᠠᠭᠤᠯᠤᠨ ᠣᠷᠣᠯᠴᠠᠵᠤ ᠪᠣᠯᠬᠤ ᠦᠭᠡᠢ᠃
ᠲᠠᠪᠤ᠂ ᠵᠣᠬᠢᠶᠠᠯ ᠪᠦᠲᠦᠭᠡᠯ᠎ᠢ ᠭᠤᠶᠤᠴᠢᠯᠠᠨ ᠮᠡᠳᠡᠭᠦᠯᠬᠦ
ᠲᠣᠰ ᠬᠤᠭᠤᠴᠠᠭ᠋ᠠᠨ᠎ᠤ ᠤᠷᠤᠯᠳᠤᠭ᠋ᠠᠨ᠎ᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠬᠡᠯᠪᠡᠷᠢ᠎ᠪᠠᠷ ᠶᠠᠪᠤᠭᠳᠠᠭᠤᠯᠵᠤ᠂ ᠳᠠᠭᠣᠰᠬᠣ ᠴᠠᠭ᠎ᠨᠢ 2025 ᠣᠨ᠎ᠤ 6 ᠳ᠋ᠤᠭ᠋ᠠᠷ ᠰᠠᠷ᠎ᠠ ᠵᠢᠨ 6᠎ᠤ ᠡᠳᠦᠷ (ᠭᠠᠷᠠᠭ᠎ᠤᠨ ᠲᠠᠪᠤᠨ) ᠪᠣᠯᠲᠠᠯ᠎ᠠ ᠪᠣᠯᠣᠨ᠎ᠠ ᠃ ᠡᠯ᠎ᠡ ᠰᠢᠯᠭ᠋ᠠᠷᠠᠭᠤᠯᠤᠯᠲᠠ᠎ᠳᠤ ᠣᠷᠣᠯᠴᠠᠬᠤ ᠪᠠᠶ᠋ᠢᠭᠤᠯᠤᠮᠵᠢ ᠵᠢᠴᠢ ᠬᠤᠪᠢ ᠬᠥᠮᠦᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲ᠋ᠣᠪᠴᠢᠶᠠ ᠵᠢᠨ ᠠᠯᠪᠠᠨ᠎ᠤ ᠰᠦᠯᠵᠢᠶ᠎ᠡ (https://gbdsj.nmg.gov.cn)᠎ᠳᠤ ᠳᠠᠩᠰᠠᠯᠠᠵᠦ ᠂ ᠤᠷᠤᠯᠳᠤᠭ᠋ᠠᠨ᠎ᠤ ᠲᠤᠰᠬᠠᠶ ᠲᠣᠭᠤᠷᠢᠭ᠎ᠲᠤ ᠣᠷᠣᠵᠤ ᠨᠡᠷ᠎ᠡ ᠮᠡᠳᠡᠭᠦᠯᠵᠦ ᠤᠷᠤᠯᠳᠤᠭ᠋ᠠᠨ᠎ᠳᠤ ᠣᠷᠣᠯᠴᠠᠨ᠎ᠠ ᠃ ᠤᠷᠤᠯᠳᠤᠭ᠋ᠠᠨ᠎ᠳᠤ ᠣᠷᠣᠯᠴᠠᠬᠤ ᠶᠠᠪᠤᠴᠠ᠄ ᠳᠠᠩᠰᠠᠯᠠᠯ᠎ᠤᠨ ᠨᠣᠮᠧᠷ᠎ᠪᠠᠨ ᠳᠠᠩᠰᠠᠯᠠᠭᠣᠯᠵᠦ ᠂ ᠨᠡᠷ᠎ᠡ ᠮᠡᠳᠡᠭᠦᠯᠬᠦ ᠮᠡᠳᠡᠭᠡ ᠵᠠᠩᠭᠢ᠎ᠪᠠᠨ ᠪᠦᠷᠢᠳᠬᠡᠭᠦᠯᠵᠦ ᠵᠢᠨ ᠬᠠᠮᠲᠤ ᠬᠡᠪ᠎ᠤᠨ ᠪᠠᠶ᠋ᠢᠳᠠᠯ ᠵᠶ᠋ᠠᠷ ᠨᠡᠪᠲᠡᠷᠡᠭᠦᠯᠬᠦ ᠪᠠ ᠭᠦᠶᠦᠯᠭᠡᠨ ᠦᠵᠡᠭᠦᠯᠵᠦ ᠳᠡᠶ᠋ᠢᠯᠬᠦ ᠪᠦᠲᠦᠭᠡᠯ ᠵᠢᠴᠢ ᠪᠦᠲᠦᠭᠡᠯᠴᠢ ᠰᠡᠳᠬᠢᠮᠵᠢ ᠵᠢᠨ ᠪᠢᠴᠢᠭ ᠮᠠᠲᠸᠷᠢᠶᠠᠯ᠎ᠢ ᠰᠦᠯᠵᠢᠶᠡᠨ᠎ᠳᠤ ᠭᠠᠷᠭ᠋ᠠᠭᠰᠠᠨ᠎ᠤ ᠳᠠᠷᠠᠭ᠎ᠠ᠂ ᠬᠠᠷᠠᠭ᠋ᠠᠯᠵᠠᠭᠰᠠᠨ ᠬᠠᠷᠢᠶ᠎ᠠ ᠭᠠᠵᠠᠷ᠎ᠤᠨ ᠠᠶ᠋ᠢᠮᠠᠭ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠲᠤᠰᠢᠶᠠᠵᠤ ᠠᠩᠬᠠᠨ᠎ᠤ ᠬᠢᠨᠠᠯᠲᠠ ᠬᠢᠯᠭᠡᠨ᠎ᠡ᠃ ᠣᠷᠣᠨ᠎ᠤ ᠰᠢᠭᠤᠳ ᠬᠠᠷᠢᠶ᠎ᠠ ᠨᠢᠭᠡᠴᠢ ᠵᠢᠴᠢ ᠥᠪᠡᠷᠲᠡᠭᠡᠨ ᠵᠠᠰᠠᠬᠤ ᠣᠷᠣᠨ᠎ᠠᠴᠠ ᠭᠠᠳᠠᠨᠠᠬᠢ ᠨᠢᠭᠡᠴᠢ ᠤᠷᠤᠯᠳᠤᠭ᠋ᠠᠨ᠎ᠳᠤ ᠣᠷᠣᠯᠴᠠᠪᠠᠯ᠂ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠲᠤ ᠰᠢᠭᠤᠳ ᠬᠦᠷᠭᠡᠵᠦ ᠠᠩᠬᠠᠨ᠎ᠤ ᠬᠢᠨᠠᠯᠲᠠ ᠬᠢᠯᠭᠡᠨ᠎ᠡ ᠃
ᠰᠦᠯᠵᠢᠶᠡᠨ ᠳᠡᠭᠡᠷᠡᠬᠢ ᠪᠣᠳᠠᠲᠠᠶ ᠠᠵᠢᠯᠯᠠᠭ᠋ᠠᠨ᠎ᠤ ᠴᠣᠪᠣᠷᠠᠯ᠎ᠨᠢ ᠄ ᠰᠦᠯᠵᠢᠶᠡᠨ᠎ᠤ ᠬᠠᠶᠢᠭ᠎ᠢ ᠨᠡᠭᠡᠭᠡᠬᠦ - ᠤᠷᠤᠯᠳᠤᠭ᠋ᠠᠨ᠎ᠳᠤ ᠣᠷᠣᠯᠴᠠᠵᠤ ᠨᠡᠷ᠎ᠡ ᠮᠡᠳᠡᠭᠦᠯᠬᠦ ᠵᠢ ᠰᠣᠩᠭᠣᠬᠣ - ᠳᠠᠩᠰᠠᠯᠠᠭᠤᠯᠬᠤ - ᠨᠡᠷ᠎ᠡ ᠮᠡᠳᠡᠭᠦᠯᠬᠦ ᠮᠡᠳᠡᠭᠡ ᠵᠠᠩᠭᠢ ᠵᠢ ᠲᠠᠭᠯᠠᠨ ᠪᠢᠴᠢᠬᠦ - ᠨᠡᠷ᠎ᠡ ᠮᠡᠳᠡᠭᠦᠯᠵᠦ ᠲᠠᠨᠢᠯᠴᠠᠭᠤᠯᠬᠤ ᠬᠦᠰᠦᠨᠦᠭᠲᠦ ᠵᠢ ᠪᠣᠶ ᠪᠣᠯᠭ᠋ᠠᠬᠤ - PDF ᠪᠢᠴᠢᠭᠯᠡᠯᠢ ᠪᠠᠭᠤᠯᠭ᠋ᠠᠬᠤ - ᠳᠠᠷᠤᠮᠠᠯᠯᠠᠭᠰᠠᠨ᠎ᠤ ᠳᠠᠷᠠᠭ᠎ᠠ ᠭᠠᠷᠤᠨ ᠥᠰᠥᠭ ᠵᠢᠷᠤᠵᠤ ᠲᠠᠮᠠᠭ᠎ᠠ ᠳᠠᠷᠤᠬᠤ - ᠨᠡᠷ᠎ᠡ ᠮᠡᠳᠡᠭᠦᠯᠵᠦ ᠲᠠᠨᠢᠯᠴᠠᠭᠤᠯᠬᠤ ᠬᠦᠰᠦᠨᠦᠭᠲᠦ ᠵᠢᠴᠢ ᠳᠠᠭᠤᠲᠤ ᠸᠢᠳᠢᠤ᠋ ᠪᠤᠶᠤ ᠡᠬᠡ ᠪᠢᠴᠢᠭ᠎ᠢ ᠬᠠᠷᠢᠭᠤ ᠳᠠᠮᠵᠢᠭᠣᠯᠬᠣ - ᠨᠡᠷ᠎ᠡ ᠮᠡᠳᠡᠭᠦᠯᠬᠦ᠎ᠪᠠᠨ ᠲᠣᠰᠢᠬᠣ ᠵᠡᠷᠭᠡ ᠪᠣᠯᠣᠨ᠎ᠠ ᠃
ᠵᠢᠷᠭᠤᠭ᠎ᠠ᠂ ᠤᠷᠤᠯᠳᠤᠭ᠋ᠠᠨ᠎ᠳᠤ ᠣᠷᠣᠯᠴᠠᠬᠤ ᠠᠩᠬᠠᠷᠣᠯ
(ᠨᠢᠭᠡ) 4 ᠳ᠋ᠦ᠍ᠭᠡᠷ ᠰᠠᠷ᠎ᠠ ᠵᠢᠨ ᠳᠤᠮᠳᠠᠴᠢ᠎ᠠᠴᠠ ᠡᠬᠢᠯᠡᠨ ᠨᠡᠷ᠎ᠡ ᠮᠡᠳᠡᠭᠦᠯᠵᠦ ᠳᠠᠭᠣᠰᠬᠣᠠᠴᠠ ᠡᠮᠦᠨ᠎ᠡ᠂ ᠭᠤᠤᠯᠯᠠᠨ ᠡᠷᠬᠢᠯᠡᠭᠰᠡᠨ ᠲᠠᠯ᠎ᠠ᠎ᠠᠴᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠬᠦᠯᠢᠶᠡᠨ ᠠᠪᠤᠭᠰᠠᠨ ᠪᠦᠲᠦᠭᠡᠯ᠎ᠢ ᠬᠢᠨᠠᠨ ᠪᠠᠶ᠋ᠢᠴᠠᠭ᠋ᠠᠵᠤ ᠵᠢᠭ᠋ᠠᠨ ᠵᠢᠯᠣᠭᠤᠳᠴᠤ᠂ ᠰᠢᠯᠭ᠋ᠠᠷᠠᠭᠤᠯᠬᠤ᠎ᠳᠤ ᠣᠷᠣᠯᠴᠠᠬᠤ ᠪᠠᠶ᠋ᠢᠭᠤᠯᠤᠮᠵᠢ ᠪᠤᠶᠤ ᠬᠤᠪᠢ ᠬᠥᠮᠦᠨ ᠭᠤᠶᠤᠴᠢᠯᠠᠨ ᠮᠡᠳᠡᠭᠦᠯᠬᠦ ᠳᠠᠭᠣᠰᠬᠣᠠᠴᠠ ᠡᠮᠦᠨ᠎ᠡ ᠵᠠᠰᠠᠪᠤᠷᠢ ᠣᠷᠣᠭᠤᠯᠬᠤ ᠵᠢᠨ ᠬᠠᠮᠲᠤ ᠭᠤᠶᠤᠴᠢᠯᠠᠨ ᠮᠡᠳᠡᠭᠦᠯᠦᠭᠰᠡᠨ ᠪᠦᠲᠦᠭᠡᠯ ᠵᠶ᠋ᠠᠨ ᠳᠠᠬᠢᠨ ᠲᠤᠰᠢᠶᠠᠵᠤ ᠪᠣᠯᠤᠨ᠎ᠠ᠃
(ᠬᠤᠶᠠᠷ) 7 ᠳ᠋ᠤᠭ᠋ᠠᠷ ᠰᠠᠷ᠎ᠠ ᠵᠢᠨ ᠰᠢᠨᠡᠳ᠎ᠠᠴᠠ ᠡᠬᠢᠯᠡᠨ᠂ ᠭᠤᠤᠯᠯᠠᠨ ᠡᠷᠬᠢᠯᠡᠭᠰᠡᠨ ᠲᠠᠯ᠎ᠠ ᠵᠢᠨ᠎ᠬᠢᠨ ᠤᠷᠤᠯᠳᠤᠭ᠋ᠠᠨ᠎ᠢ ᠵᠣᠬᠢᠶᠠᠨ ᠪᠠᠶ᠋ᠢᠭᠤᠯᠵᠤ ᠰᠢᠯᠭ᠋ᠠᠷᠠᠭᠤᠯᠤᠭᠰᠠᠨ ᠰᠢᠯᠢᠳᠡᠭ ᠪᠦᠲᠦᠭᠡᠯ᠎ᠢ ᠡᠯ᠎ᠡ ᠲᠦᠷᠦᠯ᠎ᠤᠨ ᠨᠡᠪᠲᠡᠷᠡᠭᠦᠯᠭᠡ ᠵᠢᠨ ᠲᠠᠪᠴᠠᠩ᠎ᠳᠤ ᠲᠥᠪᠯᠡᠷᠡᠭᠦᠯᠦᠨ ᠨᠡᠪᠲᠡᠷᠡᠭᠦᠯᠦᠨ᠎ᠡ᠃
(ᠭᠤᠷᠪᠠ ) ᠤᠷᠤᠯᠳᠤᠭ᠋ᠠᠨ᠎ᠳᠤ ᠣᠷᠣᠯᠴᠠᠭᠰᠠᠨ ᠪᠦᠲᠦᠭᠡᠯ᠎ᠨᠢ ᠥᠪᠡᠷ᠎ᠤᠨ ᠪᠡᠶ᠎ᠡ ᠪᠤᠶᠤ ᠪᠠᠶ᠋ᠢᠭᠤᠯᠤᠮᠵᠢ ᠵᠢᠨ ᠠᠩᠬᠠᠨ᠎ᠤ ᠡᠭᠦᠳᠦᠯᠲᠡ ᠪᠠᠶ᠋ᠢᠵᠤ᠂ ᠪᠤᠰᠤᠳ᠎ᠤᠨ ᠪᠦᠲᠦᠭᠡᠯ᠎ᠢ ᠬᠤᠯᠠᠭ᠋ᠠᠶ᠋ᠢᠯᠠᠵᠤ ᠪᠣᠯᠬᠤ ᠦᠭᠡᠢ᠂ ᠬᠥᠷᠥᠭ ᠵᠢᠷᠤᠭ᠂ ᠵᠣᠬᠢᠶᠠᠯ ᠪᠦᠲᠦᠭᠡᠯ᠂ ᠲᠠᠸᠠᠷ᠎ᠤᠨ ᠲᠡᠮᠳᠡᠭ᠂ ᠨᠡᠷᠡᠶ᠋ᠢᠳᠦᠯ ᠵᠡᠷᠭᠡ ᠮᠡᠳᠡᠯᠭᠡ ᠵᠢᠨ ᠦᠮᠴᠢᠯᠡᠯ᠎ᠤᠨ ᠡᠷᠬᠡ ᠪᠠ ᠬᠠᠤᠯᠢ ᠴᠠᠭ᠋ᠠᠵᠠ ᠵᠢᠨ ᠠᠰᠠᠭᠤᠳᠠᠯ᠎ᠳᠤ ᠬᠤᠯᠪᠣᠭᠳᠠᠭᠰᠠᠨ ᠪᠠᠶ᠋ᠢᠪᠠᠯ᠂ ᠤᠷᠤᠯᠳᠤᠭ᠋ᠠᠨ᠎ᠳᠤ ᠣᠷᠣᠯᠴᠠᠭᠰᠠᠨ ᠨᠢᠭᠡᠴᠢ (ᠬᠤᠪᠢ ᠬᠥᠮᠦᠨ)᠎ᠠᠴᠠ ᠬᠠᠷᠢᠭᠤᠴᠠᠨ ᠰᠢᠢ᠍ᠳᠪᠦᠷᠢᠯᠡᠵᠦ᠂ ᠡᠭᠦᠨ᠎ᠠᠴᠠ ᠡᠭᠦᠰᠦᠭᠰᠡᠨ ᠶᠠᠮᠠᠷᠪᠠ ᠬᠠᠤᠯᠢ ᠴᠠᠭ᠋ᠠᠵᠠ ᠵᠢᠨ ᠵᠢᠭᠤᠷᠠᠯᠳᠤᠭ᠋ᠠᠨ᠎ᠢ ᠤᠷᠤᠯᠳᠤᠭ᠋ᠠᠨ᠎ᠳᠤ ᠣᠷᠣᠯᠴᠠᠭᠰᠠᠨ ᠨᠢᠭᠡᠴᠢ (ᠬᠤᠪᠢ ᠬᠥᠮᠦᠨ)) ᠡᠭᠦᠷᠭᠡᠯᠡᠵᠦ᠂ ᠤᠷᠤᠯᠳᠤᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠎ᠲᠠᠢ ᠬᠣᠯᠪᠣᠭᠳᠠᠯ ᠦᠭᠡᠢ᠃
(ᠲᠦᠷᠪᠡ) ᠤᠷᠤᠯᠳᠤᠭ᠋ᠠᠨ᠎ᠳᠤ ᠣᠷᠣᠯᠴᠠᠭᠰᠠᠨ ᠪᠦᠲᠦᠭᠡᠯ ᠵᠶ᠋ᠠᠨ ᠳᠡᠪᠰᠢᠭᠦᠯᠦᠭᠰᠡᠨ ᠡᠳᠦᠷ᠎ᠠᠴᠠ ᠡᠬᠢᠯᠡᠨ᠂ ᠳᠠᠷᠣᠢ ᠵᠥᠪᠰᠢᠶᠡᠷᠡᠯ᠎ᠤᠨ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠨᠢ ᠪᠦᠲᠦᠭᠡᠯ᠎ᠢ ᠬᠡᠷᠡᠭᠯᠡᠬᠦ ᠵᠢᠴᠢ ᠳᠡᠯᠭᠡᠷᠡᠭᠦᠯᠬᠦ ᠡᠷᠬᠡ᠎ᠲᠠᠢ ᠪᠠᠢ᠌ᠬᠤ᠎ᠪᠠᠷ ᠦᠵᠡᠵᠦ ᠂ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠎ᠨᠢ ᠤᠷᠤᠯᠳᠤᠭ᠋ᠠᠨ᠎ᠳᠤ ᠣᠷᠣᠯᠴᠠᠭᠰᠠᠨ ᠪᠦᠲᠦᠭᠡᠯ᠎ᠢ ᠠᠵᠢᠯᠯᠠᠭ᠎ᠠ ᠵᠢᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠡᠵᠡᠩᠨᠡᠵᠦ ᠪᠠᠶ᠋ᠢᠭ᠎ᠠ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠲᠤᠭ᠎ᠠ ᠪᠠᠷᠢᠮᠲᠠ ᠵᠢᠨ ᠬᠥᠮᠥᠷᠭᠡ᠎ᠳᠤ ᠣᠷᠣᠭᠤᠯᠵᠤ᠂ ᠨᠡᠩ ᠥᠨᠳᠥᠷ ᠲᠠᠰ᠎ᠤᠨ ᠠᠳᠠᠯᠢ ᠲᠥᠷᠥᠯ᠎ᠤᠨ ᠤᠷᠤᠯᠳᠤᠭ᠋ᠠᠨ᠎ᠳᠤ ᠣᠷᠣᠯᠴᠠᠬᠤ ᠵᠢ ᠲᠠᠨᠢᠯᠴᠠᠭᠣᠯᠬᠣ ᠡᠷᠬᠡ᠎ᠲᠠᠢ᠂ ᠤᠷᠤᠯᠳᠤᠭ᠋ᠠᠨ᠎ᠳᠤ ᠣᠷᠣᠯᠴᠠᠭᠰᠠᠨ ᠪᠦᠲᠦᠭᠡᠯ ᠵᠶ᠋ᠠᠨ ᠬᠠᠮᠢᠶ᠎ᠠ ᠪᠥᠬᠦᠶ ᠵᠠᠭᠤᠴᠢᠯᠠᠭᠤᠷ ᠳᠡᠭᠡᠷ᠎ᠡ ᠳᠡᠯᠭᠡᠨ ᠨᠡᠪᠲᠡᠷᠡᠭᠦᠯᠬᠦ ᠪᠤᠶᠤ ᠲᠠᠨᠢᠯᠴᠠᠭᠤᠯᠬᠤ᠂ ᠲᠣᠭᠤᠷᠢᠨ ᠦᠵᠡᠬᠦ᠂ ᠰᠤᠷᠤᠯᠴᠠᠬᠤ ᠵᠡᠷᠭᠡ ᠬᠤᠳᠠᠯᠳᠤᠭ᠋ᠠᠨ᠎ᠤ ᠵᠣᠷᠢᠯᠭ᠎ᠠ ᠵᠢᠨ ᠪᠤᠰᠤ ᠠᠵᠢᠯᠯᠠᠭ᠎ᠠ᠎ᠳᠤ ᠬᠠᠭᠤᠯᠪᠤᠷᠢᠯᠠᠬᠤ᠂ ᠨᠡᠪᠲᠡᠷᠡᠭᠦᠯᠬᠦ ᠰᠦᠯᠵᠢᠶ᠎ᠡ᠎ᠪᠠᠷ ᠳᠠᠮᠵᠢᠭᠣᠯᠬᠣ ᠵᠡᠷᠭᠡ ᠡᠷᠬᠡ᠎ᠲᠠᠢ ᠃
(ᠲᠠᠪᠤ) ᠤᠷᠤᠯᠳᠤᠭ᠋ᠠᠨ᠎ᠳᠤ ᠣᠷᠣᠯᠴᠠᠭᠰᠠᠳ ᠶᠠᠮᠠᠷ ᠴᠤ᠌ ᠨᠡᠷ᠎ᠡ ᠮᠡᠳᠡᠭᠦᠯᠦᠭᠰᠡᠨ ᠵᠠᠷᠤᠳᠠᠯ ᠥᠭᠬᠦ ᠴᠢᠬᠤᠯᠠ ᠦᠭᠡᠢ᠂ ᠤᠷᠤᠯᠳᠤᠭ᠋ᠠᠨ᠎ᠳᠤ ᠣᠷᠣᠯᠴᠠᠭᠰᠠᠳ ᠨᠢᠭᠡᠪᠦᠷᠢ ᠵᠢᠨ ᠪᠦᠲᠦᠭᠡᠯ᠎ᠤᠨ ᠲᠤᠭ᠎ᠠ ᠬᠡᠮᠵᠢᠶ᠎ᠡ ᠵᠢ ᠬᠢᠵᠠᠭ᠋ᠠᠷᠯᠠᠬᠤ ᠦᠭᠡᠢ᠂ ᠤᠷᠤᠯᠳᠤᠭ᠋ᠠᠨ᠎ᠳᠤ ᠣᠷᠣᠯᠴᠠᠭᠰᠠᠨ ᠪᠦᠲᠦᠭᠡᠯ ᠪᠦᠬᠦᠨ᠎ᠨᠢ ᠰᠢᠯᠭ᠋ᠠᠷᠠᠭᠳᠠᠭᠰᠠᠨ ᠡᠰᠡᠬᠦ ᠵᠢᠨ ᠠᠯᠢᠨ᠎ᠳᠤ᠎ᠨᠢ ᠴᠤ᠌ ᠭᠡᠰᠡᠨ ᠪᠢᠴᠢᠭ ᠮᠠᠲ᠋ᠧᠷᠢᠶᠠᠯ᠎ᠢ ᠮᠡᠳᠡᠭᠦᠯᠦᠨ ᠬᠦᠷᠭᠡᠭᠰᠡᠨ ᠴᠦ᠍ ᠴᠥᠮ ᠪᠤᠴᠠᠭ᠋ᠠᠬᠤ ᠦᠭᠡᠢ᠂ ᠤᠷᠤᠯᠳᠤᠭ᠋ᠠᠨ᠎ᠳᠤ ᠣᠷᠣᠯᠴᠠᠭᠰᠠᠳ ᠡᠬᠡ ᠨᠤᠤᠷᠠᠭ ᠵᠶ᠋ᠠᠨ ᠦᠪᠡᠷᠲᠡᠭᠡᠨ ᠦᠯᠡᠳᠡᠭᠡᠷᠡᠢ ᠃
(ᠵᠢᠷᠭᠤᠭ᠎ᠠ) ᠡᠬᠡ ᠪᠢᠴᠢᠭ ᠥᠭᠭᠦᠭᠰᠡᠨ ᠬᠥᠮᠦᠨ ᠪᠦᠬᠦᠨ ᠴᠥᠮ ᠲᠤᠰ ᠤᠳᠠᠭ᠋ᠠᠨ᠎ᠤ ᠤᠷᠤᠯᠳᠤᠭ᠋ᠠᠨ᠎ᠤ ᠡᠯ᠎ᠡ ᠵᠦᠢ᠍ᠯ᠎ᠤᠨ ᠲᠣᠭᠲᠠᠭ᠋ᠠᠯ᠎ᠢ ᠨᠤᠲᠠᠯᠠᠬᠤ ᠵᠢᠨ ᠬᠠᠮᠲᠤ ᠵᠢᠷᠤᠮᠯᠠᠬᠤ ᠬᠡᠷᠡᠭᠲᠡᠶ᠃ ᠲᠣᠰ ᠤᠳᠠᠭ᠋ᠠᠨ᠎ᠤ ᠠᠵᠢᠯᠯᠠᠭ᠎ᠠ ᠵᠢᠨ ᠡᠴᠦᠰ᠎ᠤᠨ ᠲᠠᠶ᠋ᠢᠯᠪᠤᠷᠢᠯᠠᠬᠤ ᠡᠷᠬᠡ᠎ᠨᠢ ᠭᠤᠤᠯᠯᠠᠨ ᠡᠷᠬᠢᠯᠡᠭᠰᠡᠨ ᠨᠢᠭᠡᠴᠢ᠎ᠳᠤ ᠥᠮᠴᠢᠯᠡᠭᠳᠡᠨ᠎ᠡ᠃
ᠳᠣᠯᠤᠭ᠎ᠠ᠂ ᠠᠵᠢᠯ᠎ᠤᠨ ᠱᠠᠭ᠋ᠠᠷᠳᠠᠯᠭ᠎ᠠ
ᠡᠯ᠎ᠡ ᠭᠠᠵᠠᠷ᠂ ᠡᠯ᠎ᠡ ᠨᠢᠭᠡᠴᠢ᠎ᠨᠦᠭᠦᠳ ᠡᠯ᠎ᠡ ᠲᠥᠷᠥᠯ᠎ᠤᠨ ᠵᠠᠭᠤᠴᠢᠯᠠᠭᠤᠷ᠂ ᠤᠬᠠᠭᠤᠯᠭ᠎ᠠ ᠵᠢᠨ ᠠᠴᠢᠶᠠᠯᠠᠪᠤᠷᠢ᠂ ᠲᠠᠪᠴᠠᠩ᠎ᠤᠨ ᠲᠠᠩᠰᠠᠨ ᠨᠣᠮᠧᠷ᠂ ᠡᠬᠢ ᠪᠠᠶᠠᠯᠢᠭ᠎ᠤᠨ ᠠᠷᠭ᠎ᠠ ᠵᠠᠮ᠎ᠢ ᠭᠦᠢ᠍ᠴᠡᠳ ᠠᠰᠢᠭᠯᠠᠨ ᠡᠯ᠎ᠡ ᠰᠢᠰᠲ᠋ᠧᠮ᠎ᠤᠨ ᠬᠠᠮᠢᠶ᠎ᠠ ᠪᠥᠬᠦᠶ ᠠᠵᠢᠯ ᠲᠥᠷᠥᠯ᠎ᠤᠨ ᠪᠠᠶ᠋ᠢᠭᠤᠯᠤᠮᠵᠢ᠂ ᠦᠢ᠍ᠯᠡᠳᠬᠦ ᠨᠢᠭᠡᠴᠢ ᠪᠠ ᠬᠤᠪᠢ ᠬᠥᠮᠦᠨ᠎ᠢ ᠥᠷᠭᠡᠨ ᠵᠶ᠋ᠠᠷ ᠳᠠᠶ᠋ᠢᠴᠢᠯᠠᠨ ᠣᠷᠣᠯᠴᠠᠭᠤᠯᠬᠤ ᠬᠡᠷᠡᠭᠲᠡᠶ᠃ ᠡᠯ᠎ᠡ ᠠᠶ᠋ᠢᠮᠠᠭ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ᠎ᠪᠠᠨ ᠳᠣᠲᠣᠷᠠᠬᠢ ᠪᠦᠲᠦᠭᠡᠯ᠎ᠤᠨ ᠠᠩᠬᠠᠨ᠎ᠤ ᠬᠢᠨᠠᠯᠲᠠ ᠵᠢᠨ ᠠᠵᠢᠯ᠎ᠢ ᠬᠠᠷᠢᠭᠤᠴᠠᠵᠤ᠂ ᠪᠦᠲᠦᠭᠡᠯ᠎ᠤᠨ ᠮᠡᠳᠡᠭᠦᠯᠦᠨ ᠬᠦᠷᠭᠡᠭᠰᠡᠨ ᠮᠡᠳᠡᠭᠡ ᠵᠠᠩᠭᠢ ᠵᠢᠴᠢ ᠭᠤᠶᠤᠴᠢᠯᠠᠨ ᠮᠡᠳᠡᠭᠦᠯᠬᠦ ᠨᠥᠬᠦᠴᠡᠯ᠎ᠢ ᠭᠤᠤᠯᠳᠠᠯᠭ᠎ᠠ᠎ᠲᠠᠢ ᠬᠢᠨᠠᠨ ᠬᠠᠷᠭᠤᠭᠤᠯᠵᠤ᠂ ᠪᠦᠲᠦᠭᠡᠯ᠎ᠢ ᠮᠡᠳᠡᠭᠦᠯᠦᠨ ᠬᠦᠷᠭᠡᠬᠦ ᠴᠠᠭ ᠳᠠᠭᠣᠰᠬᠣᠠᠴᠠ ᠡᠮᠦᠨ᠎ᠡ ᠪᠦᠲᠦᠭᠡᠯ ᠴᠤᠭᠯᠠᠭᠤᠯᠬᠤ ᠲᠠᠪᠴᠠᠩ᠎ᠳᠤ ᠠᠩᠬᠠᠨ᠎ᠤ ᠬᠢᠨᠠᠯᠲᠠ ᠵᠢ ᠳᠠᠭᠤᠰᠬᠠᠬᠤ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠩᠬᠠᠨ᠎ᠤ ᠬᠢᠨᠠᠯᠲᠠ ᠵᠢᠨ ᠳᠠᠩᠰᠠᠨ᠎ᠤ ᠳ᠋ᠤᠭ᠋ᠠᠷ᠎ᠢ ᠠᠰᠲᠤᠨᠢ ᠮᠡᠳᠡᠭᠳᠡᠨ᠎ᠡ᠃
(ᠬᠠᠷᠢᠯᠴᠠᠬᠤ ᠬᠥᠮᠦᠨ᠄ ᠵᠣᠣ ᠾᠧᠩ ᠯᠢ᠂ ᠬᠠᠷᠢᠯᠴᠠᠬᠤ ᠤᠲᠠᠰᠤ᠄ 0471 - 4590091)