2025 ᠣᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠦᠲᠦᠯᠦᠭᠴᠢ᠂ ᠰᠣᠨᠢᠨ ᠮᠡᠳᠡᠭᠡ ᠪᠠ ᠡᠯᠸᠺᠲᠷᠣᠨ ᠢᠨᠵᠧᠨᠧᠷᠢᠩ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ
2025-06-10

ᠡᠯ᠎ᠡ ᠠᠶ᠋ᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠨᠢᠭᠡᠴᠢ᠎ᠳᠤ᠄

      ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2025 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ ᠨᠡᠶ᠋ᠢᠭᠡᠮ ᠠᠯᠪᠠᠨ ᠲᠠᠷᠬᠠᠭ᠋ᠠᠭᠰᠠᠨ [2025] 87 ᠳ᠋ᠤᠭ᠋ᠠᠷ ᠲᠣᠭ᠋ᠠᠲᠤ)᠎ᠤᠨ ᠲᠣᠬᠢᠷᠠᠭᠤᠯᠤᠯᠲᠠ ᠵᠢ ᠦᠨᠳᠦᠰᠦᠯᠡᠨ᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠦᠲᠦᠯᠦᠭᠴᠢ ᠂ ᠰᠣᠨᠢᠨ ᠮᠡᠳᠡᠭᠡ ᠪᠠ ᠡᠯᠸᠺᠲᠷᠣᠨ  ᠢᠨᠵᠧᠨᠧᠷᠢᠩ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠡᠳᠦᠭᠡ ᠬᠤᠯᠪᠣᠭᠳᠠᠯ ᠪᠥᠬᠦᠶ  ᠵᠦᠢ᠍ᠯᠡᠰ᠎ᠢ ᠳᠣᠤᠷᠠᠬᠢ ᠮᠡᠲᠦ  ᠮᠡᠳᠡᠭᠳᠡᠶ᠎ᠡ ᠃

      ᠨᠢᠭᠡ᠂ ᠬᠢᠨᠠᠨ  ᠲᠤᠭᠲᠠᠭ᠋ᠠᠯᠲᠠ ᠵᠢᠨ  ᠺᠣᠮᠢᠰ᠎ᠤᠨ ᠲᠣᠬᠢᠷᠠᠭᠣᠯᠣᠯᠲᠠ

      ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ ᠎ᠨᠢ  ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠡᠪᠲᠡᠷᠡᠭᠦᠯᠦᠭᠴᠢ ᠬᠦᠲᠦᠯᠦᠭᠴᠢ ᠵᠢᠨ  ᠰᠢᠷᠢᠰ ᠲᠡᠬᠡᠳᠤ ᠵᠡᠷᠬᠡ ᠵᠢᠨ ᠮᠡᠷᠬᠡᠵᠢᠯ᠎ᠤᠨ ᠴᠤᠯᠠ ᠵᠢ  ᠬᠢᠨᠠᠨ ᠲᠣᠭᠲᠠᠭ᠋ᠠᠬᠤ  ᠺᠤᠮᠢᠰ ᠲᠤᠬᠢᠷᠠᠭᠤᠯᠵᠦ᠂ ᠪᠦᠭᠦ ᠤᠷᠤᠨ᠎ᠤ ᠨᠡᠪᠲᠡᠷᠡᠭᠦᠯᠦᠭᠴᠢ ᠬᠦᠲᠦᠯᠦᠭᠴᠢ ᠵᠢᠨ  ᠰᠢᠷᠢᠰ ᠲᠡᠬᠡᠳᠤ ᠵᠡᠷᠬᠡ ᠵᠢᠨ ᠮᠡᠷᠬᠡᠵᠢᠯ᠎ᠤᠨ ᠴᠤᠯᠠ ᠵᠢ  ᠭᠣᠶᠣᠴᠢᠯᠠᠨ  ᠮᠡᠳᠡᠬᠦᠯᠬᠦ ᠮᠠᠲ᠋ᠧᠷᠢᠶᠠᠯ ᠪᠠ ᠤᠷᠤᠨ᠎ᠤ ᠰᠢᠭᠤᠳ ᠬᠠᠷᠢᠶ᠎ᠠ  ᠨᠢᠭᠡᠴᠢ ᠵᠢᠨ ᠨᠡᠪᠲᠡᠷᠡᠭᠦᠯᠦᠭᠴᠢ ᠬᠦᠲᠦᠯᠦᠭᠴᠢ ᠵᠢᠨ  ᠲᠤᠮᠳᠠ ᠵᠡᠷᠬᠡ ᠵᠢᠨ ᠮᠡᠷᠬᠡᠵᠢᠯ᠎ᠤᠨ ᠴᠤᠯᠠ ᠵᠢ ᠭᠤᠶᠤᠴᠢᠯᠠᠨ ᠮᠡᠳᠡᠬᠦᠯᠬᠦ ᠮᠠᠲ᠋ᠧᠷᠢᠶᠠᠯ᠎ᠢ ᠭᠦᠯᠢᠶᠡᠨ ᠠᠪᠴᠤ ᠰᠢᠢ᠍ᠳᠪᠦᠷᠢᠯᠡᠨ᠎ᠠ ᠂ ᠰᠣᠨᠢᠨ ᠮᠡᠳᠡᠭᠡᠨ᠎ᠤ  ᠰᠢᠷᠢᠰ᠎ᠤᠨ ᠳᠣᠮᠳᠠ᠎ᠨᠢ ᠳᠤᠮᠳᠠ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ  ᠲᠤᠭᠲᠠᠭ᠋ᠠᠬᠤ  ᠺᠣᠮᠢᠰ᠎ᠢ ᠪᠠᠶ᠋ᠢᠭᠤᠯᠵᠤ᠂ ᠣᠷᠣᠨ᠎ᠤ ᠰᠢᠭᠤᠳ ᠬᠠᠷᠢᠶ᠎ᠠ ᠨᠢᠭᠡᠴᠢ ᠵᠢᠨ ᠰᠣᠨᠢᠨ ᠮᠡᠳᠡᠭᠡᠨ᠎ᠤ ᠰᠢᠷᠢᠰ᠎ᠤᠨ  ᠳᠤᠮᠳᠠ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠦᠯᠢᠶᠡᠨ ᠠᠪᠴᠤ ᠰᠢᠢ᠍ᠳᠪᠦᠷᠢᠯᠡᠨ᠎ᠡ ᠂  ᠢᠨᠵᠧᠨᠧᠷᠢᠩ᠎ᠤᠨ ᠰᠢᠷᠢᠰ  ᠡᠯᠸᠺᠲᠷᠣᠨ  ᠢᠨᠵᠧᠨᠧᠷᠢᠩ᠎ᠤᠨ ᠲᠤᠰᠬᠠᠢ ᠮᠡᠷᠭᠡᠵᠢᠯ᠎ᠤᠨ ᠳᠤᠮᠳᠠ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠬᠢᠨᠠᠨ  ᠲᠤᠭᠲᠠᠭ᠋ᠠᠬᠤ  ᠺᠣᠮᠢᠰ᠎ᠢ ᠪᠠᠶ᠋ᠢᠭᠤᠯᠵᠤ᠂ ᠷᠠᠳᠢᠣ᠋ ᠲᠧᠯᠸᠢᠰ᠎ᠤᠨ ᠰᠢᠰᠲ᠋ᠧᠮ᠎ᠤᠨ ᠣᠷᠣᠨ᠎ᠤ ᠰᠢᠭᠤᠳ ᠬᠠᠷᠢᠶ᠎ᠠ ᠨᠢᠭᠡᠴᠢ ᠵᠢᠨ ᠢᠨᠵᠧᠨᠧᠷᠢᠩ᠎ᠤᠨ ᠰᠢᠷᠢᠰ ᠡᠯᠸᠺᠲᠷᠣᠨ  ᠢᠨᠵᠧᠨᠧᠷᠢᠩ᠎ᠤᠨ ᠲᠤᠰᠬᠠᠢ ᠮᠡᠷᠭᠡᠵᠢᠯ᠎ᠤᠨ ᠳᠤᠮᠳᠠ ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠦᠯᠢᠶᠡᠨ ᠠᠪᠴᠤ ᠰᠢᠢ᠍ᠳᠪᠦᠷᠢᠯᠡᠨ᠎ᠡ᠃

      ᠬᠤᠶᠠᠷ᠂ ᠬᠢᠨᠠᠨ  ᠲᠣᠭᠲᠠᠭ᠋ᠠᠬᠤ  ᠮᠠᠲ᠋ᠧᠷᠢᠶᠠᠯ᠎ᠢ  ᠭᠤᠶᠤᠴᠢᠯᠠᠨ ᠮᠡᠳᠡᠭᠦᠯᠬᠦ ᠨᠥᠬᠦᠴᠡᠯ

      ᠡᠯ᠎ᠡ  ᠨᠢᠭᠡᠴᠢ᠎ᠨᠦᠭᠦᠳ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠥᠪᠥᠷ ᠬᠥᠮᠦᠨ ᠨᠡᠶ᠋ᠢᠭᠡᠮ ᠲᠠᠷᠬᠠᠭ᠋ᠠᠭᠰᠠᠨ [2025] 16 ᠳ᠋ᠤᠭ᠋ᠠᠷ ᠲᠣᠭ᠋ᠠᠲᠤ)᠂ 《2025 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ  ᠨᠡᠶ᠋ᠢᠭᠡᠮ  ᠠᠯᠪᠠᠨ ᠲᠠᠷᠬᠠᠭ᠋ᠠᠭᠰᠠᠨ [2025] 87 ᠳ᠋ᠤᠭ᠋ᠠᠷ ᠲᠣᠭ᠋ᠠᠲᠤ) ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠮᠡᠷᠭᠡᠵᠢᠯ᠎ᠤᠨ ᠴᠣᠯᠠ ᠵᠢᠨ ᠰᠢᠷᠢᠰ (ᠲᠤᠰᠬᠠᠶ ᠮᠡᠷᠭᠡᠵᠢᠯ)᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠦᠴᠡᠯ ᠵᠡᠷᠭᠡ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠷᠠᠳᠢᠣ᠋ ᠲᠧᠯᠸᠢᠰ᠎ᠤᠨ  ᠨᠡᠪᠲᠡᠷᠡᠭᠦᠯᠦᠭᠴᠢ ᠬᠦᠲᠦᠯᠦᠭᠴᠢ ᠂ ᠰᠣᠨᠢᠨ ᠮᠡᠳᠡᠭᠡ᠂  ᠡᠯᠸᠺᠲᠷᠣᠨ  ᠢᠨᠵᠧᠨᠧᠷᠢᠩ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃ ᠳᠡᠭᠡᠷᠡᠬᠢ ᠪᠢᠴᠢᠭ ᠮᠠᠲ᠋ᠧᠷᠢᠶᠠᠯ᠎ᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ ᠰᠦᠯᠵᠢᠶ᠎ᠡ ᠵᠡᠷᠭᠡ ᠬᠠᠮᠢᠶ᠎ᠠ ᠪᠥᠬᠦᠶ ᠰᠦᠯᠵᠢᠶᠡᠨ ᠥᠷᠲᠡᠭᠡ᠎ᠠᠴᠠ ᠪᠠᠭᠤᠯᠭ᠋ᠠᠨ ᠠᠪᠴᠤ ᠪᠣᠯᠤᠨ᠎ᠠ᠂ ᠲᠣᠰ ᠮᠡᠳᠡᠭᠳᠡᠯ ᠎ᠨᠢ  ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ᠎ᠤᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠳᠠᠭᠢᠵᠤ ᠳᠠᠪᠬᠤᠷᠳᠠᠭᠤᠯᠬᠤ ᠥᠬᠡᠶ᠃

      ᠭᠤᠷᠪᠠ᠂  ᠭᠤᠶᠤᠴᠢᠯᠠᠨ  ᠮᠡᠳᠡᠭᠦᠯᠬᠦ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠱᠠᠭ᠋ᠠᠷᠳᠠᠯᠭ᠎ᠠ

      (ᠨᠢᠭᠡ ) ᠭᠣᠶᠣᠴᠢᠯᠠᠨ ᠮᠡᠳᠡᠭᠦᠯᠦᠭᠰᠡᠳ᠎ᠨᠢ  ᠡᠩ ᠲᠡᠷᠢᠭᠦᠨ᠎ᠳᠤ ᠥᠪᠥᠷ ᠮᠣᠩᠭᠤᠯ᠎ᠤᠨ  ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ (ᠰᠦᠯᠵᠢᠶᠡᠨ᠎ᠤ ᠬᠠᠶᠢᠭ᠄ www.nmgrck.cn )᠎ᠳᠤ ᠣᠷᠣᠵᠦ᠂ ᠰᠦᠯᠵᠢᠶᠡᠨ ᠳᠡᠭᠡᠷ᠎ᠡ ᠳᠠᠩᠰᠠᠯᠠᠭᠣᠯᠬᠤ ᠵᠢᠨ ᠬᠠᠮᠲᠤ ᠲᠡᠮᠳᠡᠭᠯᠡᠵᠦ ᠂ ᠬᠤᠪᠢ ᠬᠥᠮᠦᠨ᠎ᠤ ᠦᠨᠳᠦᠰᠦᠨ ᠮᠡᠳᠡᠭᠡ ᠵᠠᠩᠭᠢ ᠵᠢ ᠲᠡᠭᠦᠯᠳᠡᠷᠵᠢᠭᠦᠯᠦᠨ᠂ ᠠᠵᠢᠯ᠎ᠤᠨ ᠠᠮᠵᠢᠯᠲᠠ ᠪᠦᠲᠦᠮᠵᠢ ᠵᠢᠨ ᠲᠠᠩᠰᠠ ᠡᠪᠬᠡᠮᠡᠯ᠎ᠤᠨ ᠳᠣᠲᠣᠷᠠᠬᠢ ᠰᠤᠷᠤᠯᠭ᠎ᠠ ᠵᠢᠨ ᠨᠠᠮᠲᠠᠷ᠂ ᠠᠵᠢᠯ᠎ᠤᠨ ᠥᠩᠭᠡᠷᠡᠯᠲᠡ ᠵᠡᠷᠭᠡ ᠮᠡᠳᠡᠭᠡ ᠵᠠᠩᠭᠢ ᠵᠢ ᠲᠠᠭᠯᠠᠨ ᠪᠢᠴᠢᠬᠦ ᠵᠢᠨ ᠬᠠᠮᠲᠤ ᠠᠵᠢᠯᠯᠠᠵᠤ ᠪᠠᠶ᠋ᠢᠭ᠎ᠠ  ᠨᠢᠭᠡᠴᠢ᠎ᠨᠢ  ᠬᠢᠨᠠᠨ  ᠲᠣᠭᠲᠠᠭ᠋ᠠᠵᠤ ᠪᠠᠲᠣᠯᠠᠨ᠎ᠠ ᠃ ᠬᠠᠮᠢᠶ᠎ᠠ ᠪᠦᠬᠦᠢ ᠮᠡᠳᠡᠭᠡ ᠵᠠᠩᠭᠢ ᠵᠢ ᠨᠢᠭᠡᠨᠲᠡ  ᠳᠠᠩᠰᠠᠯᠠᠭᠣᠯᠣᠭᠰᠠᠨ ᠪᠦᠭᠡᠳ  ᠲᠠᠭᠯᠠᠨ  ᠪᠢᠴᠢᠭᠰᠡᠨ  ᠮᠡᠳᠡᠭᠦᠯᠦᠭᠰᠡᠳ᠎ᠨᠢ᠂ ᠲᠠᠭᠯᠠᠨ ᠪᠢᠴᠢᠭᠰᠡᠨ  ᠮᠡᠳᠡᠭᠡ ᠵᠠᠩᠭᠢ ᠵᠢᠨ  ᠣᠨᠣᠪᠴᠢᠲᠠᠶ ᠡᠰᠡᠬᠦ ᠵᠢ ᠬᠢᠨᠠᠨ ᠬᠠᠷᠭᠤᠭᠤᠯᠬᠤ ᠴᠢᠬᠤᠯᠠᠲᠠᠶ᠃ ᠳᠠᠷᠠᠭ᠎ᠠ᠎ᠨᠢ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠬᠦ — 2025 ᠣᠨ᠎ᠤ ᠮᠡᠷᠭᠡᠵᠢᠯ᠎ᠤᠨ ᠴᠣᠯᠠ  ᠭᠣᠶᠣᠴᠢᠯᠠᠨ  ᠮᠡᠳᠡᠭᠦᠯᠬᠦ ᠪᠤᠯᠤᠩ᠎ᠳᠤ ᠭᠤᠶᠤᠴᠢᠯᠠᠨ ᠮᠡᠳᠡᠭᠦᠯᠬᠦ ᠲᠥᠯᠥᠪᠯᠡᠭᠡ ᠵᠢ ᠰᠣᠩᠭᠤᠵᠤ᠂ ᠮᠡᠷᠭᠡᠵᠢᠯ᠎ᠤᠨ ᠴᠣᠯᠠ ᠵᠢᠨ ᠮᠡᠳᠡᠭᠡ ᠵᠠᠩᠭᠢ ᠵᠢ ᠲᠠᠭᠯᠠᠨ ᠮᠡᠳᠡᠭᠦᠯᠬᠦ ᠵᠢ ᠪᠡᠶᠡᠯᠡᠭᠦᠯᠬᠦ ᠵᠢᠨ ᠬᠠᠮᠲᠤ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠦᠬᠦᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ   ᠰᠦᠯᠵᠢᠶᠡᠨ᠎ᠳᠤ ᠣᠷᠣᠭᠣᠯᠵᠦ ᠂ ᠲᠤᠰᠢᠶᠠᠭᠰᠠᠨ᠎ᠤ ᠳᠠᠷᠠᠭ᠎ᠠ 《ᠲᠤᠰᠬᠠᠢ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠦᠰᠦᠨᠦᠭᠲᠦ》 ᠪᠠ 《ᠲᠤᠰᠬᠠᠢ ᠮᠡᠷᠭᠡᠵᠢᠯ᠎ᠤᠨ ᠴᠣᠯᠠ ᠬᠦᠷᠭᠡᠨ ᠬᠢᠨᠠᠭᠤᠯᠬᠤ ᠬᠦᠰᠦᠨᠦᠭᠲᠦ》 ᠵᠢ ᠪᠠᠭᠤᠯᠭ᠋ᠠᠨ  ᠠᠪᠴᠤ ᠭᠠᠷᠭ᠋ᠠᠨ ᠠᠪᠣᠨ᠎ᠠ ᠃ (ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠠᠯᠬᠤᠮ ᠳᠠᠷᠠᠭ᠎ᠠ᠂ ᠲᠠᠭᠯᠠᠨ ᠪᠢᠴᠢᠬᠦ ᠬᠡᠯᠪᠡᠷᠢ ᠵᠢᠨ ᠲᠣᠳᠣᠷᠬᠠᠶ᠋ᠢᠯᠠᠯᠲᠠ᠂ ᠮᠠᠲ᠋ᠧᠷᠢᠶᠠᠯ ᠲᠤᠰᠢᠶᠠᠬᠤ ᠱᠠᠭ᠋ᠠᠷᠳᠠᠯᠭ᠎ᠠ ᠵᠡᠷᠭᠡ ᠵᠢ  ᠰᠢᠰᠲ᠋ᠧᠮ᠎ᠤᠨ ᠳᠣᠲᠣᠷᠠᠬᠢ ᠭᠤᠶᠤᠴᠢᠯᠠᠨ ᠮᠡᠳᠡᠭᠦᠯᠬᠦ ᠠᠵᠢᠯᠯᠠᠭ᠋ᠠᠨ᠎ᠤ ᠵᠦᠭᠯᠡᠭᠦᠷ᠎ᠠᠴᠠ  ᠪᠠᠶ᠋ᠢᠴᠠᠭ᠋ᠠᠨ ᠦᠵᠡᠭᠡᠷᠡᠶ᠃)

      (ᠬᠤᠶᠠᠷ )  ᠭᠤᠶᠤᠴᠢᠯᠠᠨ  ᠮᠡᠳᠡᠭᠦᠯᠦᠭᠰᠡᠳ  ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠦᠭᠰᠡᠨ᠎ᠤ ᠳᠠᠷᠠᠭ᠎ᠠ᠂ ᠮᠥᠨ ᠯᠡ ᠲᠣᠭᠲᠠᠭ᠋ᠠᠯ ᠶᠣᠰᠣᠭ᠋ᠠᠷ ᠰᠦᠯᠵᠢᠶᠡᠨ  ᠭᠠᠳᠠᠭᠣᠷ  ᠭᠤᠶᠤᠴᠢᠯᠠᠨ ᠮᠡᠳᠡᠭᠦᠯᠬᠦ ᠪᠦᠷᠢᠨ ᠪᠦᠲᠦᠨ ᠮᠠᠲ᠋ᠧᠷᠢᠶᠠᠯ ᠵᠶ᠋ᠠᠨ  ᠲᠤᠰᠢᠶᠠᠬᠤ ᠬᠡᠷᠡᠭᠲᠡᠶ᠃  ᠰᠦᠯᠵᠢᠶᠡᠨ  ᠭᠠᠳᠠᠭᠣᠷ ᠮᠠᠲᠸᠷᠢᠶᠠᠯ ᠲᠣᠰᠢᠶᠠᠬᠤ ᠠᠷᠭ᠎ᠠ ᠵᠠᠮ ᠪᠠ ᠱᠠᠭ᠋ᠠᠷᠳᠠᠯᠭ᠎ᠠ᠎ᠨᠢ 《 〈  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢ  ᠬᠡᠷᠡᠭᠵᠢᠭᠦᠯᠬᠦ ᠨᠠᠷᠢᠨ ᠲᠦᠷᠢᠮ 〉᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠥᠪᠥᠷ ᠬᠥᠮᠦᠨ ᠨᠡᠶ᠋ᠢᠭᠡᠮ ᠲᠠᠷᠬᠠᠭ᠋ᠠᠭᠰᠠᠨ [2025] 16 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ ᠵᠶ᠋ᠠᠷ ᠪᠠᠷᠢᠮᠵᠢᠶ᠎ᠠ ᠪᠣᠯᠭ᠋ᠠᠨ᠎ᠠ ᠃

      (ᠭᠤᠷᠪᠠ )  ᠭᠤᠶᠤᠴᠢᠯᠠᠨ ᠮᠡᠳᠡᠭᠦᠯᠦᠭᠰᠡᠳ᠎ᠨᠢ  ᠪᠣᠶ ᠪᠥᠬᠦᠶ ᠰᠦᠯᠵᠢᠶᠡᠨ ᠳᠡᠭᠡᠷ᠎ᠡ᠂ ᠰᠦᠯᠵᠢᠶᠡᠨ  ᠭᠠᠳᠠᠭᠣᠷ  ᠲᠤᠰᠢᠶᠠᠭᠰᠠᠨ ᠮᠠᠲ᠋ᠧᠷᠢᠶᠠᠯ᠎ᠤᠨ ᠦᠨᠡᠨ ᠪᠣᠳᠠᠲᠠᠶ᠂ ᠵᠥᠪ ᠣᠨᠣᠪᠴᠢᠲᠠᠶ᠂  ᠬᠦᠴᠦᠨ᠎ᠲᠠᠢ  ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ  ᠮᠦᠷᠲᠡᠭᠡᠨ  ᠰᠦᠯᠵᠢᠶᠡᠨ ᠳᠡᠭᠡᠷ᠎ᠡ᠂ ᠰᠦᠯᠵᠢᠶᠡᠨ  ᠭᠠᠳᠠᠭᠣᠷ  ᠲᠤᠰᠢᠶᠠᠭᠰᠠᠨ ᠮᠠᠲ᠋ᠧᠷᠢᠶᠠᠯ (ᠲᠠᠭᠯᠠᠨ ᠪᠢᠴᠢᠭᠰᠡᠨ ᠮᠡᠳᠡᠭᠡ ᠵᠠᠩᠭᠢ᠂ ᠠᠵᠢᠯ᠎ᠤᠨ ᠠᠮᠵᠢᠯᠲᠠ ᠪᠦᠲᠦᠮᠵᠢ ᠵᠡᠷᠭᠡ) ᠎ᠨᠢ  ᠠᠳᠠᠯᠢ  ᠪᠠᠢ᠌ᠬᠤ  ᠬᠡᠷᠡᠭᠲᠡᠶ᠃ ᠬᠢᠨᠠᠨ ᠬᠠᠷᠭᠤᠭᠤᠯᠬᠤ ᠶᠠᠪᠤᠴᠠ᠎ᠳᠤ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠪᠤᠶᠤ ᠰᠦᠯᠵᠢᠶᠡᠨ ᠳᠡᠭᠡᠷ᠎ᠡ᠂ ᠰᠦᠯᠵᠢᠶᠡᠨ  ᠭᠠᠳᠠᠭᠣᠷ  ᠲᠤᠰᠢᠶᠠᠭᠰᠠᠨ ᠮᠠᠲ᠋ᠧᠷᠢᠶᠠᠯ (ᠮᠡᠳᠡᠭᠡ ᠵᠠᠩᠭᠢ᠂ ᠨᠡᠷᠡᠶ᠋ᠢᠳᠦᠯ ᠵᠡᠷᠭᠡ) ᠎ᠨᠢ  ᠠᠳᠠᠯᠢ ᠪᠤᠰᠤ ᠵᠡᠷᠭᠡ ᠠᠰᠠᠭᠤᠳᠠᠯ᠎ᠢ ᠣᠯᠵᠦ ᠮᠡᠳᠡᠪᠡᠯ᠂ ᠮᠡᠳᠡᠭᠦᠯᠦᠭᠰᠡᠨ  ᠮᠡᠳᠡᠭᠡ ᠵᠠᠩᠭᠢ ᠵᠢ ᠴᠥᠮ ᠲᠣᠰ ᠬᠥᠮᠦᠨ᠎ᠤ ᠲᠠᠩᠰᠠᠨ ᠨᠣᠮᠧᠷ᠎ᠲᠤ  ᠪᠣᠴᠠᠭ᠋ᠠᠵᠦ ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ᠎ᠤ ᠳᠠᠷᠠᠭ᠎ᠠ᠂ ᠳᠠᠬᠢᠨ ᠭᠤᠶᠤᠴᠢᠯᠠᠨ ᠮᠡᠳᠡᠭᠦᠯᠬᠦ᠎ᠪᠠᠷ ᠲᠤᠰᠢᠶᠠᠬᠤ ᠬᠡᠷᠡᠭᠲᠡᠶ᠃ ᠳᠡᠭᠡᠷ᠎ᠡ ᠳᠤᠷᠠᠳᠤᠭᠰᠠᠨ ᠰᠢᠯᠲᠠᠭ᠋ᠠᠨ᠎ᠠᠴᠠ ᠪᠣᠯᠵᠤ ᠬᠢᠨᠠᠨ ᠬᠠᠷᠭᠤᠭᠤᠯᠤᠯᠲᠠ᠎ᠳᠤ   ᠬᠢᠷᠢ ᠲᠡᠭᠦᠯᠴᠡᠭᠰᠡᠨ ᠲᠡᠩᠴᠡᠭᠰᠡᠨ  ᠦᠭᠡᠢ᠎ᠠᠴᠠ ᠪᠣᠯᠵᠤ ᠲᠣᠭᠲᠠᠭᠰᠠᠨ ᠴᠠᠭ᠎ᠤᠨ ᠳᠣᠲᠣᠷ᠎ᠠ ᠮᠡᠷᠭᠡᠵᠢᠯ᠎ᠤᠨ ᠴᠣᠯᠠ ᠵᠢᠨ  ᠬᠢᠨᠠᠨ  ᠲᠣᠭᠲᠠᠭ᠋ᠠᠯᠲᠠ ᠵᠢ ᠪᠡᠶᠡᠯᠡᠭᠦᠯᠵᠦ ᠳᠡᠢ᠌ᠯᠦᠭᠰᠡᠨ ᠦᠭᠡᠢ ᠪᠠᠢ᠌ᠪᠠᠯ᠂  ᠨᠥᠬᠦᠵᠦ ᠮᠡᠳᠡᠭᠦᠯᠵᠦ ᠪᠣᠯᠬᠤ ᠦᠭᠡᠢ᠃

      (ᠲᠦᠷᠪᠡ) ᠡᠯ᠎ᠡ  ᠨᠢᠭᠡᠴᠢ ᠵᠢᠨ ᠲᠤᠰᠬᠠᠶ ᠮᠡᠷᠭᠡᠵᠢᠯ᠎ᠤᠨ ᠠᠵᠢᠯᠲᠠᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠪᠠᠷ ᠭᠤᠶᠤᠴᠢᠯᠠᠨ ᠮᠡᠳᠡᠭᠦᠯᠬᠦ᠎ᠳᠤ᠎ᠪᠠᠨ ᠂  ᠨᠢᠭᠡᠴᠢ ᠵᠢᠨ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ᠎ᠤᠨ  ᠳᠣᠲᠣᠷ᠎ᠠ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠬᠡᠷᠡᠭᠲᠡᠶ᠃

      (ᠲᠠᠪᠤ )  ᠭᠤᠶᠤᠴᠢᠯᠠᠨ ᠮᠡᠳᠡᠭᠦᠯᠦᠭᠰᠡᠳ 《ᠲᠤᠰᠬᠠᠶ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠬᠦᠷᠭᠡᠬᠦ  ᠮᠠᠲ᠋ᠧᠷᠢᠶᠠᠯ᠎ᠤᠨ ᠭᠠᠷᠴᠠᠭ᠎ᠤᠨ ᠳᠠᠩᠰᠠ 》       (ᠳᠠᠭ᠋ᠠᠯᠳᠤᠭᠤᠯᠤᠯ 1) ᠵᠢᠨ ᠱᠠᠭ᠋ᠠᠷᠳᠠᠯᠭ᠎ᠠ ᠶᠣᠰᠣᠭ᠋ᠠᠷ  ᠮᠡᠳᠡᠭᠦᠯᠬᠦ ᠮᠠᠲ᠋ᠧᠷᠢᠶᠠᠯ ᠵᠶ᠋ᠠᠨ  ᠬᠢᠨᠠᠮᠠᠭ᠋ᠠᠢ  ᠪᠡᠯᠡᠳᠬᠡᠬᠦ ᠬᠡᠷᠡᠭᠲᠡᠢ ᠃  ᠲᠠᠭᠯᠠᠨ ᠪᠢᠴᠢᠭᠰᠡᠨ ᠬᠦᠰᠦᠨᠦᠭᠲᠦ ᠪᠠ ᠬᠠᠩᠭ᠋ᠠᠭᠰᠠᠨ ᠮᠠᠲ᠋ᠧᠷᠢᠶᠠᠯ᠎ᠤᠨ ᠳᠠᠭ᠋ᠠᠯᠳᠤᠭᠤᠯᠤᠯ᠎ᠨᠢ  ᠡᠷᠬᠡᠪᠰᠢ  ᠦᠨᠡᠨ ᠪᠣᠳᠠᠲᠠᠢ ᠪᠥᠭᠡᠳ ᠬᠦᠴᠦᠨ᠎ᠲᠠᠢ  ᠪᠠᠢ᠌ᠵᠦ ᠂ ᠠᠭᠤᠯᠭ᠎ᠠ᠎ᠨᠢ ᠨᠢᠭᠡᠳᠦᠯᠲᠡᠢ  ᠪᠠᠢ᠌ᠬᠤ  ᠬᠡᠷᠡᠭᠲᠡᠢ᠃ ᠬᠦᠰᠦᠨᠦᠭᠲᠦ᠎ᠳᠤ ᠲᠠᠭᠯᠠᠨ ᠮᠡᠳᠡᠭᠦᠯᠦᠭᠰᠡᠨ ᠠᠵᠢᠯ᠎ᠤᠨ ᠠᠮᠵᠢᠯᠲᠠ  ᠪᠦᠲᠦᠮᠵᠢ ᠵᠢᠨ ᠦᠷ᠎ᠡ ᠪᠦᠲᠦᠭᠡᠯ᠂ ᠥᠭᠦᠯᠡᠯ  ᠰᠣᠳᠣᠯᠭ᠋ᠠᠨ᠎ᠤ ᠵᠤᠬᠢᠶᠠᠯ᠎ᠨᠢ ᠳᠠᠭ᠋ᠠᠯᠳᠤᠭᠤᠯᠤᠯ  ᠮᠠᠲ᠋ᠧᠷᠢᠶᠠᠯ᠎ᠤᠨ ᠭᠡᠷᠡᠴᠢ ᠪᠠᠶ᠋ᠢᠬᠤ ᠬᠡᠷᠡᠭᠲᠡᠢ᠂  ᠬᠠᠩᠭ᠋ᠠᠭᠰᠠᠨ ᠮᠠᠲ᠋ᠧᠷᠢᠶᠠᠯ  ᠪᠠᠭᠣᠯᠭ᠋ᠠᠪᠣᠷᠢ ᠪᠣᠯᠬᠤ᠎ᠳᠤ ᠬᠦᠷᠪᠡᠯ᠂  ᠠᠵᠢᠯᠯᠠᠵᠤ ᠪᠠᠶ᠋ᠢᠭ᠎ᠠ  ᠨᠢᠭᠡᠴᠢ ᠵᠢᠨ  ᠬᠢᠨᠠᠨ ᠬᠠᠷᠭᠤᠭᠤᠯᠤᠭᠴᠢ ᠤᠭ ᠮᠠᠲ᠋ᠧᠷᠢᠶᠠᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂  ᠪᠠᠭᠣᠯᠭ᠋ᠠᠪᠣᠷᠢ  ᠪᠢᠴᠢᠭ ᠮᠠᠲ᠋ᠧᠷᠢᠶᠠᠯ ᠳᠡᠭᠡᠷ᠎ᠡ 《ᠲᠣᠰ ᠮᠠᠲ᠋ᠧᠷᠢᠶᠠᠯ᠎ᠨᠢ ᠤᠤᠯ ᠪᠢᠴᠢᠭ ᠮᠠᠲ᠋ᠧᠷᠢᠶᠠᠯ᠎ᠲᠠᠢ ᠨᠢᠭᠡᠳᠦᠯᠲᠡᠢ》  ᠭᠡᠰᠡᠨ ᠦᠰᠦᠭ᠎ᠢ  ᠲᠣᠳᠣᠷᠬᠠᠶ᠋ᠢᠯᠠᠵᠤ᠂ ᠭᠠᠷ᠎ᠤᠨ ᠦᠰᠦᠭ ᠵᠢᠷᠤᠬᠤ ᠵᠢᠨ ᠬᠠᠮᠲᠤ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠨ᠎ᠠ᠃ ᠳᠠᠭ᠋ᠠᠯᠳᠤᠭᠤᠯᠤᠯ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ A4 ᠴᠠᠭ᠋ᠠᠰᠤ᠎ᠪᠠᠷ ᠳᠡᠪᠲᠡᠷᠯᠡᠭᠦᠯᠬᠦ ᠬᠡᠷᠡᠭᠲᠡᠶ᠃ 《ᠲᠤᠰᠬᠠᠶ ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠯᠲᠠ᠎ᠳᠤ ᠬᠦᠷᠭᠡᠬᠦ  ᠬᠦᠰᠦᠨᠦᠭᠲᠦ》 ᠵᠢᠨ ᠬᠤᠪᠢ ᠬᠥᠮᠦᠨ᠎ᠤ ᠬᠠᠷᠢᠯᠴᠠᠬᠤ ᠠᠷᠭ᠎ᠠ  ᠮᠠᠶᠢᠭ᠎ᠢ ᠪᠦᠲᠦᠮᠵᠢᠲᠡᠶ᠎ᠪᠠᠷ ᠲᠠᠭᠯᠠᠨ ᠪᠢᠴᠢᠬᠦ ᠬᠡᠷᠡᠭᠲᠡᠶ᠃

      (ᠵᠢᠷᠭᠤᠭ᠎ᠠ) ᠡᠯ᠎ᠡ ᠱᠠᠲᠤᠨ᠎ᠤ᠎ᠬᠢᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ      《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢ  ᠬᠡᠷᠡᠭᠵᠢᠭᠦᠯᠬᠦ ᠨᠠᠷᠢᠨ ᠳᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ》 (ᠥᠪᠥᠷ ᠬᠥᠮᠥᠨ ᠨᠡᠶ᠋ᠢᠭᠡᠮ ᠲᠠᠷᠬᠠᠭ᠋ᠠᠭᠰᠠᠨ [2025] 16 ᠳ᠋ᠤᠭ᠋ᠠᠷ ᠲᠣᠭ᠋ᠠᠲᠤ)᠂ 《2025 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》 (ᠥᠪᠥᠷ ᠬᠥᠮᠥᠨ  ᠨᠡᠶ᠋ᠢᠭᠡᠮ  ᠠᠯᠪᠠᠨ ᠲᠠᠷᠬᠠᠭ᠋ᠠᠭᠰᠠᠨ [2025] 87 ᠳ᠋ᠤᠭ᠋ᠠᠷ ᠲᠣᠭ᠋ᠠᠲᠤ) ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠮᠡᠷᠭᠡᠵᠢᠯ᠎ᠤᠨ ᠴᠣᠯᠠ ᠵᠢᠨ ᠰᠢᠷᠢᠰ (ᠲᠤᠰᠬᠠᠢ ᠮᠡᠷᠭᠡᠵᠢᠯ) ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠦᠴᠡᠯ᠎ᠳᠤ ᠱᠠᠭ᠋ᠠᠷᠳᠠᠭᠰᠠᠨ᠎ᠨᠢ᠂ ᠭᠤᠶᠤᠴᠢᠯᠠᠨ  ᠮᠡᠳᠡᠭᠦᠯᠦᠭᠰᠡᠳ᠎ᠤᠨ  ᠬᠠᠩᠭ᠋ᠠᠭᠰᠠᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠨᠠᠷᠢᠨ ᠬᠢᠨᠠᠮᠠᠭ᠋ᠠᠢ ᠬᠢᠨᠠᠨ ᠬᠠᠷᠭᠤᠭᠤᠯᠵᠤ᠂ ᠪᠣᠶ ᠪᠦᠬᠦᠢ ᠭᠤᠶᠤᠴᠢᠯᠠᠨ ᠮᠡᠳᠡᠭᠦᠯᠦᠭᠰᠡᠳ᠎ᠤᠨ 《ᠲᠤᠰᠬᠠᠢ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠳᠤ ᠬᠦᠷᠭᠡᠬᠦ  ᠬᠦᠰᠦᠨᠦᠭᠲᠦ》 ᠵᠢ 5 ᠠᠵᠢᠯᠯᠠᠬᠤ ᠡᠳᠦᠷ᠎ᠠᠴᠠ ᠳᠤᠲᠠᠭᠤ ᠦᠭᠡᠢ ᠢᠯᠡ ᠨᠡᠶ᠋ᠢᠲᠡᠯᠡᠵᠦ᠂ ᠢᠯᠡ ᠨᠡᠶ᠋ᠢᠲᠡᠯᠡᠭᠡᠳ ᠣᠨᠳᠣᠣ ᠰᠠᠨᠠᠯ ᠦᠭᠡᠢ ᠪᠣᠯ ᠳᠡᠭᠡᠭᠰᠢ ᠮᠡᠳᠡᠭᠦᠯᠬᠦ ᠬᠡᠷᠡᠭᠲᠡᠢ᠃ 《ᠲᠤᠰᠬᠠᠢ ᠮᠡᠷᠭᠡᠵᠢᠯ᠎ᠤᠨ ᠴᠣᠯᠠ ᠬᠢᠨᠠᠨ   ᠲᠣᠭᠲᠠᠭ᠋ᠠᠬᠤ᠎ᠳᠤ ᠬᠦᠷᠭᠡᠬᠦ  ᠬᠦᠰᠦᠨᠦᠭᠲᠦ》᠎ᠳᠤ  ᠨᠢᠭᠡᠴᠢ ᠵᠢᠨ ᠬᠢᠨᠠᠨ ᠬᠠᠷᠭᠤᠭᠤᠯᠤᠭᠰᠠᠨ ᠰᠠᠨᠠᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠬᠠᠷᠭᠤᠭᠤᠯᠤᠭᠰᠠᠨ ᠰᠠᠨᠠᠯ᠂ ᠠᠶ᠋ᠢᠮᠠᠭ ᠬᠤᠲᠠ ᠵᠢᠨ ᠲᠢᠩᠬᠢᠮ ᠲᠣᠪᠴᠢᠶ᠎ᠠ ᠵᠢᠨ ᠬᠢᠨᠠᠨ ᠬᠠᠷᠭᠤᠭᠤᠯᠤᠭᠰᠠᠨ ᠰᠠᠨᠠᠯ᠎ᠤᠨ ᠭᠠᠵᠠᠷ᠎ᠢ ᠡᠷᠬᠡᠪᠰᠢ ᠬᠢᠨᠠᠨ ᠬᠠᠷᠭᠤᠭᠤᠯᠤᠭᠴᠢ᠂ ᠬᠠᠷᠢᠭᠤᠴᠠᠯᠭ᠋ᠠᠲᠠᠨ᠎ᠠᠴᠠ ᠭᠠᠷ᠎ᠤᠨ ᠦᠰᠦᠭ ᠵᠢᠷᠤᠬᠤ ᠵᠢᠨ ᠬᠠᠮᠲᠤ  ᠨᠢᠭᠡᠴᠢ ᠵᠢᠨ  ᠠᠯᠪᠠᠨ  ᠲᠠᠮᠠᠭ᠎ᠠ ᠵᠢ ᠳᠠᠷᠤᠬᠤ ᠬᠡᠷᠡᠭᠲᠡᠶ᠂ ᠡᠰᠡ  ᠲᠡᠭᠡᠪᠡᠯ  ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃

      (ᠳᠤᠯᠤᠭ᠎ᠠ) 《ᠲᠤᠰᠬᠠᠢ ᠮᠡᠷᠭᠡᠵᠢᠯ᠎ᠤᠨ ᠴᠣᠯᠠ ᠵᠢᠨ  ᠬᠢᠨᠠᠨ ᠲᠣᠭᠲᠠᠭ᠋ᠠᠬᠤ  ᠬᠦᠰᠦᠨᠦᠭᠲᠦ》 ᠵᠢ A4 ᠴᠠᠭ᠋ᠠᠰᠤᠨ᠎ᠳᠤ ᠬᠤᠶᠠᠷ  ᠲᠠᠯ᠎ᠠ᠎ᠪᠠᠷ ᠳᠠᠷᠣᠮᠯᠯᠠᠨ᠎ᠠ ᠂ ᠨᠢᠭᠡ ᠶᠠᠩᠵᠦ ᠵᠢᠨ 2  ᠬᠤᠪᠢ ᠤᠭ ᠮᠠᠲ᠋ᠧᠷᠢᠶᠠᠯ ᠂  ᠬᠤᠪᠢ ᠪᠦᠷᠢ᠎ᠳᠤ  ᠵᠥᠪᠬᠡᠨ ᠵᠡᠭᠦᠨ ᠳᠡᠭᠡᠷ᠎ᠡ ᠥᠨᠴᠥᠭ᠎ᠲᠤ᠎ᠨᠢ  ᠨᠢᠭᠡ  ᠪᠢᠴᠢᠭ᠎ᠤᠨ ᠬᠠᠳᠠᠭ᠋ᠠᠰᠣ ᠬᠠᠳᠠᠬᠤ ᠬᠡᠷᠡᠭᠲᠡᠢ᠂ ᠰᠢᠷᠪᠢᠯᠲᠡ᠎ᠳᠤ ᠲᠦᠭᠦᠮ ᠪᠣᠯᠭ᠋ᠠᠬᠤ ᠵᠢᠨ ᠲᠦᠯᠦᠭᠡ ᠪᠢᠲᠡᠭᠡᠢ ᠨᠠᠭ᠋ᠠᠯᠳᠣᠯᠠᠭ᠋ᠠᠷᠠᠢ ᠃

      (ᠨᠠᠢ᠍ᠮᠠ)  ᠭᠣᠶᠣᠴᠢᠯᠠᠨ  ᠮᠡᠳᠡᠭᠦᠯᠬᠦ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠦᠶ᠎ᠡ᠎ᠳᠤ᠂  ᠬᠢᠨᠠᠨ ᠲᠣᠭᠲᠠᠭ᠋ᠠᠬᠤ  ᠺᠣᠮᠢᠰ᠎ᠲᠤ  ᠲᠠᠨᠢᠯᠴᠠᠭᠣᠯᠬᠤ᠎ᠪᠠᠷ  ᠭᠤᠶᠤᠴᠢᠯᠠᠨ  ᠮᠡᠳᠡᠭᠦᠯᠦᠭᠰᠡᠳ᠎ᠤᠨ  ᠨᠡᠷᠡᠰ᠎ᠤᠨ   ᠪᠦᠷᠢᠳᠬᠡᠯ (ᠳᠠᠭ᠋ᠠᠯᠳᠤᠭᠤᠯᠤᠯ 2) ᠂  ᠵᠠᠷᠯᠠᠨ ᠨᠡᠶ᠋ᠢᠲᠡᠯᠡᠭᠰᠡᠨ ᠪᠠᠶ᠋ᠢᠳᠠᠯ ᠵᠡᠷᠭᠡ ᠵᠢ ᠲᠣᠰᠢᠶᠠᠬᠤ ᠬᠡᠷᠡᠭᠲᠡᠢ᠃  ᠲᠠᠨᠢᠯᠴᠠᠭᠤᠯᠤᠭᠰᠠᠨ  ᠭᠣᠶᠣᠴᠢᠯᠠᠨ  ᠮᠡᠳᠡᠭᠦᠯᠬᠦ ᠮᠠᠲ᠋ᠧᠷᠢᠶᠠᠯ᠎ᠢ ᠨᠢᠭᠡᠳᠦᠯᠲᠡᠶ ᠲᠥᠪᠯᠡᠷᠡᠭᠦᠯᠦᠨ ᠮᠡᠳᠡᠭᠦᠯᠦᠨ ᠬᠦᠷᠭᠡᠬᠦ ᠬᠡᠷᠡᠭᠲᠡᠶ᠂ ᠬᠤᠪᠢ ᠬᠥᠮᠦᠨ᠎ᠤ ᠮᠡᠳᠡᠭᠦᠯᠦᠭᠰᠡᠨ ᠮᠠᠲ᠋ᠧᠷᠢᠶᠠᠯ᠎ᠢ ᠬᠦᠯᠢᠶᠡᠨ ᠠᠪᠴᠤ  ᠰᠢᠢ᠍ᠳᠪᠦᠷᠢᠯᠡᠬᠦ  ᠦᠭᠡᠶ᠃

      (ᠶᠢᠰᠦ)  ᠨᠡᠪᠲᠡᠷᠡᠭᠦᠯᠦᠭᠴᠢ ᠬᠦᠲᠦᠯᠦᠭᠴᠢ ᠵᠢᠨ ᠰᠢᠷᠢᠰ᠎ᠤᠨ ᠳᠣᠮᠳᠠ ᠵᠡᠷᠭᠡ᠎ᠠᠴᠠ ᠳᠡᠭᠡᠭᠰᠢᠬᠢ (ᠳᠣᠮᠳᠠ ᠵᠡᠷᠭᠡ ᠵᠢ ᠪᠠᠭᠲᠠᠭ᠋ᠠᠨ᠎ᠠ) ᠮᠡᠷᠭᠡᠵᠢᠯ᠎ᠤᠨ ᠴᠣᠯᠠ ᠵᠢ  ᠭᠤᠶᠤᠴᠢᠯᠠᠨ ᠮᠡᠳᠡᠭᠦᠯᠬᠦ᠎ᠳᠤ᠂  ᠲᠣᠭᠲᠠᠭ᠋ᠠᠬᠤ ᠨᠥᠬᠦᠴᠡᠯ ᠶᠣᠰᠣᠭ᠋ᠠᠷ  ᠸᠢᠳᠢᠤ᠋ ᠪᠠ ᠳᠠᠭᠣᠨ ᠳᠠᠪᠲᠠᠮᠵᠢ ᠵᠢᠨ  ᠮᠠᠲ᠋ᠧᠷᠢᠶᠠᠯ᠎ᠢ ᠪᠡᠯᠡᠳᠬᠡᠬᠦ ᠬᠡᠷᠡᠭᠲᠡᠶ᠃  ᠭᠣᠶᠣᠴᠢᠯᠠᠨ ᠮᠡᠳᠡᠭᠦᠯᠦᠭᠰᠡᠳ᠎ᠤᠨ  ᠪᠠᠶ᠋ᠢᠭ᠎ᠠ  ᠨᠢᠭᠡᠴᠢ  ᠪᠣᠯᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠫᠷᠤᠭ᠌ᠷᠠᠮ᠎ᠤᠨ ᠪᠦᠲᠦᠭᠡᠯ᠎ᠤᠨ  ᠤᠯᠤᠰ ᠲᠥᠷᠥᠴᠢ ᠴᠢᠨᠠᠷ᠂ ᠤᠳᠤᠷᠢᠳᠤᠮᠵᠢ ᠵᠢᠨ ᠴᠢᠨᠠᠷ᠎ᠲᠤ ᠬᠢᠨᠠᠨ ᠪᠠᠶ᠋ᠢᠴᠠᠭ᠋ᠠᠯᠲᠠ ᠬᠢᠵᠦ᠂ ᠤᠳᠤᠷᠢᠳᠤᠮᠵᠢ ᠵᠢᠨ  ᠵᠥᠪ ᠣᠨᠣᠪᠴᠢᠲᠠᠶ᠂ ᠠᠭᠤᠯᠭ᠎ᠠ ᠵᠢᠨ  ᠡᠷᠡᠭᠦᠯ ᠴᠢᠭᠢᠷᠠᠭ ᠪᠠᠶ᠋ᠢᠬᠤ ᠵᠢ  ᠦᠨᠡᠨ ᠬᠦ᠌  ᠪᠠᠲᠤᠯᠠᠬᠤ ᠬᠡᠷᠡᠭᠲᠡᠶ᠃

      (ᠠᠷᠪᠠ) ᠨᠡᠪᠲᠡᠷᠡᠭᠦᠯᠦᠭᠴᠢ ᠬᠦᠲᠦᠯᠦᠭᠴᠢ ᠵᠢᠨ  ᠵᠢᠩᠬᠢᠨᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢᠨ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ᠎ᠳᠤ᠂  ᠣᠷᠢᠳ ᠵᠶ᠋ᠠᠷ  ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ  ᠪᠠ  ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠤᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠴᠠᠭ ᠲᠤᠬᠠᠢ᠎ᠳᠤ᠎ᠨᠢ  ᠳᠡᠭᠡᠭᠰᠢ ᠮᠡᠳᠡᠭᠦᠯᠵᠦ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ ᠵᠢᠨ ᠮᠡᠳᠡᠭᠳᠡᠯ᠎ᠢ ᠪᠠᠭᠤᠯᠭ᠋ᠠᠭᠰᠠᠨ᠎ᠤ ᠲᠠᠷᠠᠭ᠎ᠠ᠂  ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠦᠬᠦᠢ ᠮᠠᠲ᠋ᠧᠷᠢᠶᠠᠯ᠎ᠢ ᠨᠥᠬᠦᠪᠦᠷᠢᠯᠡᠨ ᠲᠡᠭᠦᠯᠳᠡᠷᠵᠢᠭᠦᠯᠦᠨ᠎ᠡ᠃

      (ᠠᠷᠪᠠᠨ ᠨᠢᠭᠡ) ᠨᠡᠪᠲᠡᠷᠡᠭᠦᠯᠦᠭᠴᠢ ᠬᠦᠲᠦᠯᠦᠭᠴᠢ ᠵᠢᠨ ᠰᠢᠷᠢᠰ᠎ᠤᠨ ᠮᠡᠷᠭᠡᠵᠢᠯ᠎ᠤᠨ ᠴᠣᠯᠠ ᠵᠢᠨ ᠠᠵᠢᠯᠲᠠᠨ  ᠡᠷᠬᠡᠪᠰᠢ ᠬᠦᠴᠦᠨ᠎ᠲᠠᠢ ᠬᠤᠭᠤᠴᠠᠭ᠋ᠠᠨ ᠳᠣᠲᠣᠷ᠎ᠠ       《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠪᠲᠡᠷᠡᠭᠦᠯᠦᠭᠴᠢ ᠵᠢᠨ ᠬᠦᠲᠦᠯᠦᠭᠴᠢ ᠵᠢᠨ  ᠦᠨᠡᠮᠯᠡᠯ》᠎ᠤᠨ  ᠪᠠᠭᠣᠯᠭ᠋ᠠᠪᠣᠷᠢ ᠵᠢ ᠲᠤᠰᠢᠶᠠᠬᠤ ᠬᠡᠷᠡᠭᠲᠡᠶ᠃ ᠰᠣᠨᠢᠨ ᠮᠡᠳᠡᠭᠡᠨ᠎ᠤ ᠰᠢᠷᠢᠰ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠦᠭᠰᠡᠳ ᠡᠷᠬᠡᠪᠰᠢ ᠬᠦᠴᠦᠨ᠎ᠲᠠᠢ ᠬᠤᠭᠤᠴᠠᠭ᠎ᠠ ᠵᠢᠨ ᠳᠣᠲᠣᠷᠠᠬᠢ 《ᠰᠣᠨᠢᠨ ᠮᠡᠳᠡᠭᠡᠨ᠎ᠤ ᠰᠤᠷᠪᠤᠯᠵᠢᠯᠠᠭᠴᠢ ᠵᠢᠨ ᠦᠨᠡᠮᠯᠡᠯ》᠎ᠤᠨ ᠪᠠᠭᠤᠯᠭ᠋ᠠᠪᠤᠷᠢ ᠵᠢ ᠲᠤᠰᠢᠶᠠᠵᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠪᠲᠡᠷᠡᠭᠦᠯᠦᠭᠴᠢ ᠵᠢᠨ ᠦᠨᠡᠮᠯᠡᠯ》᠂ 《ᠰᠣᠨᠢᠨ ᠮᠡᠳᠡᠭᠡᠨ᠎ᠤ ᠰᠤᠷᠪᠤᠯᠵᠢᠯᠠᠭᠴᠢ ᠵᠢᠨ ᠦᠨᠡᠮᠯᠡᠯ》 ᠪᠤᠶᠤ ᠦᠨᠡᠮᠯᠡᠯ᠎ᠨᠢ ᠬᠦᠴᠦᠨ᠎ᠲᠠᠢ ᠬᠤᠭᠤᠴᠠᠭ᠋ᠠᠨ᠎ᠳᠤ ᠪᠠᠶ᠋ᠢᠬᠤ ᠦᠭᠡᠢ  ᠠᠵᠢᠯᠲᠠᠨ᠎ᠨᠢ  ᠭᠤᠶᠤᠴᠢᠯᠠᠨ ᠮᠡᠳᠡᠭᠦᠯᠵᠦ ᠪᠣᠯᠬᠤ ᠦᠭᠡᠢ᠃

      (ᠠᠷᠪᠠᠨ ᠬᠤᠶᠠᠷ ) ᠦᠷᠭᠦᠯᠵᠢᠯᠡᠨ  ᠰᠤᠷᠭ᠋ᠠᠨ ᠬᠥᠮᠦᠵᠢᠯ᠎ᠤᠨ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢ 《2025 ᠣᠨ᠎ᠤ ᠪᠥᠬᠦ ᠣᠷᠣᠨ᠎ᠤ ᠲᠤᠰᠬᠠᠶ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠨ  ᠰᠤᠷᠭ᠋ᠠᠨ ᠬᠥᠮᠦᠵᠢᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠥᠨ ᠨᠡᠶ᠋ᠢᠭᠡᠮ ᠠᠯᠪᠠᠨ ᠲᠠᠷᠬᠠᠭ᠋ᠠᠭᠰᠠᠨ [2024] 201 ᠳ᠋ᠦ᠍ᠭᠡᠷ ᠲᠣᠭ᠋ᠠᠲᠤ)᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ ᠃

      (ᠠᠷᠪᠠᠨ ᠭᠤᠷᠪᠠ) 6 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ ᠡᠮᠦᠨ᠎ᠡ ᠬᠤᠪᠢ ᠬᠥᠮᠦᠨ᠎ᠤ  ᠭᠣᠶᠣᠴᠢᠯᠠᠨ  ᠮᠡᠳᠡᠭᠦᠯᠦᠯᠲᠡ ᠵᠢ ᠪᠡᠶᠡᠯᠡᠭᠦᠯᠵᠦ᠂  ᠭᠣᠶᠣᠴᠢᠯᠠᠨ  ᠮᠡᠳᠡᠭᠦᠯᠬᠦ ᠮᠠᠲ᠋ᠧᠷᠢᠶᠠᠯ᠎ᠢ ᠭᠥᠯᠢᠶᠡᠨ ᠠᠪᠬᠤ ᠴᠠᠭ᠎ᠨᠢ 2025 ᠣᠨ᠎ᠤ 7 ᠳ᠋ᠤᠭ᠋ᠠᠷ ᠰᠠᠷ᠎ᠠ ᠵᠢᠨ 15᠎ᠤ ᠡᠳᠦᠷ ᠪᠣᠯᠲᠠᠯ᠎ᠠ᠂ ᠬᠤᠭᠤᠴᠠᠭ᠎ᠠ  ᠬᠡᠲᠦᠷᠡᠪᠡᠯ  ᠭᠥᠯᠢᠶᠡᠨ ᠠᠪᠴᠤ  ᠰᠢᠢ᠍ᠳᠪᠦᠷᠢᠯᠡᠬᠦ  ᠥᠬᠡᠶ᠃  ᠭᠣᠶᠣᠴᠢᠯᠠᠨ  ᠮᠡᠳᠡᠭᠦᠯᠬᠦ ᠨᠥᠬᠥᠴᠡᠯ ᠪᠠ ᠳᠡᠰ ᠳᠠᠷᠠᠭ᠋ᠠᠯᠠᠯ᠎ᠳᠤ ᠨᠡᠶ᠋ᠢᠴᠡᠬᠦ ᠦᠭᠡᠶ᠂ ᠰᠢᠯᠭ᠋ᠠᠷᠠᠭᠤᠯᠬᠤ ᠺᠣᠮᠢᠰ᠎ᠤᠨ ᠬᠦᠯᠢᠶᠡᠨ ᠠᠪᠴᠤ  ᠰᠢᠢ᠍ᠳᠪᠦᠷᠢᠯᠡᠬᠦ  ᠬᠡᠪᠴᠢᠶ᠎ᠡ᠎ᠠᠴᠠ  ᠳᠠᠪᠠᠭᠰᠠᠨ  ᠪᠤᠶᠤ ᠨᠠᠶ᠋ᠢᠳᠠᠵᠤ ᠬᠢᠨᠠᠨ ᠲᠣᠭᠲᠠᠭ᠋ᠠᠯᠭ᠋ᠠᠬᠤ ᠳᠡᠰ ᠳᠠᠷᠠᠭ᠋ᠠᠯᠠᠯ᠎ᠠᠴᠠ ᠵᠥᠷᠢᠴᠡᠨ ᠮᠡᠳᠡᠭᠦᠯᠦᠨ ᠬᠦᠷᠭᠡᠭᠰᠡᠨ  ᠭᠣᠶᠣᠴᠢᠯᠠᠨ  ᠮᠡᠳᠡᠭᠦᠯᠬᠦ ᠮᠠᠲ᠋ᠧᠷᠢᠶᠠᠯ᠎ᠢ ᠬᠦᠯᠢᠶᠡᠨ ᠠᠪᠬᠤ ᠦᠭᠡᠶ᠃  ᠪᠣᠢ ᠪᠦᠬᠦᠢ ᠭᠣᠶᠣᠴᠢᠯᠠᠨ  ᠮᠡᠳᠡᠭᠦᠯᠬᠦ ᠮᠠᠲ᠋ᠧᠷᠢᠶᠠᠯ᠎ᠢ ᠬᠢᠨᠠᠨ ᠲᠣᠭᠲᠠᠭ᠋ᠠᠭᠰᠠᠨ᠎ᠤ ᠳᠠᠷᠠᠭ᠎ᠠ  ᠤᠰᠠᠳᠬᠠᠵᠤ ᠂ ᠪᠤᠴᠠᠭ᠋ᠠᠵᠤ ᠥᠭᠬᠦ ᠦᠭᠡᠢ᠃

      ᠳᠥᠷᠪᠡ᠂ ᠬᠠᠷᠢᠯᠴᠠᠬᠤ ᠠᠷᠭ᠎ᠠ ᠮᠠᠶᠢᠭ

      ᠬᠠᠷᠢᠭᠤᠴᠠᠬᠤ ᠰᠠᠯᠠᠭ᠎ᠠ ᠮᠥᠴᠢᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ  ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠠᠵᠢᠯᠲᠠᠨ᠎ᠤ ᠶᠠᠪᠤᠳᠠᠯ᠎ᠤᠨ ᠭᠠᠵᠠᠷ

      ᠬᠠᠷᠢᠯᠴᠠᠬᠤ ᠬᠥᠮᠥᠨ᠄ ᠵᠠᠩ ᠴᠢᠶᠣᠤ ᠯᠢᠩ᠂ ᠶᠠᠨ ᠵᠢᠨ

      ᠬᠠᠷᠢᠯᠴᠠᠬᠤ ᠤᠲᠠᠰᠤ᠄ 0471 - 4590021᠂ 4590043

      ᠹᠠᠺᠰ᠎ᠤᠨ ᠨᠣᠮᠧᠷ᠄ 0471 - 4590021

      ᠬᠠᠶᠢᠭ᠄ ᠬᠥᠬᠡᠬᠤᠲᠠ ᠵᠢᠨ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ 1 ᠳ᠋ᠦ᠍ᠭᠡᠷ ᠨᠣᠮᠧᠷᠲᠤ ᠵᠠᠭᠤᠴᠢᠯᠠᠭᠤᠷ᠎ᠤᠨ ᠲᠥᠪ᠎ᠤᠨ A ᠰᠠᠭᠤᠳᠠᠯ᠎ᠤᠨ 1717 ᠥᠷᠥᠭᠡ

      ᠰᠢᠤᠳᠠᠨ ᠨᠣᠮᠧᠷ᠄ 010050

 

     

      ᠳᠠᠭ᠋ᠠᠯᠳᠤᠭᠤᠯᠤᠯ1᠄ ᠲᠤᠰᠬᠠᠶ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠳᠤ ᠬᠦᠷᠭᠡᠬᠦ ᠮᠠᠲ᠋ᠧᠷᠢᠶᠠᠯ᠎ᠤᠨ ᠭᠠᠷᠴᠠᠭ᠎ᠤᠨ ᠳᠠᠩᠰᠠ.docx

    

      ᠳᠠᠭ᠋ᠠᠯᠳᠤᠭᠤᠯᠤᠯ 2᠄ 2025 ᠣᠨ᠎ᠤ ᠬᠢᠨᠠᠨ ᠲᠣᠭᠲᠠᠭ᠋ᠠᠯᠲᠠ᠎ᠳᠤ ᠣᠷᠣᠯᠴᠠᠬᠤ ᠬᠥᠮᠦᠰ᠎ᠤᠨ ᠨᠡᠷᠡᠰ᠎ᠤᠨ ᠪᠦᠷᠢᠳᠬᠡᠯ (ᠬᠡᠪ ᠵᠠᠭᠪᠤᠷ).xls

 

                                      ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

                                                               2025 ᠣᠨ᠎ᠤ 6  ᠳ᠋ᠤᠭ᠋ᠠᠷ  ᠰᠠᠷ᠎ᠠ ᠵᠢᠨ 6᠎ᠤ ᠡᠳᠦᠷ

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ