2025 ᠣᠨ᠎ᠤ ᠪᠥᠬᠦ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠦᠲᠦᠯᠦᠭᠴᠢ ᠵᠢᠨ ᠬᠢᠷᠢ ᠬᠡᠮ᠎ᠤᠨ ᠰᠢᠯᠭ᠋ᠠᠯᠲᠠ (ᠥᠪᠥᠷ ᠮᠣᠩᠭᠤᠯ᠎ᠤᠨ ᠰᠢᠯᠭ᠋ᠠᠯᠲᠠ ᠵᠢᠨ ᠲᠣᠭᠤᠷᠢᠭ)᠎ᠨᠢ 2025 ᠣᠨ᠎ᠤ 9 ᠳ᠋ᠦ᠍ᠭᠡᠷ ᠰᠠᠷ᠎ᠠ ᠵᠢᠨ 20᠎ᠤ ᠡᠳᠦᠷ᠂ 21᠎ᠤ ᠡᠳᠦᠷ ᠶᠠᠪᠤᠭᠳᠠᠭᠤᠯᠬᠤ᠎ᠪᠠᠷ ᠲᠣᠭᠲᠠᠵᠤ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠃
ᠨᠢᠭᠡ᠂ ᠨᠡᠷ᠎ᠡ ᠮᠡᠳᠡᠭᠦᠯᠬᠦ ᠨᠥᠬᠦᠴᠡᠯ
(ᠨᠢᠭᠡ) ᠦᠨᠳᠦᠰᠦᠨ ᠬᠠᠤᠯᠢ᠂ ᠬᠠᠤᠯᠢ ᠴᠠᠭ᠋ᠠᠵᠠ᠂ ᠷᠠᠳᠢᠣ᠋ ᠲᠧᠯᠸᠢᠰ᠎ᠤᠨ ᠬᠠᠮᠢᠶ᠎ᠠ ᠪᠦᠬᠦᠢ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠢ ᠵᠢᠷᠣᠮᠯᠠᠨ ᠰᠠᠬᠢᠬᠤ᠂
(ᠬᠤᠶᠠᠷ) ᠳᠥᠷᠪᠡᠨ ᠦᠨᠳᠦᠰᠦᠨ ᠵᠠᠷᠴᠢᠮ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ ᠪᠠ ᠴᠢᠭᠯᠡᠯᠲᠡ ᠲᠥᠷᠥ ᠵᠢᠨ ᠪᠣᠳᠣᠯᠭ᠎ᠠ ᠵᠢ ᠬᠦᠷᠢᠶᠡᠯᠡᠬᠦ᠂
(ᠭᠤᠷᠪᠠ) ᠪᠦᠷᠢᠨ ᠢᠷᠭᠡᠨ᠎ᠤ ᠬᠡᠷᠡᠭ᠎ᠤᠨ ᠠᠵᠢᠯᠯᠠᠭ᠎ᠠ ᠵᠢᠨ ᠪᠦᠷᠢᠨ ᠴᠢᠳᠠᠪᠤᠷᠢ᠎ᠲᠠᠢ ᠪᠠᠢ᠌ᠬᠤ᠂
(ᠳᠥᠷᠪᠡ) ᠶᠡᠭᠡ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠠᠩᠭᠢ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ (2026 ᠣᠨ᠎ᠤ ᠲᠡᠭᠦᠰᠬᠦ ᠣᠶᠣᠲᠠᠳᠢ ᠪᠠᠭᠲᠠᠭ᠋ᠠᠨ᠎ᠠ)᠃
ᠬᠤᠶᠠᠷ᠂ ᠨᠡᠷ᠎ᠡ ᠮᠡᠳᠡᠭᠦᠯᠬᠦ ᠠᠷᠭ᠎ᠠ ᠮᠠᠶᠢᠭ
ᠨᠡᠷ᠎ᠡ ᠮᠡᠳᠡᠭᠦᠯᠬᠦ ᠠᠷᠭ᠎ᠠ ᠮᠠᠶᠢᠭ᠄ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠰᠢᠯᠭ᠋ᠠᠯᠲᠠ ᠵᠢᠨ ᠰᠦᠢ᠍ᠳᠬᠡᠯ ᠵᠶ᠋ᠡᠨ ᠲᠤᠰᠢᠶᠠᠨ᠎ᠠ᠃
(ᠨᠢᠭᠡ) ᠰᠦᠯᠵᠢᠶ᠎ᠡ᠎ᠪᠠᠷ ᠨᠡᠷ᠎ᠡ ᠮᠡᠳᠡᠭᠦᠯᠬᠦ
2025 ᠣᠨ᠎ᠤ ᠪᠥᠬᠦ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠥᠲᠥᠯᠦᠭᠴᠢ ᠵᠢᠨ ᠬᠢᠷᠢ ᠬᠡᠮ᠎ᠤᠨ ᠰᠢᠯᠭ᠋ᠠᠯᠲᠠ᠎ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠵᠢ ᠬᠡᠷᠡᠭᠵᠢᠭᠦᠯᠵᠦ᠂ ᠨᠡᠷ᠎ᠡ ᠮᠡᠳᠡᠭᠦᠯᠬᠦ ᠴᠠᠭ᠎ᠨᠢ 2025 ᠣᠨ᠎ᠤ 7 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 18᠎ᠤ ᠡᠳᠦᠷ ᠪᠣᠯᠲᠠᠯ᠎ᠠ ᠶᠠᠪᠤᠭᠳᠠᠨ᠎ᠠ᠃ ᠨᠡᠷ᠎ᠡ ᠮᠡᠳᠡᠭᠦᠯᠬᠦ ᠬᠥᠮᠦᠰ ᠲᠣᠭᠲᠠᠭᠰᠠᠨ ᠬᠤᠭᠤᠴᠠᠭ᠋ᠠᠨ ᠳᠣᠲᠣᠷ᠎ᠠ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠠᠯᠪᠠᠨ᠎ᠤ ᠰᠦᠯᠵᠢᠶ᠎ᠡ (www.nrta.gov.cn) ᠵᠢᠨ ᠬᠢᠷᠢ ᠬᠡᠮ᠎ᠤᠨ ᠰᠢᠯᠭ᠋ᠠᠯᠲᠠ ᠵᠢᠨ ᠪᠤᠯᠤᠩ᠎ᠢ ᠳᠠᠩᠰᠠᠯᠠᠵᠦ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠱᠠᠭ᠋ᠠᠷᠳᠠᠯᠭ᠎ᠠ᠂ ᠴᠤᠪᠤᠷᠠᠯ ᠵᠢᠴᠢ ᠠᠯᠬᠤᠮ ᠳᠠᠷᠠᠭ᠎ᠠ ᠶᠣᠰᠣᠭ᠋ᠠᠷ ᠬᠤᠪᠢ ᠬᠥᠮᠦᠨ᠎ᠤ ᠮᠡᠳᠡᠭᠡ ᠵᠠᠩᠭᠢ᠎ᠪᠠᠨ ᠲᠠᠭᠯᠠᠨ ᠮᠡᠳᠡᠭᠦᠯᠵᠦ᠂ ᠬᠤᠭᠤᠴᠠᠭ᠎ᠠ ᠬᠡᠲᠦᠷᠡᠪᠡᠯ ᠨᠥᠬᠦᠨ ᠮᠡᠳᠡᠭᠦᠯᠦᠭᠦᠯᠬᠦ ᠥᠬᠡᠶ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠎ᠪᠠᠨ ᠪᠡᠶᠡᠯᠡᠭᠦᠯᠦᠭᠡᠳᠦᠶ ᠰᠢᠯᠭ᠋ᠠᠭᠰᠠᠳᠢ ᠲᠤᠬᠠᠶ ᠵᠢᠨ ᠲᠠᠯᠠᠪᠤᠷ᠎ᠲᠤ ᠨᠡᠷ᠎ᠡ ᠮᠡᠳᠡᠭᠦᠯᠬᠦ ᠵᠢ ᠬᠦᠯᠢᠶᠡᠬᠦ ᠥᠬᠡᠶ᠃
ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠎ᠳᠤ᠎ᠪᠠᠨ ᠳᠣᠤᠷᠠᠬᠢ ᠮᠠᠲ᠋ᠧᠷᠢᠶᠠᠯ᠎ᠤᠳ᠎ᠢ ᠰᠦᠯᠵᠢᠶᠡᠨ᠎ᠳᠤ ᠣᠷᠣᠭᠣᠯᠬᠤ ᠬᠡᠷᠡᠭᠲᠡᠶ᠄
1᠂ ᠲᠣᠰ ᠬᠥᠮᠦᠨ᠎ᠤ ᠬᠦᠴᠦᠨ ᠪᠥᠬᠦᠶ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠎ᠤᠨ ᠰᠢᠷᠪᠢᠯᠲᠡ ᠵᠢᠨ ᠮᠠᠲᠸᠷᠢᠶᠠᠯ (ᠨᠢᠭᠣᠷ᠂ ᠡᠰᠡᠷᠭᠦ ᠲᠠᠯ᠎ᠠ ᠵᠢ ᠪᠠᠭᠲᠠᠭ᠋ᠠᠨ᠎ᠠ᠂ ᠰᠢᠯᠭ᠋ᠠᠯᠲᠠ ᠵᠢᠨ ᠬᠤᠭᠤᠴᠠᠭ᠋ᠠᠨ᠎ᠳᠤ ᠪᠡᠶ᠎ᠡ ᠵᠢᠨ ᠦᠨᠡᠮᠯᠡᠯ᠎ᠨᠢ ᠬᠦᠴᠦᠨ᠎ᠲᠠᠢ ᠬᠤᠭᠤᠴᠠᠭ᠋ᠠᠨ᠎ᠳᠤ ᠪᠠᠶ᠋ᠢᠬᠤ ᠬᠡᠷᠡᠭᠲᠡᠶ)᠂
ᠶᠡᠭᠡ ᠰᠤᠷᠭ᠋ᠠᠭᠤᠯᠢ ᠵᠢᠨ ᠲᠤᠰᠬᠠᠶ ᠮᠡᠷᠭᠡᠵᠢᠯ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠤᠨ ᠦᠨᠡᠮᠯᠡᠯ (ᠰᠤᠷᠭ᠋ᠠᠭᠤᠯᠢ᠎ᠳᠤ ᠪᠠᠶ᠋ᠢᠬᠤ ᠲᠤᠰ ᠬᠣᠭᠣᠴᠠᠭ᠋ᠠᠨ᠎ᠤ ᠲᠡᠭᠦᠰᠬᠦ ᠰᠣᠷᠣᠭᠴᠢᠳ ᠰᠤᠷᠤᠯᠭ᠎ᠠ ᠵᠢᠨ ᠮᠡᠳᠡᠭᠡ ᠵᠠᠩᠭᠢ ᠵᠢᠨ ᠰᠦᠯᠵᠢᠶᠡᠨ᠎ᠤ ᠰᠤᠷᠭ᠋ᠠᠭᠤᠯᠢ ᠵᠢᠨ ᠬᠠᠷᠢᠶᠠᠯᠠᠯ᠎ᠤᠨ ᠭᠡᠷᠡᠴᠢ᠎ᠪᠠᠨ ᠰᠦᠯᠵᠢᠶᠡᠨ᠎ᠳᠤ ᠣᠷᠣᠭᠣᠯᠬᠤ ᠬᠡᠷᠡᠭᠲᠡᠢ)᠂ ᠭᠠᠳᠠᠭ᠋ᠠᠳᠤ᠎ᠳᠤ ᠰᠣᠷᠣᠯᠴᠠᠵᠦ ᠣᠯᠣᠰ᠎ᠲᠤ᠎ᠪᠠᠨ ᠪᠣᠴᠠᠭᠰᠠᠳ ᠰᠤᠷᠭ᠋ᠠᠨ ᠬᠥᠮᠦᠵᠢᠯ᠎ᠤᠨ ᠶᠠᠮᠤᠨ᠎ᠤ ᠭᠠᠳᠠᠭ᠋ᠠᠳᠤ᠎ᠳᠤ ᠰᠤᠷᠤᠯᠴᠠᠭᠰᠠᠳ᠎ᠤᠨ ᠦᠢ᠍ᠯᠡᠴᠢᠯᠡᠭᠡᠨ᠎ᠤ ᠲᠥᠪ᠎ᠠᠴᠠ ᠭᠠᠷᠭ᠋ᠠᠭᠰᠠᠨ ᠭᠠᠳᠠᠭ᠋ᠠᠳᠤ ᠵᠢᠨ ᠰᠤᠷᠤᠯᠭ᠎ᠠ ᠵᠢᠨ ᠨᠠᠮᠲᠠᠷ᠎ᠤᠨ ᠡᠷᠳᠡᠮ᠎ᠤᠨ ᠴᠣᠯᠠ ᠵᠢ ᠮᠡᠳᠡᠷᠡᠬᠦ ᠦᠨᠡᠮᠯᠡᠯ᠎ᠢ ᠰᠦᠯᠵᠢᠶᠡᠨ᠎ᠳᠤ ᠣᠷᠣᠭᠣᠯᠬᠤ ᠬᠡᠷᠡᠭᠲᠡᠢ᠂ 2004 ᠣᠨ᠎ᠠᠴᠠ ᠡᠮᠦᠨ᠎ᠡ ᠲᠡᠭᠦᠰᠦᠭᠰᠡᠨ ᠰᠢᠯᠭ᠋ᠠᠭᠣᠯᠣᠭᠰᠠᠳ ᠴᠠᠭ ᠲᠤᠬᠠᠶ᠎ᠳᠤᠨᠢ ᠰᠣᠷᠣᠯᠭ᠎ᠠ ᠵᠢᠨ ᠮᠡᠳᠡᠭᠡ ᠵᠠᠩᠬᠢ ᠵᠢᠨ ᠰᠦᠯᠵᠢᠶᠡᠨ᠎ᠳᠤ ᠰᠤᠷᠤᠯᠭ᠎ᠠ ᠵᠢᠨ ᠨᠠᠮᠲᠠᠷ᠎ᠤᠨ ᠭᠡᠷᠡᠴᠢᠯᠡᠯ ᠬᠢᠬᠦ ᠵᠢᠨ ᠬᠠᠮᠲᠤ ᠰᠤᠷᠤᠯᠭ᠎ᠠ ᠵᠢᠨ ᠨᠠᠮᠲᠠᠷ᠎ᠤᠨ ᠦᠨᠡᠮᠯᠡᠯ ᠵᠶ᠋ᠠᠨ ᠰᠦᠯᠵᠢᠶᠡᠨ᠎ᠳᠤ ᠣᠷᠣᠭᠣᠯᠬᠤ ᠬᠡᠷᠡᠭᠲᠡᠢ)᠃
(ᠬᠤᠶᠠᠷ) ᠬᠢᠨᠠᠨ ᠬᠠᠷᠭᠤᠭᠤᠯᠤᠭᠰᠠᠨ ᠳ᠋ᠦᠩ᠎ᠢ ᠪᠠᠶ᠋ᠢᠴᠠᠭ᠋ᠠᠬᠤ
2025 ᠣᠨ᠎ᠤ 7 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ 8 ᠳ᠋ᠤᠭ᠋ᠠᠷ ᠰᠠᠷ᠎ᠠ ᠵᠢᠨ 5᠎ᠤ ᠡᠳᠦᠷ᠎ᠤᠨ 18 ᠴᠠᠭ ᠪᠣᠯᠲᠠᠯ᠎ᠠ᠂ ᠰᠢᠯᠭ᠋ᠠᠭᠣᠯᠣᠭᠰᠠᠳ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠠᠯᠪᠠᠨ᠎ᠤ ᠰᠦᠯᠵᠢᠶ᠎ᠡ (www.nrta.gov.cn) ᠵᠢᠨ ᠬᠢᠷᠢ ᠬᠡᠮ᠎ᠤᠨ ᠰᠢᠯᠭ᠋ᠠᠯᠲᠠ ᠵᠢᠨ ᠪᠤᠯᠤᠩ᠎ᠢ ᠳᠠᠩᠰᠠᠯᠠᠵᠦ ᠬᠤᠪᠢ ᠬᠥᠮᠦᠨ᠎ᠤ ᠮᠡᠳᠡᠭᠡ ᠵᠠᠩᠭᠢ ᠵᠢ ᠬᠢᠨᠠᠨ ᠬᠠᠷᠭᠤᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ ᠪᠣᠯᠤᠨ᠎ᠠ᠃ ᠬᠢᠨᠠᠨ ᠬᠠᠷᠭᠤᠭᠤᠯᠤᠭᠰᠠᠨ ᠪᠠᠶ᠋ᠢᠳᠠᠯ᠎ᠨᠢ 《ᠮᠡᠳᠡᠭᠡ ᠵᠠᠩᠭᠢ ᠵᠢᠨ ᠬᠢᠨᠠᠨ ᠬᠠᠷᠭᠤᠭᠤᠯᠤᠯᠲᠠ᠎ᠳᠤ ᠬᠢᠷᠢ ᠲᠡᠩᠴᠡᠭᠰᠡᠨ》 ᠪᠠᠶ᠋ᠢᠪᠠᠯ᠂ ᠥᠪᠥᠷ ᠮᠣᠩᠭᠤᠯ᠎ᠤᠨ ᠰᠢᠯᠭ᠋ᠠᠯᠲᠠ ᠵᠢᠨ ᠲᠣᠭᠤᠷᠢᠭ᠎ᠤᠨ ᠠᠯᠪᠠᠨ ᠵᠠᠷ᠎ᠢ ᠴᠠᠭ ᠲᠤᠬᠠᠶ᠎ᠳᠤᠨᠢ ᠪᠠᠶ᠋ᠢᠴᠠᠭ᠋ᠠᠨ ᠦᠵᠡᠵᠦ᠂ ᠲᠣᠭᠲᠠᠭ᠋ᠠᠭᠰᠠᠨ ᠴᠠᠭ᠎ᠤᠨ ᠳᠣᠲᠣᠷ᠎ᠠ ᠰᠦᠢ᠍ᠳᠬᠡᠯ ᠵᠶ᠋ᠠᠨ ᠲᠤᠰᠢᠶᠠᠨ᠎ᠠ᠂
ᠬᠢᠨᠠᠨ ᠬᠠᠷᠭᠤᠭᠤᠯᠤᠭᠰᠠᠨ ᠪᠠᠶ᠋ᠢᠳᠠᠯ᠎ᠨᠢ 《ᠮᠡᠳᠡᠭᠡ ᠵᠠᠩᠭᠢ ᠵᠢᠨ ᠬᠢᠨᠠᠨ ᠬᠠᠷᠭᠤᠭᠤᠯᠤᠯᠲᠠ᠎ᠳᠤ ᠬᠢᠷᠢ ᠲᠡᠩᠴᠡᠬᠦ ᠦᠭᠡᠢ》 ᠪᠠᠢ᠌ᠪᠠᠯ᠂ ᠨᠡᠷ᠎ᠡ ᠮᠡᠳᠡᠭᠦᠯᠬᠦ ᠰᠢᠰᠲ᠋ᠧᠮ᠎ᠳᠤ ᠨᠥᠬᠦᠪᠥᠷᠢ ᠮᠠᠲ᠋ᠧᠷᠢᠶᠠᠯ᠎ᠢ ᠰᠦᠯᠵᠢᠶᠡᠨ᠎ᠳᠤ ᠣᠷᠣᠭᠣᠯᠵᠦ᠂ ᠬᠢᠨᠠᠨ ᠬᠠᠷᠭᠤᠭᠤᠯᠤᠯᠲᠠ᠎ᠳᠤ ᠬᠢᠷᠢ ᠲᠡᠩᠴᠡᠭᠰᠡᠨ᠎ᠤ ᠳᠠᠷᠠᠭ᠎ᠠ ᠰᠠᠶᠢ ᠰᠦᠢ᠍ᠳᠬᠡᠯ ᠵᠶ᠋ᠠᠨ ᠲᠣᠰᠢᠶᠠᠬᠤ ᠬᠡᠷᠡᠭᠲᠡᠢ᠃ 8 ᠳ᠋ᠤᠭ᠋ᠠᠷ ᠰᠠᠷ᠎ᠠ ᠵᠢᠨ 5᠎ᠤ ᠡᠳᠦᠷ᠎ᠤᠨ 18 ᠴᠠᠭ᠎ᠠᠴᠠ ᠰᠡᠭᠦᠯᠡᠷ ᠨᠦᠬᠦᠪᠦᠷᠢ ᠮᠠᠲᠸᠷᠢᠶᠠᠯ᠎ᠢ ᠳᠠᠬᠢᠨ ᠰᠦᠯᠵᠢᠶᠡᠨ᠎ᠳᠤ ᠣᠷᠣᠭᠣᠯᠬᠤ ᠵᠢᠨ ᠠᠷᠭ᠎ᠠ ᠦᠭᠡᠢ᠃
(ᠭᠤᠷᠪᠠ) ᠰᠢᠯᠭ᠋ᠠᠯᠲᠠ ᠵᠢᠨ ᠰᠦᠢ᠍ᠳᠬᠡᠯ ᠵᠶ᠋ᠡᠨ ᠲᠤᠰᠢᠶᠠᠬᠤ
ᠰᠦᠢ᠍ᠳᠬᠡᠯ ᠲᠤᠰᠢᠶᠠᠬᠤ ᠴᠠᠭ᠄ ᠰᠢᠯᠭ᠋ᠠᠭᠣᠯᠣᠭᠰᠠᠳ 《ᠮᠡᠳᠡᠭᠡ ᠵᠠᠩᠭᠢ ᠵᠢ ᠬᠢᠨᠠᠨ ᠬᠠᠷᠭᠤᠭᠤᠯᠤᠯᠲᠠ᠎ᠳᠤ ᠬᠢᠷᠢ ᠲᠡᠩᠴᠡᠭᠰᠡᠨ᠎ᠤ ᠳᠠᠷᠠᠭ᠎ᠠ᠂ ᠡᠷᠬᠡᠪᠰᠢ 8 ᠳ᠋ᠤᠭ᠋ᠠᠷ ᠰᠠᠷ᠎ᠠ ᠵᠢᠨ 6᠎ᠤ ᠡᠳᠦᠷ᠎ᠠᠴᠠ 8 ᠳ᠋ᠤᠭ᠋ᠠᠷ ᠰᠠᠷ᠎ᠠ ᠵᠢᠨ 11᠎ᠤ ᠡᠳᠦᠷ ᠪᠣᠯᠲᠠᠯᠠᠬᠢ ᠬᠤᠭᠤᠴᠠᠭ᠋ᠠᠨ᠎ᠳᠤ ᠰᠦᠢ᠍ᠳᠬᠡᠯ ᠲᠤᠰᠢᠶᠠᠬᠤ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠰᠦᠢ᠍ᠳᠬᠡᠯ ᠲᠤᠰᠢᠶᠠᠭᠰᠠᠨ ᠦᠭᠡᠶ ᠪᠣᠯ ᠨᠡᠷ᠎ᠡ ᠮᠡᠳᠡᠭᠦᠯᠵᠦ ᠲᠡᠢ᠌ᠯᠦᠭᠰᠡᠨ ᠦᠭᠡᠶ᠎ᠪᠠᠷ ᠦᠵᠡᠵᠦ ᠪᠠᠰᠠ ᠨᠥᠬᠥᠵᠦ ᠲᠤᠰᠢᠶᠠᠯᠭ᠋ᠠᠬᠤ᠎ᠪᠠᠷ ᠲᠣᠬᠢᠷᠠᠭᠤᠯᠬᠤ ᠵᠢᠨ ᠠᠷᠭ᠎ᠠ ᠦᠭᠡᠶ ᠪᠣᠯᠤᠨ᠎ᠠ᠃
ᠰᠦᠢ᠍ᠳᠬᠡᠯ ᠲᠤᠰᠢᠶᠠᠬᠤ ᠠᠷᠭ᠎ᠠ ᠮᠠᠶᠢᠭ᠄ 《ᠮᠡᠳᠡᠭᠡ ᠵᠠᠩᠭᠢ ᠵᠢ ᠬᠢᠨᠠᠨ ᠬᠠᠷᠭᠤᠭᠤᠯᠤᠯᠲᠠ᠎ᠳᠤ ᠬᠢᠷᠢ ᠲᠡᠩᠴᠡᠭᠰᠡᠨ》 ᠰᠢᠯᠭ᠋ᠠᠭᠣᠯᠣᠭᠰᠠᠳ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠠᠯᠪᠠᠨ᠎ᠤ ᠰᠦᠯᠵᠢᠶ᠎ᠡ (www.nrta.gov.cn) ᠵᠢᠨ ᠬᠢᠷᠢ ᠬᠡᠮ᠎ᠤᠨ ᠰᠢᠯᠭ᠋ᠠᠯᠲᠠ ᠵᠢᠨ ᠪᠤᠯᠤᠩ᠎ᠢ ᠳᠠᠩᠰᠠᠯᠠᠵᠦ᠂ 《ᠨᠡᠷ᠎ᠡ ᠮᠡᠳᠡᠭᠦᠯᠦᠭᠰᠡᠨ ᠰᠦᠢ᠍ᠳᠬᠡᠯ ᠲᠤᠰᠢᠶᠠᠬᠤ》 ᠴᠢᠳᠠᠮᠵᠢ ᠵᠢᠨ ᠴᠣᠩᠬᠤᠪᠴᠢ ᠵᠢ ᠲᠣᠶᠢᠵᠦ᠂ ᠰᠢᠯᠭ᠋ᠠᠭᠣᠯᠣᠭᠰᠠᠳᠤᠨ ᠮᠡᠳᠡᠭᠡ ᠵᠠᠩᠭᠢ ᠵᠢᠴᠢ ᠠᠯᠤᠰ᠎ᠠᠴᠠ ᠲᠣᠭ᠋ᠠᠴᠠᠭ᠎ᠠ ᠬᠢᠬᠦ ᠬᠤᠶᠠᠷ ᠬᠡᠮᠵᠢᠯᠳᠦ ᠺᠣᠳ᠋᠎ᠢ ᠪᠠᠶ᠋ᠢᠴᠠᠭ᠋ᠠᠨ ᠦᠵᠡᠵᠦ᠂ ᠰᠢᠭᠤᠳ ᠺᠣᠳ᠋ ᠰᠢᠷᠪᠢᠨ ᠲᠣᠭ᠋ᠠᠴᠠᠭ᠎ᠠ ᠬᠢᠵᠦ ᠰᠦᠢ᠍ᠳᠬᠡᠯ ᠲᠤᠰᠢᠶᠠᠨ᠎ᠠ (ᠲᠣᠭ᠋ᠠᠴᠠᠭ᠎ᠠ ᠬᠢᠬᠦ ᠠᠷᠭ᠎ᠠ ᠮᠠᠶᠢᠭ᠎ᠨᠢ ᠸᠢᠴᠠᠲ ᠪᠤᠶᠤ ᠲᠣᠭ᠋ᠠᠴᠠᠭ᠎ᠠ ᠬᠢᠬᠦ ᠡᠷᠳᠡᠨᠢ)᠃
ᠰᠦᠢ᠍ᠳᠬᠡᠯ ᠲᠤᠰᠢᠶᠠᠭᠰᠠᠨ ᠵᠣᠭᠤᠰ᠎ᠤᠨ ᠲᠤᠭ᠎ᠠ᠄ ᠺᠣᠳ᠋ ᠰᠢᠷᠪᠢᠭᠰᠡᠨ᠎ᠤ ᠳᠠᠷᠠᠭ᠎ᠠ ᠰᠢᠯᠭ᠋ᠠᠭᠣᠯᠣᠭᠰᠠᠳ ᠣᠪᠣᠭ ᠨᠡᠷ᠎ᠡ ᠪᠠ ᠪᠡᠶ᠎ᠡ ᠵᠢᠨ ᠦᠨᠡᠮᠯᠡᠯ᠎ᠤᠨ ᠨᠣᠮᠧᠷ ᠵᠶ᠋ᠠᠨ ᠣᠷᠣᠭᠤᠯᠵᠤ ᠵᠠᠷᠤᠳᠠᠯ᠎ᠢ᠎ᠨᠢ ᠨᠣᠲᠠᠯᠠᠬᠤ ᠵᠢᠨ ᠬᠠᠮᠲᠤ ᠰᠦᠢ᠍ᠳᠬᠡᠯ ᠵᠶ᠋ᠡᠨ ᠲᠤᠰᠢᠶᠠᠨ᠎ᠠ᠃ ᠬᠤᠪᠢ ᠬᠥᠮᠦᠨ᠎ᠤ ᠰᠢᠯᠲᠠᠭ᠋ᠠᠨ᠎ᠠᠴᠠ ᠪᠣᠯᠵᠣ ᠰᠢᠯᠭ᠋ᠠᠯᠲᠠ᠎ᠳᠤ ᠣᠷᠣᠯᠴᠠᠬᠤ ᠵᠢᠨ ᠠᠷᠭ᠎ᠠ ᠥᠬᠡᠶ ᠪᠠᠶ᠋ᠢᠪᠠᠯ᠂ ᠨᠢᠭᠡᠨᠲᠡ ᠲᠤᠰᠢᠶᠠᠭᠰᠠᠨ ᠰᠢᠯᠭ᠋ᠠᠯᠲᠠ ᠵᠢᠨ ᠵᠠᠷᠤᠳᠠᠯ᠎ᠢ ᠪᠤᠴᠠᠭ᠋ᠠᠬᠤ ᠥᠬᠡᠶ᠃
ᠭᠤᠷᠪᠠ᠂ ᠰᠢᠯᠭ᠋ᠠᠭᠤᠯᠬᠤ ᠲᠡᠮᠳᠡᠭ ᠳᠠᠷᠤᠮᠠᠯᠯᠠᠬᠤ ᠴᠠᠭ
ᠨᠡᠷ᠎ᠡ ᠮᠡᠳᠡᠭᠦᠯᠵᠦ ᠰᠦᠢ᠍ᠳᠬᠡᠯ ᠲᠤᠰᠢᠶᠠᠵᠦ ᠳᠡᠢ᠌ᠯᠦᠭᠰᠡᠨ᠂ ᠰᠢᠯᠭ᠋ᠠᠭᠣᠯᠣᠭᠰᠠᠳ 9 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ ᠰᠡᠭᠦᠯᠡᠷ ᠨᠡᠷ᠎ᠡ ᠮᠡᠳᠡᠭᠦᠯᠬᠦ ᠰᠦᠯᠵᠢᠶᠡᠨ ᠥᠷᠲᠡᠭᠡ ᠵᠢ ᠳᠠᠩᠰᠠᠯᠠᠵᠤ᠂ ᠰᠢᠯᠭ᠋ᠠᠭᠤᠯᠬᠤ ᠲᠡᠮᠳᠡᠭ ᠵᠶ᠋ᠠᠨ ᠳᠠᠷᠣᠮᠯᠠᠨ ᠠᠪᠴᠤ ᠪᠣᠯᠤᠨ᠎ᠠ᠃
ᠲᠦᠷᠪᠡ᠂ ᠰᠢᠯᠭ᠋ᠠᠬᠤ ᠬᠢᠴᠢᠶᠡᠯ ᠲᠥᠷᠥᠯ
(ᠨᠢᠭᠡ) ᠶᠡᠷᠦᠩᠬᠡᠢ ᠮᠡᠳᠡᠯᠭᠡ᠂
(ᠬᠤᠶᠠᠷ) ᠷᠠᠳᠢᠣ᠋ ᠲᠧᠯᠸᠢᠰ᠎ᠤᠨ ᠦᠨᠳᠦᠰᠦᠨ ᠮᠡᠳᠡᠯᠭᠡ᠂
(ᠭᠤᠷᠪᠠ) ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠦᠲᠦᠯᠦᠭᠴᠢ ᠵᠢᠨ ᠲᠤᠬᠠᠶ᠋ᠢᠯᠠᠭᠰᠠᠨ ᠠᠵᠢᠯ (ᠪᠢᠷ᠎ᠤᠨ ᠰᠢᠯᠭ᠋ᠠᠯᠲᠠ)
(ᠳᠥᠷᠪᠡ) ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠦᠲᠦᠯᠦᠭᠴᠢ ᠵᠢᠨ ᠲᠤᠬᠠᠶ᠋ᠢᠯᠠᠭᠰᠠᠨ ᠠᠵᠢᠯ (ᠶᠠᠷᠢᠶᠠᠨ᠎ᠤ ᠰᠢᠯᠭ᠋ᠠᠯᠲᠠ)
ᠲᠠᠪᠤ᠂ ᠰᠦᠢ᠍ᠳᠬᠡᠯ ᠬᠤᠷᠢᠶᠠᠬᠤ ᠪᠠᠷᠢᠮᠵᠢᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ 《ᠷᠠᠳᠢᠣ᠋ ᠲᠧᠯᠸᠢᠰ᠎ᠤᠨ ᠠᠵᠢᠯ ᠡᠷᠬᠢᠯᠡᠭᠰᠡᠳ᠎ᠤᠨ ᠬᠢᠷᠢ ᠭᠡᠮ᠎ᠤᠨ ᠰᠢᠯᠭ᠋ᠠᠯᠲᠠ ᠵᠢᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢᠨ ᠲᠤᠬᠠᠶ ᠵᠠᠬᠢᠳᠠᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠰᠦᠢ᠍ᠳᠬᠡᠯ ᠦᠰᠦᠭ [2008] 995 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠢ ᠦᠨᠳᠦᠰᠦᠯᠡᠨ᠂ ᠨᠡᠪᠲᠡᠷᠡᠭᠦᠯᠦᠭᠴᠢ ᠬᠥᠲᠥᠯᠥᠭᠴᠢ ᠵᠢᠨ ᠬᠢᠷᠢ ᠭᠡᠮ᠎ᠤᠨ ᠰᠢᠯᠭ᠋ᠠᠯᠲᠠ᠎ᠳᠤ ᠣᠷᠣᠯᠴᠠᠭᠰᠠᠳ᠎ᠲᠤ ᠰᠢᠯᠭ᠋ᠠᠯᠲᠠ ᠵᠢᠨ ᠶᠠᠪᠤᠳᠠᠯ᠎ᠤᠨ ᠵᠠᠷᠤᠳᠠᠯ᠎ᠤᠨ ᠪᠢᠷ᠎ᠤᠨ ᠰᠢᠯᠭ᠋ᠠᠯᠲᠠ᠎ᠳᠤ ᠬᠥᠮᠦᠨ ᠪᠦᠷᠢ ᠬᠢᠴᠢᠶᠡᠯ ᠨᠢᠭᠡᠪᠦᠷᠢ ᠵᠢᠨ 90 ᠲᠥᠭᠥᠷᠢᠭ ᠲᠣᠰᠢᠶᠠᠵᠦ᠂ ᠶᠠᠷᠢᠶᠠᠨ᠎ᠤ ᠰᠢᠯᠭ᠋ᠠᠯᠲᠠ᠎ᠳᠤ ᠬᠥᠮᠦᠨ ᠪᠦᠷᠢ ᠵᠢᠨ ᠬᠢᠴᠢᠶᠡᠯ ᠨᠢᠭᠡᠪᠦᠷᠢ ᠵᠢᠨ 100 ᠲᠥᠭᠥᠷᠢᠭ ᠲᠤᠰᠢᠶᠠᠬᠤ ᠬᠡᠷᠡᠭᠲᠡᠶ᠃
ᠵᠢᠷᠭᠤᠭ᠎ᠠ᠂ ᠪᠤᠰᠤᠳ ᠵᠦᠢ᠍ᠯ
(ᠨᠢᠭᠡ) 2025 ᠣᠨ᠎ᠤ ᠪᠥᠬᠦ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠥᠲᠥᠯᠥᠭᠴᠢ ᠵᠢᠨ ᠬᠢᠷᠢ ᠬᠡᠮ᠎ᠤᠨ ᠰᠢᠯᠭ᠋ᠠᠯᠲᠠ ᠵᠢᠨ ᠪᠢᠷ᠎ᠤᠨ ᠰᠢᠯᠭ᠋ᠠᠯᠲᠠ᠎ᠨᠢ ᠺᠣᠮᠫᠢᠦ᠋ᠲ᠋ᠧᠷ ᠵᠶ᠋ᠠᠷ ᠬᠠᠷᠢᠭᠤᠯᠵᠤ᠂ ᠶᠠᠷᠢᠶᠠᠨ᠎ᠤ ᠰᠢᠯᠭ᠋ᠠᠯᠲᠠ᠎ᠨᠢ ᠲᠣᠬᠢᠶᠠᠯᠳᠤᠯ ᠵᠶ᠋ᠠᠷ ᠰᠡᠳᠦᠪ ᠰᠣᠩᠭᠤᠨ ᠬᠠᠷᠢᠭᠣᠯᠬᠤ (ᠰᠡᠳᠦᠪ ᠬᠠᠷᠢᠭᠤᠯᠬᠤ ᠶᠠᠪᠤᠴᠠ ᠵᠢᠨ ᠪᠥᠬᠦ ᠶᠠᠪᠤᠴᠠ᠎ᠳᠤ ᠳᠦᠷᠰᠦ ᠰᠢᠩᠭᠡᠭᠡᠯᠲᠡ ᠬᠢᠨ᠎ᠡ) ᠪᠣᠯᠣᠨ᠎ᠠ᠃ ᠰᠢᠯᠭ᠋ᠠᠭᠣᠯᠣᠭᠰᠠᠳ ᠵᠢᠨ ᠰᠢᠯᠭ᠋ᠠᠯᠲᠠ ᠵᠢᠨ ᠰᠢᠰᠲ᠋ᠧᠮ᠎ᠢ ᠰᠠᠶ᠋ᠢᠨ ᠣᠢ᠌ᠯᠭ᠋ᠠᠵᠦ᠂ ᠺᠣᠮᠫᠢᠦ᠋ᠲ᠋ᠧᠷ᠎ᠤᠨ ᠰᠢᠯᠭ᠋ᠠᠯᠲᠠ ᠵᠢᠨ ᠠᠷᠭ᠎ᠠ ᠮᠠᠶᠢᠭ᠎ᠲᠤ ᠵᠣᠬᠢᠴᠠᠬᠤ᠎ᠳᠤ ᠲᠥᠬᠦᠮ ᠦᠵᠡᠭᠦᠯᠬᠦ ᠵᠢᠨ ᠲᠦᠯᠦᠬᠡ᠂ ᠰᠢᠯᠭ᠋ᠠᠭᠣᠯᠣᠭᠰᠠᠳ http᠄ //gdys.ks 365.org/ ᠵᠢ ᠰᠣᠷᠪᠣᠯᠵᠢᠯᠠᠵᠦ᠂ ᠪᠢᠷ᠎ᠤᠨ ᠰᠢᠯᠭ᠋ᠠᠯᠲᠠ ᠵᠢᠨ ᠮᠠᠰᠢᠨ ᠰᠢᠯᠭ᠋ᠠᠯᠲᠠ ᠵᠢᠨ ᠪᠣᠯᠪᠠᠰᠤᠷᠠᠯ ᠬᠢᠵᠦ ᠪᠣᠯᠤᠨ᠎ᠠ᠃
(ᠬᠤᠶᠠᠷ) 2025 ᠣᠨ᠎ᠤ ᠪᠥᠬᠦ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠬᠥᠲᠥᠯᠥᠭᠴᠢ ᠵᠢᠨ ᠬᠢᠷᠢ ᠬᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠵᠦ ᠣᠷᠣᠯᠴᠠᠭᠰᠠᠳ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠲᠣᠭᠲᠠᠭ᠋ᠠᠭᠰᠠᠨ 《2025 ᠣᠨ᠎ᠤ ᠪᠥᠬᠦ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭᠴᠢ ᠵᠢᠨ ᠬᠢᠷᠢ ᠬᠡᠮ᠎ᠤᠨ ᠰᠢᠯᠭ᠋ᠠᠯᠲᠠ ᠵᠢᠨ ᠬᠥᠲᠥᠯᠪᠦᠷᠢ》 ᠵᠢ ᠦᠨᠳᠦᠰᠦᠯᠡᠨ ᠳᠠᠪᠲᠠᠵᠦ᠂ ᠰᠢᠯᠭ᠋ᠠᠯᠲᠠ᠎ᠳᠤ ᠪᠡᠯᠡᠳᠬᠡᠵᠦ ᠪᠣᠯᠤᠨ᠎ᠠ᠃
(ᠭᠤᠷᠪᠠ) ᠴᠥᠭᠡᠨ ᠲᠣᠭ᠋ᠠᠲᠤ ᠦᠨᠳᠦᠰᠦᠲᠡᠨ᠎ᠤ ᠰᠢᠯᠭ᠋ᠠᠭᠣᠯᠣᠭᠰᠠᠳ ᠲᠤᠰ ᠦᠨᠳᠦᠰᠦᠲᠡᠨ᠎ᠤ ᠦᠭᠡ ᠬᠡᠯᠡ ᠦᠰᠦᠭ ᠪᠢᠴᠢᠭ ᠵᠶ᠋ᠠᠷ ᠰᠢᠯᠭ᠋ᠠᠯᠲᠠ ᠵᠢᠨ ᠬᠠᠭᠣᠳᠠᠰᠣ ᠵᠢ ᠬᠠᠷᠢᠭᠤᠯᠤᠭᠰᠠᠨ ᠴᠦ᠍ ᠪᠤᠯᠤᠨ᠎ᠠ᠂ ᠪᠠᠰᠠ ᠬᠢᠲᠠᠳ ᠦᠭᠡ ᠬᠡᠯᠡ ᠦᠰᠦᠭ ᠪᠢᠴᠢᠭ ᠵᠶ᠋ᠠᠷ ᠰᠢᠯᠭ᠋ᠠᠯᠲᠠ ᠵᠢᠨ ᠬᠠᠭᠣᠳᠠᠰᠣ ᠵᠢ ᠬᠠᠷᠢᠭᠤᠯᠤᠭᠰᠠᠨ ᠴᠦ᠍ ᠪᠤᠯᠤᠨ᠎ᠠ᠃ ᠬᠡᠷᠪᠡ ᠲᠤᠰ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠬᠡᠷᠡᠭᠯᠡᠵᠦ ᠰᠢᠯᠭ᠋ᠠᠯᠲᠠ ᠵᠢᠨ ᠬᠠᠭᠣᠳᠠᠰᠣ ᠵᠢ ᠬᠠᠷᠢᠭᠣᠯᠪᠠᠯ᠂ ᠲᠤᠰ ᠵᠢᠯ᠎ᠤᠨ ᠰᠢᠯᠭ᠋ᠠᠭᠤᠯᠤᠭᠰᠠᠨ ᠡᠯ᠎ᠡ ᠬᠢᠴᠢᠶᠡᠯ ᠲᠦᠷᠦᠯ᠎ᠤᠨ ᠪᠢᠷ᠎ᠤᠨ ᠰᠢᠯᠭ᠋ᠠᠯᠲᠠ ᠵᠢᠨ ᠬᠠᠷᠢᠭᠣᠯᠣᠭᠰᠠᠨ ᠰᠢᠯᠭ᠋ᠠᠯᠲᠠ ᠵᠢᠨ ᠬᠠᠭᠤᠳᠠᠰᠤ ᠪᠠ ᠶᠠᠷᠢᠶᠠᠨ᠎ᠤ ᠰᠢᠯᠭ᠋ᠠᠯᠲᠠ ᠵᠢᠨ ᠰᠡᠳᠦᠪ ᠬᠠᠷᠢᠭᠣᠯᠬᠤᠨᠢ ᠴᠥᠮ ᠠᠳᠠᠯᠢ ᠨᠢᠭᠡ ᠵᠦᠢ᠍ᠯ᠎ᠤᠨ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠬᠡᠷᠡᠭᠲᠡᠢ᠃ ᠪᠢᠷ᠎ᠤᠨ ᠰᠢᠯᠭ᠋ᠠᠯᠲᠠ ᠵᠢᠨ ᠠᠷᠭ᠎ᠠ ᠮᠠᠶᠢᠭ ᠭᠡᠪᠡᠯ᠄ ᠪᠡᠶᠡᠴᠢ ᠰᠡᠳᠦᠪ᠎ᠢ ᠪᠢᠷ ᠴᠠᠭ᠋ᠠᠨᠰᠣ ᠬᠡᠷᠡᠭᠯᠡᠬᠦ ᠠᠷᠭ᠎ᠠ ᠮᠠᠶᠢᠭ ᠵᠶ᠋ᠠᠷ ᠬᠠᠷᠢᠭᠣᠯᠵᠦ᠂ ᠪᠤᠰᠤᠳᠴᠢ ᠰᠡᠳᠦᠪ᠎ᠢ ᠺᠣᠮᠫᠢᠦ᠋ᠲ᠋ᠧᠷ᠎ᠤᠨ ᠰᠢᠯᠭ᠋ᠠᠯᠲᠠ ᠵᠢᠨ ᠠᠷᠭ᠎ᠠ ᠮᠠᠶᠢᠭ ᠵᠶ᠋ᠠᠷ ᠬᠠᠷᠢᠭᠣᠯᠬᠤ ᠪᠣᠯᠣᠨ᠎ᠠ᠃
(ᠳᠥᠷᠪᠡ) 2026 ᠣᠨ᠎ᠤ 1 ᠳ᠋ᠦ᠍ᠭᠡᠷ ᠰᠠᠷ᠎ᠠ᠎ᠳᠤ ᠰᠢᠯᠭ᠋ᠠᠯᠲᠠ ᠵᠢᠨ ᠬᠢᠷᠢ ᠪᠦᠲᠦᠮᠵᠢ ᠵᠢ ᠨᠡᠶ᠋ᠢᠲᠡᠯᠡᠵᠦ᠂ ᠰᠢᠯᠭ᠋ᠠᠯᠲᠠ ᠵᠢᠨ ᠬᠢᠷᠢ ᠲᠡᠩᠴᠡᠭᠰᠡᠨ ᠪᠠᠷᠢᠮᠵᠢᠶ᠎ᠠ ᠵᠢ ᠨᠡᠶ᠋ᠢᠲᠡᠯᠡᠨ᠎ᠡ᠃ ᠲᠤᠬᠠᠢ ᠵᠢᠨ ᠦᠶ᠎ᠡ᠎ᠳᠤ᠂ ᠰᠢᠯᠭ᠋ᠠᠭᠣᠯᠣᠭᠰᠠᠳ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠠᠯᠪᠠᠨ᠎ᠤ ᠰᠦᠯᠵᠢᠶ᠎ᠡ (www.nrta.gov.cn) ᠵᠢᠨ ᠬᠢᠷᠢ ᠬᠡᠮ᠎ᠤᠨ ᠰᠢᠯᠭ᠋ᠠᠯᠲᠠ ᠵᠢᠨ ᠪᠣᠯᠤᠩ᠎ᠳᠤ ᠪᠠᠢ᠌ᠴᠠᠭ᠋ᠠᠨ ᠯᠠᠪᠯᠠᠵᠦ ᠪᠣᠯᠣᠨ᠎ᠠ᠃
ᠥᠪᠥᠷ ᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠷᠠᠳᠢᠤ᠋ ᠲᠧᠯᠸᠢᠰ᠎ᠤᠨ ᠲᠣᠪᠴᠢᠶ᠎ᠠ ᠵᠢᠨ ᠬᠢᠷᠢ ᠭᠡᠮ᠎ᠤᠨ ᠰᠢᠯᠭ᠋ᠠᠯᠲᠠ ᠵᠢᠨ ᠤᠳᠤᠷᠢᠳᠬᠤ ᠳᠤᠭᠤᠢ᠍ᠯᠠᠩ᠎ᠤᠨ ᠠᠯᠪᠠᠨ ᠭᠡᠷ
2025 ᠣᠨ᠎ᠤ 7 ᠳ᠋ᠤᠭ᠋ᠠᠷ ᠰᠠᠷ᠎ᠠ ᠵᠢᠨ 7᠎ᠤ ᠡᠳᠦᠷ