ᠤᠮᠠᠷᠠᠲᠤ ᠬᠢᠯᠢ ᠵᠢᠨ ᠰᠣᠶᠣᠯ᠎ᠤᠨ ᠭᠤᠤᠯ ᠰᠡᠳᠦᠪᠲᠦ ᠰᠦᠯᠵᠢᠶᠡᠨ᠎ᠤ ᠦᠵᠡᠵᠦ ᠰᠣᠨᠣᠰᠬᠤ ᠵᠢᠨ ᠪᠦᠲᠦᠭᠡᠯ ᠡᠯᠰᠡᠬᠦ ᠠᠯᠪᠠᠨ ᠵᠠᠷ
2025-06-03

      ᠰᠢ ᠵᠢᠨ ᠫᠢᠩ᠎ᠤᠨ  ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠶ  ᠲᠣᠭᠣᠰᠢᠯᠠᠭᠣᠯᠣᠨ  ᠨᠠᠶ᠋ᠢᠳᠠᠪᠤᠷᠢᠵᠢᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠬᠦ ᠵᠢ ᠠᠬᠢᠭᠤᠯᠵᠤ᠂ ᠰᠦᠯᠵᠢᠶᠡᠨ᠎ᠤ ᠦᠵᠡᠵᠦ ᠰᠣᠨᠣᠰᠬᠤ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠨᠠᠷᠢᠨ ᠨᠢᠮᠪᠠᠶ ᠡᠭᠦᠳᠴᠦ᠂ ᠰᠢᠨ᠎ᠡ ᠴᠠᠭ ᠦᠶ᠎ᠡ ᠵᠢᠨ ᠰᠦᠯᠵᠢᠶᠡᠨ᠎ᠤ  ᠦᠵᠡᠵᠦ ᠰᠣᠨᠣᠰᠬᠤ  ᠰᠢᠨ᠎ᠡ ᠣᠷᠭᠢᠯ᠎ᠳᠤ ᠬᠦᠴᠦᠯᠡᠨ ᠭᠠᠷᠬᠤ᠎ᠪᠠᠷ ᠴᠢᠷᠮᠠᠶ᠋ᠢᠬᠤ ᠵᠢᠨ ᠲᠥᠯᠥᠭᠡ᠂ ᠡᠳᠦᠭᠡ ᠤᠮᠠᠷᠠᠲᠤ ᠬᠢᠯᠢ ᠵᠢᠨ ᠰᠣᠶᠣᠯ᠎ᠤᠨ ᠭᠤᠤᠯ ᠰᠡᠳᠦᠪᠲᠦ ᠰᠦᠯᠵᠢᠶᠡᠨ᠎ᠤ ᠦᠵᠡᠵᠦ  ᠰᠣᠨᠣᠰᠬᠤ  ᠪᠦᠲᠦᠭᠡᠯ᠎ᠢ ᠴᠤᠭᠯᠠᠭᠤᠯᠤᠨ  ᠡᠯᠰᠡᠵᠦ  ᠰᠢᠯᠭ᠋ᠠᠷᠠᠭᠤᠯᠬᠤ ᠠᠵᠢᠯ᠎ᠤᠨ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠪᠡ᠃

      ᠨᠢᠭᠡ᠂ ᠶᠡᠷᠦᠩᠬᠡᠢ ᠱᠠᠭ᠋ᠠᠷᠳᠠᠯᠭ᠎ᠠ

      ᠠᠷᠠᠳ ᠲᠦᠮᠡᠨ ᠵᠶ᠋ᠠᠷ ᠭᠤᠣᠯ ᠪᠣᠯᠭ᠋ᠠᠬᠤ ᠠᠵᠢᠯ᠎ᠤᠨ ᠤᠳᠤᠷᠢᠳᠤᠮᠵᠢ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠵᠢᠯ᠎ᠤᠨ ᠭᠤᠣᠯ ᠰᠢᠵᠢᠮ᠎ᠢ ᠪᠠᠲᠤ ᠴᠣᠭᠴᠠᠯᠠᠬᠤ᠎ᠲᠠᠢ ᠨᠢᠭᠲᠠ ᠤᠶᠠᠯᠳᠤᠭᠤᠯᠤᠨ᠂ ᠰᠣᠳᠣᠨ ᠪᠦᠲᠦᠭᠡᠯ᠎ᠤᠨ ᠤᠬᠠᠮᠰᠠᠷ ᠎ᠢ  ᠪᠠᠷᠢᠮᠲᠠᠯᠠᠵᠤ ᠂  ᠥᠪᠥᠷ       ᠮᠣᠩᠭᠤᠯ ᠎ᠤᠨ  ᠡᠬᠡ  ᠭᠠᠵᠠᠷ  ᠳᠡᠭᠡᠷᠡᠬᠢ  ᠦᠨᠳᠦᠰᠦᠲᠡᠨ᠎ᠨᠦᠭᠦᠳ᠎ᠤᠨ ᠶᠠᠪᠤᠯᠴᠠᠭ᠎ᠠ  ᠰᠣᠯᠢᠯᠴᠠᠭ᠎ᠠ  ᠠᠭᠤᠰᠤᠯᠴᠠᠯ᠎ᠤᠨ  ᠲᠡᠦᠬᠡ ᠪᠠ ᠪᠣᠳᠠᠲᠤ  ᠠᠬᠣᠢ ᠵᠢ ᠬᠦᠨᠵᠡᠭᠡᠢ ᠠᠵᠢᠭᠯᠠᠭᠰᠠᠨ ᠂ ᠤᠮᠠᠷᠠᠲᠤ ᠬᠢᠯᠢ ᠵᠢᠨ ᠰᠣᠶᠣᠯ᠎ᠤᠨ  ᠭᠦᠨ ᠵᠤᠵᠠᠭ᠋ᠠᠨ  ᠲᠡᠦᠬᠡ ᠵᠢᠨ  ᠠᠬᠣᠭᠣᠯᠬᠤᠨ  ᠪᠠ ᠪᠣᠳᠠᠲᠤ ᠠᠬᠤᠢ ᠵᠢᠨ  ᠰᠠᠭᠤᠷᠢ ᠵᠢ  ᠢᠯᠡᠷᠡᠭᠦᠯᠦᠭᠰᠡᠨ ᠂  ᠤᠳᠤ  ᠦᠶ᠎ᠡ ᠵᠢᠨ  ᠥᠪᠥᠷ  ᠮᠣᠩᠭᠤᠯ᠎ᠤᠨ ᠥᠭᠡᠷᠡᠴᠢᠯᠡᠯᠲᠡ  ᠬᠥᠭᠵᠢᠯᠲᠡ ᠵᠢᠨ  ᠠᠷᠤ᠎ᠳᠤ  ᠠᠭᠤᠯᠤᠭᠳᠠᠵᠤ ᠪᠠᠶ᠋ᠢᠭ᠎ᠠ  ᠰᠣᠶᠣᠯ᠎ᠤᠨ ᠦᠨ᠎ᠡ ᠦᠷᠳᠡᠭ ᠪᠠ ᠤᠶᠤᠨ ᠰᠠᠨᠠᠭ᠋ᠠᠨ᠎ᠤ ᠴᠢᠨᠠᠷ ᠴᠢᠨᠰᠠᠭ᠎ᠠ ᠵᠢ ᠢᠯᠡᠷᠡᠭᠦᠯᠦᠭᠰᠡᠨ ᠨᠢᠭᠡ ᠪᠦᠯᠦᠭ  ᠰᠦᠯᠵᠢᠶᠡᠨ᠎ᠤ ᠦᠵᠡᠵᠦ ᠰᠣᠨᠣᠰᠬᠤ  ᠰᠢᠯᠢᠳᠡᠭ  ᠪᠦᠲᠦᠭᠡᠯ᠎ᠢ ᠰᠢᠯᠭ᠋ᠠᠷᠠᠭᠤᠯᠤᠨ ᠭᠠᠷᠭ᠋ᠠᠪᠠ᠃

      ᠬᠤᠶᠠᠷ᠂ ᠪᠦᠲᠦᠭᠡᠯ᠎ᠤᠨ ᠭᠤᠣᠯ ᠰᠡᠳᠦᠪ

      (ᠨᠢᠭᠡ) 《  ᠡᠷᠡᠮᠡᠬᠡᠢ᠌ᠯᠡᠨ  ᠤᠷᠤᠭᠰᠢᠯᠠᠬᠤ · ᠥᠪᠥᠷ ᠮᠣᠩᠭᠤᠯ᠎ᠤᠨ ᠬᠠᠭᠤᠳᠠᠰᠤ》᠄  ᠥᠪᠥᠷ ᠮᠣᠩᠭᠤᠯ᠎ᠤᠨ  ᠥᠪᠡᠷᠲᠡᠭᠡᠨ  ᠵᠠᠰᠠᠬᠤ  ᠣᠷᠣᠨ᠎ᠤ  ᠳᠤᠮᠳᠠᠳᠤ ᠵᠢᠨ  ᠦᠨᠳᠦᠰᠦᠲᠡᠨ᠎ᠤ  ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠱᠤᠭᠤᠮ᠎ᠤᠨ  ᠲᠣᠭᠤᠷᠢᠨ᠎ᠳᠤ᠂ 《ᠲᠠᠪᠤᠨ ᠶᠡᠭᠡ ᠡᠭᠦᠷᠭᠡ》 ᠵᠢ ᠠᠬᠢᠭᠤᠯᠵᠤ᠂ 《ᠵᠢᠷᠭᠤᠭ᠋ᠠᠨ ᠢᠨᠵᠧᠨᠧᠷᠢᠩ 》᠎ᠢ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ ᠵᠡᠷᠭᠡ ᠭᠤᠤᠯ ᠰᠡᠳᠦᠪᠲᠦ  ᠵᠣᠬᠢᠶᠠᠨ  ᠪᠦᠲᠦᠭᠡᠯᠭᠡ ᠵᠢᠨ  ᠪᠦᠲᠦᠭᠡᠯ᠎ᠢ  ᠴᠣᠭᠯᠠᠭᠣᠯᠵᠤ᠂ ᠦᠪᠦᠷ ᠮᠣᠩᠭᠣᠯ᠎ᠤᠨ ᠠᠮᠢ ᠠᠬᠣᠢ ᠵᠢᠨ ᠬᠠᠮᠠᠭ᠋ᠠᠯᠠᠯᠲᠠ᠂ ᠡᠨ᠋ᠸᠷᠭᠢ ᠵᠢᠨ ᠨᠡᠭᠡᠭᠡᠨ ᠬᠦᠭᠵᠢᠭᠦᠯᠦᠯᠲᠡ᠂ ᠮᠠᠯ ᠠᠵᠦ ᠠᠬᠤᠢ ᠲᠠᠷᠢᠶᠠᠯᠠᠩ᠎ᠤᠨ ᠬᠦᠭᠵᠢᠯᠲᠡ᠂ ᠪᠣᠭᠣᠮᠲᠠ ᠵᠢᠨ ᠪᠦᠲᠦᠭᠡᠨ ᠪᠠᠢ᠌ᠭᠣᠯᠤᠯᠲᠠ᠂ ᠰᠣᠶᠣᠯ ᠵᠢᠭᠣᠯᠴᠢᠯᠠᠯ ᠵᠡᠷᠭᠡ ᠲᠠᠯ᠎ᠠ ᠵᠢᠨ ᠬᠦᠭᠵᠢᠯᠲᠡ ᠵᠢᠨ ᠦᠷ᠎ᠡ ᠪᠦᠲᠦᠮᠵᠢ ᠪᠠ ᠰᠡᠳᠬᠢᠯ ᠬᠦᠳᠡᠯᠭᠡᠮ᠎ᠡ ᠦᠯᠢᠭᠡᠷ᠎ᠢ  ᠣᠯᠠᠨ ᠬᠠᠷᠠᠭ᠋ᠠᠰᠤ᠎ᠠᠴᠠ  ᠳᠡᠯᠭᠡᠨ  ᠦᠵᠡᠭᠦᠯᠪᠡ ᠃ ᠵᠢᠱ᠌ᠢᠶᠠᠯᠠᠪᠠᠯ᠄ ᠬᠤᠷᠴᠢᠨ᠂ ᠬᠤᠯᠠᠨ ᠰᠢᠷᠭ᠎ᠠ ᠳᠠᠭ᠎ᠠ ᠵᠢᠨ ᠬᠤᠶᠠᠷ  ᠶᠡᠭᠡ ᠡᠯᠡᠰᠦᠷᠬᠡᠭ ᠭᠠᠵᠠᠷ᠎ᠤᠨ ᠰᠥᠨᠥᠭᠡᠬᠦ ᠳᠠᠶ᠋ᠢᠨ᠎ᠤ ᠠᠤᠭ᠎ᠠ ᠶᠡᠭᠡ ᠠᠬᠤᠶ ᠪᠠᠶ᠋ᠢᠳᠠᠯ᠎ᠳᠤ  ᠰᠠᠭᠤᠷᠢᠯᠠᠨ᠂  ᠡᠯᠡᠰᠦᠷᠬᠡᠭ ᠭᠠᠵᠠᠷ᠎ᠢ ᠵᠠᠰᠠᠬᠤ ᠶᠠᠪᠤᠴᠠ᠎ᠳᠤ ᠢᠯᠡᠷᠡᠭᠦᠯᠦᠭᠰᠡᠨ ᠡᠷᠡᠰ ᠬᠠᠳᠠᠨ  ᠵᠣᠷᠢᠭ ᠰᠠᠨᠠᠭ᠎ᠠ ᠬᠢᠭᠡᠳ  ᠶᠡᠷᠦᠩᠬᠡᠶ᠋ᠢᠯᠡᠨ ᠵᠠᠰᠠᠭᠰᠠᠨ ᠦᠷ᠎ᠡ ᠪᠦᠲᠦᠭᠡᠯ᠎ᠢ ᠭᠦᠨᠵᠡᠭᠡᠶ ᠠᠭᠤᠳᠠᠯᠵᠤ ᠂ ᠡᠯᠡᠰᠦ  ᠵᠠᠰᠠᠭᠴᠢᠳ᠎ᠤᠨ  ᠬᠦᠴᠦ ᠬᠥᠯᠥᠰᠦ ᠪᠠ ᠣᠶᠤᠨ ᠤᠬᠠᠭ᠋ᠠᠨ ᠵᠶ᠋ᠠᠷ ᠵᠶ᠋ᠠᠨ  ᠡᠯᠡᠰᠦᠷᠬᠡᠭ  ᠭᠠᠵᠠᠷ᠎ᠢ ᠨᠣᠭᠤᠭ᠋ᠠᠨ ᠪᠦᠷᠢᠳᠦ ᠪᠣᠯᠭ᠋ᠠᠭᠰᠠᠨ ᠰᠡᠳᠬᠢᠯ ᠬᠥᠳᠡᠯᠭᠡᠮ᠎ᠡ ᠥᠯᠢᠭᠡᠷ᠎ᠢ  ᠶᠠᠷᠢᠪᠠ᠂  ᠤᠯᠤᠰ᠎ᠤᠨ  ᠴᠢᠬᠤᠯᠠ  ᠲᠠᠷᠢᠶᠠᠯᠠᠩ᠎ᠤᠨ ᠪᠦᠲᠦᠭᠡᠭᠳᠡᠬᠦᠨ  ᠮᠠᠯ᠎ᠤᠨ  ᠠᠰᠢᠭ  ᠰᠢᠮ᠎ᠡ ᠵᠢᠨ  ᠦᠢ᠍ᠯᠡᠳᠪᠦᠷᠢᠯᠡᠯ᠎ᠤᠨ  ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠬᠤ ᠡᠨᠡ ᠬᠦ᠌ ᠪᠠᠶ᠋ᠢᠯᠳᠤᠬᠤ  ᠪᠣᠳᠣᠯᠭ᠎ᠠ ᠵᠢᠨ  ᠬᠠᠷᠠᠯᠲᠠ᠎ᠳᠤ  ᠠᠩᠬᠠᠷᠤᠯ ᠵᠶ᠋ᠠᠨ ᠲᠥᠪᠯᠡᠷᠡᠭᠦᠯᠵᠦ᠂  ᠠᠮᠢᠳᠤᠯᠢᠭ ᠦᠢ᠍ᠯᠡ  ᠶᠠᠪᠤᠳᠠᠯ ᠵᠶ᠋ᠠᠷ  ᠳᠠᠮᠵᠢᠭᠤᠯᠤᠨ  ᠥᠪᠥᠷ  ᠮᠣᠩᠭᠤᠯ᠎ᠤᠨ  ᠴᠢᠨᠠᠷ  ᠰᠠᠶ᠋ᠢᠲᠠᠶ ᠲᠠᠷᠢᠶᠠᠯᠠᠩ᠎ᠤᠨ ᠪᠦᠲᠦᠭᠡᠭᠳᠡᠬᠦᠨ  ᠮᠠᠯ᠎ᠤᠨ ᠠᠰᠢᠭ ᠰᠢᠮ᠎ᠡ ᠵᠢᠨ ᠬᠠᠩᠭ᠋ᠠᠯᠭ᠎ᠠ ᠵᠢᠨ  ᠲᠠᠯ᠎ᠠ᠎ᠪᠠᠷ᠎ᠬᠢ ᠲᠣᠪᠤᠶ᠋ᠢᠮ᠎ᠠ ᠬᠤᠪᠢ ᠨᠡᠮᠡᠷᠢ ᠵᠢ  ᠳᠡᠯᠭᠡᠨ ᠦᠵᠡᠭᠦᠯᠵᠦ ᠂ ᠥᠪᠥᠷ ᠮᠣᠩᠭᠤᠯ᠎ᠤᠨ 《ᠠᠮᠤ ᠪᠤᠳᠠᠭ᠋ᠠᠨ᠎ᠤ ᠰᠠᠩ ᠬᠥᠮᠥᠷᠭᠡ ᠵᠢᠨ  ᠮᠢᠬᠠᠨ᠎ᠤ  ᠬᠥᠮᠥᠷᠭᠡ  ᠰᠠᠭ᠋ᠠᠯᠢ ᠵᠢᠨ  ᠰᠠᠪᠠ ᠨᠣᠣᠯᠣᠭᠤᠷ᠎ᠤᠨ ᠬᠤᠲᠠ》 ᠵᠢᠨ ᠬᠠᠲᠠᠭᠤ ᠴᠥᠮ᠎ᠡ ᠵᠢᠨ  ᠡᠭᠦᠷᠭᠡᠯᠡᠯ  ᠪᠠ  ᠲᠠᠷᠢᠶᠠᠯᠠᠩ᠎ᠤᠨ  ᠪᠦᠲᠦᠭᠡᠭᠳᠡᠬᠦᠨ  ᠮᠠᠯ᠎ᠤᠨ ᠠᠰᠢᠭ ᠰᠢᠮ᠎ᠡ ᠵᠢᠨ ᠠᠵᠤ ᠦᠢ᠍ᠯᠡᠰ᠎ᠤᠨ  ᠥᠷᠨᠢᠨ ᠬᠥᠭᠵᠢᠭᠰᠡᠨ ᠪᠠᠶ᠋ᠢᠳᠠᠯ᠎ᠢ ᠢᠯᠡᠷᠡᠭᠦᠯᠪᠡ᠃

      (ᠬᠤᠶᠠᠷ) 《ᠣᠨ ᠰᠠᠷ᠎ᠠ ᠵᠢᠨ ᠲᠤᠩᠭ᠋ᠠᠳᠠᠰᠣ ᠂ ᠥᠪᠥᠷ ᠮᠣᠩᠭᠤᠯ᠎ᠤᠨ  ᠤᠯᠠ ᠮᠦᠷ 》᠄ ᠥᠪᠥᠷ ᠮᠣᠩᠭᠤᠯ᠎ᠤᠨ ᠡᠷᠲᠡᠨ᠎ᠠᠴᠠ  ᠠᠪᠣᠭ᠋ᠠᠳ  ᠦᠨᠳᠦᠰᠦᠲᠡᠨ᠎ᠨᠦᠭᠦᠳ᠎ᠤᠨ ᠶᠠᠪᠤᠯᠴᠠᠭ᠎ᠠ  ᠰᠣᠯᠢᠯᠴᠠᠭ᠎ᠠ ᠠᠭᠤᠰᠤᠯᠴᠠᠯ᠎ᠤᠨ ᠲᠡᠤᠬᠡ ᠵᠢᠨ ᠰᠤᠳᠠᠰᠤ ᠵᠢ ᠬᠠᠶ᠋ᠢᠨ  ᠰᠦᠪᠡᠭᠴᠢᠯᠡᠵᠦ ᠂ ᠥᠪᠥᠷ  ᠮᠣᠩᠭᠤᠯ᠎ᠤᠨ  ᠬᠠᠭᠣᠴᠢᠨ  ᠭᠠᠵᠠᠷ᠎ᠤᠨ ᠨᠡᠷ᠎ᠡ᠂ ᠪᠠᠯᠠᠷ ᠡᠷᠲᠡᠨ᠎ᠤ ᠪᠣᠯᠪᠠᠰᠤᠨ᠂ ᠲᠡᠤᠬᠡ ᠵᠢᠨ  ᠥᠯᠢᠭᠡᠷ ᠵᠡᠷᠭᠡ ᠵᠢ  ᠠᠭᠣᠳᠠᠯᠣᠨ ᠦᠭᠦᠯᠡᠬᠦ᠎ᠪᠠᠷ  ᠳᠠᠮᠵᠢᠭᠤᠯᠤᠨ᠂ ᠥᠪᠥᠷ ᠮᠣᠩᠭᠤᠯ᠎ᠤᠨ ᠭᠠᠵᠠᠷ  ᠣᠷᠣᠨ᠎ᠤ ᠲᠡᠤᠬᠡ ᠰᠣᠶᠣᠯ᠎ᠤᠨ  ᠠᠬᠣᠭᠣᠯᠬᠤᠨ  ᠪᠠ ᠳᠤᠮᠳᠠᠳᠤ ᠵᠢᠨ ᠰᠣᠶᠣᠯ᠎ᠤᠨ ᠣᠯᠠᠨ ᠡᠰᠢᠲᠦ  ᠨᠢᠭᠡ ᠴᠣᠭᠴᠠᠵᠢᠭᠰᠠᠨ  ᠲᠡᠤᠬᠡ ᠵᠢᠨ ᠠᠬᠢᠴᠠ ᠵᠢ  ᠳᠡᠯᠭᠡᠨ ᠦᠵᠡᠭᠦᠯᠪᠡ ᠃ ᠵᠢᠱ᠌ᠢᠶᠠᠯᠠᠪᠠᠯ᠄ 《  ᠹᠧᠩᠵᠸᠤ ᠬᠤᠳᠠ》᠂ 《ᠬᠦᠢ ᠰᠦᠢ》᠂ 《  ᠵᠢᠦᠶᠦᠸᠠᠨ ᠵᠢᠶᠦ᠋ᠨ 》 ᠵᠡᠷᠭᠡ ᠬᠠᠭᠤᠴᠢᠨ  ᠭᠠᠵᠠᠷ᠎ᠤᠨ ᠨᠡᠷ᠎ᠡ᠎ᠲᠠᠢ ᠤᠶᠠᠯᠳᠤᠭᠤᠯᠵᠤ᠂  ᠪᠢᠴᠢᠯ  ᠣᠬᠤᠷ  ᠵᠦᠴᠦᠭᠡ ᠵᠢᠨ ᠬᠡᠯᠪᠡᠷᠢ᠎ᠪᠠᠷ  ᠳᠠᠮᠵᠢᠭᠣᠯᠣᠨ  ᠥᠪᠥᠷ ᠮᠣᠩᠭᠤᠯ ᠣᠷᠣᠨ᠎ᠤ ᠴᠢᠨ ᠤᠯᠤᠰ᠎ᠠᠴᠠ  ᠡᠮᠣᠨᠡᠬᠢ ᠦᠶ᠎ᠡ᠎ᠠᠴᠠ  ᠤᠶ᠋ᠢᠷ᠎ᠠ  ᠣᠳᠣ  ᠦᠶ᠎ᠡ ᠵᠢᠨ  ᠲᠡᠦᠬᠡ ᠵᠢᠨ  ᠬᠤᠪᠢᠷᠠᠯᠲᠠ ᠵᠢ  ᠳᠡᠯᠭᠡᠨ ᠦᠵᠡᠭᠦᠯᠵᠦ ᠂ ᠭᠠᠵᠠᠷ᠎ᠤᠨ  ᠨᠡᠷ᠎ᠡ ᠵᠢᠨ ᠪᠦᠷᠢᠯᠳᠦᠯ᠎ᠤᠨ  ᠠᠷᠤ᠎ᠳᠠᠬᠢ ᠦᠨᠳᠦᠰᠦᠲᠡᠨ᠎ᠤ ᠠᠭᠤᠰᠤᠯᠴᠠᠯ᠂ ᠬᠢᠯᠢ ᠬᠢᠵᠠᠭ᠋ᠠᠷ᠎ᠤᠨ ᠵᠠᠰᠠᠯᠲᠠ  ᠪᠠ ᠪᠣᠯᠪᠠᠰᠤᠨ᠎ᠤ ᠣᠯᠠᠮᠵᠢᠯᠠᠯ᠎ᠤᠨ  ᠰᠡᠳᠬᠢᠯ ᠬᠥᠳᠡᠯᠭᠡᠮ᠎ᠡ ᠦᠯᠢᠭᠡᠷ᠎ᠢ ᠢᠯᠡᠷᠡᠭᠦᠯᠪᠡ᠃

      (ᠭᠤᠷᠪᠠ) 《ᠠᠭᠤᠯᠠ  ᠣᠰᠣ᠎ᠨᠢ ᠭᠤᠢ᠌ᠳᠠ ᠰᠠᠢ᠌ᠬᠠᠨ · ᠥᠪᠥᠷ ᠮᠣᠩᠭᠤᠯ᠎ᠤᠨ  ᠥᠩᠭᠡ ᠦᠵᠡᠮᠵᠢ》᠄ ᠥᠪᠥᠷ ᠮᠣᠩᠭᠤᠯ᠎ᠤᠨ 《ᠠᠭᠤᠯᠠ ᠤᠰᠤ ᠣᠶ ᠮᠣᠳᠣ ᠭᠠᠵᠠᠷ  ᠲᠠᠷᠢᠶ᠎ᠠ  ᠨᠠᠭᠤᠷ  ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ》 ᠵᠢ ᠨᠢᠭᠡ ᠴᠣᠭᠴᠠᠵᠢᠭᠤᠯᠤᠭᠰᠠᠨ  ᠠᠮᠢ  ᠠᠬᠤᠶ ᠵᠢᠨ  ᠦᠵᠡᠮᠵᠢ ᠵᠢᠨ  ᠲᠣᠭᠤᠷᠢᠨ᠎ᠳᠤ ᠂ ᠥᠪᠥᠷ ᠮᠣᠩᠭᠤᠯ᠎ᠤᠨ  ᠰᠣᠶᠣᠯ  ᠵᠢᠭᠤᠯᠴᠢᠯᠠᠯ᠎ᠤᠨ  ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠂  ᠨᠠᠷᠠᠲᠤ  ᠬᠤᠲᠠ ᠨᠠᠷᠠᠲᠤ ᠪᠠᠯᠭ᠋ᠠᠰᠤ ᠨᠠᠷᠠᠲᠤ ᠲᠣᠰᠬᠤᠨ᠂ ᠤᠯᠤᠰ᠎ᠤᠨ ᠰᠣᠶᠣᠯ᠎ᠤᠨ ᠴᠡᠴᠡᠷᠯᠢᠭ᠂  ᠬᠤᠲᠠ ᠵᠢᠨ ᠦᠵᠡᠮᠵᠢ ᠵᠢᠨ ᠣᠷᠣᠨ᠂ ᠪᠠᠶ᠋ᠢᠭ᠋ᠠᠯᠢ ᠵᠢᠨ ᠦᠵᠡᠮᠵᠢ ᠵᠡᠷᠭᠡ ᠲᠠᠯ᠎ᠠ ᠵᠢᠨ  ᠰᠦᠷᠯᠢᠭ  ᠰᠠᠶ᠋ᠢᠬᠠᠨ ᠥᠩᠭᠡ ᠦᠵᠡᠮᠵᠢ  ᠢᠯᠡᠷᠡᠭᠦᠯᠪᠡ ᠃ ᠵᠢᠱ᠌ᠢᠶᠡᠯᠡᠪᠡᠯ᠄ ᠵᠤᠨ᠎ᠤ ᠤᠯᠠᠷᠢᠯ᠎ᠤᠨ ᠬᠥᠯᠥᠨ ᠪᠤᠶ᠋ᠢᠷ᠎ᠤᠨ ᠲᠠᠯ᠎ᠠ ᠨᠤᠲᠤᠭ ᠵᠶ᠋ᠠᠷ ᠲᠠᠪᠴᠠᠩ ᠪᠣᠯᠭ᠋ᠠᠵᠤ᠂ ᠮᠠᠯᠴᠢᠳ           《  ᠣᠶᠣᠨᠴᠢ  ᠮᠠᠯᠵᠢᠯ᠎ᠤᠨ ᠲᠠᠯᠠᠪᠠᠢ》᠎ᠪᠠᠷ ᠳᠠᠮᠵᠢᠭᠤᠯᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠠᠵᠤ ᠠᠬᠤᠢ ᠵᠢᠨ ᠬᠥᠭᠵᠢᠯᠲᠡ ᠵᠢᠨ ᠬᠤᠣᠰ ᠠᠮᠵᠢᠯᠲᠠ ᠵᠢ ᠪᠡᠶᠡᠯᠡᠭᠦᠯᠪᠡ ᠂ᠦᠬᠠᠢ ᠬᠤᠳᠠ ᠵᠢᠨ 《  ᠡᠯᠡᠰᠦ ᠮᠠᠩᠬᠠᠨ᠎ᠳᠤ ᠳᠠᠯᠠᠢ ᠦᠵᠡᠬᠦ 》  ᠭᠠᠢ᠌ᠬᠠᠮᠰᠢᠭᠲᠤ ᠦᠵᠡᠭᠳᠡᠯ ᠵᠶ᠋ᠡᠷ  ᠠᠷᠤ ᠦᠵᠡᠭᠳᠡᠯ ᠪᠣᠯᠭ᠋ᠠᠵᠤ᠂ ᠤᠯᠠᠨ ᠤᠯᠤᠰ᠎ᠤᠨ ᠬᠤᠳᠠᠯᠳᠤᠭ᠋ᠠᠨ᠎ᠤ ᠳᠡᠭᠡᠳᠦ ᠰᠤᠷᠭ᠋ᠠᠭᠤᠯᠢ ᠵᠢᠨ ᠡᠯᠡᠰᠦᠨ ᠴᠦᠯ᠎ᠤᠨ ᠨᠥᠬᠦᠷᠰᠡᠭ ᠤᠷᠤᠯᠳᠤᠭ᠋ᠠᠨ᠂ ᠭᠡᠷᠡᠯ ᠵᠢᠷᠤᠭ᠎ᠤᠨ ᠵᠢᠭᠤᠯᠴᠢᠯᠠᠯ ᠵᠢᠷᠤᠭ ᠠᠪᠬᠤ ᠵᠡᠷᠭᠡ ᠤᠨᠴᠠᠯᠢᠬᠳᠤ ᠡᠵᠡᠩᠨᠡᠯᠲᠡ ᠵᠢᠨ ᠬᠡᠯᠪᠡᠷᠢ ᠵᠢ ᠢᠯᠡᠷᠡᠭᠦᠯᠪᠡ ᠂  ᠡᠪᠦᠯ᠎ᠤᠨ ᠤᠯᠠᠷᠢᠯ᠎ᠤᠨ ᠤᠮᠠᠷᠠᠲᠤ ᠬᠢᠯᠢ ᠵᠢᠨ ᠮᠥᠰᠥ ᠴᠠᠰᠤᠨ᠎ᠤ ᠥᠩᠭᠡ ᠦᠵᠡᠮᠵᠢ᠎ᠪᠠᠷ ᠠᠴᠢᠶᠠᠯᠠᠪᠤᠷᠢ ᠪᠣᠯᠭ᠋ᠠᠵᠤ᠂ ᠥᠪᠥᠷ ᠮᠣᠩᠭᠤᠯ᠎ᠤᠨ 《ᠠᠷᠪᠠᠨ ᠳᠥᠷᠪᠡᠳᠦᠭᠡᠷ ᠬᠤᠭᠤᠴᠠᠭ᠋ᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ》᠎ᠢ ᠡᠷᠬᠢᠯᠡᠭᠰᠡᠨ ᠭᠠᠵᠠᠷ᠎ᠤᠨ ᠮᠥᠰᠥ ᠴᠠᠰᠤᠨ᠎ᠤ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃

      (ᠲᠦᠷᠪᠡ) 《  ᠡᠷᠲᠡᠨ᠎ᠤ ᠪᠣᠳᠠᠰ᠎ᠤᠨ  ᠡᠭᠡᠰᠢᠭᠯᠡᠯ · ᠥᠪᠥᠷ ᠮᠣᠩᠭᠣᠯ᠎ᠤᠨ ᠡᠷᠲᠡᠨ᠎ᠤ ᠦᠨᠡᠲᠦ ᠵᠦᠢ᠍ᠯᠡᠰ》᠄ ᠥᠪᠥᠷ ᠮᠣᠩᠭᠣᠯ᠎ᠤᠨ ᠮᠦᠽᠧᠢ᠂ ᠵᠣᠣ ᠵᠢᠶᠦ᠋ᠨ᠎ᠤ ᠮᠦᠽᠧᠢ ᠵᠡᠷᠭᠡ ᠰᠣᠶᠣᠯ᠎ᠤᠨ ᠦᠵᠡᠰᠭᠦᠯᠡᠩ᠎ᠤᠨ  ᠣᠷᠳᠣᠨ᠎ᠤ ᠬᠠᠳᠠᠭ᠋ᠠᠯᠠᠵᠤ  ᠪᠠᠢ᠌ᠭ᠎ᠠ  ᠲᠡᠦᠬᠡ ᠵᠢᠨ  ᠳᠣᠷᠠᠰᠬᠠᠯᠲᠤ  ᠵᠦᠢ᠍ᠯᠡᠰ ᠵᠶ᠋ᠠᠷ ᠠᠴᠢᠶᠠᠯᠠᠪᠤᠷᠢ ᠪᠣᠯᠭ᠋ᠠᠵᠤ᠂ AIGC ᠵᠡᠷᠭᠡ ᠮᠡᠷᠭᠡᠵᠢᠯ᠎ᠤᠨ  ᠰᠢᠨ᠎ᠡ ᠵᠢ ᠡᠭᠦᠳᠦᠨ ᠬᠡᠷᠡᠭᠯᠡᠵᠦ᠂ ᠲᠡᠦᠬᠡ ᠵᠢᠨ ᠳᠣᠷᠠᠰᠬᠠᠯᠲᠤ  ᠵᠦᠢ᠍ᠯᠡᠰ᠎ᠢ 《ᠠᠮᠠ ᠨᠡᠭᠡᠭᠡᠵᠦ ᠦᠭᠡ  ᠶᠠᠷᠢᠭᠣᠯᠣᠨ 》 ᠂ AIGC ᠪᠠ ᠪᠢᠴᠢᠯ ᠣᠬᠣᠷ ᠵᠦᠴᠦᠭᠡ ᠵᠢᠨ ᠬᠠᠷᠢᠯᠴᠠᠨ  ᠬᠦᠴᠦᠨ ᠨᠡᠮᠡᠷᠢᠯᠡᠬᠦ ᠵᠢ  ᠠᠬᠢᠭᠣᠯᠪᠠ ᠃ ᠵᠢᠱ᠌ᠢᠶᠡᠯᠡᠪᠡᠯ᠄ ᠰᠢᠨ᠎ᠡ  ᠴᠢᠯᠠᠭᠤᠨ ᠵᠡᠪᠰᠡᠭ᠎ᠤᠨ ᠴᠠᠭ ᠦᠶ᠎ᠡ ᠵᠢᠨ ᠬᠠᠰ  ᠴᠠᠭ᠋ᠠᠷᠢᠭ ᠬᠡᠯᠪᠡᠷᠢᠲᠦ ᠪᠠᠭ᠋ᠠᠵᠢ᠎ᠪᠠᠷ  ᠰᠦᠪᠡᠭᠴᠢ ᠪᠣᠯᠭ᠋ᠠᠵᠤ᠂  ᠬᠤᠩᠱ᠌ᠠᠨ ᠰᠣᠶᠣᠯ᠎ᠤᠨ ᠬᠠᠭᠤᠴᠢ ᠰᠤᠳᠤᠯᠤᠯ᠎ᠤᠨ ᠢᠯᠡᠷᠡᠭᠦᠯᠦᠯᠲᠡ᠎ᠲᠠᠢ ᠤᠶᠠᠯᠳᠤᠭᠤᠯᠤᠨ᠂ ᠥᠪᠥᠷ ᠮᠣᠩᠭᠤᠯ ᠣᠷᠣᠨ᠎ᠤ ᠡᠷᠲᠡ ᠦᠶ᠎ᠡ ᠵᠢᠨ  ᠪᠣᠯᠪᠠᠰᠤᠨ᠎ᠤ  ᠡᠭᠦᠰᠦᠯ  ᠬᠢᠭᠡᠳ  ᠳᠤᠮᠳᠠᠳᠤ ᠵᠢᠨ  ᠪᠣᠯᠪᠠᠰᠤᠨ᠎ᠤ  ᠡᠭᠦᠰᠦᠯ ᠎ᠤᠨ ᠬᠠᠷᠢᠴᠠᠭ᠎ᠠ ᠵᠢ ᠰᠤᠳᠤᠯᠤᠨ ᠶᠠᠷᠢᠯᠴᠠᠪᠠ ᠂  ᠶᠤᠸᠠᠨ᠎ᠤ ᠳᠡᠭᠡᠳᠦ ᠨᠡᠶ᠋ᠢᠰᠯᠡᠯ᠎ᠤᠨ ᠪᠠᠭᠤᠷᠢ ᠵᠡᠷᠭᠡ ᠳᠡᠯᠡᠬᠡᠢ ᠵᠢᠨ ᠰᠣᠶᠣᠯ᠎ᠤᠨ ᠥᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂  ᠥᠪᠥᠷ ᠮᠣᠩᠭᠤᠯ᠎ᠤᠨ ᠤᠯᠠᠨ  ᠦᠨᠳᠦᠰᠦᠲᠡᠨ  ᠨᠢᠭᠡᠳᠦᠭᠰᠡᠨ ᠤᠯᠤᠰ᠎ᠤᠨ  ᠪᠦᠷᠢᠯᠳᠦᠯ᠎ᠳᠠᠬᠢ  ᠵᠠᠩᠭᠢᠯᠠᠭ᠎ᠠ ᠵᠢᠨ ᠦᠢ᠍ᠯᠡᠳᠦᠯ᠎ᠢ ᠬᠦᠦᠷᠨᠢᠪᠡ᠃

      (ᠲᠠᠪᠤ) 《  ᠦᠪᠦᠷ ᠮᠣᠩᠭᠣᠯ ᠨᠡᠷᠡᠮᠵᠢᠲᠤ ᠦᠨᠡᠲᠤ ᠪᠦᠲᠦᠭᠡᠭᠳᠡᠭᠦᠨ. ᠥᠪᠥᠷ ᠮᠣᠩᠭᠤᠯ ᠎ᠤᠨ  ᠴᠣᠬᠠᠭ ᠡᠳ᠋》᠄  ᠣᠨᠴᠠᠯᠢᠭᠲᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ᠂ ᠪᠣᠳᠠᠰ᠎ᠤᠨ ᠪᠤᠰᠤ ᠰᠣᠶᠣᠯ᠎ᠤᠨ ᠥᠪ ᠂ ᠠᠮᠲᠠᠲᠤ ᠢᠳᠡᠭᠡᠨ ᠵᠢᠴᠢ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠥᠪᠥᠷ ᠮᠣᠩᠭᠤᠯ᠎ᠤᠨ  ᠴᠣᠬᠠᠭ  ᠡᠳ᠋》᠎ᠤᠨ ᠠᠷᠤ᠎ᠳᠠᠬᠢ ᠥᠯᠢᠭᠡᠷ᠎ᠢ ᠶᠠᠷᠢᠪᠠ᠃ ᠵᠢᠱ᠌ᠢᠶᠠᠯᠠᠪᠠᠯ᠄ ᠷᠠᠰᠢᠶᠠᠨ ᠬᠤᠳᠠ ᠵᠢᠨ ᠤᠢ ᠰᠢᠭᠤᠢ᠂ ᠬᠠᠯᠠᠭᠤᠨ ᠷᠠᠰᠢᠶᠠᠨ᠂ ᠮᠥᠰᠥ ᠴᠠᠰᠤᠨ᠎ᠤ ᠡᠬᠢ ᠪᠠᠶᠠᠯᠢᠭ ᠵᠶ᠋ᠠᠷ ᠲᠦᠰᠢᠭ ᠪᠣᠯᠭ᠋ᠠᠵᠤ᠂ 《ᠠᠮᠢ ᠠᠬᠤᠢ ᠵᠢ ᠲᠡᠷᠢᠭᠦᠨ᠎ᠳᠤ  ᠲᠠᠯᠪᠢᠬᠤ ᠂ ᠠᠵᠤ ᠦᠢ᠍ᠯᠡᠰ᠎ᠢ ᠠᠭᠤᠰᠤᠯᠴᠠᠭᠤᠯᠬᠤ》 ᠬᠥᠭᠵᠢᠯᠲᠡ ᠵᠢᠨ ᠠᠷᠭ᠎ᠠ ᠵᠠᠮ᠎ᠢ ᠳᠡᠯᠭᠡᠨ  ᠦᠵᠡᠭᠦᠯᠪᠡ᠂  ᠣᠷᠳᠣᠰ᠎ᠤᠨ ᠢᠮᠠᠭ᠋ᠠᠨ  ᠨᠤᠤᠯᠤᠭᠤᠷ ᠂ ᠰᠢᠯᠢ ᠵᠢᠨ ᠭᠤᠤᠯ᠎ᠤᠨ ᠲᠠᠯ᠎ᠠ ᠨᠤᠲᠤᠭ᠎ᠤᠨ ᠮᠢᠬ᠎ᠠ ᠵᠡᠷᠭᠡ ᠭᠠᠵᠠᠷ ᠵᠦᠶ ᠵᠢᠨ  ᠢᠯᠡᠷᠬᠡᠢ᠌ᠯᠡᠯᠲᠤ  ᠪᠦᠲᠦᠭᠡᠭᠳᠡᠬᠦᠨ ᠵᠶ᠋ᠠᠷ ᠵᠠᠭᠤᠴᠢ ᠪᠣᠯᠭ᠋ᠠᠵᠤ᠂ 《  ᠦᠪᠦᠷ ᠮᠣᠩᠭᠤᠯ》  ᠨᠡᠷᠡᠮᠵᠢᠲᠤ ᠵᠢᠨ ᠭᠡᠷᠡᠴᠢᠯᠡᠯ᠎ᠨᠢ  ᠪᠣᠳᠠᠰ᠎ᠤᠨ ᠪᠤᠰᠤ ᠰᠣᠶᠣᠯ᠎ᠤᠨ ᠥᠪ᠎ᠤᠨ   ᠣᠷ᠎ᠠ ᠮᠡᠷᠭᠡᠰᠢᠯ᠎ᠢ  ᠬᠡᠷᠬᠢᠨ  ᠤᠯᠠᠮᠵᠢᠯᠠᠨ ᠵᠠᠯᠭ᠋ᠠᠮᠵᠢᠯᠠᠬᠤ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠵᠢ ᠶᠠᠷᠢᠪᠠ ᠃

      (ᠵᠢᠷᠭᠤᠭ᠎ᠠ) 《ᠰᠣᠶᠣᠯ᠎ᠤᠨ ᠬᠦᠰᠡᠯ ᠵᠡᠭᠦᠳᠦ᠎ᠪᠠᠨ ᠲᠡᠷᠭᠡᠯᠰᠢᠭᠦᠯᠬᠦ · ᠥᠪᠥᠷ ᠮᠣᠩᠭᠤᠯ᠎ᠤᠨ ᠢᠷᠠᠭᠤ ᠬᠠᠭᠤᠳᠠᠰᠤ》᠄ ᠬᠤᠪᠢᠰᠬᠠᠯ᠎ᠤᠨ ᠰᠣᠶᠣᠯ᠂ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ ᠭᠤᠤᠯ᠎ᠤᠨ ᠰᠣᠶᠣᠯ᠂ ᠣᠷᠳᠣ ᠴᠠᠭ᠋ᠠᠨ ᠬᠡᠷᠡᠮ᠎ᠤᠨ ᠰᠣᠶᠣᠯ ᠵᠡᠷᠭᠡ ᠣᠨᠴᠠᠯᠢᠭᠲᠤ ᠰᠣᠶᠣᠯ᠎ᠢ ᠭᠦᠨᠵᠡᠭᠡᠶ ᠠᠭᠤᠳᠠᠯᠵᠤ᠂ ᠮᠣᠩᠭᠤᠯ ᠮᠣᠷᠢᠨ᠎ᠤ ᠵᠣᠷᠢᠭ ᠰᠠᠨᠠᠭ᠎ᠠ ᠪᠠ 《  ᠭᠤᠷᠪᠠᠨ  ᠤᠮᠠᠷᠠᠲᠤ ᠵᠢᠨ  ᠵᠣᠷᠢᠭ ᠰᠠᠨᠠᠭ᠎ᠠ》 ᠵᠢ ᠪᠠᠳᠠᠷᠠᠭᠤᠯᠤᠨ᠂ ᠰᠦᠯᠵᠢᠶᠡᠨ᠎ᠤ ᠦᠵᠡᠵᠦ ᠰᠣᠨᠣᠰᠬᠤ ᠪᠦᠲᠦᠭᠡᠯ ᠵᠶ᠋ᠠᠷ ᠳᠠᠮᠵᠢᠭᠤᠯᠤᠨ ᠤᠮᠠᠷᠠᠲᠤ ᠬᠢᠯᠢ ᠵᠢᠨ ᠰᠣᠶᠣᠯ᠎ᠤᠨ  ᠪᠦᠲᠦᠭᠡᠨ  ᠪᠠᠶ᠋ᠢᠭᠤᠯᠤᠯᠲᠠ᠎ᠳᠤ ᠬᠦᠴᠦᠨ ᠨᠡᠮᠡᠷᠢᠯᠡᠪᠡ᠃ ᠵᠢᠱ᠌ᠢᠶᠡᠯᠡᠪᠡᠯ᠄ ᠬᠢᠩᠭ᠋ᠠᠨ ᠠᠶ᠋ᠢᠮᠠᠭ᠎ᠤᠨ 《ᠨᠢᠭᠡ ᠣᠷᠳᠣᠨ ᠭᠤᠷᠪᠠᠨ  ᠰᠠᠭᠣᠷᠢᠨ  ᠭᠠᠵᠠᠷ》 ᠵᠶ᠋ᠠᠷ ᠲᠦᠰᠢᠭ ᠪᠣᠯᠭ᠋ᠠᠵᠤ᠂ ᠥᠪᠥᠷ ᠮᠣᠩᠭᠤᠯ᠎ᠤᠨ ᠠᠷᠠᠳ ᠲᠦᠮᠡᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠮᠠᠨ᠎ᠤ ᠤᠯᠤᠰ᠎ᠤᠨ ᠠᠩᠬᠠᠳᠠᠭᠴᠢ ᠴᠥᠭᠡᠨ ᠲᠣᠭ᠋ᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠢ ᠪᠠᠶ᠋ᠢᠭᠤᠯᠤᠭᠰᠠᠨ ᠬᠤᠪᠢᠰᠬᠠᠯ᠎ᠤᠨ ᠲ᠋ᠡᠦᠬᠡᠨ ᠶᠠᠪᠣᠴᠠ ᠵᠢ ᠲᠣᠭ᠋ᠠᠴᠢᠨ ᠦᠭᠦᠯᠡᠪᠡ᠂  ᠯᠣᠤ ᠨᠢᠤ ᠸᠠᠨ᠎ᠤ ᠬᠠᠲᠤᠨ ᠭᠤᠤᠯ᠎ᠤᠨ ᠶᠡᠭᠡ ᠬᠠᠪᠴᠢᠯ ᠵᠶ᠋ᠠᠷ ᠰᠦᠪᠡᠭᠴᠢ ᠪᠣᠯᠭ᠋ᠠᠵᠤ᠂ ᠣᠷᠳᠣ ᠴᠠᠭ᠋ᠠᠨ  ᠬᠡᠷᠡᠮ᠎ᠤᠨ  ᠰᠣᠶᠣᠯ ᠂  ᠬᠠᠲᠤᠨ  ᠭᠤᠤᠯ᠎ᠤᠨ  ᠰᠣᠶᠣᠯ᠎ᠤᠨ  ᠥᠪᠥᠷ  ᠮᠣᠩᠭᠤᠯ ᠎ᠲᠠᠬᠢ  ᠬᠥᠭᠵᠢᠯᠲᠡ ᠵᠢ ᠭᠦᠨ  ᠠᠭᠣᠳᠠᠯᠠᠪᠠ ᠃

      (ᠳᠤᠯᠤᠭ᠎ᠠ) 《ᠲᠣᠭ᠋ᠠᠴᠢᠯᠠᠭᠰᠠᠨ ᠲᠣᠷᠭ᠋ᠠᠨ ᠵᠠᠮ · ᠥᠪᠥᠷ ᠮᠣᠩᠭᠤᠯ᠎ᠤᠨ  ᠬᠦᠦᠷᠨᠢᠯ》᠄ ᠥᠪᠥᠷ ᠮᠣᠩᠭᠤᠯ᠎ᠤᠨ ᠤᠨᠴᠠᠯᠢᠬᠳᠤ ᠰᠣᠶᠣᠯ᠎ᠢ ᠳᠤᠮᠳᠠᠳᠤ ᠤᠯᠤᠰ᠎ᠤᠨ ᠦᠯᠢᠭᠡᠷ᠎ᠤᠨ ᠰᠤᠳᠠᠰᠤᠨ᠎ᠳᠤ ᠠᠭᠤᠰᠤᠯᠴᠠᠭᠤᠯᠵᠤ᠂ ᠤᠯᠠᠨ ᠡᠰᠢᠲᠦ ᠳᠠᠮᠵᠢᠭᠤᠯᠭ᠎ᠠ ᠵᠢᠨ ᠠᠴᠢᠶᠠᠯᠠᠪᠤᠷᠢ ᠵᠢ ᠠᠰᠢᠭᠯᠠᠵᠤ᠂ ᠤᠮᠠᠷᠠᠲᠤ  ᠬᠢᠯᠢ ᠵᠢᠨ ᠡᠬᠡ ᠭᠠᠵᠠᠷ᠎ᠤᠨ ᠥᠪᠡᠷᠮᠢᠴᠡ ᠲᠠᠲᠠᠬᠤ ᠬᠦᠴᠦᠨ ᠪᠣᠯᠤᠨ ᠬᠥᠭᠵᠢᠯᠲᠡ ᠵᠢᠨ  ᠦᠷ᠎ᠡ  ᠪᠦᠲᠦᠮᠵᠢ ᠵᠢ ᠠᠮᠢᠳᠤᠯᠢᠭ ᠵᠶ᠋ᠠᠷ  ᠢᠯᠡᠷᠡᠭᠦᠯᠪᠡ ᠃ ᠭᠠᠳᠠᠭ᠋ᠠᠳᠤ ᠵᠢᠨ  ᠰᠢᠯᠢᠳᠡᠭ  ᠤᠳᠬ᠎ᠠ  ᠤᠷᠠᠯᠢᠭ᠎ᠤᠨ ᠦᠷ᠎ᠡ ᠪᠦᠲᠦᠭᠡᠯ᠎ᠢ ᠰᠤᠷᠤᠯᠴᠠᠨ ᠲᠣᠯᠢᠯᠠᠵᠤ᠂ ᠭᠠᠳᠠᠨ᠎ᠠ᠎ᠠᠴᠠ ᠢᠷᠡᠭᠰᠡᠨ ᠰᠣᠶᠣᠯ᠎ᠢ  ᠣᠷᠣᠨ ᠨᠣᠲᠣᠭᠴᠢᠯᠠᠨ  ᠠᠭᠤᠰᠤᠯᠴᠠᠭᠤᠯᠬᠤ ᠵᠢ ᠠᠬᠢᠭᠤᠯᠵᠤ᠂ ᠳᠤᠮᠳᠠᠳᠤ ᠤᠯᠤᠰ᠎ᠤᠨ ᠭᠤᠸ᠎ᠠ  ᠲᠠᠭ᠋ᠠᠰᠢᠶᠠᠯ᠎ᠤᠨ  ᠳᠤᠷ᠎ᠠ ᠰᠣᠨᠢᠷᠬᠠᠯ᠎ᠢ ᠢᠯᠡᠷᠡᠭᠦᠯᠵᠦ᠂ ᠤᠳᠤ ᠦᠶ᠎ᠡ ᠵᠢᠨ ᠳᠤᠮᠳᠠᠳᠤ  ᠤᠯᠤᠰ ᠎ᠤᠨ  ᠦᠷᠳᠡᠭ᠎ᠤᠨ  ᠦᠵᠡᠯᠲᠡ ᠵᠢ  ᠣᠯᠠᠮᠵᠢᠯᠠᠪᠠ ᠃  ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠥᠷᠲᠡᠭ᠎ᠤᠨ ᠬᠥᠭᠡᠭᠡᠴᠡᠯᠳᠦᠯ ᠵᠶ᠋ᠠᠷ ᠬᠤᠯᠪᠣᠭ᠋ᠠᠰᠤ ᠪᠣᠯᠭ᠋ᠠᠵᠤ᠂ ᠣᠯᠠᠨ  ᠤᠯᠤᠰ᠎ᠤᠨ  ᠰᠣᠶᠣᠯ᠎ᠤᠨ  ᠵᠠᠬ᠎ᠠ  ᠳᠡᠯᠭᠡᠭᠦᠷ᠎ᠤᠨ  ᠥᠷᠢᠰᠥᠯᠳᠦᠭᠡᠨ᠎ᠤ  ᠳᠤᠮᠳᠠ ᠂ ᠭᠠᠳᠠᠭ᠋ᠠᠳᠤ ᠵᠢᠨ ᠬᠦᠯᠢᠶᠡᠨ ᠠᠪᠤᠭᠴᠢᠳ᠎ᠤᠨ ᠬᠦᠷᠢᠶᠡᠯᠡᠯ᠎ᠢ ᠣᠯᠵᠤ᠂  ᠢᠲᠡᠭᠡᠭᠦᠰᠢᠲᠡᠶ᠂  ᠬᠠᠢ᠌ᠷᠠᠯᠠᠯᠲᠠᠢ ᠂ ᠬᠦᠨᠳᠦᠳᠬᠡᠭᠦᠰᠢᠲᠡᠶ ᠳᠤᠮᠳᠠᠳᠤ  ᠤᠯᠤᠰ᠎ᠤᠨ  ᠳᠦᠷᠢ  ᠲᠥᠷᠬᠦ ᠵᠢ ᠱᠤᠭᠤᠵᠤ᠂ ᠥᠪᠥᠷ ᠮᠣᠩᠭᠤᠯ᠎ᠤᠨ ᠥᠯᠢᠭᠡᠷ᠎ᠢ  ᠳᠡᠯᠡᠬᠡᠶ ᠳ᠋ᠠᠬᠢᠨ᠎ᠤ ᠳᠤᠮᠳᠠᠳᠤ ᠤᠯᠤᠰ᠎ᠢ ᠣᠶ᠋ᠢᠯᠠᠭ᠋ᠠᠬᠤ ᠠᠮᠢᠳᠤᠯᠢᠭ ᠲᠠᠶ᠋ᠢᠯᠪᠤᠷᠢ  ᠪᠣᠯᠭ᠋ᠠᠪᠠ ᠃

      ᠭᠤᠷᠪᠠ᠂ ᠰᠢᠯᠭ᠋ᠠᠷᠠᠭᠤᠯᠤᠯᠲᠠ᠎ᠳᠤ ᠣᠷᠣᠯᠴᠠᠬᠤ ᠨᠥᠬᠦᠴᠡᠯ

      ᠰᠢᠯᠭ᠋ᠠᠷᠠᠭᠤᠯᠤᠯᠲᠠ᠎ᠳᠤ ᠣᠷᠣᠯᠴᠠᠬᠤ ᠫᠷᠤᠭ᠌ᠷᠠᠮ᠎ᠨᠢ 2024 ᠣᠨ᠎ᠤ 1  ᠳ᠋ᠦ᠍ᠭᠡᠷ  ᠰᠠᠷ᠎ᠠ᠎ᠠᠴᠠ 2025 ᠣᠨ᠎ᠤ 4  ᠳ᠋ᠦ᠍ᠭᠡᠷ  ᠰᠠᠷ᠎ᠠ  ᠪᠣᠯᠲᠠᠯᠠᠬᠢ  ᠬᠤᠭᠤᠴᠠᠭ᠋ᠠᠨ᠎ᠳᠤ ᠠᠩᠬ᠎ᠠ  ᠨᠡᠪᠲᠡᠷᠡᠭᠦᠯᠬᠦ ᠰᠢᠯᠢᠳᠡᠭ  ᠠᠩᠬᠠᠨ᠎ᠤ ᠡᠭᠦᠳᠦᠯᠲᠡ ᠵᠢᠨ ᠰᠦᠯᠵᠢᠶᠡᠨ᠎ᠤ  ᠦᠵᠡᠵᠦ ᠰᠣᠨᠣᠰᠬᠤ  ᠫᠷᠤᠭ᠌ᠷᠠᠮ  ᠪᠠᠢ᠌ᠬᠣ ᠬᠡᠷᠡᠭᠲᠡᠢ ᠂ ᠫᠷᠤᠭ᠌ᠷᠠᠮ᠎ᠤᠨ ᠲᠥᠷᠥᠯ  ᠵᠦᠢ᠍ᠯ᠎ᠳᠤ  ᠰᠦᠯᠵᠢᠶᠡᠨ᠎ᠤ ᠪᠠᠷᠢᠮᠲᠠᠲᠤ  ᠹᠢᠯᠢᠮ᠂  ᠰᠦᠯᠵᠢᠶᠡᠨ᠎ᠤ ᠶᠡᠷᠦᠩᠬᠡᠶ᠋ᠢᠯᠡᠭᠰᠡᠨ  ᠣᠷᠠᠯᠢᠭ᠎ᠤᠨ  ᠫᠷᠤᠭ᠌ᠷᠠᠮ᠂  ᠰᠦᠯᠵᠢᠶᠡᠨ᠎ᠤ ᠵᠦᠴᠦᠭᠡ᠂  ᠰᠦᠯᠵᠢᠶᠡᠨ᠎ᠤ ᠪᠢᠴᠢᠯ ᠣᠬᠤᠷ ᠵᠦᠴᠦᠭᠡ᠂ ᠰᠦᠯᠵᠢᠶᠡᠨ᠎ᠤ ᠺᠢᠨᠣ᠋᠂ ᠰᠦᠯᠵᠢᠶᠡᠨ᠎ᠤ ᠪᠢᠴᠢᠯ  ᠺᠢᠨᠣ᠋ ᠂ ᠰᠦᠯᠵᠢᠶᠡᠨ᠎ᠤ ᠲᠠᠭᠤᠨ ᠳᠠᠪᠲᠠᠮᠵᠢ ᠵᠢᠨ ᠫᠷᠤᠭ᠌ᠷᠠᠮ᠂ ᠣᠬᠤᠷ ᠸᠢᠳᠢᠣ᠋᠂ ᠰᠦᠯᠵᠢᠶᠡᠨ᠎ᠤ  ᠨᠡᠶ᠋ᠢᠲᠡ ᠵᠢᠨ ᠠᠰᠠᠷᠠᠮᠵᠢ ᠵᠢᠨ ᠣᠬᠤᠷ ᠹᠢᠯᠢᠮ᠂ ᠰᠦᠯᠵᠢᠶᠡᠨ᠎ᠤ ᠰᠢᠭᠤᠳ ᠨᠡᠪᠲᠡᠷᠡᠭᠦᠯᠭᠡ ᠵᠢᠨ ᠫᠷᠤᠭ᠌ᠷᠠᠮ᠎ᠢ ᠪᠠᠭᠲᠠᠭ᠋ᠠᠨ᠎ᠠ ᠃ ᠰᠦᠯᠵᠢᠶᠡᠨ᠎ᠤ ᠦᠵᠡᠵᠦ ᠰᠣᠨᠣᠰᠬᠤ ᠲᠠᠪᠴᠠᠩ᠎ᠳᠤ ᠰᠦᠯᠵᠢᠶᠡᠨ ᠎ᠳᠤ ᠨᠡᠪᠲᠡᠷᠡᠭᠦᠯᠦᠭᠰᠡᠨ ᠦᠭᠡᠢ  ᠪᠦᠲᠦᠭᠡᠯ ᠎ᠨᠢ  ᠲᠦᠷ  ᠰᠢᠯᠭ᠋ᠠᠷᠠᠭᠣᠯᠣᠯᠲᠠ ᠵᠢ ᠣᠷᠣᠯᠴᠠᠬᠤ  ᠦᠭᠡᠢ᠂  ᠭᠣᠶᠣᠴᠢᠯᠠᠨ ᠮᠡᠳᠡᠭᠦᠯᠬᠦ ᠪᠠᠶ᠋ᠢᠭᠤᠯᠤᠮᠵᠢ ᠪᠤᠶᠤ ᠬᠤᠪᠢ ᠬᠥᠮᠦᠨ ᠎ᠨᠢ  ᠫᠷᠤᠭ᠌ᠷᠠᠮ᠎ᠤᠨ ᠬᠡᠪᠯᠡᠯ᠎ᠤᠨ  ᠡᠷᠬᠡ ᠵᠢᠨ ᠥᠮᠴᠢᠯᠡᠭᠴᠢ ᠪᠠᠶ᠋ᠢᠬᠤ ᠬᠡᠷᠡᠭᠲᠡᠶ᠃ ᠷᠠᠳᠢᠤ᠋ ᠲᠧᠯᠸᠢᠰ᠎ᠤᠨ ᠪᠠᠶ᠋ᠢᠭᠤᠯᠤᠮᠵᠢ ᠬᠢᠬᠡᠳ  ᠰᠦᠯᠵᠢᠶᠡᠨ᠎ᠤ ᠦᠵᠡᠵᠦ ᠰᠤᠨᠤᠰᠬᠤ ᠲᠡᠪᠴᠡᠩ ᠎ᠯᠤᠭ᠎ᠠ  ᠫᠷᠤᠭ᠌ᠷᠠᠮ   ᠵᠤᠬᠢᠶᠠᠨ ᠪᠦᠳᠦᠬᠡᠵᠤ  ᠨᠡᠪᠳᠡᠷᠡᠬᠦᠯᠬᠦ ᠲᠠᠯ᠎ᠠ᠎ᠪᠠᠷ ᠭᠦᠨᠵᠡᠬᠡᠢ  ᠬᠠᠮᠲᠣᠷᠠᠯᠴᠠᠬᠤ ᠵᠢ ᠵᠣᠷᠢᠭᠵᠢᠭᠣᠯᠵᠤ ᠂  ᠲᠠᠨᠢᠯᠴᠠᠭᠣᠯᠬᠤ ᠬᠣᠷᠢᠶ᠎ᠠ ᠵᠢᠨ ᠰᠦᠯᠵᠢᠶ᠎ᠡ ᠵᠢᠨ ᠬᠠᠮᠲᠣᠷᠠᠨ ᠦᠢ᠍ᠯᠡᠳᠴᠦ ᠬᠠᠮᠲᠣᠷᠠᠨ  ᠨᠡᠪᠳᠡᠷᠡᠬᠦᠯᠬᠦ ᠫᠷᠤᠭ᠌ᠷᠠᠮ᠎ᠤᠨ  ᠰᠢᠯᠭ᠋ᠠᠷᠠᠭᠣᠯᠣᠯᠲᠠ᠎ᠳᠤ ᠤᠷᠤᠯᠴᠠᠭᠤᠯᠬᠤ ᠵᠢ ᠵᠤᠷᠢᠨᠨᠵᠢᠭᠤᠯᠤᠨ᠎ᠠ᠃

      ᠲᠦᠷᠪᠡ᠂ ᠭᠤᠣᠯ  ᠳᠠᠭ᠋ᠠᠭ᠋ᠠᠴᠢᠯᠠᠨ ᠡᠷᠬᠢᠯᠡᠬᠦ  ᠨᠢᠭᠡᠴᠢ

      ᠭᠣᠣᠯᠴᠢᠯᠠᠨ ᠡᠷᠬᠢᠯᠡᠬᠦ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ  ᠬᠤᠷᠢᠶ᠎ᠠ ᠵᠢᠨ ᠤᠬᠠᠭᠤᠯᠬᠤ ᠬᠡᠯᠲᠡᠰ

      ᠳᠠᠭ᠋ᠠᠭ᠋ᠠᠴᠢᠯᠠᠨ  ᠡᠷᠬᠢᠯᠡᠬᠦ  ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠷᠠᠳᠢᠣ᠋  ᠲᠧᠯᠸᠢᠰ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠤᠷᠢᠶ᠎ᠠ᠂  ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ ᠬᠤᠯᠪᠣᠭ᠎ᠠ

      ᠲᠠᠪᠤ᠂ ᠠᠵᠢᠯᠯᠠᠭ᠋ᠠᠨ᠎ᠤ ᠲᠣᠬᠢᠷᠠᠭᠤᠯᠤᠯᠲᠠ

      (ᠨᠢᠭᠡ ) ᠡᠯᠰᠡᠨ ᠴᠣᠭᠯᠠᠭᠣᠯᠬᠤ ᠃ ᠡᠯ᠎ᠡ ᠠᠶ᠋ᠢᠮᠠᠭ ᠬᠣᠲᠠ ᠵᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠪᠦᠬᠦ ᠣᠷᠣᠨ᠎ᠤ ᠡᠯ᠎ᠡ ᠱᠠᠲᠤᠨ᠎ᠤ ᠤᠬᠠᠭᠤᠯᠭ᠎ᠠ ᠰᠣᠶᠣᠯ᠎ᠤᠨ ᠰᠢᠰᠲ᠋ᠧᠮ᠎ᠤᠨ ᠬᠠᠮᠢᠶ᠎ᠠ ᠪᠦᠬᠦᠢ  ᠨᠢᠭᠡᠴᠢ ᠂ ᠢᠨᠲ᠋ᠧᠷ ᠰᠦᠯᠵᠢᠶᠡᠨ᠎ᠤ ᠦᠵᠡᠵᠦ ᠰᠣᠨᠣᠰᠬᠤ  ᠫᠷᠤᠭ᠌ᠷᠠᠮ᠎ᠤᠨ  ᠦᠢ᠍ᠯᠡᠴᠢᠯᠡᠭᠡᠨ᠎ᠤ  ᠨᠢᠭᠡᠴᠢ ᠂ ᠷᠠᠳᠢᠣ᠋ ᠲᠧᠯᠸᠢᠰ᠎ᠤᠨ ᠫᠷᠤᠭ᠌ᠷᠠᠮ  ᠦᠢ᠍ᠯᠡᠳᠴᠤ ᠡᠵᠡᠩᠨᠡᠬᠦ  ᠪᠠᠶ᠋ᠢᠭᠤᠯᠤᠮᠵᠢ᠂ ᠬᠠᠮᠢᠶ᠎ᠠ ᠪᠦᠬᠦᠢ ᠠᠵᠢᠯ ᠲᠥᠷᠥᠯ᠎ᠤᠨ  ᠺᠢᠨᠤ᠋  ᠲᠧᠯᠸᠢᠰ᠎ᠤᠨ  ᠫᠷᠤᠭ᠌ᠷᠠᠮ ᠦᠢ᠍ᠯᠡᠳᠬᠦ ᠪᠠᠶ᠋ᠢᠭᠤᠯᠤᠮᠵᠢ᠂ ᠬᠠᠮᠢᠶ᠎ᠠ ᠪᠦᠬᠦᠢ ᠶᠡᠬᠡ ᠳᠡᠭᠡᠳᠦ ᠰᠤᠷᠭ᠋ᠠᠭᠤᠯᠢ (ᠳᠡᠭᠡᠳᠦ ᠰᠤᠷᠭ᠋ᠠᠭᠤᠯᠢ  ᠰᠠᠯᠪᠣᠷᠢ ) ᠵᠢᠴᠢ ᠬᠤᠪᠢ ᠬᠥᠮᠦᠨ ᠴᠥᠮ ᠮᠡᠳᠡᠭᠦᠯᠦᠨ ᠬᠦᠷᠭᠡᠵᠦ ᠪᠣᠯᠤᠨ᠎ᠠ᠃ ᠡᠯᠰᠡᠨ  ᠴᠣᠭᠯᠠᠭᠣᠯᠵᠤ  ᠳᠠᠭᠤᠰᠬᠤ ᠴᠠᠭ᠎ᠨᠢ 2025 ᠣᠨ᠎ᠤ 6  ᠳ᠋ᠤᠭ᠋ᠠᠷ  ᠰᠠᠷ᠎ᠠ ᠵᠢᠨ 6᠎ᠤ ᠡᠳᠦᠷ (ᠪᠦᠲᠦᠭᠡᠯ  ᠢᠯᠡᠭᠡᠭᠰᠡᠨ  ᠴᠠᠭ ᠵᠶ᠋ᠠᠷ ᠪᠠᠷᠢᠮᠵᠢᠶ᠎ᠠ ᠪᠣᠯᠭ᠋ᠠᠨ᠎ᠠ) ᠪᠤᠯᠤᠨ᠎ᠠ᠃

      (ᠬᠤᠶᠠᠷ) ᠰᠢᠯᠭ᠋ᠠᠷᠠᠭᠤᠯᠤᠨ ᠰᠣᠩᠭᠣᠬᠤ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠠᠴᠠ  ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠤᠰᠬᠠᠢ ᠮᠡᠷᠭᠡᠵᠢᠯᠲᠡᠨ᠎ᠤ ᠵᠥᠪᠯᠡᠯ᠎ᠢ ᠵᠣᠬᠢᠶᠠᠨ ᠪᠠᠶ᠋ᠢᠭᠤᠯᠵᠤ  ᠡᠯᠰᠡᠵᠦ  ᠴᠤᠭᠯᠠᠭᠤᠯᠤᠭᠰᠠᠨ ᠫᠷᠤᠭ᠌ᠷᠠᠮ᠎ᠢ ᠬᠢᠨᠠᠨ  ᠰᠢᠯᠭ᠋ᠠᠷᠠᠭᠣᠯᠵᠦ ᠂  ᠬᠠᠮᠤᠭ  ᠡᠴᠦᠰ᠎ᠤᠨ  ᠰᠤᠩᠭᠤᠭᠳᠠᠭᠰᠠᠨ ᠪᠦᠲᠦᠭᠡᠯ᠎ᠢ ᠰᠣᠩᠭᠤᠨ ᠭᠠᠷᠭ᠋ᠠᠬᠤ ᠵᠢᠨ ᠬᠠᠮᠲᠤ  ᠳᠡᠯᠭᠡᠨ  ᠨᠡᠪᠲᠡᠷᠡᠭᠦᠯᠭᠡ ᠵᠢ ᠵᠣᠬᠢᠶᠠᠨ  ᠪᠠᠢ᠌ᠭᠣᠯᠣᠨ᠎ᠠ ᠃

      (ᠭᠤᠷᠪᠠ) ᠳᠡᠯᠭᠡᠨ  ᠨᠡᠪᠲᠡᠷᠡᠭᠦᠯᠬᠦ ᠃ ᠰᠣᠩᠭᠤᠭᠳᠠᠭᠰᠠᠨ ᠪᠦᠲᠦᠭᠡᠯ᠎ᠢ ᠳᠡᠭᠦᠯᠢᠯᠲᠡ  ᠬᠠᠮ ᠵᠠᠭᠤᠴᠢᠯᠠᠭᠤᠷ᠂ ᠲᠠᠯ᠎ᠠ ᠨᠤᠲᠤᠭ᠎ᠤᠨ ᠡᠭᠦᠯᠡ᠂ 《ᠥᠪᠥᠷ ᠮᠣᠩᠭᠤᠯ᠎ᠤᠨ ᠤᠳᠬ᠎ᠠ ᠤᠷᠠᠯᠢᠭ》᠂ 《ᠥᠪᠥᠷ ᠮᠣᠩᠭᠤᠯ᠎ᠤᠨ ᠵᠠᠯᠠᠭᠤᠴᠤᠳ》᠎ᠤᠨ ᠣᠯᠠᠨ ᠨᠡᠶ᠋ᠢᠲᠡ ᠵᠢᠨ ᠳ᠋ᠤᠭ᠋ᠠᠷ᠂ ᠠᠷᠠᠳ᠎ᠤᠨ ᠣᠷᠠᠯᠢᠭ᠎ᠤᠨ  ᠳᠤᠮᠳᠠᠳᠤ  ᠤᠯᠤᠰ  ᠵᠡᠷᠭᠡ  ᠥᠪᠡᠷᠲᠡᠭᠡᠨ  ᠵᠠᠰᠠᠬᠤ  ᠣᠷᠣᠨ᠎ᠤ ᠵᠠᠭᠤᠴᠢᠯᠠᠭᠤᠷ᠎ᠤᠨ ᠲᠠᠪᠴᠠᠩ᠎ᠳᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠦᠵᠡᠭᠦᠯᠦᠯᠭᠡ  ᠬᠢᠨ᠎ᠡ ᠃

      ᠣᠨᠴᠠᠭ᠋ᠠᠶ᠋ᠢᠯᠠᠨ  ᠲᠣᠳᠣᠷᠬᠠᠢ᠌ᠯᠠᠬᠤ᠎ᠨᠢ ᠄  ᠫᠷᠤᠭ᠌ᠷᠠᠮ ᠵᠢᠨ  ᠰᠢᠯᠭ᠋ᠠᠷᠠᠭᠣᠯᠣᠯᠲᠠ ᠎ᠳᠤ  ᠣᠷᠣᠯᠴᠠᠬᠤ ᠵᠢ  ᠪᠦᠬᠦ ᠣᠷᠣᠨ᠎ᠤ ᠴᠢᠨᠠᠷᠲᠠᠶ ᠨᠡᠶ᠋ᠢᠲᠡ ᠵᠢᠨ ᠠᠰᠠᠷᠠᠮᠵᠢ ᠵᠢᠨ ᠳᠡᠯᠭᠡᠨ  ᠨᠡᠪᠲᠡᠷᠡᠭᠦᠯᠬᠦ ᠠᠵᠢᠯᠯᠠᠭ᠎ᠠ᠎ᠳᠤ  ᠣᠷᠣᠯᠴᠠᠬᠤ ᠡᠷᠬᠡ ᠣᠯᠭᠣᠭᠰᠠᠨ ᠵᠶ᠋ᠠᠷ ᠦᠵᠡᠵᠦ᠂  ᠭᠤᠶᠤᠴᠢᠯᠠᠨ  ᠮᠡᠳᠡᠭᠦᠯᠬᠦ ᠪᠠᠶ᠋ᠢᠭᠤᠯᠤᠮᠵᠢ ᠪᠤᠶᠤ ᠬᠤᠪᠢ ᠬᠥᠮᠦᠨ ᠭᠤᠶᠤᠴᠢᠯᠠᠨ ᠮᠡᠳᠡᠭᠦᠯᠬᠦ᠎ᠠᠴᠠ ᠡᠮᠦᠨ᠎ᠡ ᠫᠷᠤᠭ᠌ᠷᠠᠮ᠎ᠤᠨ ᠨᠡᠪᠲᠡᠷᠡᠭᠦᠯᠬᠦ ᠡᠷᠬᠡ ᠮᠡᠳᠡᠯ᠎ᠤᠨ ᠬᠡᠪᠴᠢᠶ᠎ᠡ ᠵᠢ  ᠨᠤᠲᠠᠯᠠᠨ ᠲᠣᠭᠲᠠᠭ᠋ᠠᠨ᠎ᠠ ᠃ ᠨᠢᠭᠡᠨᠲᠡ ᠰᠦᠯᠵᠢᠶᠡᠨ ᠳᠡᠭᠡᠷ᠎ᠡ ᠲᠤᠰᠠᠭ᠋ᠠᠷ ᠨᠡᠪᠲᠡᠷᠡᠭᠦᠯᠬᠦ ᠪᠤᠶᠤ ᠭᠡᠰᠢᠭᠦᠳ᠎ᠤᠨ ᠰᠦᠢ᠍ᠳᠬᠡᠯ ᠲᠤᠰᠢᠶᠠᠵᠤ  ᠰᠣᠨᠢᠷᠬᠠᠭᠣᠯᠬᠤ ᠡᠷᠬᠡ ᠣᠯᠭᠣᠭᠰᠠᠨ  ᠫᠷᠤᠭ᠌ᠷᠠᠮ᠎ᠤᠨ ᠰᠢᠯᠭ᠋ᠠᠷᠠᠭᠣᠯᠣᠯᠲᠠ᠎ᠳᠤ  ᠣᠷᠣᠯᠴᠠᠬᠤ᠎ᠳᠤ ᠂ ᠨᠡᠪᠲᠡᠷᠡᠭᠦᠯᠬᠦ ᠲᠠᠪᠴᠠᠩ᠎ᠤᠨ  ᠨᠡᠶ᠋ᠢᠲᠡ ᠵᠢᠨ ᠠᠰᠠᠷᠠᠮᠵᠢ ᠵᠢᠨ ᠳᠡᠯᠭᠡᠨ ᠨᠡᠪᠲᠡᠷᠡᠭᠦᠯᠬᠦ᠎ᠳᠤ ᠡᠷᠬᠡ ᠣᠯᠭᠣᠬᠤ ᠵᠢ  ᠵᠥᠪᠰᠢᠶᠡᠷᠡᠭᠰᠡᠨ ᠬᠠᠮᠢᠶ᠎ᠠ ᠪᠥᠬᠦᠶ ᠭᠡᠷᠡᠴᠢ ᠵᠢ ᠲᠤᠰᠢᠶᠠᠬᠤ ᠬᠡᠷᠡᠭᠲᠡᠶ᠃

      (ᠲᠦᠷᠪᠡ)  ᠲᠠᠨᠢᠯᠴᠠᠭᠣᠯᠬᠤ ᠃ ᠰᠢᠯᠢᠳᠡᠭ ᠪᠦᠲᠦᠭᠡᠯ᠎ᠢ ᠤᠯᠤᠰ᠎ᠠᠴᠠ  ᠵᠣᠬᠢᠶᠠᠨ ᠪᠠᠶ᠋ᠢᠭᠤᠯᠤᠭᠰᠠᠨ ᠡᠯ᠎ᠡ ᠲᠥᠷᠥᠯ᠎ᠤᠨ ᠰᠦᠯᠵᠢᠶᠡᠨ᠎ᠤ ᠦᠵᠡᠵᠦ ᠰᠣᠨᠣᠰᠬᠤ  ᠪᠠ  ᠰᠢᠯᠢᠳᠡᠭ᠎ᠢ ᠲᠠᠨᠢᠯᠴᠠᠭᠣᠯᠬᠤ  ᠠᠵᠢᠯᠯᠠᠭ᠎ᠠ᠎ᠳᠤ ᠲᠠᠨᠢᠯᠴᠠᠭᠣᠯᠬᠤ ᠵᠢᠨ ᠬᠠᠮᠲᠤ  ᠲᠡᠷᠢᠭᠦᠨ᠎ᠤ ᠲᠠᠪᠴᠠᠩ᠎ᠲᠤ  ᠲᠠᠨᠢᠯᠴᠠᠭᠤᠯᠤᠨ ᠨᠡᠶ᠋ᠢᠲᠡᠯᠡᠵᠦ ᠨᠡᠪᠲᠡᠷᠡᠭᠦᠯᠦᠨ᠎ᠡ᠃

      ᠵᠢᠷᠭᠤᠭ᠎ᠠ᠂ ᠮᠡᠷᠭᠡᠵᠢᠯ᠎ᠤᠨ ᠱᠠᠭ᠋ᠠᠷᠳᠠᠯᠭ᠎ᠠ

      (ᠨᠢᠭᠡ) ᠪᠦᠲᠦᠭᠡᠯ᠎ᠨᠢ ᠨᠡᠯᠢᠶᠡᠳ ᠥᠨᠳᠥᠷ  ᠦᠢ᠍ᠯᠡᠳᠬᠦ  ᠶᠠᠰᠤ ᠴᠢᠨᠠᠷ᠎ᠲᠠᠢ  ᠪᠠᠢ᠌ᠵᠦ ᠂ ᠵᠣᠬᠢᠶᠠᠮᠠᠯ  ᠣᠶᠣᠨ ᠴᠢᠳᠠᠪᠣᠷᠢ ᠵᠢᠨ AIGC᠂  ᠡᠷᠲᠡᠨ᠎ᠤ  ᠤᠷᠴᠢᠯᠠᠩ᠂ ᠬᠡᠲᠦ ᠥᠨᠳᠥᠷ ᠲᠣᠩᠭ᠋ᠠᠯᠠᠭ  ᠵᠡᠷᠭᠡ ᠰᠢᠨ᠎ᠡ ᠮᠡᠷᠭᠡᠵᠢᠯ᠎ᠢ ᠬᠡᠷᠡᠭᠯᠡᠬᠦ ᠵᠢ ᠵᠣᠷᠢᠭᠵᠢᠭᠤᠯᠤᠨ᠎ᠠ᠃ ᠥᠨᠴᠥᠭ᠎ᠤᠨ ᠲᠡᠮᠳᠡᠭ ᠦᠭᠡᠢ ᠤᠰᠤᠨ  ᠬᠡᠪᠯᠡᠯ ᠂ ᠵᠠᠷ  ᠮᠡᠳᠡᠭᠡᠨ᠎ᠤ ᠰᠡᠵᠢᠭᠯᠡᠯ ᠦᠭᠡᠢ᠂  ᠦᠰᠦᠭ᠎ᠤᠨ   ᠬᠥᠰᠢᠭᠡ ᠵᠢᠨ ᠬᠠᠷᠭᠣᠭᠣᠯᠣᠯᠲᠠ᠎ᠨᠢ  ᠵᠥᠪ ᠣᠨᠣᠪᠴᠢᠲᠠᠢ  ᠪᠠᠢ᠌ᠬᠤ ᠬᠡᠷᠡᠭᠲᠡᠢ ᠃

      (ᠬᠤᠶᠠᠷ) ᠸᠢᠳᠢᠤ᠋ ᠵᠢᠨ ᠬᠡᠯᠪᠡᠷᠢ᠎ᠨᠢ MP4᠂ MOV᠂ MPG ᠪᠠᠶ᠋ᠢᠵᠤ᠂ ᠬᠦᠨᠳᠡᠯᠡᠨ ᠭᠤᠯᠳᠤ ᠳᠡᠯᠭᠡᠴᠡ ᠵᠢᠨ ᠬᠡᠯᠪᠡᠷᠢ ᠵᠢ ᠳᠡᠮᠵᠢᠵᠦ᠂  ᠢᠯᠭ᠋ᠠᠮᠵᠢ᠎ᠨᠢ 1920* 1080 (ᠬᠥᠨᠳᠡᠯᠡᠨ ᠳᠡᠯᠭᠡᠴᠡ)᠂ 1080*1820 (ᠪᠣᠰᠤᠭ᠎ᠠ ᠳᠡᠯᠭᠡᠴᠡ)᠎ᠠᠴᠠ ᠳᠣᠣᠷ᠎ᠠ  ᠪᠠᠢ᠌ᠵᠦ  ᠪᠣᠯᠬᠤ ᠦᠭᠡᠢ) ᠂ ᠳᠡᠯᠭᠡᠴᠡ ᠵᠢᠨ       ᠬᠤᠷᠳᠤᠴᠠ ᠎ᠨᠢ 25  ᠳᠡᠯᠭᠡᠴᠡ / ᠰᠧᠺᠦ᠋ᠨ᠋ᠲ᠎ᠠᠴᠠ ᠳᠤᠤᠷ᠎ᠠ ᠪᠠᠶ᠋ᠢᠵᠤ  ᠪᠣᠯᠬᠤ ᠦᠭᠡᠢ ᠂  ᠬᠡᠲᠤ ᠦᠨᠳᠦᠷ ᠲᠣᠩᠭ᠋ᠠᠯᠠᠭ ᠸᠢᠳᠢᠤ᠋ ᠵᠢ ᠵᠣᠷᠢᠭᠵᠢᠭᠣᠯᠣᠨ᠎ᠠ ᠃  ᠳᠠᠭᠣᠨ ᠲᠠᠪᠲᠠᠮᠵᠢ ᠵᠢᠨ  ᠬᠡᠯᠪᠡᠷᠢ᠎ᠨᠢ MP3 ᠪᠤᠶᠤ WMA᠂ ᠪᠡᠶᠡᠲᠦ ᠳᠠᠭᠤᠨ ᠪᠠ 5.1  ᠲᠣᠭᠣᠷᠢᠯᠲᠠ ᠵᠢᠨ  ᠳᠠᠭᠤᠨ᠎ᠤ  ᠠᠪᠴᠢᠮᠠᠯ ᠺᠣᠳ᠋ᠯᠠᠮᠵᠢ ᠵᠢᠨ  ᠨᠣᠷᠮ᠎ᠠ ᠵᠢ 256Kbps᠎ᠠᠴᠠ ᠳᠣᠣᠷ᠎ᠠ ᠪᠠᠶ᠋ᠢᠯᠭ᠋ᠠᠵᠤ  ᠪᠣᠯᠬᠤ ᠦᠭᠡᠢ ᠂ ᠭᠤᠷᠪᠠᠨ ᠬᠡᠮᠵᠢᠯᠳᠦ ᠳᠠᠭᠤᠨ᠎ᠤ ᠠᠪᠴᠢᠮᠠᠯ ᠺᠣᠳ᠋ᠯᠠᠮᠵᠢ ᠵᠢᠨ  ᠨᠣᠷᠮ᠎ᠠ ᠵᠢ 384Kbps᠎ᠠᠴᠠ ᠳᠣᠣᠷ᠎ᠠ ᠦᠭᠡᠢ ᠪᠠᠶ᠋ᠢᠯᠭ᠋ᠠᠨ᠎ᠠ᠃

      (ᠭᠤᠷᠪᠠ ) ᠡᠭᠦᠰᠦᠮᠡᠯ  ᠮᠠᠶᠢᠭ᠎ᠤᠨ ᠵᠣᠬᠢᠶᠠᠮᠠᠯ ᠣᠶᠤᠨ ᠴᠢᠳᠠᠪᠤᠷᠢ (AI) ᠮᠡᠷᠭᠡᠵᠢᠯ ᠵᠶ᠋ᠡᠷ ᠦᠢ᠍ᠯᠡᠳᠦᠭᠰᠡᠨ  ᠪᠦᠲᠦᠭᠡᠯ᠎ᠳᠤ ᠵᠡᠭᠦᠯᠲᠡ ᠬᠠᠳᠠᠬᠤ ᠵᠢᠨ ᠬᠠᠮᠲᠤ       《ᠢᠨᠲ᠋ᠧᠷ ᠰᠦᠯᠵᠢᠶᠡᠨ᠎ᠤ  ᠮᠡᠳᠡᠭᠡ  ᠵᠠᠩᠭᠢ ᠵᠢᠨ  ᠦᠢ᠍ᠯᠡᠴᠢᠯᠡᠭᠡᠨ᠎ᠤ  ᠬᠦᠨᠵᠡᠭᠡᠢ  ᠨᠡᠶ᠋ᠢᠯᠡᠯᠲᠡ  ᠵᠢᠨ ᠬᠠᠮᠢᠶᠠᠷᠤᠯᠲᠠ ᠵᠢᠨ ᠲᠣᠭᠲᠠᠭ᠋ᠠᠯ》᠂ 《  ᠡᠭᠦᠰᠦᠮᠡᠯ  ᠮᠠᠶᠢᠭ᠎ᠤᠨ ᠵᠣᠬᠢᠶᠠᠮᠠᠯ ᠣᠶᠤᠨ  ᠴᠢᠳᠠᠪᠣᠷᠢ ᠵᠢᠨ  ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠡᠷᠭᠡ ᠬᠠᠮᠢᠶ᠎ᠠ ᠪᠦᠬᠦᠢ ᠬᠠᠮᠢᠶᠠᠷᠤᠯᠲᠠ ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃

      ᠳᠣᠯᠤᠭ᠎ᠠ᠂  ᠭᠤᠶᠤᠴᠢᠯᠠᠨ  ᠮᠡᠳᠡᠭᠦᠯᠬᠦ ᠮᠠᠲ᠋ᠧᠷᠢᠶᠠᠯ

      (ᠨᠢᠭᠡ )  ᠳᠠᠭᠤᠨ ᠳᠠᠪᠲᠠᠮᠵᠢ ᠵᠢᠨ ᠲᠥᠷᠥᠯ᠎ᠤᠨ ᠪᠦᠲᠦᠭᠡᠯ᠎ᠢ MP3 ᠪᠤᠶᠤ WMA ᠬᠡᠯᠪᠡᠷᠢ᠎ᠪᠠᠷ᠂ ᠪᠤᠰᠤᠳ ᠪᠦᠲᠦᠭᠡᠯ᠎ᠢ MP4᠂ MOV ᠪᠤᠶᠤ MPG ᠬᠡᠯᠪᠡᠷᠢ᠎ᠪᠠᠷ  ᠰᠢᠯᠵᠢᠮᠡᠯ ᠬᠠᠲᠠᠭᠤ ᠳ᠋ᠢᠰᠺ ᠪᠤᠶᠤ U ᠲᠠᠪᠠᠭ ᠵᠡᠷᠭᠡ ᠬᠠᠳᠠᠭ᠋ᠠᠯᠠᠬᠤ ᠵᠠᠭᠤᠴᠢ᠎ᠳᠤ  ᠬᠠᠳᠠᠭ᠋ᠠᠯᠠᠵᠦ ᠲᠣᠰᠢᠶᠠᠨ᠎ᠠ ᠃ ᠰᠢᠯᠭ᠋ᠠᠷᠠᠭᠤᠯᠤᠯᠲᠠ᠎ᠳᠤ ᠣᠷᠣᠯᠴᠠᠬᠤ ᠪᠦᠲᠦᠭᠡᠯ᠎ᠨᠢ 《ᠤᠮᠠᠷᠠᠲᠤ ᠬᠢᠯᠢ ᠵᠢᠨ ᠰᠣᠶᠣᠯ᠎ᠤᠨ ᠭᠤᠤᠯ ᠰᠡᠳᠦᠪᠲᠦ ᠰᠦᠯᠵᠢᠶᠡᠨ᠎ᠤ ᠦᠵᠡᠵᠦ ᠰᠣᠨᠣᠰᠬᠤ ᠪᠦᠲᠦᠭᠡᠯ᠎ᠤᠨ ᠰᠢᠯᠭ᠋ᠠᠷᠠᠭᠤᠯᠤᠯᠲᠠ᠎ᠳᠤ ᠣᠷᠣᠯᠴᠠᠬᠤ ᠳᠡᠩᠰᠡᠯᠡᠯᠲᠡ ᠵᠢᠨ ᠬᠦᠰᠦᠨᠦᠭᠲᠦ》 (ᠳᠠᠭ᠋ᠠᠯᠳᠤᠭᠤᠯᠤᠯ ᠮᠠᠲ᠋ᠧᠷᠢᠶᠠᠯ) ᠵᠢᠨ  ᠴᠠᠭ᠋ᠠᠰᠤᠨ ᠬᠡᠪᠯᠡᠯ᠎ᠢ  ᠨᠢᠭᠡ ᠬᠡᠯᠪᠡᠷᠢ ᠵᠢᠨ ᠬᠤᠶᠠᠷ ᠬᠤᠪᠢ  ᠲᠣᠰᠢᠶᠠᠵᠦ ᠂ ᠡᠯᠸᠺᠲᠷᠣᠨ  ᠬᠡᠪᠯᠡᠯ᠎ᠢ ᠬᠠᠳᠠᠭ᠋ᠠᠯᠠᠬᠤ  ᠪᠦᠲᠦᠭᠡᠯ᠎ᠲᠠᠢ᠎ᠪᠠᠨ  ᠬᠠᠮᠲᠤ᠎ᠳᠤ᠎ᠨᠢ  ᠬᠠᠳᠠᠭ᠋ᠠᠯᠠᠬᠤ ᠵᠠᠭᠣᠴᠢ᠎ᠳᠤ  ᠬᠠᠳᠠᠭ᠋ᠠᠯᠠᠬᠤ ᠬᠡᠷᠡᠭᠲᠡᠢ ᠃  ᠬᠠᠳᠠᠭ᠋ᠠᠯᠠᠬᠤ  ᠵᠠᠭᠤᠴᠢ ᠎ᠨᠢ ᠱᠣᠰᠢᠭ᠎ᠠ ᠲᠡᠮᠳᠡᠭ ᠵᠶ᠋ᠡᠷ  ᠪᠦᠲᠦᠭᠡᠯ᠎ᠤᠨ ᠲᠥᠷᠥᠯ ᠢᠯᠭ᠋ᠠᠯ᠂ ᠨᠡᠷᠡᠶ᠋ᠢᠳᠦᠯ ᠵᠢᠴᠢ  ᠰᠢᠯᠭ᠋ᠠᠷᠠᠭᠣᠯᠣᠯᠲᠠ᠎ᠳᠤ ᠣᠷᠣᠯᠴᠠᠬᠤ ᠨᠢᠭᠡᠴᠢ ᠵᠢ  ᠲᠣᠳᠣᠷᠬᠠᠢ᠌ᠯᠠᠵᠦ᠂  ᠠᠵᠢᠯᠯᠠᠭ᠋ᠠᠨ᠎ᠤ ᠠᠯᠪᠠᠨ ᠭᠡᠷ᠎ᠲᠤ ᠢᠯᠡᠭᠡᠨ᠎ᠡ᠃ ᠮᠡᠳᠡᠭᠦᠯᠬᠦ᠎ᠠᠴᠠ᠎ᠪᠠᠨ  ᠡᠮᠦᠨ᠎ᠡ  ᠭᠣᠶᠣᠴᠢᠯᠠᠨ ᠮᠡᠳᠡᠭᠦᠯᠬᠦ  ᠪᠦᠲᠦᠭᠡᠯ᠎ᠤᠨ ᠵᠢᠷᠤᠭ ᠳᠦᠷᠰᠦ ᠪᠠ ᠳᠠᠭᠤᠨ᠎ᠤ ᠶᠠᠰᠤ ᠴᠢᠨᠠᠷ᠎ᠢ ᠨᠠᠷᠢᠨ ᠬᠢᠨᠠᠮᠠᠭ᠋ᠠᠢ  ᠪᠠᠢ᠌ᠴᠠᠭ᠋ᠠᠬᠤ ᠬᠡᠷᠡᠭᠲᠡᠢ ᠃

      (ᠬᠤᠶᠠᠷ )  ᠰᠦᠯᠵᠢᠶᠡᠨ᠎ᠤ ᠪᠤᠯᠤᠩ᠂ ᠫᠷᠤᠭ᠌ᠷᠠᠮ᠎ᠢ 3 ᠪᠦᠯᠦᠭ (ᠬᠤᠭᠤᠴᠠᠭ᠎ᠠ)᠎ᠠᠴᠠ ᠳᠡᠭᠡᠭᠰᠢ᠂ 10  ᠪᠦᠯᠦᠭ (ᠬᠤᠭᠤᠴᠠᠭ᠎ᠠ)᠎ᠤᠨ ᠳᠣᠲᠣᠷ᠎ᠠ ᠬᠠᠩᠭ᠋ᠠᠨ᠎ᠠ ᠃ ᠰᠦᠯᠵᠢᠶᠡᠨ᠎ᠤ ᠪᠠᠷᠢᠮᠲᠠᠲᠤ  ᠺᠢᠨᠤ᠋ ᠂ ᠰᠦᠯᠵᠢᠶᠡᠨ᠎ᠤ ᠺᠢᠨᠤ᠋ ᠂ ᠰᠦᠯᠵᠢᠶᠡᠨ᠎ᠤ ᠵᠦᠵᠦᠭᠡ᠂ ᠪᠢᠴᠢᠯ ᠣᠬᠣᠷ  ᠵᠦᠵᠦᠭᠡ ᠵᠡᠷᠭᠡ ᠪᠦᠲᠦᠭᠡᠯ᠎ᠤᠳ ᠪᠦᠷᠢᠨ ᠪᠦᠲᠦᠨ  ᠵᠦᠴᠦᠭᠡ ᠵᠢᠨ ᠲᠡᠭᠦᠪᠦᠷᠢ᠎ᠪᠠᠨ ᠬᠠᠩᠭ᠋ᠠᠨ᠎ᠠ ᠃  ᠳᠠᠩ  ᠡᠮᠬᠢᠳᠬᠡᠯ᠎ᠤᠨ  ᠣᠬᠤᠷ  ᠵᠤᠬᠢᠶᠠᠯ ᠂ ᠣᠬᠤᠷ ᠸᠢᠳᠢᠣ᠋ ᠵᠡᠷᠭᠡ ᠵᠢ  ᠲᠤᠳᠤᠷᠬᠠᠢ᠌ᠯᠠᠭ᠋ᠠᠷᠠᠢ ᠃

      (  ᠭᠤᠷᠪᠠ ) ᠲᠦᠷᠭᠡᠨ ᠬᠦᠷᠭᠡᠯᠲᠡ ᠵᠢᠨ ᠬᠠᠶᠢᠭ ᠵᠢᠴᠢ ᠬᠦᠯᠢᠶᠡᠨ ᠠᠪᠤᠭᠴᠢ᠄ ᠬᠥᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ 1 ᠳ᠋ᠦ᠍ᠭᠡᠷ  ᠨᠣᠮᠸᠷᠲᠤ  ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠲᠣᠪᠴᠢᠶ᠎ᠠ ᠵᠢᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠬᠠᠮᠢᠶᠠᠷᠤᠯᠲᠠ ᠵᠢᠨ ᠭᠠᠵᠠᠷ᠂ ᠭᠥᠯᠢᠶᠡᠨ ᠠᠪᠤᠭᠴᠢ᠄ ᠸᠠᠩ ᠲᠢᠩ ᠲᠢᠩ᠂ ᠤᠲᠠᠰᠤ᠄ 0471 - 4590190

      ᠨᠠᠢ᠍ᠮᠠ᠂ ᠠᠰᠠᠭᠤᠨ ᠯᠠᠪᠯᠠᠬᠤ ᠠᠷᠭ᠎ᠠ ᠮᠠᠶᠢᠭ

      (ᠨᠢᠭᠡ) ᠬᠠᠷᠢᠯᠴᠠᠬᠤ ᠬᠥᠮᠥᠨ ᠵᠢᠴᠢ ᠬᠠᠷᠢᠯᠴᠠᠬᠤ  ᠠᠷᠭ᠎ᠠ ᠮᠠᠶᠢᠭ

      ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠸᠠᠩ ᠲᠢᠩ ᠲᠢᠩ   0471 - 4590190

      ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ  ᠬᠣᠯᠪᠣᠭ᠎ᠠ ᠵᠢᠨ ᠱᠦ᠍ ᠡᠯ᠎ᠲᠠᠢ 0471 - 4925247

      ᠥᠪᠡᠷᠲᠡᠭᠡᠨ ᠵᠠᠰᠠᠬᠤ ᠣᠷᠣᠨ᠎ᠤ ᠡᠪᠯᠡᠯ᠎ᠤᠨ ᠬᠤᠷᠢᠶ᠎ᠠ ᠵᠢᠨ ᠸᠠᠩ ᠾᠧ ᠫᠢᠩ 0471 - 5983881

      (ᠬᠤᠶᠠᠷ) ᠯᠠᠪᠯᠠᠬᠤ ᠴᠠᠭ

      ᠠᠵᠢᠯᠯᠠᠬᠤ ᠡᠳᠦᠷ  9᠄ 00 —12᠄ 00 ᠂ 14᠄ 30 —17᠄ 00

 

   

      ᠳᠠᠭ᠋ᠠᠯᠳᠤᠭᠤᠯᠤᠯ᠄ ᠤᠮᠠᠷᠠᠲᠤ ᠬᠢᠯᠢ ᠵᠢᠨ ᠰᠣᠶᠣᠯ᠎ᠤᠨ ᠭᠤᠤᠯ ᠰᠡᠳᠦᠪᠲᠦ ᠰᠦᠯᠵᠢᠶᠡᠨ᠎ᠤ ᠦᠵᠡᠵᠦ ᠰᠣᠨᠣᠰᠬᠤ ᠪᠦᠲᠦᠭᠡᠯ᠎ᠤᠨ ᠰᠢᠯᠭ᠋ᠠᠷᠠᠭᠤᠯᠤᠯᠲᠠ᠎ᠳᠤ ᠣᠷᠣᠯᠴᠠᠬᠤ ᠳᠠᠩᠰᠠᠯᠠᠭᠣᠯᠣᠯᠲᠠ ᠵᠢᠨ ᠬᠦᠰᠦᠨᠦᠭᠲᠦ

 

                              ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ

                                                             2025 ᠣᠨ᠎ᠤ 5  ᠳ᠋ᠤᠭ᠋ᠠᠷ  ᠰᠠᠷ᠎ᠠ ᠵᠢᠨ 27᠎ᠤ ᠡᠳᠦᠷ

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ