ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠨᠡᠪᠲᠡᠷᠡᠭᠦᠯᠦᠭᠴᠢ ᠬᠦᠲᠦᠯᠦᠭᠴᠢ ᠵᠢᠨ 《ᠠᠯᠲᠠᠨ ᠳᠠᠭᠣᠲᠣ ᠱᠠᠩᠨᠠᠯ》᠎ᠤᠨ ᠠᠩᠬᠠᠨ᠎ᠤ ᠰᠢᠯᠭ᠋ᠠᠷᠠᠭᠤᠯᠤᠯᠲᠠ᠎ᠳᠤ ᠲᠠᠨᠢᠯᠴᠠᠭᠣᠯᠬᠤ᠎ᠪᠠᠷ ᠪᠠᠶ᠋ᠢᠭ᠎ᠠ ᠵᠢᠱ᠌ᠢᠭᠳᠡᠭᠴᠢ ᠵᠢᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠢᠯᠡ ᠨᠡᠶ᠋ᠢᠳᠡᠯᠡᠯ
2025-05-07

      ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠲᠢᠩᠬᠢᠮ᠎ᠤᠨ 《  ᠭᠤᠷᠪᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ  ᠨᠡᠪᠲᠡᠷᠡᠭᠦᠯᠦᠭᠴᠢ ᠬᠦᠲᠦᠯᠦᠭᠴᠢ ᠵᠢᠨ 〈ᠠᠯᠲᠠᠨ ᠳᠠᠭᠣᠲᠣ ᠱᠠᠩᠨᠠᠯ〉᠎ᠤᠨ ᠰᠢᠯᠭ᠋ᠠᠷᠠᠭᠣᠯᠬᠤ ᠠᠵᠢᠯ᠎ᠢ ᠵᠤᠬᠢᠶᠠᠨ ᠪᠠᠢ᠌ᠭᠣᠯᠣᠨ ᠡᠷᠬᠢᠯᠡᠬᠦ ᠲᠣᠬᠠᠢ ᠮᠡᠳᠡᠭᠳᠡᠯ 》᠎ᠤᠨ  ᠱᠠᠭ᠋ᠠᠷᠳᠠᠯᠭ᠎ᠠ ᠵᠢ ᠦᠨᠳᠦᠰᠦᠯᠡᠨ᠂ ᠰᠢᠯᠭ᠋ᠠᠷᠠᠭᠤᠯᠤᠯᠲᠠ᠎ᠳᠤ ᠣᠷᠣᠯᠴᠠᠭᠰᠠᠳ᠎ᠤᠨ ᠪᠠᠶ᠋ᠢᠭ᠎ᠠ  ᠨᠢᠭᠡᠴᠢ᠎ᠠᠴᠠ ᠵᠣᠬᠢᠶᠠᠨ  ᠪᠠᠶ᠋ᠢᠭᠤᠯᠤᠨ ᠭᠤᠶᠤᠴᠢᠯᠠᠨ ᠮᠡᠳᠡᠭᠦᠯᠵᠦ᠂ ᠮᠠᠨ᠎ᠤ ᠲᠣᠪᠴᠢᠶ᠎ᠠ᠎ᠠᠴᠠ  ᠲᠤᠰᠬᠠᠶ ᠮᠡᠷᠭᠡᠵᠢᠯᠲᠡᠨ᠎ᠢ ᠵᠤᠬᠢᠶᠠᠨ ᠪᠠᠢ᠌ᠭᠣᠯᠵᠦ ᠬᠢᠨᠠᠨ ᠲᠣᠭᠲᠠᠭ᠋ᠠᠬᠤ ᠂ ᠨᠠᠮ᠎ᠤᠨ ᠤᠳᠤᠷᠢᠳᠬᠤ  ᠳᠤᠭᠤᠶ᠋ᠢᠯᠠᠩ᠎ᠤᠨ ᠬᠤᠷᠠᠯ᠎ᠪᠠᠷ  ᠰᠤᠳᠤᠯᠬᠤ ᠵᠡᠷᠭᠡ ᠭᠤᠭᠴᠤᠭ᠎ᠠ᠎ᠪᠠᠷ ᠳᠠᠮᠵᠢᠭᠤᠯᠤᠨ᠂ ᠳᠣᠤᠷᠠᠬᠢ 2  ᠨᠡᠷᠡᠰ  ᠲᠧᠯᠸᠢᠰ᠎ᠤᠨ ᠲᠥᠷᠥᠯ᠎ᠤᠨ  ᠠᠩᠬᠠᠨ᠎ᠤ  ᠰᠢᠯᠭ᠋ᠠᠷᠠᠭᠤᠯᠤᠯᠲᠠ᠎ᠳᠤ ᠲᠠᠨᠢᠯᠴᠠᠭᠣᠯᠬᠣ᠎ᠪᠠᠷ ᠪᠠᠢ᠌ᠭ᠎ᠠ  ᠵᠢᠱ᠌ᠢᠭᠳᠡᠭᠴᠢ ᠵᠢ ᠲᠣᠭᠲᠠᠭ᠋ᠠᠵᠤ᠂ ᠪᠣᠳᠠᠲᠠᠶ ᠪᠠᠶ᠋ᠢᠳᠠᠯ᠎ᠢ ᠎ᠨᠢ  ᠳᠣᠤᠷᠠᠬᠢ ᠮᠡᠲᠦ  ᠢᠯᠡ  ᠨᠡᠶ᠋ᠢᠲᠡᠯᠡᠨ᠎ᠡ᠃

      ᠯᠢᠦ ᠴᠢᠦ ᠫᠢᠩ ᠂  ᠬᠥᠬᠡᠬᠣᠲᠠ ᠵᠢᠨ ᠬᠠᠮ ᠵᠠᠭᠤᠴᠢᠯᠠᠭᠤᠷ᠎ᠤᠨ ᠲᠥᠪ᠎ᠤᠨ  ᠨᠡᠪᠲᠡᠷᠡᠭᠦᠯᠦᠭᠴᠢ ᠬᠥᠲᠥᠯᠦᠭᠴᠢ ᠂  ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ᠃

      ᠶᠤᠸᠠᠨ ᠶᠤᠸᠠᠨ ᠂  ᠣᠷᠳᠣᠰ ᠬᠤᠲᠠ ᠵᠢᠨ ᠬᠠᠮ ᠵᠠᠭᠤᠴᠢᠯᠠᠭᠤᠷ᠎ᠤᠨ ᠲᠥᠪ᠎ᠤᠨ ᠣᠯᠠᠨ  ᠤᠯᠤᠰ᠎ᠤᠨ ᠳᠠᠮᠵᠢᠭᠤᠯᠭ᠎ᠠ ᠵᠢᠨ ᠬᠡᠯᠲᠡᠰ᠎ᠤᠨ ᠳᠡᠳ᠋  ᠬᠡᠯᠲᠡᠰ᠎ᠤᠨ  ᠳᠠᠷᠤᠭ᠎ᠠ᠂ ᠳᠤᠮᠳᠠ  ᠵᠡᠷᠭᠡ ᠵᠢᠨ ᠮᠡᠷᠭᠡᠵᠢᠯ᠎ᠤᠨ ᠴᠤᠯᠠ᠃

      ᠢᠯᠡ  ᠨᠡᠶ᠋ᠢᠲᠡᠯᠡᠬᠦ ᠬᠤᠭᠤᠴᠠᠭ᠋ᠠᠨ᠎ᠳᠤ᠂  ᠲᠠᠨᠢᠯᠴᠠᠭᠣᠯᠬᠤ᠎ᠪᠠᠷ  ᠪᠠᠶ᠋ᠢᠭ᠎ᠠ ᠵᠢᠱ᠌ᠢᠭᠳᠡᠭᠴᠢ ᠵᠢ  ᠠᠩᠬ᠎ᠠ ᠰᠢᠯᠭ᠋ᠠᠷᠠᠭᠣᠯᠬᠤ᠎ᠳᠤ ᠮᠠᠳᠠᠭ᠎ᠲᠠᠢ ᠪᠠᠶ᠋ᠢᠪᠠᠯ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ᠎ᠪᠠᠷ ᠢᠷᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠠᠵᠢᠯᠲᠠᠨ᠎ᠤ ᠶᠠᠪᠤᠳᠠᠯ᠎ᠤᠨ ᠭᠠᠵᠠᠷ᠎ᠲᠤ ᠲᠤᠰᠬᠠᠵᠤ ᠪᠣᠯᠤᠨ᠎ᠠ᠃ ᠠᠰᠠᠭᠤᠳᠠᠯ᠎ᠢ ᠲᠤᠰᠬᠠᠬᠤ᠎ᠳᠤ ᠦᠨᠡᠨ ᠪᠣᠳᠠᠲᠠᠶ ᠦᠨᠳᠦᠰᠦ ᠪᠠᠷᠢᠮᠲᠠ᠎ᠲᠠᠢ ᠪᠠᠶ᠋ᠢᠬᠤ ᠵᠢ ᠱᠠᠭ᠋ᠠᠷᠳᠠᠬᠤ ᠵᠢᠨ ᠬᠠᠮᠲᠤ ᠪᠢᠴᠢᠭ᠎ᠤᠨ ᠮᠠᠲ᠋ᠧᠷᠢᠶᠠᠯ᠂ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ ᠵᠢ ᠳᠠᠭ᠋ᠠᠯᠳᠤᠭᠤᠯᠵᠤ᠂ ᠲᠠᠷᠠᠭ᠋ᠠᠴᠢ ᠵᠢᠨ ᠠᠯᠬᠤᠮ᠎ᠳᠤ ᠬᠢᠨᠠᠨ ᠬᠠᠷᠭᠤᠭᠤᠯᠬᠤ ᠪᠠ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠬᠦ᠎ᠳᠤ ᠳᠥᠭᠦᠮ ᠦᠵᠡᠭᠦᠯᠦᠨ᠎ᠡ᠃

      ᠢᠯᠡ  ᠨᠡᠶ᠋ᠢᠲᠡᠯᠡᠬᠦ ᠴᠠᠭ᠄ 2025 ᠣᠨ᠎ᠤ 5  ᠳ᠋ᠤᠭ᠋ᠠᠷ  ᠰᠠᠷ᠎ᠠ ᠵᠢᠨ 6᠎ᠤ ᠡᠳᠦᠷ - 2025 ᠣᠨ᠎ᠤ 5  ᠳ᠋ᠤᠭ᠋ᠠᠷ  ᠰᠠᠷ᠎ᠠ ᠵᠢᠨ 12᠎ᠤᠨ ᠡᠳᠦᠷ

      ᠬᠦᠯᠢᠶᠡᠨ ᠠᠪᠴᠤ ᠰᠢᠢ᠍ᠳᠪᠦᠷᠢᠯᠡᠬᠦ ᠬᠠᠶᠢᠭ᠄ ᠬᠥᠬᠡᠬᠤᠲᠠ ᠵᠢᠨ ᠴᠢᠩᠭᠢᠰ ᠬᠠᠭ᠋ᠠᠨ  ᠪᠠᠷᠠᠭᠤᠨ ᠵᠡᠭᠡᠯᠢ ᠵᠢᠨ 1 ᠳ᠋ᠦ᠍ᠭᠡᠷ ᠨᠣᠮᠧᠷᠲᠤ A ᠰᠠᠭᠤᠳᠠᠯ 1717 ᠳ᠋ᠤᠭ᠋ᠠᠷ ᠥᠷᠥᠭᠡ

      ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471 - 4590021  0471 - 4590027

 

                                    ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

                                                           2025 ᠣᠨ᠎ᠤ 4   ᠳ᠋ᠦ᠍ᠭᠡᠷ  ᠰᠠᠷ᠎ᠠ ᠵᠢᠨ 30᠎ᠤ ᠡᠳᠦᠷ

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ