ᠡᠯ᠎ᠡ ᠠᠢᠮᠠᠭ ᠬᠤᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ᠂ ᠬᠤᠯᠪᠣᠭ᠍ᠳᠠᠯ ᠪᠦᠬᠦᠢ ᠨᠢᠭᠡᠴᠢ᠎ᠳᠤ᠄
ᠦᠵᠡᠵᠦ᠍ ᠰᠣᠨᠣᠰᠭᠤ ᠡᠯᠸᠺᠲᠷᠣᠨ ᠬᠡᠷᠡᠭ᠌ᠯᠡᠭᠡᠨ᠎ᠤ ᠱᠢᠨ᠎ᠡ ᠪᠠᠢᠳᠠᠯ᠎ᠢ ᠤᠯᠠᠮ ᠨᠢᠭᠡ ᠠᠯᠬᠤᠮ ᠪᠤᠢᠵᠢᠭᠤᠯᠵᠤ᠂ ᠦᠵᠡᠵᠦ᠍ ᠰᠣᠨᠣᠰᠭᠤ ᠡᠯᠸᠺᠲᠷᠣᠨ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ᠎ᠶ᠋ᠢᠨ ᠲᠤᠰᠠᠳᠠ ᠡᠳᠦᠭᠡ 《 ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠠᠯᠪᠠᠨ ᠲᠢᠩᠬᠢᠮ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠠᠯᠪᠠᠨ ᠲᠢᠩᠬᠢᠮ ᠤᠯᠤᠰ᠎ᠦᠨ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠠᠯᠪᠠᠨ ᠭᠡᠷ ᠲᠦᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ᠎ᠶᠢᠨ ᠠᠯᠪᠠᠨ ᠲᠢᠩᠬᠢᠮ᠎ᠤᠨ 2025 ᠣᠨ᠎ᠤ ᠦᠵᠡᠵᠦ᠍ ᠰᠣᠨᠣᠰᠭᠤ ᠱᠢᠰᠲ᠋ᠧᠮ᠎ᠤᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠲᠠᠨᠢᠯᠴᠠᠭᠤᠯᠬᠤ ᠲᠤᠬᠠᠶ ᠮᠡᠳᠡᠭ᠌ᠳᠡᠯ 》 ( ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ ᠬᠣᠯᠪᠣᠭ᠎ᠠ ᠴᠠᠬᠢᠯᠭᠠᠨ ᠵᠠᠬᠢᠳᠠᠯ [ 2025 ] 240 ᠳ᠋ᠤᠭᠡᠷ ᠲᠣᠭᠠᠲᠤ᠌᠂ ᠳᠣᠷᠣᠭ᠍ᠰᠢ 《 ᠮᠡᠳᠡᠭ᠌ᠳᠡᠯ 》 ᠭᠡᠵᠦ᠍ ᠲᠣᠪᠴᠢᠯᠠᠨ᠎ᠠ ) ᠢ ᠲᠠᠨᠠᠷ᠎ᠲᠤ ᠤᠯᠠᠮᠵᠢᠯᠠᠨ ᠶᠠᠪᠤᠭᠤᠯᠤᠯ᠎ᠠ᠂《 ᠮᠡᠳᠡᠭ᠌ᠳᠡᠯ 》 ᠤᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠲᠣᠰ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠭᠤᠶᠤᠴᠢᠯᠠᠨ ᠮᠡᠳᠡᠭᠦᠯᠵᠦ᠍ ᠲᠠᠨᠢᠯᠴᠠᠭᠤᠯᠬᠤ ᠠᠵᠢᠯ᠎ᠢ ᠬᠢᠨᠠᠮᠠᠭᠠᠶ ᠰᠠᠢᠲᠤᠷ ᠬᠢᠭᠡᠷᠠᠢ᠃ ᠡᠳᠦᠭᠡ ᠬᠤᠯᠪᠣᠭ᠍ᠳᠠᠯ ᠪᠦᠬᠦᠢ ᠵᠦᠢᠯ᠎ᠢ ᠳᠣᠣᠷᠠᠬᠢ ᠮᠡᠲᠦ ᠮᠡᠳᠡᠭ᠌ᠳᠡᠶ᠎ᠡ᠄
ᠨᠢᠭᠡ᠂ 《 ᠮᠡᠳᠡᠭ᠌ᠳᠡᠯ 》 ᠤᠨ ᠲᠠᠨᠢᠯᠴᠠᠭᠤᠯᠬᠤ ᠬᠠᠨᠳᠣᠰᠢ ᠶ᠋ᠢᠨ ᠱᠠᠭᠠᠷᠳᠠᠯᠭ᠎ᠠ᠎ᠳᠤ ᠨᠡᠢᠴᠡᠭ᠌ᠰᠡᠨ ᠠᠵᠤ ᠠᠬᠤᠢᠯᠠᠯ ᠨᠢ ᠴᠥᠮ ᠭᠤᠶᠤᠴᠢᠯᠠᠨ ᠮᠡᠳᠡᠭᠦᠯᠵᠦ᠍ ᠪᠣᠯᠤᠨ᠎ᠠ᠃
ᠬᠤᠶᠠᠷ᠂ ᠡᠯ᠎ᠡ ᠠᠢᠮᠠᠭ ᠬᠤᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠎ᠨᠢ ᠲᠣᠰ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ᠎ᠲᠠᠢ ᠬᠠᠮᠲᠤᠷᠠᠨ ᠭᠤᠶᠤᠴᠢᠯᠠᠨ ᠮᠡᠳᠡᠭᠦᠯᠬᠦ᠌ ᠨᠢᠭᠡᠴᠢ ᠶ᠋ᠢᠨ ᠦᠨᠳᠦᠰᠦᠨ ᠮᠡᠳᠡᠭᠡ ᠵᠠᠩᠭᠢ᠂ ᠭᠤᠶᠤᠴᠢᠯᠠᠨ ᠮᠡᠳᠡᠭᠦᠯᠬᠦ᠌ ᠬᠢᠷᠢ ᠬᠡᠮ᠂ ᠬᠡᠷᠡᠭ᠎ᠤᠨ ᠵᠢᠱ᠌ᠢᠶ᠎ᠡ᠎ᠶ᠋ᠢᠨ ᠮᠡᠳᠡᠭᠡ ᠵᠠᠩᠭᠢ ᠵᠡᠷᠭᠡ ᠠᠭᠤᠯᠭ᠎ᠠ᠎ᠶ᠋ᠢ ᠨᠠᠷᠢᠨ ᠨᠢᠮᠪᠠᠶ ᠪᠠᠢᠴᠠᠭᠠᠬᠤ ᠪᠠ ᠬᠢᠨᠠᠨ ᠬᠠᠷᠭᠤᠭᠤᠯᠵᠤ᠂ ᠲᠠᠨᠢᠯᠴᠠᠭᠤᠯᠬᠤ᠎ᠪᠠᠷ ᠪᠠᠢᠭ᠎ᠠ ᠬᠡᠷᠡᠭ᠎ᠤᠨ ᠵᠢᠱ᠌ᠢᠶ᠎ᠡ ᠶ᠋ᠢᠨ ᠨᠡᠷᠡᠰ᠎ᠢ ᠲᠣᠭ᠍ᠲᠠᠭᠠᠬᠤ᠎ᠶ᠋ᠢᠨ ᠬᠠᠮᠲᠤ ᠬᠠᠮᠲᠤᠷᠠᠨ ᠲᠠᠮᠠᠭ᠎ᠠ ᠳᠠᠷᠤᠭ᠍ᠰᠠᠨ ᠨᠡᠢᠲᠡᠯᠢᠭ ᠬᠡᠷᠡᠭ᠎ᠤᠨ ᠵᠢᠱ᠌ᠢᠶ᠎ᠡ ᠶ᠋ᠢᠨ ᠲᠠᠨᠢᠯᠴᠠᠭᠣᠯᠭ᠎ᠠ ᠶ᠋ᠢᠨ ᠬᠦᠰᠦᠨᠦᠭ᠌ᠲᠦ ᠶ᠋ᠢ ᠭᠠᠷᠭᠠᠵᠤ᠂ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠨᠢ 《 ᠮᠡᠳᠡᠭ᠌ᠳᠡᠯ 》 ᠳᠠᠬᠢ ᠱᠠᠭᠠᠷᠳᠠᠯᠭ᠎ᠠ᠎ᠳᠤ ᠨᠡᠢᠴᠡᠬᠦ᠌᠎ᠶ᠋ᠢ ᠦᠨᠡᠨ ᠬᠦ᠌ ᠪᠠᠲᠤᠯᠠᠵᠤ᠂ ᠭᠤᠶᠤᠴᠢᠯᠠᠨ ᠮᠡᠳᠡᠭᠦᠯᠬᠦ᠌ ᠪᠠ ᠲᠠᠨᠢᠯᠴᠠᠭᠣᠯᠬᠤ ᠨᠢ ᠬᠦᠴᠦᠨ ᠥᠬᠡᠶ ᠪᠣᠯᠬᠤ᠎ᠠᠴᠠ ᠰᠡᠷᠭᠡᠢᠯᠡᠬᠦ᠌ ᠬᠡᠷᠡᠭ᠌ᠲᠡᠶ᠃
ᠭᠤᠷᠪᠠ᠂ ᠡᠯ᠎ᠡ ᠠᠢᠮᠠᠭ ᠬᠤᠲᠠ᠎ᠶ᠋ᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ ᠨᠢ 2025 ᠣᠨ᠎ᠤ 7 ᠳ᠋ᠤᠭᠠᠷ ᠰᠠᠷ᠎ᠠ᠎ᠶ᠋ᠢᠨ 16 ᠤ ᠡᠳᠦᠷ᠎ᠠᠴᠠ ᠡᠮᠦᠨ᠎ᠡ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢᠨ ᠲᠠᠨᠢᠯᠴᠠᠭᠣᠯᠭ᠎ᠠ ᠶ᠋ᠢᠨ ᠬᠦᠰᠦᠨᠦᠭ᠌ᠲᠦ᠂ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢᠨ ᠮᠡᠳᠡᠭᠦᠯᠦᠯᠲᠡ᠎ᠶ᠋ᠢᠨ ᠪᠢᠴᠢᠭ ( ᠨᠢᠭᠡ ᠬᠡᠯᠪᠡᠷᠢ᠎ᠶ᠋ᠢᠨ ᠳᠥᠷᠪᠡᠨ ᠬᠤᠪᠢ ) ᠢ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠎ᠤᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠡᠯᠸᠺᠲᠷᠣᠨ ᠭᠠᠵᠠᠷ ( ᠬᠠᠶᠢᠭ᠄ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠴᠡᠯᠡᠭᠡᠷ ᠲᠠᠯ᠎ᠠ ᠶᠡᠭᠡ ᠵᠡᠭᠡᠯᠢ᠎ᠶ᠋ᠢᠨ 19 ᠳ᠋ᠦ᠍ᠭᠡᠷ ᠨᠤᠮᠸᠷᠲᠤ ᠦᠪᠡᠷᠲᠡᠭᠡᠨ ᠵᠠᠰᠠᠬᠤ ᠤᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ 1804 ᠦᠷᠦᠭᠡ ) ᠳᠤ ᠨᠢᠭᠡᠳᠦᠯᠲᠡᠶ ᠮᠡᠳᠡᠭᠦᠯᠦᠨ ᠬᠦᠷᠭᠡᠬᠦ᠌ ᠬᠡᠷᠡᠭ᠌ᠲᠡᠢ᠃ ᠡᠭᠦᠨ᠎ᠤ ᠬᠠᠮᠲᠤ ᠡᠯᠸᠺᠲᠷᠣᠨ ᠬᠡᠪᠯᠡᠯ ( ᠮᠡᠳᠡᠭᠦᠯᠦᠯᠲᠡ᠎ᠶ᠋ᠢᠨ ᠪᠢᠴᠢᠭ᠂ ᠲᠠᠨᠢᠯᠴᠠᠭᠣᠯᠭ᠎ᠠ ᠶ᠋ᠢᠨ ᠬᠦᠰᠦᠨᠦᠭ᠌ᠲᠦ᠎ᠶ᠋ᠢᠨ ᠱᠢᠷᠪᠢᠯᠲᠡ᠎ᠶ᠋ᠢᠨ ᠮᠠᠲ᠋ᠧᠷᠢᠶᠠᠯ ᠪᠠ ᠨᠠᠢᠷᠠᠭᠤᠯᠵᠤ ᠪᠣᠯᠬᠤ ᠬᠡᠪᠯᠡᠯ ) ᠢ ᠱᠢᠤᠳᠠᠨ ᠬᠠᠢᠷᠴᠠᠭ nmggxtkjdzc@126.com ᠳᠤ ᠢᠯᠡᠭᠡᠵᠦ᠍ ᠂ ᠬᠤᠭᠤᠴᠠᠭ᠎ᠠ ᠦᠩᠭᠡᠷᠡᠲᠡᠯ᠎ᠡ ᠮᠡᠳᠡᠭᠦᠯᠦᠭ᠌ᠰᠡᠨ ᠦᠭᠡᠢ ᠪᠣᠯ ᠲᠠᠨᠢᠯᠴᠠᠭᠤᠯᠤᠭ᠍ᠰᠠᠨ ᠬᠡᠷᠡᠭ᠎ᠤᠨ ᠵᠢᠱᠢᠶ᠎ᠡ ᠦᠭᠡᠢ᠎ᠪᠠᠷ ᠦᠵᠡᠨ᠎ᠡ᠃
ᠳᠠᠭᠠᠯᠳᠤᠭᠤᠯᠤᠯ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠎ᠤ ᠠᠯᠪᠠᠨ ᠲᠢᠩᠬᠢᠮ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠠᠯᠪᠠᠨ ᠲᠢᠩᠬᠢᠮ ᠤᠯᠤᠰ᠎ᠦᠨ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠲᠣᠪᠴᠢᠶ᠎ᠠ ᠶᠢᠨ ᠠᠯᠪᠠᠨ ᠭᠡᠷ ᠲᠦᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ᠎ᠶᠢᠨ ᠠᠯᠪᠠᠨ ᠲᠢᠩᠬᠢᠮ᠎ᠤᠨ 2025 ᠣᠨ᠎ᠤ ᠦᠵᠡᠵᠦ᠍ ᠰᠣᠨᠣᠰᠭᠤ ᠱᠢᠰᠲ᠋ᠧᠮ᠎ᠤᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠲᠠᠨᠢᠯᠴᠠᠭᠤᠯᠬᠤ ᠲᠤᠬᠠᠶ ᠮᠡᠳᠡᠭ᠌ᠳᠡᠯ
ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶ᠋ᠢᠨ ᠲᠢᠩᠬᠢᠮ᠎ᠤᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠡᠯᠸᠺᠲᠷᠣᠨ ᠭᠠᠵᠠᠷ᠄ ᠽᠦᠩ ᠢᠦᠶ ᠵᠢᠶᠧ 0471 - 5259836
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠠᠵᠤ ᠦᠢᠯᠡᠰ᠎ᠤᠨ ᠬᠥᠭ᠌ᠵᠢᠯᠲᠡ᠎ᠶᠢᠨ ᠭᠠᠵᠠᠷ᠄ ᠯᠢ ᠱᠢᠶᠠ 0471 - 6355927
ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠭᠠᠵᠠᠷ᠄ ᠶᠠᠩ ᠵᠣᠣ ᠬᠤᠶ 0471 - 4590234
ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠶ᠋ᠢᠨ ᠦᠮᠴᠢᠯᠡᠯ᠎ᠦᠨ ᠡᠷᠬᠡ ᠶ᠋ᠢᠨ ᠲᠣᠪᠴᠢᠶ᠎ᠠ ᠶ᠋ᠢᠨ ᠮᠡᠳᠡᠯᠭᠡ ᠶ᠋ᠢᠨ ᠦᠮᠴᠢᠯᠡᠯ᠎ᠦᠨ ᠡᠷᠬᠡ ᠶ᠋ᠢᠨ ᠬᠡᠷᠡᠭ᠌ᠯᠡᠯᠲᠡ ᠶ᠋ᠢ ᠠᠬᠢᠭᠤᠯᠬᠤ ᠭᠠᠵᠠᠷ᠄ ᠱ᠌ᠢ ᠱᠢᠶᠣᠣ ᠮᠧᠶ 0471 - 6628927
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠮᠡᠳᠡᠯᠭᠡ᠎ᠶᠢᠨ ᠦᠮᠴᠢᠯᠡᠯ᠎ᠤᠨ ᠡᠷᠬᠡ᠎ᠶᠢᠨ ᠲᠤᠪᠴᠢᠶ᠎ᠠ
2025 ᠣᠨ᠎ᠤ 7 ᠳ᠋ᠤᠭᠠᠷ ᠰᠠᠷ᠎ᠠ᠎ᠶᠢᠨ 16 ᠤ ᠡᠳᠦᠷ