2025 ᠣᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠤᠯᠠᠷᠢᠯ ᠵᠶ᠋ᠡᠷ ᠰᠢᠯᠢᠳᠡᠭ᠎ᠢ᠎ᠨᠢ ᠲᠠᠨᠢᠯᠴᠠᠭᠣᠯᠬᠣ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ
2025-04-02

ᠡᠯ᠎ᠡ ᠠᠶ᠋ᠢᠮᠠᠭ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂    ᠬᠠᠮᠢᠶ᠎ᠠ ᠪᠦᠬᠦᠢ ᠶᠡᠭᠡ ᠳᠡᠭᠡᠳᠦ ᠰᠤᠷᠭ᠋ᠠᠭᠤᠯᠢ᠂ ᠪᠤᠰᠤᠳ ᠬᠠᠮᠢᠶ᠎ᠠ ᠪᠦᠬᠦᠢ  ᠨᠢᠭᠡᠴᠢ᠎ᠳᠤ᠄

      ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠠᠵᠢᠯ᠎ᠤᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠢ ᠬᠥᠲᠥᠯᠥᠨ ᠵᠢᠯᠤᠭᠤᠳᠴᠤ ᠪᠠᠶ᠋ᠢᠭ᠋ᠠᠳ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠵᠣᠬᠢᠶᠠᠨ ᠪᠦᠲᠦᠭᠡᠯᠭᠡ ᠵᠢᠨ ᠳᠠᠮᠵᠢᠭᠣᠯᠭ᠎ᠠ᠎ᠳᠤ ᠢᠳᠡᠪᠬᠢᠲᠡᠢ ᠣᠷᠣᠯᠴᠠᠭᠤᠯᠵᠤ᠂ ᠠᠷᠠᠳ ᠲᠦᠮᠡᠨ᠎ᠤ ᠣᠶᠤᠨ ᠰᠠᠨᠠᠭ᠋ᠠᠨ᠎ᠤ ᠬᠦᠴᠦᠨ᠎ᠢ ᠴᠢᠩᠭ᠋ᠠᠷᠠᠭᠤᠯᠬᠤ ᠰᠢᠯᠢᠳᠡᠭ ᠪᠦᠲᠦᠭᠡᠯ᠎ᠢ ᠨᠡᠩ ᠣᠯᠠᠨ ᠭᠠᠷᠭ᠋ᠠᠵᠤ᠂ 2025 ᠣᠨ᠎ᠳᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠤᠯᠠᠷᠢᠯ ᠵᠶ᠋ᠠᠷ ᠰᠢᠯᠢᠳᠡᠭ᠎ᠢ᠎ᠨᠢ ᠲᠠᠨᠢᠯᠴᠠᠭᠣᠯᠬᠣ  ᠠᠵᠢᠯ᠎ᠢ ᠦᠷᠭᠦᠯᠵᠢᠯᠡᠨ ᠥᠷᠨᠢᠭᠦᠯᠬᠦ ᠵᠢᠨ ᠲᠤᠰᠠᠳᠠ᠂ ᠡᠳᠦᠭᠡ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄

      ᠨᠢᠭᠡ᠂  ᠰᠢᠯᠢᠳᠡᠭ᠎ᠢ᠎ᠨᠢ ᠲᠠᠨᠢᠯᠴᠠᠭᠣᠯᠬᠣ  ᠬᠡᠪᠴᠢᠶ᠎ᠡ

      ᠪᠥᠬᠦ ᠣᠷᠣᠨ᠎ᠤ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ᠂ ᠢᠨᠲ᠋ᠧᠷ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠷᠠᠳᠢᠣ᠋ ᠲᠧᠯᠸᠢᠰ᠎ᠤᠨ ᠫᠷᠤᠭ᠌ᠷᠠᠮ᠎ᠤᠨ ᠦᠢ᠍ᠯᠡᠳᠬᠦ  ᠡᠵᠡᠩᠨᠡᠯᠲᠡ ᠵᠢᠨ ᠪᠠᠶ᠋ᠢᠭᠤᠯᠤᠮᠵᠢ᠂ ᠬᠠᠮᠢᠶ᠎ᠠ ᠪᠥᠬᠦᠶ ᠶᠡᠭᠡ ᠳᠡᠭᠡᠳᠦ ᠰᠤᠷᠭ᠋ᠠᠭᠤᠯᠢ ᠪᠠ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠵᠣᠬᠢᠶᠠᠨ ᠪᠦᠲᠦᠭᠡᠯᠲᠡ ᠵᠢ ᠥᠷᠨᠢᠭᠦᠯᠦᠭᠰᠡᠨ ᠪᠤᠰᠤᠳ ᠨᠢᠭᠡᠴᠢ ᠵᠢᠴᠢ ᠬᠤᠪᠢ ᠬᠥᠮᠦᠨ᠂ ᠲᠠᠨᠢᠯᠴᠠᠭᠤᠯᠬᠤ ᠤᠯᠠᠷᠢᠯ᠎ᠳᠤ ᠠᠩᠬ᠎ᠠ ᠤᠳᠠᠭ᠎ᠠ  ᠦᠢ᠍ᠯᠡᠳᠴᠦ  ᠨᠡᠪᠲᠡᠷᠡᠭᠦᠯᠬᠦ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠴᠥᠮ ᠭᠤᠶᠤᠴᠢᠯᠠᠨ ᠮᠡᠳᠡᠭᠦᠯᠵᠦ ᠣᠷᠣᠯᠴᠠᠵᠤ      ᠪᠣᠯᠤᠨ᠎ᠠ᠃

      ᠬᠤᠶᠠᠷ᠂ ᠪᠦᠲᠦᠭᠡᠯ᠎ᠤᠨ ᠭᠤᠣᠯ ᠰᠡᠳᠦᠪ

      (ᠨᠢᠭᠡ) ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠤᠭᠤᠰᠢᠯᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠦᠭᠡ ᠬᠡᠯᠡ ᠵᠢ ᠠᠮᠢᠳᠤᠯᠢᠭ ᠵᠶ᠋ᠠᠷ ᠬᠡᠷᠡᠭᠯᠡᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ  ᠣᠢ᠌ᠯᠠᠭ᠋ᠠᠮᠵᠢᠲᠠᠢ ᠂ ᠤᠯᠠᠨ ᠲᠦᠮᠡᠨᠴᠢᠯᠡᠨ  ᠳᠠᠮᠵᠢᠭᠣᠯᠣᠨ  ᠢᠯᠡᠳᠬᠡᠬᠦ ᠵᠢ ᠰᠠᠶ᠋ᠢᠲᠤᠷ ᠬᠢᠵᠦ᠂ ᠨᠠᠮ᠎ᠤᠨ ᠰᠢᠨ᠎ᠡ ᠵᠢ ᠡᠭᠦᠳᠬᠦ ᠤᠨᠤᠯ᠎ᠢ ᠪᠦᠬᠦ ᠨᠡᠶ᠋ᠢᠭᠡᠮ᠎ᠳᠤ ᠭᠦᠨᠵᠡᠭᠡᠢ  ᠳᠠᠮᠵᠢᠭᠣᠯᠬᠣ ᠵᠢ ᠰᠠᠶ᠋ᠢᠲᠤᠷ ᠬᠢᠬᠦ ᠬᠡᠷᠡᠭᠲᠡᠢ᠃

      (ᠬᠤᠶᠠᠷ) 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠦᠨᠳᠦᠰᠦᠲᠡᠨ᠎ᠤ  ᠱᠠᠰᠢᠨ ᠰᠤᠷᠲᠠᠬᠤᠨ᠎ᠤ ᠲᠥᠷᠥ ᠵᠢᠨ ᠪᠣᠳᠣᠯᠭ᠎ᠠ ᠵᠢᠨ ᠣᠨᠣᠯ᠎ᠢ ᠤᠬᠠᠭᠤᠯᠤᠨ ᠲᠠᠶ᠋ᠢᠯᠪᠤᠷᠢᠯᠠᠬᠤ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠪᠥᠬᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ᠎ᠤᠨ ᠨᠢᠭᠡᠳᠦᠯᠲᠡᠶ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠥᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ ᠵᠡᠷᠭᠡ ᠵᠢᠨ ᠲᠣᠭᠤᠷᠢᠨ᠎ᠳᠤ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠵᠣᠬᠢᠶᠠᠨ ᠪᠦᠲᠦᠭᠡᠯᠭᠡ ᠵᠢ  ᠳᠠᠮᠵᠢᠭᠣᠯᠬᠣ ᠵᠢ ᠥᠷᠨᠢᠭᠦᠯᠵᠦ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ  ᠦᠢ᠍ᠯᠡ  ᠠᠵᠢᠯᠯᠠᠭ᠎ᠠ ᠵᠢᠨ ᠳᠠᠭᠣᠷᠢᠰᠬᠠᠯ ᠶᠠᠷᠢᠶ᠎ᠠ ᠵᠢ  ᠭᠦᠨᠵᠡᠭᠡᠶ ᠠᠭᠤᠳᠠᠯᠵᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠮᠢᠳᠤᠯᠢᠭ ᠪᠠᠶ᠋ᠢᠳᠠᠯ᠎ᠢ  ᠢᠯᠡᠷᠡᠭᠦᠯᠣᠨ᠎ᠡ ᠃

      (ᠭᠤᠷᠪᠠ) ᠥᠪᠡᠷᠲᠡᠭᠡᠨ ᠵᠠᠰᠠᠬᠤ ᠣᠷᠣᠨ᠎ᠤ 《ᠬᠤᠶᠠᠷ ᠶᠡᠭᠡ ᠶᠠᠪᠤᠳᠠᠯ》᠎ᠢ ᠰᠠᠶ᠋ᠢᠲᠤᠷ ᠬᠢᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂           《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ᠂ ᠰᠢᠨ᠎ᠡ ᠵᠠᠮ ᠵᠶ᠋ᠠᠷ  ᠠᠶᠠᠯᠠᠨ ᠳᠤᠮᠳᠠ  ᠣᠷᠣᠰᠬᠠᠯ᠎ᠳᠤ ᠣᠷᠣᠭᠤᠯᠬᠤ ᠵᠡᠷᠭᠡ ᠭᠤᠣᠯᠳᠠᠯᠭ᠎ᠠ᠎ᠲᠠᠢ ᠠᠵᠢᠯ᠎ᠤᠨ ᠪᠠᠶ᠋ᠢᠷᠢᠯᠠᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠮᠠᠷᠠᠲᠤ ᠬᠢᠯᠢ ᠵᠢᠨ ᠰᠣᠶᠣᠯ᠂ ᠤᠰᠤ ᠠᠷᠪᠢᠯᠠᠬᠤ᠂ ᠠᠵᠢᠯ ᠣᠯᠭᠤᠯᠲᠠ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠵᠢᠨ ᠪᠣᠯᠪᠠᠰᠤᠨ ᠵᠡᠷᠭᠡ ᠭᠤᠣᠯ ᠰᠡᠳᠦᠪ᠎ᠢ ᠲᠤᠪᠤᠶ᠋ᠢᠯᠭ᠋ᠠᠵᠦ᠂ ᠥᠪᠥᠷ ᠮᠣᠩᠭᠤᠯ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠦᠯᠢᠭᠡᠷ᠎ᠢ ᠤᠯᠠᠨ ᠬᠠᠷᠠᠭ᠋ᠠᠰᠤ᠎ᠠᠴᠠ ᠪᠦᠬᠦ ᠲᠠᠯ᠎ᠠ᠎ᠪᠠᠷ ᠰᠠᠶ᠋ᠢᠲᠤᠷ ᠶᠠᠷᠢᠵᠤ᠂ ᠥᠪᠥᠷ ᠮᠣᠩᠭᠤᠯ᠎ᠤᠨ ᠰᠢᠨ᠎ᠡ ᠬᠤᠪᠢᠷᠠᠯᠲᠠ᠂ ᠠᠷᠠᠳ ᠲᠦᠮᠡᠨ᠎ᠤ ᠰᠢᠨ᠎ᠡ ᠳᠦᠷᠰᠦ ᠪᠠᠶ᠋ᠢᠳᠠᠯ᠂ ᠨᠡᠶ᠋ᠢᠭᠡᠮ᠎ᠤᠨ ᠰᠢᠨ᠎ᠡ ᠳᠦᠷᠰᠦ ᠪᠠᠶ᠋ᠢᠳᠠᠯ᠎ᠢ  ᠢᠯᠡᠷᠡᠭᠦᠯᠣᠨ᠎ᠡ ᠃

      (ᠲᠦᠷᠪᠡ) ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠵᠢ ᠪᠠᠳᠠᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠤᠪᠢᠰᠬᠠᠯᠲᠤ ᠰᠣᠶᠣᠯ᠂ ᠠᠷᠢᠭᠤᠨ ᠴᠢᠬᠡᠴᠢ ᠰᠣᠶᠣᠯ᠂ ᠦᠨᠡᠨᠴᠢ ᠢᠲᠡᠭᠡᠮᠵᠢᠲᠡᠶ ᠰᠣᠶᠣᠯ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠢᠷᠤᠮᠯᠠᠬᠤ᠂ ᠠᠵᠢᠯ ᠮᠡᠷᠭᠡᠵᠢᠯ᠎ᠤᠨ ᠶᠣᠰᠣ ᠮᠣᠷᠠᠯ᠂ ᠪᠠᠭ᠋ᠠᠲᠤᠷ ᠵᠢᠱ᠌ᠢᠶᠡᠴᠢ ᠬᠥᠮᠦᠰ᠂ ᠪᠣᠯᠪᠠᠰᠤᠨ ᠶᠣᠰᠣ ᠮᠣᠷᠠᠯ᠂ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ᠂ ᠬᠤᠭ ᠨᠣᠪᠰᠢ ᠵᠢ ᠲᠥᠷᠥᠯ ᠬᠤᠪᠢᠶᠠᠬᠤ᠂ ᠵᠠᠩᠰᠢᠯ  ᠳᠠᠳᠬᠠᠯ᠎ᠢ ᠥᠭᠡᠷᠡᠴᠢᠯᠡᠬᠦ᠂ ᠡᠮᠡᠭᠲᠡᠶ᠋ᠢᠴᠦᠳ ᠬᠡᠤᠬᠡᠳ᠎ᠢ ᠬᠠᠶ᠋ᠢᠷᠠᠯᠠᠬᠤ᠂ ᠨᠠᠰᠤᠲᠠᠨ ᠵᠶ᠋ᠠᠨ ᠬᠦᠨᠳᠦᠯᠡᠵᠦ  ᠨᠠᠰᠣᠲᠠᠨ ᠵᠶ᠋ᠠᠨ ᠬᠦᠨᠳᠦᠳᠬᠡᠵᠦ  ᠨᠠᠰᠤᠲᠠᠨ ᠵᠶ᠋ᠠᠨ ᠬᠠᠶ᠋ᠢᠷᠠᠯᠠᠬᠤ᠂ ᠵᠡᠮᠳᠡᠭᠴᠦᠳ᠎ᠢ ᠲᠡᠳᠬᠦᠵᠦ ᠵᠡᠮᠳᠡᠭᠴᠦᠳ᠎ᠢ ᠲᠤᠰᠠᠯᠠᠬᠤ ᠵᠡᠷᠭᠡ ᠵᠢᠨ ᠲᠣᠭᠤᠷᠢᠨ᠎ᠳᠤ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠵᠣᠬᠢᠶᠠᠨ ᠪᠦᠲᠦᠭᠡᠵᠦ  ᠳᠠᠮᠵᠢᠭᠣᠯᠬᠣ  ᠠᠵᠢᠯ᠎ᠢ ᠥᠷᠨᠢᠭᠦᠯᠵᠦ᠂ ᠠᠷᠠᠳ ᠣᠯᠠᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠣᠶᠤᠨ ᠰᠠᠨᠠᠭ᠋ᠠᠨ᠎ᠤ ᠰᠢᠮ᠎ᠡ ᠲᠡᠵᠢᠭᠡᠯ ᠬᠦᠷᠲᠡᠭᠡᠵᠦ᠂ ᠶᠣᠰᠣ ᠰᠤᠷᠲᠠᠬᠤᠨ᠎ᠤ ᠬᠦᠴᠦᠨ᠎ᠢ ᠣᠶ᠋ᠢᠯᠠᠭ᠋ᠠᠭᠤᠯᠵᠤ᠂ ᠬᠠᠶ᠋ᠢᠷ᠎ᠠ ᠰᠡᠳᠬᠢᠯᠭᠡ ᠵᠢᠨ ᠬᠠᠮᠲᠤ ᠵᠢᠨ ᠲᠠᠨᠢᠯᠲᠠ ᠵᠢ ᠪᠣᠶ ᠪᠣᠯᠭ᠋ᠠᠨ᠎ᠠ ᠃

      (ᠲᠠᠪᠤ) ᠠᠶᠤᠯᠭᠦᠢ ᠦᠢ᠍ᠯᠡᠳᠪᠦᠷᠢᠯᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠤ ᠪᠤᠳᠠᠭ᠎ᠠ᠂ ᠤᠰᠤᠨ᠎ᠤ ᠡᠬᠢ ᠪᠠᠶᠠᠯᠢᠭ᠂ ᠭᠠᠯ ᠤᠨᠲᠠᠷᠠᠭ᠋ᠠᠬᠤ᠂ ᠵᠠᠮ ᠬᠠᠷᠢᠯᠴᠠᠭ᠎ᠠ᠂ ᠰᠤᠷᠭ᠋ᠠᠭᠤᠯᠢ ᠵᠢᠨ ᠬᠦᠷᠢᠶ᠎ᠡ᠂ ᠦᠢ᠍ᠯᠡᠳᠪᠦᠷᠢᠯᠡᠯ᠂ ᠰᠦᠯᠵᠢᠶ᠎ᠡ ᠵᠡᠷᠭᠡ ᠠᠮᠤᠷ ᠲᠦᠪᠰᠢᠨ᠎ᠤ ᠬᠥᠮᠦᠵᠢᠯ ᠵᠢᠴᠢ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ᠎ᠢ  ᠰᠡᠷᠭᠡᠶ᠋ᠢᠯᠡᠨ ᠤᠨᠲᠠᠷᠠᠭ᠋ᠠᠬᠤ᠂ ᠭᠠᠵᠠᠷ  ᠵᠦᠢ ᠵᠢᠨ ᠭᠠᠢ  ᠭᠠᠮᠰᠢᠭ᠎ᠢ ᠰᠡᠷᠭᠡᠶ᠋ᠢᠯᠡᠨ ᠵᠠᠰᠠᠬᠤ᠂ ᠪᠠᠴᠢᠮ ᠪᠠᠶ᠋ᠢᠳᠠᠯ᠎ᠢ  ᠠᠷᠭ᠋ᠠᠴᠠᠭ᠋ᠠᠵᠤ  ᠠᠪᠤᠷᠠᠨ ᠲᠤᠰᠠᠯᠠᠬᠤ᠂ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ᠂ ᠭᠠᠵᠠᠷ ᠬᠥᠳᠡᠯᠦᠯᠲᠡ᠎ᠠᠴᠠ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠵᠡᠷᠭᠡ ᠵᠢᠨ ᠲᠣᠭᠤᠷᠢᠨ᠎ᠳᠤ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠵᠣᠬᠢᠶᠠᠨ ᠪᠦᠲᠦᠭᠡᠵᠦ  ᠳᠠᠮᠵᠢᠭᠣᠯᠬᠣ  ᠠᠵᠢᠯ᠎ᠢ ᠥᠷᠨᠢᠭᠦᠯᠵᠦ᠂ ᠠᠮᠤᠷ ᠲᠦᠪᠰᠢᠨ᠎ᠤ ᠮᠡᠳᠡᠯᠭᠡ ᠵᠢ ᠲᠦᠭᠡᠮᠡᠯᠵᠢᠭᠦᠯᠵᠦ᠂ ᠨᠡᠶ᠋ᠢᠭᠡᠮ᠎ᠤᠨ ᠠᠮᠤᠷ ᠲᠦᠪᠰᠢᠨ᠎ᠤ ᠤᠬᠠᠮᠰᠠᠷ᠎ᠢ  ᠳᠡᠭᠡᠭᠰᠢᠯᠡᠭᠦᠯᠣᠨ᠎ᠡ ᠃

      (ᠵᠢᠷᠭᠤᠭ᠎ᠠ) ᠡᠷᠡᠭᠦᠯ ᠡᠩᠬᠡ  ᠪᠣᠯᠪᠠᠰᠣᠨ᠎ᠳᠤ ᠠᠩᠬᠠᠷᠣᠯ ᠵᠶ᠋ᠠᠨ ᠲᠦᠪᠯᠡᠷᠡᠭᠦᠯᠵᠦ ᠂  ᠡᠷᠡᠭᠦᠯ ᠡᠩᠬᠡ ᠦᠪᠦᠷ ᠮᠣᠩᠭᠣᠯ᠂  ᠤᠯᠤᠰ ᠵᠶ᠋ᠠᠨ ᠬᠠᠶ᠋ᠢᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ᠂ ᠵᠡᠮᠳᠡᠭ ᠪᠣᠯᠬᠤ ᠵᠢ ᠤᠷᠢᠳᠴᠢᠯᠠᠨ ᠰᠡᠷᠭᠡᠶ᠋ᠢᠯᠡᠬᠦ᠂ ᠬᠡᠤᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠵᠡᠷᠭᠡ ᠭᠤᠤᠯ ᠰᠡᠳᠦᠪ ᠵᠢᠴᠢ ᠪᠥᠬᠦ ᠤᠯᠤᠰ᠎ᠤᠨ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ᠂ ᠳᠣᠤᠷ᠎ᠠ ᠨᠡᠭᠦᠷᠡᠰᠦᠲᠥ᠋ᠷᠥᠭᠴᠢᠲᠦ ᠡᠳᠦᠷ᠂ ᠳᠡᠯᠡᠬᠡᠶ ᠵᠢᠨ ᠠᠶ᠋ᠢᠽ ᠡᠪᠡᠳᠴᠢᠨ᠎ᠤ ᠡᠳᠦᠷ᠂ ᠪᠥᠬᠦ ᠤᠯᠤᠰ᠎ᠤᠨ 《ᠴᠢᠬᠢ᠎ᠪᠠᠨ ᠬᠠᠶ᠋ᠢᠷᠠᠯᠠᠬᠤ ᠡᠳᠦᠷ》 ᠵᠡᠷᠭᠡ ᠵᠠᠩᠭᠢᠯᠠᠭ᠎ᠠ ᠵᠢᠨ ᠴᠡᠭ᠎ᠤᠨ ᠲᠣᠭᠤᠷᠢᠨ᠎ᠳᠤ᠂ ᠨᠡᠶ᠋ᠢᠲᠡ ᠵᠢᠨ ᠠᠰᠠᠷᠠᠮᠵᠢ ᠵᠢᠨ ᠵᠠᠷ  ᠮᠡᠳᠡᠭᠡ ᠵᠢ  ᠵᠣᠬᠢᠶᠠᠨ  ᠪᠦᠲᠦᠭᠡᠵᠦ ᠲᠠᠷᠬᠠᠬᠣ ᠵᠢ  ᠥᠷᠨᠢᠭᠦᠯᠵᠦ᠂ ᠪᠣᠯᠪᠠᠰᠤᠨ ᠡᠷᠡᠭᠦᠯ  ᠡᠩᠬᠡ  ᠠᠮᠢᠳᠤᠷᠠᠯ᠎ᠤᠨ ᠠᠷᠭ᠎ᠠ ᠮᠠᠶᠢᠭ᠎ᠢ ᠢᠳᠡᠪᠬᠢᠲᠡᠶ  ᠰᠠᠨᠠᠭ᠋ᠠᠴᠢᠯᠠᠨ᠎ᠠ ᠃

      (ᠳᠤᠯᠤᠭ᠎ᠠ) ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠳᠤ ᠠᠩᠬᠠᠷᠣᠯ ᠵᠶ᠋ᠠᠨ ᠲᠦᠪᠯᠡᠷᠡᠭᠦᠯᠵᠦ ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠰᠤᠷᠭ᠋ᠠᠨ ᠬᠥᠮᠦᠵᠢᠯ᠂ ᠬᠤᠶᠠᠷ᠎ᠢ ᠬᠦᠷᠢᠶᠡᠯᠡᠬᠦ᠂ ᠬᠤᠶᠠᠷ᠎ᠢ ᠪᠠᠭ᠋ᠠᠰᠬᠠᠬᠤ᠂ ᠰᠠᠶ᠋ᠢᠨ ᠳᠤᠷ᠎ᠠ ᠵᠢᠨ  ᠦᠢ᠍ᠯᠡᠴᠢᠯᠡᠭᠡ ᠂ ᠠᠯᠪᠠᠨ ᠵᠢᠷᠤᠮ᠎ᠤᠨ ᠮᠣᠳᠣ ᠳᠠᠷᠢᠬᠤ᠂ ᠬᠤᠤᠷ ᠴᠠᠭ᠋ᠠᠵᠠᠯᠠᠬᠤ᠂ ᠫᠤᠤ ᠵᠡᠪᠰᠡᠭ ᠲᠡᠯᠪᠡᠷᠡᠬᠦ  ᠡᠳ᠋᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠴᠦ ᠴᠡᠭᠴᠡᠯᠡᠨ ᠵᠠᠰᠠᠬᠤ᠂ ᠴᠠᠬᠢᠯᠭ᠋ᠠᠨ ᠬᠤᠯᠪᠣᠭ᠎ᠠ᠎ᠪᠠᠷ ᠮᠡᠬᠡᠯᠡᠬᠦ ᠠᠵᠢᠯᠯᠠᠭ᠎ᠠ᠎ᠳᠤ ᠴᠣᠬᠢᠯᠲᠠ ᠥᠭᠬᠦ᠂  ᠬᠠᠤᠯᠢ ᠪᠤᠰᠤ᠎ᠪᠠᠷ ᠪᠠᠯᠠ ᠴᠤᠭᠯᠠᠭᠤᠯᠬᠤ ᠵᠢ ᠰᠡᠷᠭᠡᠶ᠋ᠢᠯᠡᠬᠦ ᠂  ᠬᠠᠤᠯᠢ ᠪᠤᠰᠤ᠎ᠪᠠᠷ  ᠬᠡᠭᠡᠷ᠎ᠡ ᠵᠢᠨ ᠠᠮᠢᠲᠠᠨ ᠤᠷᠭᠤᠮᠠᠯ᠎ᠢ ᠠᠷᠠᠯᠵᠢᠶᠠᠯᠠᠬᠤ᠎ᠳᠤ ᠵᠤᠬᠢᠯᠲᠠ ᠦᠭᠬᠦ ᠂ ᠮᠡᠳᠡᠯᠭᠡ ᠵᠢᠨ ᠦᠮᠴᠢᠯᠡᠯ᠎ᠤᠨ  ᠡᠷᠬᠡ ᠵᠢ ᠬᠠᠮᠠᠭ᠋ᠠᠯᠠᠬᠤ᠂ ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠬᠠᠮᠠᠭ᠋ᠠᠯᠠᠬᠤ᠂ ᠬᠠᠤᠯᠢ ᠪᠤᠰᠤ ᠳᠠᠭ᠋ᠠᠭᠤᠯᠢ ᠣᠳᠣᠨ᠎ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠵᠡᠷᠭᠡ ᠪᠤᠰᠤᠳ ᠭᠤᠤᠯ ᠰᠡᠳᠦᠪ᠎ᠤᠨ ᠲᠣᠭᠤᠷᠢᠨ᠎ᠳᠤ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠵᠣᠬᠢᠶᠠᠨ ᠪᠦᠲᠦᠭᠡᠵᠦ  ᠳᠠᠮᠵᠢᠭᠣᠯᠬᠣ  ᠠᠵᠢᠯ᠎ᠢ ᠥᠷᠨᠢᠭᠦᠯᠵᠦ᠂ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠨ᠎ᠠ᠃

      ᠭᠤᠷᠪᠠ᠂ ᠪᠦᠲᠦᠭᠡᠯ᠎ᠤᠨ ᠬᠡᠯᠪᠡᠷᠢ

      ᠷᠠᠳᠢᠣ᠋ ᠨᠡᠪᠲᠡᠷᠡᠭᠦᠯᠭᠡ᠂ ᠲᠧᠯᠸᠢᠰ᠎ᠤᠨ ᠪᠦᠲᠦᠭᠡᠯ᠎ᠤᠨ ᠤᠷᠲᠤ᠎ᠨᠢ ᠡᠩ᠎ᠤᠨ ᠪᠠᠶ᠋ᠢᠳᠠᠯ᠎ᠳᠤ 180 ᠰᠧᠺᠦ᠋ᠨ᠋ᠳ᠋᠎ᠠᠴᠠ ᠬᠡᠲᠦᠷᠡᠵᠦ ᠪᠣᠯᠬᠤ ᠦᠭᠡᠢ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠰᠢᠷᠢᠰ ᠪᠦᠲᠦᠭᠡᠯ᠎ᠤᠨ ᠰᠢᠯᠢᠳᠡᠭ᠎ᠠᠴᠠ᠎ᠨᠢ 1 ᠬᠤᠪᠢ ᠰᠣᠩᠭᠤᠵᠤ  ᠮᠡᠳᠡᠭᠦᠯᠣᠨ᠎ᠡ ᠃

      (ᠨᠢᠭᠡ)  ᠷᠠᠳᠢᠤ᠋ ᠲᠧᠯᠸᠢᠰ᠎ᠤᠨ  ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ

      MP3 ᠪᠤᠶᠤ WMA ᠵᠢᠨ ᠵᠠᠭᠪᠣᠷ᠎ᠨᠢ ᠪᠡᠶᠡᠲᠦ ᠳᠠᠭᠤ ᠪᠤᠶᠤ 5.1  ᠲᠣᠭᠣᠷᠢᠯᠲᠠ ᠵᠢᠨ  ᠳᠠᠭᠤᠨ᠎ᠤ  ᠺᠣᠳ᠋᠎ᠢ ᠳᠡᠮᠵᠢᠪᠡᠯ ᠵᠣᠬᠢᠨ᠎ᠠ᠂  ᠨᠥᠬᠥᠴᠡᠯ ᠪᠠᠶ᠋ᠢᠪᠠᠯ ᠭᠤᠷᠪᠠᠨ  ᠬᠡᠮᠵᠢᠯᠲᠦ ᠳᠠᠭᠤᠨ᠎ᠤ  ᠺᠣᠳ᠋᠎ᠢ ᠳᠠᠮᠵᠢᠵᠦ ᠂ Audio Vivid ᠪᠠᠷᠢᠮᠵᠢᠶ᠎ᠠ ᠵᠢ ᠬᠡᠷᠡᠭᠯᠡᠵᠦ ᠪᠣᠯᠣᠨ᠎ᠠ᠃  ᠪᠡᠶᠡᠲᠦ  ᠳᠠᠭᠤ ᠪᠣᠯᠣᠨ 5.1 ᠲᠣᠭᠣᠷᠢᠯᠲᠠ ᠵᠢᠨ ᠳᠠᠭᠤᠨ᠎ᠤ  ᠠᠪᠴᠢᠯᠲᠠ ᠵᠢᠨ  ᠺᠣᠳ᠋᠎ᠤᠨ ᠨᠣᠷᠮ᠎ᠠ ᠵᠢ 256Kbps᠎ᠠᠴᠠ ᠳᠣᠣᠷ᠎ᠠ  ᠪᠠᠢ᠌ᠯᠭ᠋ᠠᠵᠤ ᠪᠣᠯᠬᠣᠷ  ᠦᠭᠡᠢ᠂ ᠭᠤᠷᠪᠠᠨ ᠬᠡᠮᠵᠢᠯᠳᠦ ᠳᠠᠭᠤᠨ᠎ᠤ  ᠠᠪᠴᠢᠯᠲᠠ ᠵᠢᠨ  ᠺᠣᠳ᠋᠎ᠤᠨ ᠨᠣᠷᠮ᠎ᠠ ᠵᠢ 384Kbps᠎ᠠᠴᠠ ᠳᠣᠣᠷ᠎ᠠ  ᠪᠠᠢ᠌ᠯᠭ᠋ᠠᠵᠤ ᠪᠣᠯᠬᠣ  ᠦᠭᠡᠢ᠃

      (ᠬᠤᠶᠠᠷ)  ᠲᠧᠯᠸᠢᠰ᠎ᠤᠨ  ᠨᠡᠶ᠋ᠢᠲᠡ ᠵᠢᠨ ᠠᠰᠠᠷᠠᠮᠵᠢ ᠵᠢᠨ  ᠵᠠᠷ ᠮᠡᠳᠡᠭᠡ

      1. ᠥᠨᠳᠥᠷ  ᠲᠣᠩᠭ᠋ᠠᠯᠠᠭ ᠸᠢᠳᠢᠤ᠋ ᠄ MP4  ᠵᠠᠭᠪᠣᠷ ᠂ 1920x1080 (16᠄ 9) ᠢᠯᠭ᠋ᠠᠮᠵᠢ ᠂ᠺᠣᠳ᠋ᠯᠠᠮᠵᠢ ᠵᠢ 15Mbps᠎ᠠᠴᠠ ᠳᠣᠣᠷ᠎ᠠ  ᠪᠠᠢ᠌ᠯᠭ᠋ᠠᠵᠤ ᠪᠣᠯᠬᠣ  ᠦᠭᠡᠢ᠃

      2.4K ᠬᠡᠳᠦ ᠥᠨᠳᠥᠷ  ᠲᠣᠩᠭ᠋ᠠᠯᠠᠭ ᠸᠢᠳᠢᠤ᠋ ᠄ MP4  ᠵᠠᠭᠪᠣᠷ ᠂ 3840x2160 (16᠄ 9)  ᠢᠯᠭ᠋ᠠᠮᠵᠢ᠂  ᠸᠢᠳᠢᠤ᠋ ᠵᠢᠨ  ᠺᠣᠳ᠋ ᠎ᠨᠢ AVS3 ᠪᠠᠷᠢᠮᠵᠢᠶ᠎ᠠ ᠵᠢ ᠬᠡᠷᠡᠭᠯᠡᠵᠦ᠂ ᠺᠣᠳ᠋ᠯᠠᠮᠵᠢ᠎ᠨᠢ 18Mbps᠎ᠠᠴᠠ ᠳᠣᠣᠷ᠎ᠠ  ᠪᠠᠢ᠌ᠵᠦ ᠪᠤᠯᠠᠬᠤ  ᠦᠭᠡᠢ ᠂  ᠬᠠᠷᠠᠭ᠋ᠠᠨ ᠳᠠᠪᠲᠠᠮᠵᠢ ᠵᠢᠨ ᠨᠣᠮᠧᠷ᠎ᠢ AVS2 ᠪᠠᠷᠢᠮᠵᠢᠶ᠎ᠠ᠎ᠳᠤ ᠬᠡᠷᠡᠭᠯᠡᠵᠦ᠂  ᠸᠢᠳᠢᠤ᠋ ᠵᠢᠨ  ᠺᠣᠳ᠋ ᠎ᠨᠢ 36 Mbps᠎ᠠᠴᠠ ᠳᠣᠣᠷ᠎ᠠ  ᠪᠠᠢ᠌ᠯᠭ᠋ᠠᠵᠤ  ᠪᠣᠯᠬᠤ ᠦᠭᠡᠢ᠃

      ᠲᠠᠶ᠋ᠢᠯᠪᠤᠷᠢ᠄  ᠡᠭᠦᠰᠦᠮᠡᠯ  ᠮᠠᠶᠢᠭ᠎ᠤᠨ ᠵᠣᠬᠢᠶᠠᠮᠠᠯ  ᠣᠶᠣᠨᠴᠢ ᠴᠢᠳᠠᠪᠣᠷᠢ (AI) ᠵᠢᠨ  ᠮᠡᠷᠭᠡᠵᠢᠯ᠎ᠢ  ᠬᠡᠷᠡᠭᠯᠡᠵᠦ ᠦᠢ᠍ᠯᠡᠳᠦᠭᠰᠡᠨ  ᠪᠦᠲᠦᠭᠡᠯ᠎ᠨᠢ 《ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠭᠦᠨᠴᠡ ᠵᠢᠨ ᠬᠠᠮᠢᠶᠠᠷᠤᠯᠲᠠ ᠵᠢᠨ ᠲᠣᠭᠲᠠᠭ᠋ᠠᠯ》᠂ 《  ᠡᠭᠦᠰᠦᠮᠡᠯ  ᠮᠠᠶᠢᠭ᠎ᠤᠨ ᠵᠣᠬᠢᠶᠠᠮᠠᠯ ᠣᠶᠤᠨᠴᠢ  ᠴᠢᠳᠠᠪᠣᠷᠢ ᠵᠢᠨ  ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠡᠷᠭᠡ ᠬᠠᠮᠢᠶ᠎ᠠ ᠪᠥᠬᠦᠶ ᠬᠠᠮᠢᠶᠠᠷᠤᠯᠲᠠ ᠵᠢᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃

      ᠳᠥᠷᠪᠡ᠂  ᠵᠣᠬᠢᠶᠠᠯ  ᠪᠦᠲᠦᠭᠡᠯ᠎ᠢ  ᠭᠣᠶᠣᠴᠢᠯᠠᠨ  ᠮᠡᠳᠡᠭᠦᠯᠬᠦ

      (ᠨᠢᠭᠡ) ᠨᠢᠭᠡ᠎ᠠᠴᠠ ᠳᠥᠷᠪᠡᠳᠦᠭᠡᠷ ᠤᠯᠠᠷᠢᠯ᠎ᠳᠤ ᠵᠣᠬᠢᠴᠠᠩᠭᠤᠶ ᠭᠤᠶᠤᠴᠢᠯᠠᠨ ᠮᠡᠳᠡᠭᠦᠯᠬᠦ ᠬᠤᠭᠤᠴᠠᠭ᠎ᠠ ᠎ᠨᠢ 2025 ᠣᠨ᠎ᠤ 4  ᠳ᠋ᠦ᠍ᠭᠡᠷ  ᠰᠠᠷ᠎ᠠ ᠵᠢᠨ 15᠎ᠤ ᠡᠳᠦᠷ᠂ 7  ᠳ᠋ᠤᠭ᠋ᠠᠷ  ᠰᠠᠷ᠎ᠠ ᠵᠢᠨ 15᠎ᠤ ᠡᠳᠦᠷ᠂ 10  ᠳ᠋ᠤᠭ᠋ᠠᠷ  ᠰᠠᠷ᠎ᠠ ᠵᠢᠨ 15᠎ᠤ ᠡᠳᠦᠷ ᠪᠠ 2026 ᠣᠨ᠎ᠤ 1  ᠳ᠋ᠦ᠍ᠭᠡᠷ  ᠰᠠᠷ᠎ᠠ ᠵᠢᠨ 15᠎ᠤ ᠡᠳᠦᠷ ᠪᠣᠯᠤᠨ᠎ᠠ᠃

      (ᠬᠤᠶᠠᠷ )  ᠵᠣᠬᠢᠶᠠᠯ ᠪᠦᠲᠦᠭᠡᠯ᠎ᠢ ᠮᠡᠳᠡᠭᠦᠯᠦᠨ ᠬᠦᠷᠭᠡᠬᠦ ᠮᠠᠲ᠋ᠧᠷᠢᠶᠠᠯ᠎ᠳᠤ ᠠᠯᠪᠠᠨ ᠲᠠᠮᠠᠭ᠎ᠠ ᠳᠠᠷᠤᠭᠰᠠᠨ ᠪᠦᠲᠦᠭᠡᠯ ᠵᠶ᠋ᠠᠨ  ᠮᠡᠳᠡᠭᠦᠯᠬᠦ ᠬᠦᠰᠦᠨᠦᠭᠲᠦ             (ᠳᠠᠭ᠋ᠠᠯᠳᠤᠭᠤᠯᠤᠯ 1)᠂ ᠳᠠᠭᠤ ᠸᠢᠳᠢᠤ᠋ ᠵᠢᠨ ᠪᠦᠲᠦᠭᠡᠯ (ᠸᠢᠳᠢᠤ᠋ ᠵᠢᠨ ᠪᠦᠲᠦᠭᠡᠯ ᠵᠶ᠋ᠠᠨ  ᠮᠡᠳᠡᠭᠦᠯᠦᠨ ᠬᠦᠷᠭᠡᠬᠦ᠎ᠳᠤ  ᠦᠰᠦᠭᠲᠦ ᠳᠡᠯᠭᠡᠴᠡ ᠵᠢᠨ  ᠬᠡᠪᠯᠡᠯ ᠪᠠ ᠦᠰᠦᠭ ᠦᠭᠡᠢ  ᠳᠡᠯᠭᠡᠴᠡ ᠵᠢᠨ  ᠬᠡᠪᠯᠡᠯ᠎ᠢ  ᠵᠡᠷᠭᠡᠪᠡᠷ ᠲᠤᠰᠢᠶᠠᠬᠤ ᠬᠡᠷᠡᠭᠲᠡᠢ)  ᠵᠢᠴᠢ  ᠵᠣᠬᠢᠶᠠᠯ ᠪᠦᠲᠦᠭᠡᠯ᠎ᠤᠨ  ᠦᠰᠦᠭ ᠪᠢᠴᠢᠭ ᠵᠢ ᠪᠠᠭᠲᠠᠭ᠋ᠠᠨ᠎ᠠ ᠃

      (ᠭᠤᠷᠪᠠ) ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠬᠠᠮᠢᠶ᠎ᠠ ᠪᠦᠬᠦᠢ ᠶᠡᠭᠡ ᠳᠡᠭᠡᠳᠦ ᠰᠤᠷᠭ᠋ᠠᠭᠤᠯᠢ ᠵᠢᠴᠢ ᠪᠤᠰᠤᠳ ᠥᠪᠡᠷᠲᠡᠭᠡᠨ ᠵᠠᠰᠠᠬᠤ ᠣᠷᠣᠨ᠎ᠤ  ᠨᠢᠭᠡᠴᠢ ᠵᠢᠨ ᠲᠠᠨᠢᠯᠴᠠᠭᠤᠯᠤᠭᠰᠠᠨ ᠪᠦᠲᠦᠭᠡᠯ᠎ᠢ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠵᠠᠭᠤᠴᠢᠯᠠᠭᠤᠷ᠎ᠤᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠭᠠᠵᠠᠷ᠎ᠲᠤ ᠰᠢᠭᠤᠳ ᠮᠡᠳᠡᠭᠦᠯᠦᠨ ᠬᠦᠷᠭᠡᠵᠦ᠂ ᠲᠠᠨᠢᠯᠴᠠᠭᠤᠯᠬᠤ ᠬᠦᠰᠦᠨᠦᠭᠲᠦ (ᠳᠠᠭ᠋ᠠᠯᠳᠤᠭᠤᠯᠤᠯ 2) ᠵᠢ ᠲᠠᠭᠯᠠᠵᠤ᠂  ᠪᠠᠢ ᠳ᠋ᠦ᠋ ᠰᠦᠯᠵᠢᠶᠡᠨ᠎ᠤ ᠲᠠᠪᠠᠭ᠎ᠤᠨ ᠴᠦᠷᠬᠡᠯᠡᠭᠡ ᠵᠢ ᠨᠢᠭᠡᠳᠦᠯᠳᠡᠢ ᠪᠤᠢ ᠪᠤᠯᠭ᠋ᠠᠵᠦ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ ᠵᠢᠨ ᠵᠠᠭᠤᠴᠢᠯᠠᠭᠤᠷ᠎ᠤᠨ ᠪᠠᠶ᠋ᠢᠭᠤᠯᠤᠮᠵᠢ ᠵᠢᠨ ᠬᠠᠮᠢᠶᠠᠷᠤᠯᠳᠠ ᠵᠢᠨ ᠭᠠᠵᠠᠷ᠎ᠤᠨ ᠰᠢᠤᠳᠠᠨ ᠬᠠᠶ᠋ᠢᠷᠴᠠᠭ᠎ᠲᠤ  ᠢᠯᠡᠭᠡᠨ᠎ᠡ ᠃

      (ᠳᠥᠷᠪᠡ )  ᠪᠤᠰᠤᠳ  ᠨᠢᠭᠡᠴᠢ  ᠪᠣᠯᠤᠨ ᠬᠤᠪᠢ ᠬᠥᠮᠦᠨ ᠬᠠᠷᠢᠶ᠎ᠠ ᠭᠠᠵᠠᠷ᠎ᠤᠨ ᠵᠠᠷᠴᠢᠮ᠎ᠤᠨ ᠶᠣᠰᠣᠭ᠋ᠠᠷ ᠲᠤᠬᠠᠶ ᠵᠢᠨ ᠭᠠᠵᠠᠷ᠎ᠤᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ᠂ ᠱᠠᠲᠤ ᠳᠠᠷᠠᠭ᠋ᠠᠯᠠᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠮᠡᠳᠡᠭᠦᠯᠦᠨ ᠬᠦᠷᠭᠡᠬᠦ ᠬᠡᠷᠡᠭᠲᠡᠶ᠃ ᠡᠯ᠎ᠡ ᠠᠶ᠋ᠢᠮᠠᠭ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠎ᠨᠢ  ᠵᠣᠬᠢᠶᠠᠯ ᠪᠦᠲᠦᠭᠡᠯ᠎ᠤᠨ  ᠭᠣᠶᠣᠴᠢᠯᠠᠨ  ᠮᠡᠳᠡᠭᠦᠯᠬᠦ ᠬᠦᠰᠦᠨᠦᠭᠲᠦ᠂ ᠪᠦᠲᠦᠭᠡᠯ ᠵᠢᠴᠢ ᠪᠦᠲᠦᠭᠡᠯ᠎ᠤᠨ  ᠦᠰᠦᠭ ᠪᠢᠴᠢᠭ ᠴᠤᠭᠯᠠᠭᠤᠯᠬᠤ ᠠᠵᠢᠯ᠎ᠢ ᠬᠠᠷᠢᠭᠤᠴᠠᠬᠤ ᠵᠢᠨ ᠬᠠᠮᠲᠤ ᠲᠠᠨᠢᠯᠴᠠᠭᠤᠯᠬᠤ ᠬᠦᠰᠦᠨᠦᠭᠲᠦ (ᠳᠠᠭ᠋ᠠᠯᠳᠤᠭᠤᠯᠤᠯ 2) ᠵᠢ ᠲᠠᠭᠯᠠᠵᠤ᠂  ᠪᠠᠢ  ᠳ᠋ᠦ᠋ ᠰᠦᠯᠵᠢᠶᠡᠨ᠎ᠤ ᠲᠠᠪᠠᠭ᠎ᠤᠨ ᠴᠦᠷᠬᠡᠯᠡᠭᠡ ᠵᠢ ᠨᠢᠭᠡᠳᠦᠯᠳᠡᠢ ᠪᠤᠢ ᠪᠤᠯᠭ᠋ᠠᠵᠦ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ ᠵᠢᠨ ᠵᠠᠭᠤᠴᠢᠯᠠᠭᠤᠷ᠎ᠤᠨ ᠪᠠᠶ᠋ᠢᠭᠤᠯᠤᠮᠵᠢ ᠵᠢᠨ ᠬᠠᠮᠢᠶᠠᠷᠤᠯᠳᠠ ᠵᠢᠨ ᠭᠠᠵᠠᠷ᠎ᠤᠨ ᠰᠢᠤᠳᠠᠨ ᠬᠠᠶ᠋ᠢᠷᠴᠠᠭ᠎ᠲᠤ  ᠢᠯᠡᠭᠡᠨ᠎ᠡ ᠃

      ᠲᠠᠪᠤ᠂  ᠰᠢᠯᠭ᠋ᠠᠷᠠᠭᠣᠯᠣᠯᠲᠠ᠎ᠪᠠᠷ  ᠤᠷᠮᠠᠰᠢᠭᠤᠯᠬᠤ

      ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠤᠯᠠᠷᠢᠯ ᠪᠦᠷᠢ ᠠᠵᠢᠯ ᠲᠥᠷᠥᠯ᠎ᠤᠨ ᠲᠤᠰᠬᠠᠶ ᠮᠡᠷᠭᠡᠵᠢᠯᠲᠡᠨ᠂ ᠷᠠᠳᠢᠣ᠋ ᠲᠧᠯᠸᠢᠰ᠎ᠤᠨ ᠠᠵᠢᠯ ᠲᠥᠷᠥᠯ᠎ᠤᠨ ᠲᠥᠯᠥᠭᠡᠯᠡᠭᠴᠢ ᠵᠢ ᠵᠣᠬᠢᠶᠠᠨ ᠪᠠᠶ᠋ᠢᠭᠤᠯᠵᠤ᠂ ᠡᠷᠬᠡ ᠲᠡᠭᠰᠢ ᠲᠥᠪ ᠭᠤᠤᠯᠴᠢ ᠢᠯᠡ ᠪᠠᠶ᠋ᠢᠯᠭ᠋ᠠᠬᠤ ᠵᠠᠷᠴᠢᠮ ᠶᠣᠰᠣᠭ᠋ᠠᠷ᠂ ᠡᠯ᠎ᠡ ᠨᠢᠭᠡᠴᠢ ᠵᠢᠨ ᠮᠡᠳᠡᠭᠦᠯᠦᠨ ᠬᠦᠷᠭᠡᠭᠰᠡᠨ ᠪᠦᠲᠦᠭᠡᠯ᠎ᠢ ᠰᠢᠯᠭ᠋ᠠᠷᠠᠭᠤᠯᠤᠨ ᠰᠤᠩᠭᠤᠵᠤ᠂ ᠤᠯᠠᠷᠢᠯ ᠪᠦᠷᠢ ᠰᠢᠯᠢᠳᠡᠭ ᠪᠦᠲᠦᠭᠡᠯ᠎ᠢ 10 ᠢᠵᠢ  ᠣᠷᠴᠢᠮ  ᠰᠢᠯᠭ᠋ᠠᠷᠠᠭᠤᠯᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ  ᠡᠭᠦᠳᠡ ᠡᠷᠦᠬᠡ ᠵᠢᠨ ᠰᠦᠯᠵᠢᠶᠡᠨ᠎ᠤ ᠦᠷᠲᠡᠭᠡ (https://gbdsj.nmg.gov.cn)᠎ᠪᠠᠷ ᠳᠠᠮᠵᠢᠭᠤᠯᠤᠨ ᠨᠡᠶ᠋ᠢᠭᠡᠮ᠎ᠳᠤ ᠨᠡᠶ᠋ᠢᠲᠡᠯᠡᠨ᠎ᠡ᠃

      ᠰᠣᠩᠭᠤᠭᠳᠠᠭᠰᠠᠨ ᠪᠦᠲᠦᠭᠡᠯ᠎ᠢ ᠵᠠᠷᠯᠠᠨ ᠰᠠᠶ᠋ᠢᠰᠢᠶᠠᠵᠤ᠂ ᠦᠨᠡᠮᠯᠡᠯ ᠣᠯᠭᠤᠵᠤ᠂ ᠲᠤᠷᠰᠢᠯᠭ᠎ᠠ᠎ᠪᠠᠨ ᠲᠠᠨᠢᠯᠴᠠᠭᠤᠯᠬᠤ᠂ ᠡᠯ᠎ᠡ ᠦᠵᠡᠵᠦ ᠰᠣᠨᠣᠰᠬᠤ ᠲᠠᠪᠴᠠᠩ᠎ᠳᠤ ᠳᠡᠯᠭᠡᠨ ᠦᠵᠡᠭᠦᠯᠬᠦ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠰᠢᠯᠢᠳᠡᠭ᠎ᠢ᠎ᠨᠢ ᠰᠣᠩᠭᠤᠨ ᠲᠠᠨᠢᠯᠴᠠᠭᠤᠯᠵᠤ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠣᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠲᠡᠳᠬᠦᠨ ᠳᠡᠮᠵᠢᠬᠦ ᠲᠥᠷᠥᠯ ᠵᠦᠢ᠍ᠯ ᠵᠢᠴᠢ ᠨᠡᠶ᠋ᠢᠲᠡ ᠵᠢᠨ ᠠᠰᠠᠷᠠᠮᠵᠢ ᠵᠢᠨ ᠪᠤᠰᠤᠳ ᠵᠠᠷ ᠮᠡᠳᠡᠭᠡ ᠴᠤᠭᠯᠠᠭᠤᠯᠵᠤ ᠰᠢᠯᠭ᠋ᠠᠷᠠᠭᠤᠯᠬᠤ ᠠᠵᠢᠯᠯᠠᠭ᠎ᠠ᠎ᠳᠤ ᠣᠷᠣᠯᠴᠠᠭᠤᠯᠤᠨ᠎ᠠ᠃

      ᠵᠢᠷᠭᠤᠭ᠎ᠠ᠂ ᠠᠵᠢᠯ᠎ᠤᠨ ᠱᠠᠭ᠋ᠠᠷᠳᠠᠯᠭ᠎ᠠ

      (ᠨᠢᠭᠡ) ᠣᠨᠴᠠ  ᠦᠨᠳᠦᠷ ᠲᠣᠩᠭ᠋ᠠᠯᠠᠭ  ᠵᠤᠬᠢᠶᠠᠨ ᠪᠦᠲᠦᠭᠡᠬᠦ ᠵᠢ ᠠᠬᠢᠭᠣᠯᠬᠣ ᠃ ᠣᠨᠴᠠ ᠥᠨᠳᠥᠷ  ᠲᠣᠩᠭ᠋ᠠᠯᠠᠭ ᠵᠶ᠋ᠠᠷ  ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠵᠢ ᠬᠥᠲᠥᠯᠥᠨ ᠵᠢᠯᠣᠭᠣᠳᠬᠤ ᠪᠠ  ᠵᠣᠷᠢᠭᠵᠢᠭᠣᠯᠬᠣ᠎ᠳᠤ ᠬᠦᠴᠣᠨ ᠨᠡᠮᠡᠷᠢᠯᠡᠵᠦ ᠂ ᠬᠡᠲᠦ ᠥᠨᠳᠥᠷ  ᠲᠣᠩᠭ᠋ᠠᠯᠠᠭ  ᠮᠡᠷᠭᠡᠵᠢᠯ ᠵᠶ᠋ᠠᠷ ᠰᠡᠭᠦᠳᠡᠷᠯᠡᠬᠦ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠪᠦᠲᠦᠭᠡᠯ ᠬᠢᠬᠦ ᠵᠢ ᠢᠳᠡᠪᠬᠢᠲᠡᠶ ᠳᠡᠮᠵᠢᠵᠦ᠂ ᠰᠢᠨ᠎ᠡ᠎ᠪᠠᠷ ᠰᠡᠭᠦᠳᠡᠷᠯᠡᠭᠰᠡᠨ ᠪᠦᠲᠦᠭᠡᠯ ᠵᠶ᠋ᠠᠨ ᠬᠡᠲᠦ ᠥᠨᠳᠥᠷ  ᠲᠣᠩᠭ᠋ᠠᠯᠠᠭ  ᠪᠣᠯᠭ᠋ᠠᠬᠤ ᠵᠢ ᠲᠦᠷᠭᠡᠬᠡᠨ ᠪᠡᠶᠡᠯᠡᠭᠦᠯᠬᠦ ᠬᠡᠷᠡᠭᠲᠡᠶ᠃

      (ᠬᠤᠶᠠᠷ)  ᠳᠠᠮᠵᠢᠭᠣᠯᠭ᠎ᠠ ᠵᠢᠨ ᠠᠷᠭ᠎ᠠ ᠵᠠᠮ᠎ᠢ ᠪᠠᠶᠠᠯᠢᠭ᠋ᠵᠢᠭ᠍ᠤᠯᠤᠨ᠎ᠠ᠃ ᠬᠠᠮ ᠵᠠᠭᠤᠴᠢᠯᠠᠭᠤᠷ᠂ ᠲᠠᠪᠴᠠᠩ ᠠᠯᠤᠰᠯᠠᠨ ᠳᠠᠮᠵᠢᠭᠤᠯᠬᠤ ᠵᠢ ᠶᠡᠬᠡᠪᠡᠷ ᠴᠢᠩᠭ᠋ᠠᠳᠬᠠᠵᠤ᠂ ᠳᠠᠮᠵᠢᠭᠤᠯᠬᠤ ᠠᠷᠭ᠎ᠠ ᠵᠠᠮ᠎ᠢ ᠥᠷᠭᠡᠳᠬᠡᠨ᠂ ᠲᠣᠮᠣ ᠳᠡᠯᠭᠡᠴᠡ ᠵᠢᠵᠢᠭ ᠳᠡᠯᠭᠡᠴᠡ ᠵᠢ ᠨᠡᠪᠲᠡᠷᠡᠭᠦᠯᠵᠦ᠂ ᠰᠢᠯᠢᠳᠡᠭ ᠪᠦᠲᠦᠭᠡᠯ᠎ᠤᠨ ᠳᠠᠮᠵᠢᠭᠤᠯᠭ᠎ᠠ ᠵᠢᠨ ᠬᠦᠴᠦᠨ  ᠪᠠ  ᠨᠥᠯᠥᠭᠡᠯᠡᠬᠦ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠳᠤᠮᠳᠠᠳᠤ ᠤᠯᠤᠰ᠎ᠤᠨ ᠦᠯᠢᠭᠡᠷ᠎ᠢ ᠰᠠᠶ᠋ᠢᠲᠤᠷ    ᠶᠠᠷᠢᠬᠤ᠂ ᠳᠤᠮᠳᠠᠳᠤ ᠤᠯᠤᠰ᠎ᠤᠨ ᠦᠭᠡ ᠶᠠᠷᠢᠶ᠎ᠠ ᠪᠠ ᠳᠤᠮᠳᠠᠳᠤ ᠤᠯᠤᠰ᠎ᠤᠨ ᠬᠦᠦᠷᠨᠢᠯ᠎ᠤᠨ  ᠲᠣᠭᠲᠠᠯᠴᠠᠭ᠎ᠠ ᠵᠢ  ᠪᠠᠶ᠋ᠢᠭᠤᠯᠬᠤ ᠵᠡᠷᠭᠡ ᠲᠠᠯ᠎ᠠ᠎ᠪᠠᠷ᠎ᠬᠢ ᠥᠪᠡᠷᠮᠢᠴᠡ ᠦᠢ᠍ᠯᠡᠳᠦᠯ᠎ᠢ ᠪᠠᠳᠠᠷᠠᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠣᠯᠠᠨ ᠤᠯᠤᠰ᠎ᠲᠤ ᠳᠠᠮᠵᠢᠭᠤᠯᠬᠤ ᠵᠢ ᠤᠯᠠᠮ ᠨᠢᠭᠡ ᠠᠯᠬᠤᠮ ᠠᠬᠢᠭᠤᠯᠵᠤ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠣᠯᠠᠨ ᠤᠯᠤᠰ᠎ᠤᠨ  ᠳᠠᠮᠵᠢᠭᠣᠯᠬᠣ  ᠬᠦᠴᠦᠨ  ᠪᠠ  ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠶ᠃

      (ᠭᠤᠷᠪᠠ) ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠬᠥᠮᠥᠷᠭᠡ ᠵᠢᠨ ᠡᠬᠢ ᠪᠠᠶᠠᠯᠢᠭ᠎ᠢ ᠰᠠᠶ᠋ᠢᠲᠤᠷ ᠠᠰᠢᠭᠯᠠᠬᠤ ᠬᠡᠷᠡᠭᠲᠡᠶ᠃ ᠰᠢᠯᠢᠳᠡᠭ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠪᠦᠲᠦᠭᠡᠯ᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠪᠠ ᠬᠠᠳᠠᠭ᠋ᠠᠯᠠᠯᠲᠠ ᠵᠢᠨ ᠰᠢᠯᠢᠳᠡᠭ ᠪᠦᠲᠦᠭᠡᠯ᠎ᠢ ᠳᠠᠬᠢᠨ ᠳᠠᠮᠵᠢᠭᠤᠯᠬᠤ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ 《ᠪᠦᠬᠦ ᠤᠯᠤᠰ᠎ᠤᠨ ᠰᠢᠯᠢᠳᠡᠭ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠪᠦᠲᠦᠭᠡᠯ᠎ᠤᠨ ᠬᠥᠮᠥᠷᠭᠡ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠪᠦᠲᠦᠭᠡᠯ᠎ᠤᠨ     ᠬᠥᠮᠥᠷᠭᠡ》 ᠵᠢ ᠦᠷᠭᠦᠯᠵᠢᠯᠡᠨ ᠰᠠᠶ᠋ᠢᠲᠤᠷ ᠪᠠᠶ᠋ᠢᠭᠤᠯᠤᠨ ᠰᠠᠶ᠋ᠢᠲᠤᠷ ᠬᠡᠷᠡᠭᠯᠡᠵᠦ᠂ ᠨᠡᠪᠲᠡᠷᠡᠭᠦᠯᠬᠦ ᠪᠠᠶ᠋ᠢᠭᠤᠯᠤᠮᠵᠢ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠪᠦᠲᠦᠭᠡᠯ᠎ᠤᠨ ᠬᠥᠮᠥᠷᠭᠡ ᠵᠢᠨ ᠰᠢᠯᠢᠳᠡᠭ ᠪᠦᠲᠦᠭᠡᠯ᠎ᠢ ᠢᠳᠡᠪᠬᠢᠲᠡᠶ᠎ᠪᠠᠷ ᠪᠠᠭᠤᠯᠭ᠋ᠠᠨ ᠠᠪᠴᠤ ᠨᠡᠪᠲᠡᠷᠡᠭᠦᠯᠬᠦ ᠵᠢ ᠵᠣᠷᠢᠭᠵᠢᠭᠤᠯᠤᠨ᠎ᠠ᠃

      (ᠳᠥᠷᠪᠡ)᠂ ᠨᠡᠪᠲᠡᠷᠡᠭᠦᠯᠦᠭᠰᠡᠨ ᠪᠠᠶ᠋ᠢᠳᠠᠯ ᠵᠶ᠋ᠠᠨ ᠮᠡᠳᠡᠭᠦᠯᠦᠨ ᠬᠦᠷᠭᠡᠬᠦ ᠬᠡᠷᠡᠭᠲᠡᠶ᠃ ᠠᠶ᠋ᠢᠮᠠᠭ ᠬᠤᠲᠠ ᠵᠢᠴᠢ ᠲᠡᠭᠦᠨ᠎ᠠᠴᠠ ᠳᠡᠭᠡᠭᠰᠢᠬᠢ ᠨᠡᠪᠲᠡᠷᠡᠭᠦᠯᠬᠦ ᠪᠠᠶ᠋ᠢᠭᠤᠯᠤᠮᠵᠢ᠎ᠨᠤᠭᠤᠳ 《ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠠᠬᠢᠭᠤᠯᠬᠤ ᠪᠠ ᠬᠠᠮᠢᠶᠠᠷᠬᠤ ᠵᠢ  ᠲᠦᠷ ᠬᠡᠷᠡᠭᠵᠢᠭᠦᠯᠬᠦ ᠠᠷᠭ᠎ᠠ》 (84 ᠳ᠋ᠤᠭᠡᠷ ᠲᠣᠭ᠋ᠠᠲᠤ ᠵᠠᠷᠯᠢᠭ) ᠵᠢᠨ ᠲᠣᠭᠲᠠᠭ᠋ᠠᠯ ᠶᠣᠰᠣᠭ᠋ᠠᠷ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠨᠡᠪᠲᠡᠷᠡᠭᠦᠯᠬᠦ ᠪᠠᠶ᠋ᠢᠳᠠᠯ᠎ᠢ ᠤᠯᠠᠷᠢᠯ ᠵᠶ᠋ᠠᠷ ᠮᠡᠳᠡᠭᠦᠯᠦᠨ ᠬᠦᠷᠭᠡᠬᠦ ᠬᠡᠷᠡᠭᠲᠡᠶ              (ᠳᠠᠭ᠋ᠠᠯᠳᠤᠭᠤᠯᠤᠯ 3) ᠂  ᠡᠭᠦᠨ᠎ᠤ ᠬᠠᠮᠲᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡᠨ᠎ᠤ ᠰᠢᠯᠢᠳᠡᠭ ᠳᠠᠮᠵᠢᠭᠤᠯᠭ᠎ᠠ ᠵᠢᠨ ᠪᠠᠶ᠋ᠢᠭᠤᠯᠤᠮᠵᠢ ᠵᠢᠴᠢ ᠰᠢᠯᠢᠳᠡᠭ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠰᠢᠯᠭ᠋ᠠᠷᠠᠭᠤᠯᠤᠯᠲᠠ ᠵᠢᠨ ᠦᠨᠳᠦᠰᠦᠯᠡᠯ ᠪᠣᠯᠭ᠋ᠠᠨ᠎ᠠ᠃ ᠡᠯ᠎ᠡ ᠠᠶ᠋ᠢᠮᠠᠭ ᠬᠣᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰ ᠭᠠᠵᠠᠷ ᠣᠷᠣᠨ᠎ᠤ᠎ᠪᠠᠨ ᠷᠠᠳᠢᠣ᠋ ᠨᠡᠪᠲᠡᠷᠡᠭᠦᠯᠭᠡ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠨᠡᠪᠲᠡᠷᠡᠭᠦᠯᠬᠦ ᠪᠠᠶ᠋ᠢᠳᠠᠯ᠎ᠢ ᠡᠵᠡᠮᠰᠢᠬᠦ ᠬᠡᠷᠡᠭᠲᠡᠶ᠃

      (ᠲᠠᠪᠤ) ᠵᠣᠬᠢᠶᠠᠨ ᠪᠠᠶ᠋ᠢᠭᠤᠯᠤᠨ ᠠᠬᠢᠭᠤᠯᠬᠤ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠷᠢᠶ᠎ᠠ   ᠦᠢ᠍ᠯᠡᠳᠦᠨ  ᠨᠡᠪᠲᠡᠷᠡᠭᠦᠯᠬᠦ ᠪᠠᠶ᠋ᠢᠭᠤᠯᠤᠮᠵᠢ ᠵᠢ ᠵᠢᠯᠣᠭᠣᠳᠴᠤ ᠪᠠᠢ᠌ᠭ᠋ᠠᠳ  ᠰᠡᠳᠦᠪ᠎ᠨᠢ ᠣᠯᠠᠨ ᠶᠠᠩᠵᠤ ᠵᠢᠨ᠂  ᠪᠦᠲᠦᠭᠡᠯᠴᠢ  ᠰᠡᠳᠬᠢᠮᠵᠢ᠎ᠪᠠᠷ ᠰᠢᠨ᠎ᠡ ᠰᠣᠷᠭᠤᠭ᠂ ᠨᠠᠷᠢᠯᠢᠭ  ᠦᠢ᠍ᠯᠡᠳᠦᠭᠰᠡᠨ  ᠰᠢᠯᠢᠳᠡᠭ ᠪᠦᠲᠦᠭᠡᠯ᠎ᠢ  ᠲᠠᠰᠣᠷᠠᠯᠲᠠ ᠦᠭᠡᠢ ᠭᠠᠷᠭ᠋ᠠᠵᠤ ᠂ ᠤᠯᠠᠷᠢᠯ ᠵᠶ᠋ᠠᠷ ᠵᠣᠬᠢᠶᠠᠨ ᠪᠠᠶ᠋ᠢᠭᠤᠯᠵᠤ   ᠵᠣᠬᠢᠶᠠᠯ ᠪᠦᠲᠦᠭᠡᠯ ᠵᠶ᠋ᠠᠨ  ᠭᠤᠶᠤᠴᠢᠯᠠᠨ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠎ᠨᠢ  ᠤᠯᠠᠷᠢᠯ ᠪᠦᠷᠢ ᠰᠢᠯᠢᠳᠡᠭ᠎ᠢ᠎ᠨᠢ ᠳᠡᠪᠰᠢᠭᠦᠯᠬᠦ᠎ᠠᠴᠠ ᠡᠮᠦᠨ᠎ᠡ ᠠᠰ᠎ᠲᠤ᠎ᠨᠢ ᠠᠯᠪᠠᠨ  ᠪᠢᠴᠢᠭ ᠪᠠᠭᠤᠯᠭ᠋ᠠᠬᠤ ᠦᠭᠡᠶ᠃

                          ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

                                                 2025 ᠣᠨ᠎ᠤ 3  ᠳ᠋ᠤᠭ᠋ᠠᠷ  ᠰᠠᠷ᠎ᠠ ᠵᠢᠨ 26᠎ᠤ ᠡᠳᠦᠷ

 

     (ᠬᠠᠷᠢᠯᠴᠠᠬᠣ ᠬᠦᠮᠣᠨ᠄ ᠵᠣᠣ ᠾᠧᠩ ᠯᠢ᠂ ᠬᠠᠷᠢᠯᠴᠠᠬᠣ ᠣᠲᠠᠰᠣ᠄ 0471 —4590091᠂ ᠢᠦᠢ ᠰᠢᠶᠣᠣ᠂ ᠬᠠᠷᠢᠯᠴᠠᠬᠣ ᠣᠲᠠᠰᠣ᠄ 0471-490095᠂ ᠢᠮᠸᠯ᠄ nmgxgdcmc@126.com )

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ