2024 ᠣᠨ᠎ᠤ ᠷᠠᠳᠢᠣ᠋ ᠲᠧᠯᠸᠢᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ᠎ᠶ᠋ᠢ ᠲᠡᠳᠬᠦᠨ ᠳᠡᠮᠵᠢᠬᠦ᠌ ᠲᠥᠷᠥᠯ ᠵᠦᠢᠯ᠎ᠢ ᠬᠢᠨᠠᠨ ᠲᠣᠭ᠍ᠲᠠᠭᠠᠭ᠍ᠰᠠᠨ ᠦᠷ᠎ᠡ ᠳ᠋ᠦᠩ᠎ᠢ ᠨᠡᠢᠲᠡᠯᠡᠬᠦ᠌ ᠲᠤᠬᠠᠶ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠠᠯᠪᠠᠨ ᠲᠢᠩᠬᠢᠮ᠎ᠤᠨ ᠮᠡᠳᠡᠭ᠌ᠳᠡᠯ
2025-07-25

ᠣᠢᠷ᠎ᠠ᠎ᠳᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ 《 2024 ᠣᠨ᠎ᠤ ᠷᠠᠳᠢᠣ᠋ ᠲᠧᠯᠸᠢᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ᠎ᠶ᠋ᠢ ᠲᠡᠳᠬᠦᠨ ᠳᠡᠮᠵᠢᠬᠦ᠌ ᠲᠥᠷᠥᠯ ᠵᠦᠢᠯ᠎ᠢ ᠬᠢᠨᠠᠨ ᠲᠣᠭ᠍ᠲᠠᠭᠠᠭ᠍ᠰᠠᠨ ᠦᠷ᠎ᠡ ᠳ᠋ᠦᠩ᠎ᠢ ᠨᠡᠢᠲᠡᠯᠡᠬᠦ᠌ ᠲᠤᠬᠠᠶ ᠮᠡᠳᠡᠭ᠌ᠳᠡᠯ 》 ᠎ᠢ ᠨᠡᠢᠲᠡᠯᠡᠪᠡ᠃ ᠮᠡᠳᠡᠭ᠌ᠳᠡᠯ᠎ᠳᠤ ᠂ ᠷᠠᠳᠢᠣ᠋ ᠲᠧᠯᠸᠢᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ ᠦᠢᠯᠡᠳᠴᠦ᠍ ᠨᠡᠪᠲᠡᠷᠡᠭᠦᠯᠬᠦ᠌᠎ᠶ᠋ᠢ ᠬᠥᠲᠥᠯᠥᠨ ᠵᠢᠯᠣᠭᠤᠳᠭᠤ ᠪᠠ ᠵᠤᠷᠢᠭ᠍ᠵᠢᠭᠣᠯᠵᠤ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠬᠦᠯᠬᠦ᠌᠎ᠶ᠋ᠢᠨ ᠲᠦᠯᠦᠭᠡ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠡᠨᠡ ᠵᠢᠯ ᠷᠠᠳᠢᠣ᠋ ᠲᠧᠯᠸᠢᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ᠎ᠶ᠋ᠢ ᠳᠡᠳᠬᠦᠨ ᠳᠡᠮᠵᠢᠬᠦ᠌ ᠲᠥᠷᠥᠯ ᠵᠦᠢᠯ᠎ᠢ ᠬᠢᠨᠠᠨ ᠲᠣᠭ᠍ᠲᠠᠭᠠᠬᠤ ᠠᠵᠢᠯ᠎ᠢ ᠦᠷᠭᠦᠯᠵᠢᠯᠡᠨ ᠦᠷᠨᠢᠭᠦᠯᠦᠨ᠎ᠡ ᠭᠡᠵᠦ᠍ ᠵᠢᠭᠠᠨ ᠭᠠᠷᠭᠠᠪᠠ᠃ ᠮᠤᠵᠢ᠎ᠶ᠋ᠢᠨ ᠱᠠᠲᠤᠨ᠎ᠤ ᠷᠠᠳᠢᠣ᠋ ᠲᠧᠯᠸᠢᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠲᠥᠪ᠎ᠤᠨ ᠬᠤᠯᠪᠣᠭ᠍ᠳᠠᠯ ᠪᠥᠬᠦᠶ ᠨᠢᠭᠡᠴᠢ ᠎ᠶ᠋ᠢᠨ ᠲᠠᠨᠢᠯᠴᠠᠭᠣᠯᠭ᠎ᠠ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠬᠢᠨᠠᠨ ᠲᠣᠭ᠍ᠲᠠᠭᠠᠬᠤ ᠺᠣᠮᠢᠰ ᠬᠢᠨᠠᠨ ᠬᠠᠷᠭᠤᠭᠤᠯᠬᠤ᠎ᠶ᠋ᠢᠨ ᠬᠠᠮᠲᠤ ᠵᠠᠷᠯᠠᠨ ᠨᠡᠢᠲᠡᠯᠡᠬᠦ᠌ ᠪᠡᠷ ᠳᠠᠮᠵᠢᠨ᠂ ᠡᠴᠦᠰ᠎ᠲᠤ᠎ᠪᠠᠨ 2024 ᠣᠨ᠎ᠤ ᠷᠠᠳᠢᠣ᠋ ᠲᠧᠯᠸᠢᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ᠎ᠶ᠋ᠢᠨ ᠡᠯ᠎ᠡ ᠲᠥᠷᠥᠯ᠎ᠤᠨ ᠲᠡᠳᠬᠦᠨ ᠳᠡᠮᠵᠢᠬᠦ᠌ ᠲᠥᠷᠥᠯ ᠵᠦᠢᠯ᠎ᠢ ᠲᠣᠭ᠍ᠲᠠᠭᠠᠪᠠ᠃

ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠲᠡᠳᠬᠦᠮᠵᠢ ᠬᠦᠷᠲᠡᠭ᠌ᠰᠡᠨ ᠷᠠᠳᠢᠣ᠋ ᠨᠡᠪᠲᠡᠷᠡᠭᠦᠯᠭᠡ᠎ᠶ᠋ᠢᠨ ᠪᠦᠲᠦᠭᠡᠯ᠂ ᠲᠧᠯᠸᠢᠰ᠎ᠤᠨ ᠪᠦᠲᠦᠭᠡᠯ ᠪᠠ ᠳᠠᠮᠵᠢᠭᠤᠯᠭ᠎ᠠ᠎ᠶ᠋ᠢᠨ ᠪᠠᠢᠭᠤᠯᠤᠮᠵᠢ᠂ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠮᠵᠢ᠎ᠳᠤ ᠦᠨᠡᠮᠯᠡᠯ ᠣᠯᠭᠤᠬᠤ᠎ᠶ᠋ᠢᠨ ᠬᠠᠮᠲᠤ ᠷᠠᠳᠢᠣ᠋ ᠨᠡᠪᠲᠡᠷᠡᠭᠦᠯᠭᠡ᠎ᠶ᠋ᠢᠨ ᠪᠦᠲᠦᠭᠡᠯ ᠪᠠ ᠲᠧᠯᠸᠢᠰ᠎ᠤᠨ ᠪᠦᠲᠦᠭᠡᠯ᠎ᠢ ᠦᠢᠯᠡᠳᠬᠦ᠌ ᠪᠠᠢᠭᠤᠯᠤᠮᠵᠢ᠎ᠳᠤ ᠲᠡᠳᠬᠦᠮᠵᠢ᠎ᠶ᠋ᠢᠨ ᠪᠡᠯᠡ ᠮᠥᠩᠭᠦ᠌ ᠣᠯᠭᠤᠨ᠎ᠠ᠃

ᠷᠠᠳᠢᠣ᠋ ᠨᠡᠪᠲᠡᠷᠡᠭᠦᠯᠭᠡ᠎ᠶ᠋ᠢᠨ ᠪᠦᠲᠦᠭᠡᠯ ᠪᠠ ᠲᠧᠯᠸᠢᠰ᠎ᠤᠨ ᠪᠦᠲᠦᠭᠡᠯ᠎ᠢ ᠲᠡᠳᠬᠦᠨ ᠳᠡᠮᠵᠢᠬᠦ᠌ ᠪᠡᠯᠡ ᠮᠥᠩᠭᠦ᠎ᠶ᠋ᠢᠨ ᠪᠠᠷᠢᠮᠵᠢᠶ᠎ᠠ᠎ᠨᠢ ᠳᠣᠤᠷᠠᠬᠢ ᠮᠡᠲᠦ᠍᠄

( ᠨᠢᠭᠡ ) ᠷᠠᠳᠢᠣ᠋ ᠨᠡᠪᠲᠡᠷᠡᠭᠦᠯᠭᠡ᠎ᠶ᠋ᠢᠨ ᠪᠦᠲᠦᠭᠡᠯ᠃ ᠨᠢᠭᠡᠳᠦᠭᠡᠷ ᠲᠥᠷᠥᠯ᠎ᠤᠨ ᠪᠦᠲᠦᠭᠡᠯ ᠨᠢᠭᠡᠪᠦᠷᠢ ᠶ᠋ᠢ ᠲᠡᠳᠬᠦᠬᠦ᠌ ᠪᠡᠯᠡ ᠮᠥᠩᠭᠦ᠌ 10 ᠲᠦᠮᠡᠨ ᠲᠥᠭᠦᠷᠢᠭ᠂ ᠬᠤᠶᠠᠳᠤᠭᠠᠷ ᠲᠥᠷᠥᠯ᠎ᠤᠨ ᠪᠦᠲᠦᠭᠡᠯ ᠨᠢᠭᠡᠪᠦᠷᠢ᠎ᠶ᠋ᠢ ᠲᠡᠳᠬᠦᠬᠦ᠌ ᠪᠡᠯᠡ ᠮᠥᠩᠭᠦ᠌ 6 ᠲᠦᠮᠡᠨ ᠲᠥᠭᠦᠷᠢᠭ᠂ ᠭᠤᠷᠪᠠᠳᠤᠭᠠᠷ ᠲᠥᠷᠥᠯ᠎ᠤᠨ ᠪᠦᠲᠦᠭᠡᠯ ᠨᠢᠭᠡᠪᠦᠷᠢ᠎ᠶ᠋ᠢ ᠲᠡᠳᠬᠦᠬᠦ᠌ ᠪᠡᠯᠡ ᠮᠥᠩᠭᠦ᠌ 2 ᠲᠦᠮᠡᠨ ᠲᠥᠭᠦᠷᠢᠭ ᠪᠣᠯᠤᠨ᠎ᠠ᠃

( ᠬᠤᠶᠠᠷ ) ᠲᠧᠯᠸᠢᠰ᠎ᠤᠨ ᠪᠦᠲᠦᠭᠡᠯ᠃ ᠨᠢᠭᠡᠳᠦᠭᠡᠷ ᠲᠥᠷᠥᠯ᠎ᠤᠨ ᠪᠦᠲᠦᠭᠡᠯ ᠨᠢᠭᠡᠪᠦᠷᠢ ᠶ᠋ᠢ ᠲᠡᠳᠬᠦᠬᠦ᠌ ᠪᠡᠯᠡ ᠮᠥᠩᠭᠦ᠌ 25 ᠲᠦᠮᠡᠨ ᠲᠥᠭᠦᠷᠢᠭ᠂ ᠬᠤᠶᠠᠳᠤᠭᠠᠷ ᠲᠥᠷᠥᠯ᠎ᠤᠨ ᠪᠦᠲᠦᠭᠡᠯ ᠨᠢᠭᠡᠪᠦᠷᠢ᠎ᠶ᠋ᠢ ᠲᠡᠳᠬᠦᠬᠦ᠌ ᠪᠡᠯᠡ ᠮᠥᠩᠭᠦ᠌ 15 ᠲᠦᠮᠡᠨ ᠲᠥᠭᠦᠷᠢᠭ᠂ ᠭᠤᠷᠪᠠᠳᠤᠭᠠᠷ ᠲᠥᠷᠥᠯ᠎ᠤᠨ ᠪᠦᠲᠦᠭᠡᠯ ᠨᠢᠭᠡᠪᠦᠷᠢ᠎ᠶ᠋ᠢ ᠲᠡᠳᠬᠦᠬᠦ᠌ ᠪᠡᠯᠡ ᠮᠥᠩᠭᠦ᠌ 8 ᠲᠦᠮᠡᠨ ᠲᠥᠭᠦᠷᠢᠭ ᠪᠣᠯᠤᠨ᠎ᠠ᠃

ᠲᠡᠳᠬᠦᠨ ᠳᠡᠮᠵᠢᠬᠦ᠌ ᠪᠡᠯᠡ ᠮᠥᠩᠭᠦ᠎ᠶ᠋ᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠮᠤᠵᠢ᠎ᠶ᠋ᠢᠨ ᠱᠠᠲᠤᠨ᠎ᠤ ᠷᠠᠳᠢᠣ᠋ ᠲᠧᠯᠸᠢᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠥᠪ᠎ᠤᠨ ᠬᠤᠯᠪᠣᠭ᠍ᠳᠠᠯ ᠪᠦᠬᠦᠢ ᠨᠢᠭᠡᠴᠢ᠎ᠳᠤ ᠰᠠᠯᠭᠠᠨ ᠥᠭ᠌ᠴᠦ᠂ ᠮᠤᠵᠢ᠎ᠶ᠋ᠢᠨ ᠱᠠᠲᠤᠨ᠎ᠤ ᠷᠠᠳᠢᠣ᠋ ᠲᠧᠯᠸᠢᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠥᠪ᠎ᠤᠨ ᠬᠤᠯᠪᠣᠭ᠍ᠳᠠᠯ ᠪᠦᠬᠦᠢ ᠨᠢᠭᠡᠴᠢ᠎ᠡᠴᠡ ᠪᠡᠯᠡ ᠮᠥᠩᠭᠦ ᠎ᠶ᠋ᠢ ᠲᠡᠳᠬᠦᠮᠵᠢ ᠬᠦᠷᠲᠡᠭ᠌ᠰᠡᠨ ᠨᠢᠭᠡᠴᠢ ᠵᠢᠴᠢ ᠬᠤᠪᠢ ᠬᠥᠮᠦᠨ᠎ᠳᠤ ᠬᠤᠪᠢᠶᠠᠨ ᠲᠠᠷᠬᠠᠭᠠᠬᠤ᠎ᠶ᠋ᠢ ᠬᠠᠷᠢᠭᠤᠴᠠᠨ᠎ᠠ᠃ ᠲᠡᠳᠬᠦᠨ ᠳᠡᠮᠵᠢᠬᠦ᠌ ᠪᠡᠯᠡ ᠮᠥᠩᠭᠦ᠎ᠶ᠋ᠢ ᠡᠷᠬᠡᠪᠰᠢ ᠬᠤᠯᠪᠣᠭ᠍ᠳᠠᠯ ᠪᠦᠬᠦᠢ ᠲᠣᠭ᠍ᠲᠠᠭᠠᠯ᠎ᠢ ᠴᠢᠩᠭ᠎ᠠ ᠵᠢᠷᠤᠮᠯᠠᠨ ᠲᠤᠰᠭᠠᠶ ᠵᠣᠭᠤᠰ᠎ᠢ ᠲᠤᠰᠭᠠᠶ ᠵᠦᠢᠯ᠎ᠳᠤ ᠨᠢ ᠬᠡᠷᠡᠭ᠌ᠯᠡᠵᠦ᠍᠂ ᠲᠡᠳᠬᠦᠮᠵᠢ ᠬᠦᠷᠲᠡᠭ᠌ᠰᠡᠨ ᠨᠢᠭᠡᠴᠢ᠎ᠨᠢ ᠲᠡᠳᠬᠦᠨ ᠳᠡᠮᠵᠢᠬᠦ᠌ ᠪᠡᠯᠡ ᠮᠥᠩᠭᠦ᠎ᠶ᠋ᠢ ᠷᠠᠳᠢᠣ᠋ ᠲᠧᠯᠸᠢᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ᠎ᠶ᠋ᠢ ᠣᠬᠠᠭᠠᠯᠠᠨ ᠰᠡᠳᠦᠬᠦ᠂ ᠦᠢᠯᠡᠳᠬᠦ᠌ ᠪᠠ ᠨᠡᠪᠲᠡᠷᠡᠭᠦᠯᠬᠦ᠌ ᠵᠡᠷᠭᠡ ᠬᠠᠮᠢᠶ᠎ᠠ ᠪᠦᠬᠦᠢ ᠠᠵᠢᠯ᠎ᠳᠤ ᠬᠡᠷᠡᠭ᠌ᠯᠡᠬᠦ᠌ ᠬᠡᠷᠡᠭ᠌ᠲᠡᠶ᠃

ᠳᠠᠭᠠᠯᠳᠤᠭᠤᠯᠤᠯ᠄

1. 2024 ᠣᠨ᠎ᠤ ᠷᠠᠳᠢᠣ᠋ ᠲᠧᠯᠸᠢᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠲᠡᠳᠬᠦᠨ ᠳᠡᠮᠵᠢᠬᠦ᠌ ᠲᠥᠷᠥᠯ ᠵᠦᠢᠯ᠎ᠤᠨ ᠨᠡᠷᠡᠰ ( ᠷᠠᠳᠢᠣ᠋ ᠨᠡᠪᠲᠡᠷᠡᠭᠦᠯᠭᠡ᠎ᠶ᠋ᠢᠨ ᠪᠦᠲᠦᠭᠡᠯ᠎ᠤᠨ ᠲᠥᠷᠥᠯ ). pdf

2. 2024 ᠣᠨ᠎ᠤ ᠷᠠᠳᠢᠣ᠋ ᠲᠧᠯᠸᠢᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠲᠡᠳᠬᠦᠨ ᠳᠡᠮᠵᠢᠬᠦ᠌ ᠲᠥᠷᠥᠯ ᠵᠦᠢᠯ᠎ᠤᠨ ᠨᠡᠷᠡᠰ ( ᠲᠧᠯᠸᠢᠰ᠎ᠤᠨ ᠪᠦᠲᠦᠭᠡᠯ᠎ᠤᠨ ᠲᠥᠷᠥᠯ ).pdf

3. 2024 ᠣᠨ᠎ᠤ ᠷᠠᠳᠢᠣ᠋ ᠲᠧᠯᠸᠢᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠲᠡᠳᠬᠦᠨ ᠳᠡᠮᠵᠢᠬᠦ᠌ ᠲᠥᠷᠥᠯ ᠵᠦᠢᠯ᠎ᠤᠨ ᠨᠡᠷᠡᠰ ( ᠳᠠᠮᠵᠢᠭᠤᠯᠭ᠎ᠠ᠎ᠶ᠋ᠢᠨ ᠪᠠᠢᠭᠤᠯᠤᠮᠵᠢ᠎ᠶ᠋ᠢᠨ ᠲᠥᠷᠥᠯ ).pdf

4. 2024 ᠣᠨ᠎ᠤ ᠷᠠᠳᠢᠣ᠋ ᠲᠧᠯᠸᠢᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠲᠡᠳᠬᠦᠨ ᠳᠡᠮᠵᠢᠬᠦ᠌ ᠲᠥᠷᠥᠯ ᠵᠦᠢᠯ᠎ᠤᠨ ᠨᠡᠷᠡᠰ ( ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠮᠵᠢ᠎ᠶ᠋ᠢᠨ ᠲᠥᠷᠥᠯ ).pdf

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠠᠯᠪᠠᠨ ᠰᠦᠯᠵᠢᠶ᠎ᠡ