ᠡᠯ᠎ᠡ ᠠᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠬᠠᠤᠯᠢ ᠴᠠᠭᠠᠵᠠ᠎ᠶ᠋ᠢᠨ ᠲᠣᠪᠴᠢᠶ᠎ᠠ᠂ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠠᠷᠠᠳ᠎ᠤᠨ ᠱᠢᠭᠦᠬᠦ᠌ ᠬᠤᠷᠢᠶ᠎ᠠ᠂ ᠠᠷᠠᠳ᠎ᠤᠨ ᠪᠠᠢᠴᠠᠭᠠᠬᠤ ᠬᠤᠷᠢᠶ᠎ᠠ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠨᠡᠢᠭᠡᠮᠯᠢᠭ᠂ ᠤᠳᠭ᠎ᠠ ᠤᠷᠠᠯᠢᠭ᠎ᠤᠨ᠎ᠬᠢᠨ᠎ᠤ ᠬᠤᠯᠪᠣᠭᠠᠲᠤ ᠬᠤᠷᠠᠯ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ᠎ᠤᠨ ᠺᠢᠨᠣ᠋᠎ᠶ᠋ᠢᠨ ᠪᠦᠯᠦᠭ᠌ᠯᠡᠯ᠂ ᠡᠯ᠎ᠡ ᠬᠠᠮᠢᠶ᠎ᠠ ᠪᠥᠬᠦᠶ ᠳᠡᠭᠡᠳᠦ ᠰᠤᠷᠭᠠᠭᠤᠯᠢ (ᠬᠦᠷᠢᠶᠡᠯᠡᠩ ᠰᠠᠯᠪᠤᠷᠢ)᠂ ᠥᠪᠥᠷ ᠮᠣᠩᠭᠤᠯ᠎ᠤᠨ ᠰᠦᠯᠵᠢᠶᠡᠨ᠎ᠤ ᠦᠵᠡᠵᠦ᠍ ᠰᠣᠨᠣᠰᠭᠤ ᠨᠡᠢᠭᠡᠮᠯᠢᠭ᠄
ᠪᠥᠬᠦ᠌ ᠨᠡᠢᠭᠡᠮ᠎ᠢᠶᠠᠷ᠎ᠢᠶᠠᠨ ᠰᠦᠯᠵᠢᠶᠡᠨ᠎ᠤ ᠦᠵᠡᠵᠦ᠍ ᠰᠣᠨᠣᠰᠭᠤ ᠤᠳᠭ᠎ᠠ ᠤᠷᠠᠯᠢᠭ᠎ᠤᠨ ᠱᠢᠨ᠎ᠡ᠎ᠶ᠋ᠢ ᠡᠭᠦᠳᠬᠦ᠌᠎ᠳᠤ ᠭᠦᠨᠵᠡᠭᠡᠶ ᠣᠷᠣᠯᠴᠠᠬᠤ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠵᠦ᠍᠂ ᠪᠢᠴᠢᠯ ᠣᠬᠤᠷ ᠵᠦᠴᠦᠭᠡ ᠮᠠᠨ᠎ᠤ ᠣᠷᠣᠨ᠎ᠤ ᠮᠢᠩᠭᠠᠨ ᠪᠠᠩᠬᠢ ᠵᠠᠭᠤᠨ ᠦᠢᠯᠡᠰ᠎ᠤᠨ ᠤᠶᠠᠯᠳᠤᠯ᠎ᠢ ᠠᠬᠢᠭᠤᠯᠤᠨ᠂ ᠠᠷᠠᠳ ᠣᠯᠠᠨ᠎ᠤ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠮᠠᠨ᠎ᠤ ᠣᠷᠣᠨ᠎ᠤ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠬᠦ᠌᠎ᠶ᠋ᠢᠨ ᠲᠤᠰᠠᠳᠠ᠂ 《 〈ᠪᠢᠴᠢᠯ ᠣᠬᠤᠷ ᠵᠦᠴᠦᠭᠡ〉 ᠠᠵᠢᠯᠯᠠᠭ᠎ᠠ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠬᠦ᠌ ᠮᠢᠩᠭᠠᠨ ᠭᠠᠵᠠᠷ ᠣᠯᠠᠨ ᠦᠢᠯᠡᠰ᠎ᠲᠤ ᠬᠦᠴᠦᠨ ᠨᠡᠮᠡᠷᠢᠯᠡᠬᠦ᠌ ᠲᠤᠬᠠᠶ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠮᠡᠳᠡᠭ᠌ᠳᠡᠯ》 (ᠷᠠᠳᠢᠣ᠋ ᠲᠧᠯᠸᠢᠰ ᠠᠯᠪᠠᠨ ᠲᠠᠷᠬᠠᠭᠠᠭ᠍ᠰᠠᠨ [2020] 1 ᠳ᠋ᠤᠭᠡᠷ ᠲᠣᠭᠠᠲᠤ)᠎ᠤᠨ ᠪᠠᠢᠷᠢᠯᠠᠭᠤᠯᠤᠯᠲᠠ ᠶᠣᠰᠣᠭᠠᠷ᠂ ᠡᠳᠦᠭᠡ 《ᠤᠮᠠᠷᠠᠲᠤ ᠬᠢᠯᠢ᠎ᠶ᠋ᠢ ᠦᠵᠡᠬᠦ᠌ ·ᠪᠢᠴᠢᠯ ᠣᠬᠤᠷ ᠵᠦᠴᠦᠭᠡ+ 》᠎ᠶ᠋ᠢ ᠵᠣᠬᠢᠶᠠᠨ ᠪᠦᠲᠦᠭᠡᠬᠦ᠌ ᠲᠥᠯᠥᠪᠯᠡᠭᠡ᠎ᠶ᠋ᠢ ᠳᠣᠤᠷᠠᠬᠢ ᠮᠡᠲᠦ ᠮᠡᠳᠡᠭ᠌ᠳᠡᠪᠡ᠃
ᠨᠢᠭᠡ᠂ ᠭᠤᠣᠯ ᠠᠭᠤᠯᠭ᠎ᠠ ᠵᠢᠴᠢ ᠬᠠᠷᠠᠯᠲᠠ
《ᠪᠢᠴᠢᠯ ᠣᠬᠤᠷ ᠵᠦᠴᠦᠭᠡ》 ᠭᠡᠳᠡᠭ᠎ᠨᠢ ᠪᠢᠴᠢᠯ ᠣᠬᠤᠷ ᠵᠦᠴᠦᠭᠡ᠎ᠶ᠋ᠢᠨ ᠣᠯᠠᠨ ᠲᠦᠮᠡᠨ᠎ᠲᠠᠢ ᠣᠢᠷᠠᠲᠤᠭ᠍ᠰᠠᠨ᠂ ᠲᠣᠤᠷ ᠰᠦᠯᠵᠢᠶ᠎ᠡ᠎ᠶ᠋ᠢ ᠣᠢᠯᠠᠭᠠᠬᠤ᠂ ᠠᠮᠢᠳᠤᠷᠠᠯ᠎ᠳᠤ ᠣᠢᠷᠠᠲᠤᠭ᠍ᠰᠠᠨ ᠳᠠᠮᠵᠢᠭᠤᠯᠭ᠎ᠠ᠎ᠶ᠋ᠢᠨ ᠳᠠᠪᠠᠭᠤᠯᠢᠭ᠎ᠢ ᠪᠠᠳᠠᠷᠠᠭᠤᠯᠵᠤ᠂ ᠪᠢᠴᠢᠯ ᠣᠬᠤᠷ ᠵᠦᠴᠦᠭᠡ᠎ᠶ᠋ᠢ ᠪᠤᠰᠤᠳ ᠬᠦᠷᠢᠶ᠎ᠡ ᠪᠤᠶᠤ ᠠᠵᠢᠯ ᠲᠥᠷᠥᠯ᠎ᠲᠠᠢ ᠤᠶᠠᠯᠳᠤᠭᠤᠯᠵᠤ᠂ ᠱᠢᠨ᠎ᠡ ᠬᠡᠷᠡᠭ᠌ᠯᠡᠭᠡᠨ᠎ᠤ ᠦᠵᠡᠭ᠌ᠳᠡᠯ᠂ ᠬᠤᠳᠠᠯᠳᠤᠭᠠᠨ᠎ᠤ ᠵᠠᠭ᠍ᠪᠤᠷ᠂ ᠠᠵᠤ ᠠᠬᠤᠢ᠎ᠶ᠋ᠢᠨ ᠡᠵᠡᠩᠨᠡᠯᠲᠡ᠎ᠶ᠋ᠢᠨ ᠬᠡᠯᠪᠡᠷᠢ ᠪᠠᠢᠳᠠᠯ᠎ᠢ ᠪᠣᠶ ᠪᠣᠯᠭᠠᠵᠤ᠂ ᠪᠢᠴᠢᠯ ᠣᠬᠤᠷ ᠵᠦᠴᠦᠭᠡ᠎ᠶ᠋ᠢᠨ ᠠᠭᠤᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠳᠡᠰ ᠳᠡᠪᠱᠢᠭᠦᠯᠬᠦ᠌᠎ᠶ᠋ᠢ ᠳᠠᠢᠴᠢᠯᠠᠬᠤ᠎ᠶ᠋ᠢᠨ ᠬᠠᠮᠲᠤ ᠣᠯᠠᠨ ᠠᠵᠢᠯ ᠦᠢᠯᠡᠰ᠎ᠲᠤ ᠡᠨᠧᠷᠭᠢ ᠣᠯᠭᠤᠬᠤ᠎ᠶ᠋ᠢ ᠵᠢᠭᠠᠵᠤ ᠪᠠᠢᠨ᠎ᠠ᠃ 《ᠤᠮᠠᠷᠠᠳᠤ ᠬᠢᠯᠢ᠎ᠶ᠋ᠢ ᠦᠵᠡᠬᠦ᠌ ᠂ ᠪᠢᠴᠢᠯ ᠤᠬᠤᠷ ᠵᠦᠴᠦᠬᠡ》 ᠶ᠋ᠢᠨ ᠵᠤᠬᠢᠶᠠᠨ ᠪᠦᠳᠦᠬᠡᠬᠦ᠌ ᠲᠦᠯᠦᠪᠯᠡᠭᠡ᠎ᠶ᠋ᠢ ᠦᠷᠨᠢᠬᠦᠯᠵᠤ᠂ 《 ᠪᠢᠴᠢᠯ ᠣᠬᠤᠷ ᠵᠦᠴᠦᠬᠡ᠎ᠶ᠋ᠢ ᠲᠠᠭᠠᠵᠤ ᠤᠮᠠᠷᠠᠳᠤ ᠬᠢᠯᠢ᠎ᠶ᠋ᠢ ᠵᠢᠭᠤᠯᠴᠢᠯᠠᠨ ᠰᠤᠷᠤᠯᠴᠠᠬᠤ》᠂ 《ᠪᠢᠴᠢᠯ ᠣᠬᠤᠷ ᠵᠦᠴᠦᠭᠡ᠎ᠶ᠋ᠢ ᠳᠠᠭᠠᠵᠦ᠍ ᠬᠠᠤᠯᠢ ᠰᠤᠷᠬᠤ》 ᠂ 《ᠪᠢᠴᠢᠯ ᠤᠬᠤᠷ ᠵᠦᠴᠦᠬᠡ᠎ᠶ᠋ᠢ ᠳᠠᠭᠠᠵᠤ ᠱᠢᠨᠵᠢᠯᠡᠬᠦ᠌ ᠤᠬᠠᠭᠠᠨ᠎ᠢ ᠲᠦᠬᠡᠮᠡᠯᠵᠢᠬᠦᠯᠬᠦ᠌》᠂ 《ᠪᠢᠴᠢᠯ ᠤᠬᠤᠷ ᠵᠦᠴᠦᠬᠡ ᠶ᠋ᠢ ᠳᠠᠭᠠᠵᠦ᠍ ᠰᠤᠩᠭᠤᠳᠠᠭ ᠵᠤᠬᠢᠶᠠᠯ ᠢ ᠰᠤᠷᠬᠤ》 《 ᠪᠢᠴᠢᠯ ᠣᠬᠤᠷ ᠵᠦᠴᠦᠭᠡ ᠪᠡᠷ ᠨᠡᠷᠡᠳᠤ ᠲᠡᠮᠳᠡᠭ᠎ᠢ ᠰᠤᠨᠢᠷᠬᠠᠬᠤ》᠂ 《ᠪᠢᠴᠢᠯ ᠤᠬᠤᠷ ᠵᠦᠴᠦᠬᠡ᠎ᠠᠴᠠ ᠪᠤᠳᠠᠰ᠎ᠤᠨ ᠪᠤᠰᠤ ᠰᠤᠶᠤᠯ᠎ᠤᠨ ᠦᠪ᠎ᠢ ᠦᠵᠡᠬᠦ᠌》 ᠵᠡᠷᠬᠡ 6 ᠵᠦᠢᠯ᠎ᠤᠨ ᠵᠤᠬᠢᠶᠠᠨ ᠪᠦᠳᠦᠬᠡᠬᠦ᠌ ᠲᠦᠯᠦᠪᠯᠡᠭᠡ᠎ᠶ᠋ᠢ ᠬᠡᠷᠡᠭ᠌ᠵᠢᠬᠦᠯᠵᠤ᠂ ᠪᠢᠴᠢᠯ ᠤᠬᠤᠷ ᠵᠦᠴᠦᠬᠡ᠎ᠶ᠋ᠢᠨ ᠵᠤᠬᠢᠶᠠᠨ ᠪᠦᠳᠦᠬᠡᠬᠦ᠌ ᠲᠦᠯᠦᠪᠯᠡᠭᠡ᠎ᠶ᠋ᠢᠨ ᠭᠤᠤᠯᠳᠠᠯᠭ᠎ᠠ᠎ᠲᠠᠢ ᠵᠤᠬᠢᠶᠠᠨ ᠪᠦᠳᠦᠬᠡᠬᠦ᠌ ᠰᠡᠳᠦᠪ ᠰᠤᠩᠭᠤᠭ᠍ᠰᠠᠨ ᠪᠠ ᠵᠤᠬᠢᠶᠠᠨ ᠪᠦᠳᠦᠬᠡᠬᠦ᠌ ᠨᠢᠬᠡᠴᠢ᠎ᠶ᠋ᠢᠨ ᠲᠠᠨᠢᠯᠴᠠᠭᠤᠯᠬᠤ ᠨᠡᠷᠡᠰ᠎ᠤᠨ ᠵᠢᠭ᠍ᠰᠠᠭᠠᠯᠳᠠᠶ᠋ᠢ ᠪᠠᠢᠭᠤᠯᠵᠤ᠂ ᠨᠢᠬᠡ ᠪᠦᠯᠦᠭ ᠦᠵᠡᠯ ᠰᠠᠨᠠᠭ᠎ᠠ ᠬᠦᠨ ᠨᠠᠷᠢᠨ᠂ ᠤᠷᠠᠯᠢᠭ ᠨᠠᠷᠢᠯᠢᠭ ᠱᠢᠯᠢᠳᠡᠭ ᠪᠢᠴᠢᠯ ᠤᠬᠤᠷ ᠵᠦᠴᠦᠬᠡ᠎ᠶ᠋ᠢ ᠡᠬᠦᠳᠦᠨ᠎ᠡ᠃
ᠬᠤᠶᠠᠷ᠂ ᠭᠤᠣᠯ ᠪᠣᠯᠬᠤ ᠵᠣᠬᠢᠶᠠᠨ ᠪᠦᠲᠦᠭᠡᠬᠦ᠌ ᠲᠥᠯᠥᠪᠯᠡᠭᠡ
(ᠨᠢᠭᠡ) 《ᠪᠢᠴᠢᠯ ᠤᠬᠤᠷ ᠵᠦᠴᠦᠬᠡ ᠶ᠋ᠢ ᠲᠠᠭᠠᠵᠤ ᠤᠮᠠᠷᠠᠳᠤ ᠬᠢᠯᠢ᠎ᠶ᠋ᠢ ᠵᠢᠭᠤᠯᠴᠢᠯᠠᠨ ᠰᠤᠷᠤᠯᠴᠠᠬᠤ》 ᠵᠣᠬᠢᠶᠠᠨ ᠪᠦᠲᠦᠭᠡᠬᠦ᠌ ᠲᠥᠯᠥᠪᠯᠡᠭᠡ
ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠂ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠭᠤᠨ᠂ ᠠᠵᠤ ᠦᠢᠯᠡᠰ᠎ᠤᠨ ᠬᠦᠷᠢᠶᠡᠯᠡᠩ ᠲᠣᠭᠤᠷᠢᠭ᠂ ᠤᠯᠠᠮᠵᠢᠯᠠᠯᠲᠤ ᠰᠣᠶᠣᠯ᠂ ᠤᠯᠤᠰ᠎ᠤᠨ ᠰᠣᠶᠣᠯ᠎ᠤᠨ ᠴᠡᠴᠡᠷᠯᠢᠭ᠂ ᠬᠤᠲᠠ᠎ᠶ᠋ᠢᠨ ᠦᠵᠡᠮᠵᠢ᠎ᠶ᠋ᠢᠨ ᠣᠷᠣᠨ᠂ ᠪᠠᠢᠭᠠᠯᠢ᠎ᠶ᠋ᠢᠨ ᠦᠵᠡᠮᠵᠢ᠂ ᠤᠨᠴᠠᠯᠢᠬ᠍ᠳᠤ ᠠᠮᠲᠠᠲᠤ ᠢᠳᠡᠭᠡᠨ ᠵᠡᠷᠭᠡ᠎ᠶ᠋ᠢ ᠵᠣᠬᠢᠶᠠᠨ ᠪᠦᠲᠦᠭᠡᠬᠦ᠌ ᠴᠢᠭ᠌ᠯᠡᠯ᠎ᠤᠨ ᠲᠣᠭᠤᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠵᠢᠭᠤᠯᠴᠢᠯᠠᠯ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠮᠠᠨ᠎ᠤ ᠣᠷᠣᠨ᠎ᠤ ᠠᠮᠢ ᠠᠬᠤᠶ᠎ᠶ᠋ᠢᠨ ᠵᠢᠭᠤᠯᠴᠢᠯᠠᠯ᠎ᠤᠨ ᠣᠨᠴᠠᠯᠢᠭ᠎ᠢ ᠳᠡᠯᠭᠡᠨ ᠦᠵᠡᠭᠦᠯᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠠᠢ ᠵᠠᠰᠠᠭ᠍ᠰᠠᠨ ᠦᠷ᠎ᠡ ᠪᠦᠲᠦᠮᠵᠢ᠎ᠶ᠋ᠢ ᠳᠣᠪᠤᠢᠯᠭᠠᠨ᠂ ᠱᠢᠨ᠎ᠡ ᠴᠠᠭ ᠦᠶ᠎ᠡ᠎ᠶ᠋ᠢᠨ ᠠᠮᠢ ᠠᠬᠤᠶ᠎ᠶ᠋ᠢᠨ ᠪᠣᠯᠪᠠᠰᠤᠨ᠎ᠤ ᠭᠤᠸ᠎ᠠ ᠰᠠᠢᠬᠠᠨ ᠪᠠ ᠠᠷᠠᠳ᠎ᠤᠨ ᠠᠮᠢᠳᠤᠷᠠᠯ᠎ᠤᠨ ᠭᠤᠸ᠎ᠠ ᠰᠠᠢᠬᠠᠨ᠎ᠢ ᠢᠯᠡᠷᠡᠭᠦᠯᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠥᠯᠢᠭᠡᠷ᠎ᠢ ᠰᠠᠢᠲᠤᠷ ᠶᠠᠷᠢᠨ᠎ᠠ᠃ ᠨᠡᠩ ᠤᠯᠠᠨ 《ᠪᠢᠴᠢᠯ ᠤᠬᠤᠷ ᠵᠦᠴᠦᠬᠡ + ᠰᠤᠶᠤᠯ ᠵᠤᠭᠠᠴᠠᠯ》᠎ᠶ᠋ᠢ ᠠᠭᠤᠰᠤᠯᠴᠠᠭᠤᠯᠬᠤ ᠱᠢᠨ᠎ᠡ ᠵᠠᠭ᠍ᠪᠤᠷ᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠂ ᠱᠢᠨ᠎ᠡ ᠪᠠᠢᠳᠠᠯ᠎ᠢ ᠰᠦᠪᠡᠭ᠌ᠴᠢᠯᠡᠵᠦ᠍᠂ ᠪᠢᠴᠢᠯ ᠣᠬᠤᠷ ᠵᠦᠴᠦᠭᠡ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢᠨ ᠳᠠᠪᠠᠭᠤᠯᠢᠭ᠎ᠢ ᠨᠡᠩ ᠰᠠᠢᠨ ᠠᠵᠤ ᠦᠢᠯᠡᠰ ᠪᠣᠯᠤᠨ ᠵᠠᠬ᠎ᠠ ᠳᠡᠯᠭᠡᠭᠦᠷ᠎ᠤᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭ᠌ᠲᠡᠢ᠃
(ᠬᠤᠶᠠᠷ) 《 ᠪᠢᠴᠢᠯ ᠤᠬᠤᠷ ᠵᠦᠴᠦᠭᠡ᠎ᠶ᠋ᠢ ᠳᠠᠭᠠᠵᠤ ᠬᠠᠤᠯᠢ ᠰᠣᠷᠤᠬᠤ》᠎ᠶ᠋ᠢ ᠵᠣᠬᠢᠶᠠᠨ ᠪᠦᠲᠦᠭᠡᠬᠦ᠌ ᠲᠦᠯᠦᠪᠯᠡᠭᠡ
ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠪᠢᠴᠢᠯ ᠣᠬᠤᠷ ᠵᠦᠴᠦᠭᠡ ᠪᠣᠯᠤᠨ ᠬᠠᠤᠯᠢ ᠴᠠᠭᠠᠵᠠ᠎ᠶ᠋ᠢᠨ ᠮᠡᠳᠡᠯᠭᠡ᠂ ᠬᠠᠤᠯᠢ᠎ᠪᠠᠷ ᠵᠠᠰᠠᠬᠤ ᠬᠡᠷᠡᠭ᠎ᠤᠨ ᠵᠢᠱ᠌ᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ 《ᠰᠠᠷ᠎ᠠ ᠪᠦᠷᠢ ᠨᠢᠭᠡ ᠭᠤᠤᠯ ᠰᠡᠳᠦᠪ》᠂ 《ᠤᠮᠠᠷᠠᠲᠤ ᠬᠢᠯᠢ᠎ᠶ᠋ᠢᠨ ᠬᠠᠤᠯᠢ ᠲᠦᠭᠡᠮᠡᠯᠵᠢᠭᠦᠯᠬᠦ᠌ ᠲᠦᠮᠡᠨ ᠭᠠᠵᠠᠷ᠎ᠤᠨ ᠠᠶᠠᠯᠠᠯ》᠂ 《ᠮᠢᠨᠦ᠍ ᠬᠠᠮᠤᠭ᠎ᠤᠨ ᠳᠤᠷᠠᠲᠠᠶ ᠬᠠᠤᠯᠢ᠎ᠪᠠᠷ ᠵᠠᠰᠠᠬᠤ ᠤᠯᠠᠭᠠᠨᠮᠥ᠋ᠴᠢᠷ》᠎ᠤᠨ ᠦᠨᠳᠦᠰᠦᠨ ᠱᠠᠲᠤᠨ᠎ᠤ ᠠᠶᠠᠯᠠᠯ ᠵᠡᠷᠭᠡ ᠱᠢᠷᠢᠰ ᠠᠵᠢᠯᠯᠠᠭ᠎ᠠ᠎ᠲᠠᠢ ᠤᠶᠠᠯᠳᠤᠭᠤᠯᠤᠨ᠂ ᠡᠳᠦᠷ ᠲᠤᠲᠤᠮ᠎ᠤᠨ ᠦᠶ᠋ᠯᠡᠳᠪᠦᠷᠢᠯᠡᠯ ᠠᠮᠢᠳᠤᠷᠠᠯ᠎ᠲᠠᠢ ᠨᠢᠭ᠍ᠲᠠ ᠬᠤᠯᠪᠣᠭ᠎ᠠ᠎ᠲᠠᠢ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠨᠢᠭ᠍ᠲᠠᠷᠠᠭᠤᠯᠵᠤ᠂ ᠪᠢᠴᠢᠯ ᠣᠬᠤᠷ ᠵᠦᠴᠦᠭᠡ᠎ᠪᠠᠷ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠳᠡᠯᠭᠡᠷᠡᠭᠦᠯᠦᠨ᠂ ᠬᠡᠷᠡᠭ᠎ᠢᠶᠠᠷ ᠬᠠᠤᠯᠢ᠎ᠶ᠋ᠢ ᠲᠠᠢᠯᠪᠤᠷᠢᠯᠠᠵᠤ᠂ ᠬᠠᠤᠯᠢ ᠴᠠᠭᠠᠵᠠ᠎ᠶ᠋ᠢᠨ ᠮᠡᠳᠡᠯᠭᠡ ᠪᠠ ᠬᠠᠤᠯᠢ᠎ᠪᠠᠷ ᠵᠠᠰᠠᠬᠤ ᠬᠡᠷᠡᠭ᠎ᠤᠨ ᠵᠢᠱ᠌ᠢᠶ᠎ᠡ᠎ᠶ᠋ᠢ ᠵᠦᠴᠦᠭᠡ᠎ᠶ᠋ᠢᠨ ᠦᠢᠯᠡ ᠪᠠᠢᠳᠠᠯ᠎ᠲᠠᠢ ᠠᠭᠤᠰᠤᠯᠴᠠᠭᠤᠯᠵᠤ᠂ ᠪᠢᠴᠢᠯ ᠣᠬᠤᠷ ᠵᠦᠴᠦᠭᠡ᠎ᠶ᠋ᠢᠨ ᠳᠠᠮᠵᠢᠭᠤᠯᠭ᠎ᠠ᠎ᠶ᠋ᠢᠨ ᠳᠠᠪᠠᠭᠤᠯᠢᠭ᠎ᠢ ᠬᠠᠤᠯᠢ ᠲᠦᠭᠡᠮᠡᠯᠵᠢᠭᠦᠯᠬᠦ᠌ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠠᠷᠠᠳ ᠢᠷᠭᠡᠳ᠎ᠤᠨ ᠬᠠᠤᠯᠢ᠎ᠪᠠᠷ ᠵᠠᠰᠠᠬᠤ ᠬᠡᠪ ᠪᠣᠯᠪᠠᠰᠤᠷᠠᠯ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠬᠠᠤᠯᠢ᠎ᠪᠠᠷ ᠵᠠᠰᠠᠬᠤ ᠥᠪᠥᠷ ᠮᠣᠩᠭᠤᠯ᠎ᠤᠨ ᠪᠠᠢᠭᠤᠯᠤᠯᠲᠠ᠎ᠶ᠋ᠢ ᠠᠬᠢᠭᠤᠯᠪᠠ᠃
(ᠭᠤᠷᠪᠠ) 《ᠪᠢᠴᠢᠯ ᠣᠬᠤᠷ ᠵᠦᠴᠦᠭᠡ᠎ᠶ᠋ᠢ ᠳᠠᠭᠠᠵᠤ ᠱᠢᠨᠵᠢᠯᠡᠬᠦ᠌ ᠤᠬᠠᠭᠠᠨ᠎ᠢ ᠲᠦᠬᠡᠮᠡᠯᠵᠢᠬᠦᠯᠬᠦ᠌》 ᠵᠣᠬᠢᠶᠠᠨ ᠪᠦᠲᠦᠭᠡᠬᠦ᠌ ᠲᠦᠯᠦᠪᠯᠡᠭᠡ
ᠪᠢᠴᠢᠯ ᠣᠬᠣᠷ ᠵᠦᠴᠦᠭᠡ᠎ᠶ᠋ᠢ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠮᠡᠳᠡᠯᠭᠡ ᠪᠠ ᠱᠢᠨᠵᠢᠯᠡᠬᠦ᠌ ᠤᠬᠠᠭᠠᠨ᠎ᠤ ᠵᠣᠷᠢᠭ ᠰᠠᠨᠠᠭ᠎ᠠ᠎ᠲᠠᠢ ᠠᠭᠤᠰᠤᠯᠴᠠᠭᠤᠯᠬᠤ᠎ᠶ᠋ᠢ ᠠᠬᠢᠭᠤᠯᠵᠤ᠂ ᠨᠡᠩ ᠣᠯᠠᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠠᠵᠢᠯᠲᠠᠳ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠪᠢᠴᠢᠯ ᠣᠬᠤᠷ ᠵᠦᠴᠦᠭᠡ᠎ᠶ᠋ᠢᠨ ᠵᠣᠬᠢᠶᠠᠨ ᠪᠦᠲᠦᠭᠡᠬᠦ᠌᠎ᠶ᠋ᠢ ᠳᠡᠮᠵᠢᠬᠦ᠌ ᠪᠠ ᠲᠡᠭᠦᠨ᠎ᠳᠤ ᠣᠷᠤᠯᠴᠠᠬᠤ᠎ᠶ᠋ᠢ ᠵᠣᠷᠢᠭ᠍ᠵᠢᠭᠤᠯᠵᠤ᠂ ᠪᠦᠬᠦ᠌ ᠠᠷᠠᠳ᠎ᠤᠨ ᠱᠢᠨᠵᠢᠯᠡᠬᠦ᠌ ᠤᠬᠠᠭᠠᠨ᠎ᠤ ᠬᠡᠪ ᠴᠢᠨᠠᠷ᠎ᠢ ᠳᠡᠭᠡᠭ᠌ᠰᠢᠯᠡᠭᠦᠯᠬᠦ᠌᠎ᠳᠤ ᠬᠦᠴᠦᠨ ᠨᠡᠮᠡᠷᠢᠯᠡᠵᠦ᠍᠂ ᠤᠯᠤᠰ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠴᠢᠳᠠᠪᠤᠷᠢ᠎ᠶ᠋ᠢᠨ ᠪᠠᠢᠭᠤᠯᠤᠯᠲᠠ᠎ᠳᠤ ᠴᠢᠳᠠᠯ ᠣᠯᠭᠤᠨ᠎ᠠ᠃ ᠭᠤᠣᠯ ᠰᠡᠳᠦᠪ᠎ᠨᠢ ᠢᠯᠡ ᠲᠣᠳᠣ᠂ ᠠᠭᠤᠯᠭ᠎ᠠ᠎ᠨᠢ ᠡᠷᠡᠭᠦᠯ ᠴᠢᠭᠢᠷᠠᠭ᠂ ᠬᠡᠯᠪᠡᠷᠢ᠎ᠨᠢ ᠱᠢᠨ᠎ᠡ ᠰᠣᠷᠭᠤᠭ᠂ ᠵᠣᠬᠢᠶᠠᠬᠤ᠎ᠨᠢ ᠰᠠᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠦᠷᠦᠯ᠎ᠤᠨ ᠪᠢᠴᠢᠯ ᠣᠬᠤᠷ ᠵᠦᠴᠦᠭᠡ᠎ᠶ᠋ᠢ ᠵᠣᠬᠢᠶᠠᠨ ᠪᠦᠲᠦᠭᠡᠵᠦ᠍ ᠭᠠᠷᠭᠠᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠮᠡᠳᠡᠯᠭᠡ᠎ᠶ᠋ᠢ ᠲᠦᠭᠡᠮᠡᠯᠵᠢᠭᠦᠯᠦᠨ᠂ ᠱᠢᠨᠵᠢᠯᠡᠬᠦ᠌ ᠤᠬᠠᠭᠠᠨ᠎ᠤ ᠠᠷᠭ᠎ᠠ᠎ᠶ᠋ᠢ ᠰᠠᠨᠠᠭᠠᠴᠢᠯᠠᠵᠤ᠂ ᠱᠢᠨᠵᠢᠯᠡᠬᠦ᠌ ᠤᠬᠠᠭᠠᠨ᠎ᠤ ᠦᠵᠡᠯ ᠰᠠᠨᠠᠭ᠎ᠠ᠎ᠶ᠋ᠢ ᠤᠯᠠᠮᠵᠢᠯᠠᠵᠤ᠂ ᠱᠢᠨᠵᠢᠯᠡᠬᠦ᠌ ᠤᠬᠠᠭᠠᠨ᠎ᠤ ᠵᠣᠷᠢᠭ ᠰᠠᠨᠠᠭ᠎ᠠ ᠪᠠ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨᠵᠢᠯᠡᠬᠦ᠌ ᠤᠬᠠᠭᠠᠨ᠎ᠢ ᠡᠷᠬᠢᠮᠯᠡᠬᠦ᠂ ᠱᠢᠨ᠎ᠡ᠎ᠶ᠋ᠢ ᠡᠭᠦᠳᠬᠦ᠌᠎ᠶ᠋ᠢ ᠬᠥᠭᠡᠭᠡᠴᠡᠯᠳᠦᠬᠦ᠌ ᠬᠡᠪ ᠰᠤᠷᠲᠠᠯ᠎ᠢ ᠪᠤᠢ ᠪᠣᠯᠭᠠᠬᠤ᠎ᠶ᠋ᠢ ᠠᠬᠢᠭᠤᠯᠤᠨ᠎ᠠ᠃
(ᠳᠥᠷᠪᠡ) 《ᠪᠢᠴᠢᠯ ᠣᠬᠣᠷ ᠵᠦᠴᠦᠭᠡ᠎ᠶ᠋ᠢ ᠳᠠᠭᠠᠵᠦ᠍ ᠰᠤᠩᠭᠤᠳᠠᠭ ᠵᠤᠬᠢᠶᠠᠯ ᠢ ᠰᠤᠷᠬᠤ》ᠵᠣᠬᠢᠶᠠᠨ ᠪᠦᠲᠦᠭᠡᠬᠦ᠌ ᠲᠥᠯᠥᠪᠯᠡᠭᠡ
ᠳᠤᠮᠳᠠᠳᠤ᠎ᠶ᠋ᠢᠨ ᠰᠣᠩᠭᠤᠳᠠᠭ ᠡᠷᠲᠡᠨ᠎ᠦ ᠨᠣᠮ ᠪᠢᠴᠢᠭ᠂ ᠨᠡᠷᠡᠲᠦ ᠵᠣᠬᠢᠶᠠᠯ ᠠᠯᠳᠠᠷᠲᠤ ᠵᠣᠬᠢᠶᠠᠯ ᠵᠢᠴᠢ ᠲᠡᠭᠦᠨ᠎ᠦ ᠳᠣᠲᠣᠷᠠᠬᠢ ᠨᠡᠷᠡᠲᠦ ᠰᠣᠶᠣᠯ᠎ᠤᠨ ᠡᠬᠢ ᠪᠠᠶᠠᠯᠢᠭ᠎ᠤᠨ ᠲᠣᠭᠣᠷᠢᠨ᠎ᠳᠤ᠂ ᠱᠢᠨ᠎ᠡ ᠢᠯᠡᠷᠡᠭᠦᠯᠦᠯᠲᠡ᠂ ᠱᠢᠨ᠎ᠡ ᠠᠷᠭ᠎ᠠ ᠪᠠᠷᠢᠯ᠂ ᠱᠢᠨ᠎ᠡ ᠮᠡᠷᠭᠡᠵᠢᠯ᠎ᠢᠶᠡᠷ ᠱᠢᠨ᠎ᠡ ᠴᠠᠭ ᠦᠢ᠎ᠡ᠎ᠶ᠋ᠢᠨ ᠵᠣᠷᠢᠭ ᠰᠠᠨᠠᠭ᠎ᠠ᠎ᠳᠤ ᠠᠭᠤᠰᠤᠯᠴᠠᠭᠤᠯᠤᠨ᠂ ᠰᠣᠩᠭᠣᠳᠠᠭ ᠪᠦᠲᠦᠭᠡᠯ ᠵᠢᠴᠢ ᠲᠡᠭᠦᠨ᠎ᠳᠦ ᠠᠭᠤᠯᠤᠭ᠍ᠳᠠᠵᠤ ᠪᠠᠢᠭ᠎ᠠ ᠭᠦᠨ ᠵᠤᠵᠠᠭᠠᠨ ᠰᠣᠶᠣᠯ᠎ᠤᠨ ᠠᠭᠤᠯᠤᠭ᠍ᠳᠠᠬᠤᠨ᠂ ᠦᠨᠳᠦᠰᠦᠲᠡᠨ᠎ᠦ ᠣᠶᠤᠨ ᠤᠬᠠᠭᠠᠨ᠎ᠳᠤ ᠱᠢᠨ᠎ᠡ᠎ᠶ᠋ᠢ ᠡᠭᠦᠳᠦᠨ ᠳᠡᠯᠭᠡᠷᠡᠭᠦᠯᠬᠦ᠌ ᠪᠠ ᠲᠠᠢᠯᠪᠤᠷᠢᠯᠠᠯᠲᠠ ᠬᠢᠵᠦ᠍᠂ ᠰᠣᠩᠭᠣᠳᠠᠭ ᠵᠣᠬᠢᠶᠠᠯ᠎ᠠᠴᠠ ᠢᠷᠡᠯᠲᠡ᠎ᠲᠡᠶ ᠪᠣᠳᠠᠲᠤ ᠪᠠᠢᠳᠠᠯ᠎ᠢ ᠠᠵᠢᠭ᠍ᠯᠠᠭ᠍ᠰᠠᠨ《ᠰᠣᠩᠭᠤᠳᠠᠭ ᠵᠤᠬᠢᠶᠠᠯ》 ᠢ ᠳᠡᠯᠭᠡᠷᠡᠭᠦᠯᠵᠦ᠍᠂ ᠨᠣᠮ ᠪᠢᠴᠢᠭ᠎ᠢ ᠠᠮᠢᠵᠢᠷᠠᠯ᠎ᠤᠨ ᠬᠦᠴᠦᠨ᠎ᠢ ᠳᠠᠬᠢᠨ ᠪᠠᠳᠠᠷᠠᠭᠤᠯᠵᠤ᠂ ᠪᠦᠬᠦ᠌ ᠨᠡᠢᠭᠡᠮ᠎ᠢᠶᠡᠷ᠎ᠢᠶᠡᠨ ᠰᠣᠩᠭᠣᠳᠠᠭ ᠵᠣᠬᠢᠶᠠᠯ᠎ᠢ ᠰᠤᠷᠤᠯᠴᠠᠬᠤ᠂ ᠰᠣᠩᠭᠣᠳᠠᠭ ᠵᠣᠬᠢᠶᠠᠯ᠎ᠳᠤ ᠬᠠᠢᠷᠠᠲᠠᠶ ᠪᠠᠢᠬᠤ ᠠᠭᠤᠷ ᠠᠮᠢᠰᠭᠤᠯ᠎ᠢ ᠪᠣᠶ ᠪᠣᠯᠭᠠᠬᠤ ᠬᠡᠷᠡᠭ᠌ᠲᠡᠶ᠃
(ᠲᠠᠪᠤ) 《ᠪᠢᠴᠢᠯ ᠤᠬᠤᠷ ᠵᠦᠴᠦᠭᠡ᠎ᠶ᠋ᠢᠨ ᠳᠣᠲᠣᠷ᠎ᠠ᠎ᠠᠴᠠ ᠨᠡᠷᠡᠲᠦ ᠲᠡᠮᠲᠡᠭ᠌ᠲᠦ᠍ᠶ᠋ᠢ ᠦᠵᠡᠬᠦ᠌》ᠡᠭᠦᠳᠦᠨ ᠪᠦᠲᠦᠭᠡᠬᠦ᠌ ᠲᠦᠯᠦᠪᠯᠡᠭᠡ
ᠤᠯᠤᠰ᠎ᠤᠨ 《ᠠᠮᠤ ᠪᠤᠳᠠᠭᠠᠨ᠎ᠤ ᠬᠥᠮᠥᠷᠭᠡ》᠂ 《ᠮᠢᠬᠠᠨ᠎ᠤ ᠬᠥᠮᠥᠷᠭᠡ》᠂ 《ᠰᠦᠨ᠎ᠦ ᠰᠠᠪᠠ》᠂ 《ᠨᠤᠯᠤᠤᠷ᠎ᠤᠨ ᠬᠤᠲᠠ》 ᠭᠡᠬᠦ᠌ ᠳᠥᠷᠪᠡᠨ ᠨᠢᠳᠦ ᠭᠢᠯᠠᠰᠤᠮ᠎ᠠ ᠨᠡᠷ᠎ᠡ᠎ᠶ᠋ᠢᠨ ᠬᠠᠭᠤᠳᠠᠰᠤ᠎ᠶ᠋ᠢ ᠡᠭᠦᠳᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠤᠯ᠎ᠤᠨ ᠤᠯᠤᠰ᠎ᠤᠨ ᠥᠮᠴᠢᠯᠡᠯᠲᠦ ᠨᠠᠷᠠᠲᠤ ᠲᠡᠮᠳᠡᠭ᠂ ᠠᠷᠠᠳ᠎ᠤᠨ ᠡᠵᠡᠩᠨᠡᠯᠲᠡ᠎ᠶ᠋ᠢᠨ ᠨᠠᠷᠠᠲᠤ ᠲᠡᠮᠳᠡᠭ᠂ 《ᠬᠠᠭᠤᠴᠢᠨ ᠨᠠᠷᠠᠲᠤ ᠲᠡᠮᠳᠡᠭ》᠂ 《ᠥᠪᠥᠷ ᠮᠣᠩᠭᠤᠯ》 ᠨᠡᠷᠡᠮᠵᠢᠲᠦ᠂ 《ᠥᠪᠥᠷ ᠮᠣᠩᠭᠤᠯ᠎ᠤᠨ ᠦᠨᠦᠷ ᠠᠮᠲᠠ》᠎ᠶ᠋ᠢᠨ ᠱᠢᠨ᠎ᠡ᠎ᠶ᠋ᠢ ᠡᠭᠦᠳᠦᠨ ᠬᠥᠭ᠌ᠵᠢᠭᠦᠯᠦᠭ᠌ᠰᠡᠨ ᠦᠯᠢᠭᠡᠷ᠎ᠤᠨ ᠪᠢᠴᠢᠯ ᠣᠬᠤᠷ ᠵᠦᠴᠦᠭᠡ᠎ᠶ᠋ᠢ ᠵᠣᠬᠢᠶᠠᠨ ᠪᠠᠢᠭᠤᠯᠤᠨ ᠶᠠᠷᠢᠵᠤ᠂ ᠨᠠᠷᠠᠲᠤ ᠲᠡᠮᠳᠡᠭ᠌ᠲᠦ᠍᠎ᠶ᠋ᠢᠨ ᠠᠷᠤ᠎ᠳᠠᠬᠢ ᠲᠡᠮᠡᠴᠡᠭ᠌ᠴᠢ᠎ᠶ᠋ᠢᠨ ᠥᠯᠢᠭᠡᠷ᠎ᠢ ᠰᠠᠢᠲᠤᠷ ᠶᠠᠷᠢᠵᠤ᠂ ᠨᠠᠷᠠᠲᠤ ᠲᠡᠮᠳᠡᠭ᠌ᠲᠦ᠍᠎ᠶ᠋ᠢᠨ ᠰᠣᠶᠣᠯ᠎ᠤᠨ ᠠᠭᠤᠯᠤᠭ᠍ᠳᠠᠬᠤᠨ ᠪᠠ ᠬᠠᠢᠷ᠎ᠠ ᠰᠡᠳᠭᠢᠯᠭᠡ᠎ᠶ᠋ᠢᠨ ᠦᠨ᠎ᠡ ᠥᠷᠲᠡᠭ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠂ ᠨᠠᠷᠠᠲᠤ ᠲᠡᠮᠳᠡᠭ᠌ᠲᠦ᠍᠎ᠶ᠋ᠢᠨ ᠬᠤᠳᠠᠯᠳᠤᠭᠠᠨ᠎ᠤ ᠲᠣᠬᠢᠶᠠᠯ᠎ᠢ ᠬᠤᠪᠢᠷᠠᠭᠤᠯᠬᠤ ᠪᠠ ᠪᠣᠳᠠᠲᠠᠢᠵᠢᠭᠤᠯᠬᠤ᠎ᠳᠤ ᠱᠢᠨ᠎ᠡ ᠬᠦᠷᠢᠶ᠎ᠡ ᠴᠠᠷᠠᠭ᠎ᠠ᠎ᠶ᠋ᠢ ᠨᠡᠭᠡᠭᠡᠨ ᠬᠥᠭ᠌ᠵᠢᠭᠦᠯᠵᠦ᠍᠂ ᠥᠪᠥᠷ ᠮᠣᠩᠭᠤᠯ᠎ᠤᠨ ᠠᠵᠤ ᠠᠬᠤᠢᠯᠠᠯ᠎ᠤᠨ ᠪᠤᠵᠠᠭᠠᠢᠷᠠᠨ ᠬᠦᠴᠦᠷᠬᠡᠭ᠌ᠵᠢᠬᠦ᠌᠎ᠳᠤ ᠬᠦᠴᠦᠨ ᠨᠡᠮᠡᠷᠢᠯᠡᠨ᠎ᠡ᠃
(ᠵᠢᠷᠭᠤᠭ᠎ᠠ) 《ᠤᠬᠤᠷ ᠤᠬᠤᠷ ᠵᠦᠴᠦᠬᠡ᠎ᠠᠴᠠ ᠪᠤᠳᠠᠰ᠎ᠤᠨ ᠪᠤᠰᠤ ᠰᠤᠶᠤᠯ᠎ᠤᠨ ᠦᠪ᠎ᠢ ᠦᠵᠡᠬᠦ᠌》 ᠵᠤᠬᠢᠶᠠᠨ ᠪᠦᠳᠦᠬᠡᠬᠦ᠌ ᠲᠦᠯᠦᠪᠯᠡᠭᠡ
ᠥᠪᠥᠷ ᠮᠣᠩᠭᠤᠯ᠎ᠤᠨ ᠡᠯᠪᠡᠭ ᠪᠠᠶᠠᠯᠢᠭ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠭᠦᠢᠴᠡᠳ ᠠᠭᠤᠳᠠᠯᠬᠤ ᠪᠠ ᠢᠯᠡᠷᠡᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢᠯ ᠪᠠ ᠤᠯᠠᠮᠵᠢᠯᠠᠨ ᠵᠠᠯᠭᠠᠮᠵᠢᠯᠠᠭ᠍ᠴᠢ᠎ᠠᠴᠠ ᠪᠣᠷᠣ ᠮᠠᠲ᠋ᠧᠷᠢᠶᠠᠯ᠎ᠢ ᠵᠣᠬᠢᠶᠠᠨ ᠪᠦᠲᠦᠭᠡᠵᠦ᠍᠂ ᠠᠳᠠᠯᠢ ᠪᠤᠰᠤ ᠲᠥᠷᠥᠯ ᠵᠦᠢᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠲᠤ ᠬᠠᠳᠠᠭᠠᠯᠠᠭ᠍ᠳᠠᠵᠤ ᠪᠠᠢᠭ᠎ᠠ ᠦᠨ᠎ᠡ ᠥᠷᠲᠡᠭ ᠪᠠ ᠠᠭᠤᠯᠤᠭ᠍ᠳᠠᠬᠤᠨ᠎ᠢ ᠠᠭᠤᠳᠠᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠱᠢᠨ᠎ᠡ ᠮᠡᠷᠭᠡᠵᠢᠯ᠂ ᠱᠢᠨ᠎ᠡ ᠠᠬᠤᠶ ᠪᠠᠢᠳᠠᠯ᠂ ᠱᠢᠨ᠎ᠡ ᠬᠡᠯᠪᠡᠷᠢ᠎ᠪᠠᠷ ᠳᠠᠮᠵᠢᠭᠤᠯᠤᠨ ᠱᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭᠠᠨ᠂ ᠲᠡᠳᠡᠨ᠎ᠤ ᠠᠮᠢᠳᠤᠯᠢᠭ ᠪᠥᠭᠡᠳ ᠤᠯᠠᠮᠵᠢᠯᠠᠬᠤ᠎ᠶ᠋ᠢ ᠠᠬᠢᠭᠤᠯᠵᠤ᠂ ᠦᠵᠡᠯ ᠰᠠᠨᠠᠭᠠᠨ᠎ᠤ ᠠᠭᠤᠯᠤᠭ᠍ᠳᠠᠬᠤᠨ᠎ᠲᠠᠢ᠂ ᠤᠷᠠᠯᠢᠭ᠎ᠤᠨ ᠬᠥᠭᠡᠭᠡᠴᠡᠯᠳᠤᠯ᠎ᠲᠠᠢ᠂ ᠶᠠᠰᠤ ᠴᠢᠨᠠᠷᠲᠠᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠡᠳᠦᠪ᠎ᠲᠤ ᠪᠢᠴᠢᠯ ᠣᠬᠤᠷ ᠵᠦᠴᠦᠭᠡ᠎ᠶ᠋ᠢ ᠬᠦᠴᠦᠯᠡᠨ ᠡᠭᠦᠳᠴᠦ᠍᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠨ ᠤᠯᠠᠮᠵᠢᠯᠠᠬᠤ ᠪᠠ ᠵᠦᠶ ᠵᠣᠬᠢᠰᠲᠠᠶ ᠠᠱᠢᠭ᠍ᠯᠠᠬᠤ᠎ᠶ᠋ᠢ ᠠᠬᠢᠭᠤᠯᠤᠨ᠂ ᠠᠷᠠᠳ ᠣᠯᠠᠨ᠎ᠤ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠲᠤᠬᠠᠶ ᠬᠠᠮᠲᠤ᠎ᠶ᠋ᠢᠨ ᠲᠠᠨᠢᠯᠲᠠ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃
ᠭᠤᠷᠪᠠ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠨ᠎ᠠ ᠃ ᠡᠯ᠎ᠡ ᠠᠢᠮᠠᠭ ᠬᠣᠲᠠ᠎ᠶ᠋ᠢᠨ ᠷᠠᠳᠢᠣ᠋ ᠲᠧᠯᠸᠢᠰ᠎ᠦᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ᠎ᠶ᠋ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠂ ᠡᠯ᠎ᠡ ᠲᠠᠯ᠎ᠠ᠎ᠶ᠋ᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠳᠡᠢᠴᠢᠯᠡᠨ ᠂ ᠠᠵᠢᠯᠯᠠᠭ᠎ᠠ᠎ᠶ᠋ᠢ ᠪᠣᠳᠠᠲᠤ ᠭᠠᠵᠠᠷ ᠲᠤ ᠨᠢ ᠨᠠᠢᠳᠠᠪᠤᠷᠢᠵᠢᠭᠤᠯᠬᠤ᠎ᠶ᠋ᠢ ᠦᠨᠡᠨᠬᠦ᠌ ᠠᠬᠢᠭᠤᠯᠬᠤ ᠬᠡᠷᠡᠭ᠌ᠲᠡᠶ ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠨᠢᠭᠡᠴᠢ ᠨᠤᠭᠦᠳ ᠠᠵᠢᠯ ᠲᠥᠷᠥᠯ᠎ᠤᠨ ᠬᠥᠲᠥᠯᠦᠨ ᠵᠢᠯᠣᠭᠤᠳᠭᠤ ᠦᠢᠯᠡᠳᠦᠯ᠎ᠢᠶᠠᠨ ᠰᠠᠢᠲᠤᠷ ᠪᠠᠳᠠᠷᠠᠭᠤᠯᠵᠤ᠂ ᠥᠷᠭᠡᠨ᠎ᠢᠶᠠᠷ ᠳᠠᠢᠴᠢᠯᠠᠨ᠂ ᠵᠣᠬᠢᠶᠠᠨ ᠪᠦᠲᠦᠭᠡᠬᠦ᠌ ᠪᠦᠯᠬᠦᠮ ᠨᠡᠢᠲᠡ᠎ᠶ᠋ᠢᠨ ᠥᠯᠢᠭᠡᠷ ᠠᠪᠬᠤ ᠪᠠ ᠪᠠᠢᠴᠠᠭᠠᠨ ᠰᠤᠳᠤᠯᠬᠤ᠎ᠳᠤ ᠢᠳᠡᠪᠬᠢᠲᠡᠶ ᠲᠥᠬᠦᠮ ᠦᠵᠡᠭᠦᠯᠵᠦ᠍᠂ ᠵᠣᠬᠢᠶᠠᠨ ᠪᠦᠲᠦᠭᠡᠬᠦ᠌ ᠰᠦᠪᠡᠭ᠌ᠴᠢ᠎ᠶ᠋ᠢ ᠠᠭᠤᠳᠠᠯᠬᠤ᠂ ᠥᠯᠢᠭᠡᠷ ᠮᠠᠲ᠋ᠧᠷᠢᠶᠠᠯ ᠴᠤᠭ᠍ᠯᠠᠭᠤᠯᠬᠤ᠎ᠳᠤ ᠬᠠᠪᠰᠤᠷᠴᠤ᠌᠂ ᠬᠤᠯᠪᠣᠭ᠍ᠳᠠᠬᠤ ᠬᠦᠷᠢᠶᠡᠨ᠎ᠳᠤ ᠲᠤᠰᠭᠠᠶ ᠮᠡᠷᠭᠡᠵᠢᠯᠲᠡᠨ᠎ᠤ ᠡᠬᠢ ᠪᠠᠶᠠᠯᠢᠭ ᠪᠠ ᠣᠶᠤᠨ᠎ᠤ ᠳᠡᠮᠵᠢᠯᠭᠡ ᠬᠠᠩᠭᠠᠬᠤ ᠬᠡᠷᠡᠭ᠌ᠲᠡᠶ᠃
(ᠬᠤᠶᠠᠷ)ᠰᠣᠳᠣᠨ ᠪᠦᠲᠦᠭᠡᠯ ᠭᠠᠷᠭᠠᠬᠤ᠎ᠶ᠋ᠢ ᠠᠬᠢᠭᠤᠯᠬᠤ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ 《ᠪᠢᠴᠢᠯ ᠣᠬᠤᠷ ᠵᠦᠴᠦᠭᠡ + ᠭᠤᠤᠯᠳᠠᠯᠭ᠎ᠠ᠎ᠲᠠᠢ ᠵᠣᠬᠢᠶᠠᠨ ᠪᠦᠲᠦᠭᠡᠬᠦ᠌ ᠰᠡᠳᠦᠪ ᠰᠣᠩᠭᠤᠬᠤ ᠬᠠᠭᠤᠳᠠᠰᠤ》᠎ᠶ᠋ᠢ ᠪᠠᠢᠭᠤᠯᠵᠤ᠂ ᠰᠣᠩᠭᠤᠭ᠍ᠳᠠᠭ᠍ᠰᠠᠨ ᠵᠣᠬᠢᠶᠠᠨ ᠪᠦᠲᠦᠭᠡᠬᠦ᠌ ᠲᠥᠷᠥᠯ ᠵᠦᠢᠯ ᠪᠠ ᠵᠣᠬᠢᠶᠠᠨ ᠪᠦᠲᠦᠭᠡᠬᠦ᠌ ᠨᠢᠭᠡᠴᠢ᠎ᠳᠤ ᠲᠤᠰᠭᠠᠶ ᠮᠡᠷᠭᠡᠵᠢᠯᠲᠡᠨ᠎ᠤ ᠯᠠᠪᠯᠠᠭ᠎ᠠ ᠬᠠᠩᠭᠠᠬᠤ᠂ ᠲᠤᠬᠠᠶ᠎ᠶ᠋ᠢᠨ ᠭᠠᠵᠠᠷ ᠲᠤ ᠨᠢ ᠦᠯᠢᠭᠡᠷ ᠠᠪᠬᠤ᠂ ᠵᠦᠴᠦᠭᠡ᠎ᠶ᠋ᠢᠨ ᠳᠡᠪᠲᠡᠷ᠎ᠢ ᠰᠤᠳᠤᠯᠤᠨ ᠶᠠᠷᠢᠯᠴᠠᠬᠤ ᠵᠡᠷᠭᠡ ᠪᠥᠬᠦ᠌ ᠲᠠᠯ᠎ᠠ᠎ᠶ᠋ᠢᠨ ᠵᠢᠯᠣᠭᠤᠳᠣᠯᠭ᠎ᠠ ᠬᠠᠩᠭᠠᠨ᠎ᠠ᠃ ᠪᠢᠴᠢᠯ ᠣᠬᠣᠷ ᠵᠦᠴᠦᠭᠡ᠎ᠶ᠋ᠢ ᠥᠪᠥᠷ ᠮᠣᠩᠭᠣᠯ᠎ᠤᠨ ᠷᠠᠳᠢᠣ᠋ ᠲᠧᠯᠸᠢᠰ᠎ᠦᠨ ᠱᠠᠩᠨᠠᠯ ᠵᠡᠷᠭᠡ ᠡᠯ᠎ᠡ ᠲᠥᠷᠥᠯ᠎ᠦᠨ ᠱᠠᠩᠨᠠᠯ ᠱᠢᠯᠭᠠᠷᠠᠭᠤᠯᠬᠤ ᠬᠡᠪᠴᠢᠶᠡᠨ᠎ᠳᠦ ᠣᠷᠣᠭᠤᠯᠵᠤ ᠂ ᠷᠠᠳᠢᠣ᠋ ᠲᠧᠯᠸᠢᠰ᠎ᠦᠨ ᠶᠡᠷᠦᠩᠬᠡᠶ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠶ᠋ᠢᠨ ᠡᠯ᠎ᠡ ᠲᠥᠷᠥᠯ᠎ᠦᠨ ᠱᠢᠯᠢᠳᠡᠭ ᠢ ᠨᠢ ᠱᠢᠯᠭᠠᠨ ᠰᠣᠩᠭᠣᠬᠤ ᠠᠵᠢᠯᠯᠠᠭ᠎ᠠ᠎ᠳᠤ ᠰᠣᠩᠭᠣᠭ᠍ᠳᠠᠭ᠍ᠰᠠᠨ ᠪᠢᠴᠢᠯ ᠣᠬᠣᠷ ᠵᠦᠴᠦᠭᠡ᠎ᠳᠦ ᠵᠣᠬᠢᠬᠤ ᠬᠡᠮᠵᠢᠶᠡᠨ᠎ᠦ ᠪᠡᠯᠡ ᠮᠥᠩᠭᠥ᠎ᠶ᠋ᠢᠨ ᠳᠡᠮᠵᠢᠯᠭᠡ ᠦᠵᠡᠭᠦᠯᠬᠦ᠌ ᠬᠡᠷᠡᠭ᠌ᠲᠡᠶ ᠃ ᠡᠯ᠎ᠡ ᠠᠢᠮᠠᠭ ᠬᠤᠲᠠ᠎ᠶ᠋ᠢᠨ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠰᠠᠷ᠎ᠠ ᠪᠦᠷᠢ᠎ᠶ᠋ᠢᠨ 25 ᠤ ᠡᠳᠦᠷ᠎ᠠᠴᠠ ᠡᠮᠦᠨ᠎ᠡ ᠬᠠᠷᠢᠶ᠎ᠠ ᠣᠷᠣᠨ᠎ᠤ ᠳᠣᠲᠣᠷᠠᠬᠢ ᠪᠠᠢᠭᠤᠯᠤᠮᠵᠢ᠎ᠶ᠋ᠢᠨ ᠲᠠᠭ᠍ᠯᠠᠨ ᠪᠢᠴᠢᠭ᠌ᠰᠡᠨ 《ᠪᠢᠴᠢᠯ ᠣᠬᠤᠷ ᠵᠦᠴᠦᠭᠡ᠎ᠶ᠋ᠢᠨ ᠭᠤᠤᠯᠳᠠᠯᠭ᠎ᠠ᠎ᠲᠠᠢ ᠵᠣᠬᠢᠶᠠᠨ ᠪᠦᠲᠦᠭᠡᠬᠦ᠌ ᠰᠡᠳᠦᠪ ᠰᠣᠩᠭᠤᠬᠤ ᠬᠠᠭᠤᠳᠠᠰᠤ》᠎ᠶ᠋ᠢ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠮᠡᠳᠡᠭᠦᠯᠦᠨ᠎ᠡ᠃
(ᠭᠤᠷᠪᠠ)ᠴᠢᠳᠠᠪᠤᠷᠢᠲᠠᠨ᠎ᠤ ᠡᠩᠨᠡᠭᠡ᠎ᠶ᠋ᠢ ᠬᠦᠮᠦᠵᠢᠭᠦᠯᠦᠨ᠎ᠡ᠃ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠶᠡᠭᠡ ᠳᠡᠭᠡᠳᠦ ᠰᠤᠷᠭᠠᠭᠤᠯᠢ ᠬᠢᠭᠡᠳ ᠪᠢᠴᠢᠯ ᠣᠬᠤᠷ ᠵᠦᠴᠦᠭᠡ᠎ᠶ᠋ᠢᠨ ᠪᠠᠢᠭᠤᠯᠤᠮᠵᠢ᠎ᠶ᠋ᠢᠨ ᠬᠠᠮᠲᠤᠷᠠᠯᠴᠠᠭ᠎ᠠ᠎ᠶ᠋ᠢ ᠠᠬᠢᠭᠤᠯᠤᠨ᠂ ᠣᠯᠠᠨ ᠲᠠᠰ ᠳᠠᠪᠬᠤᠷᠭ᠎ᠠ᠂ ᠣᠯᠠᠨ ᠲᠥᠷᠥᠯ ᠬᠡᠯᠪᠡᠷᠢ᠎ᠶ᠋ᠢᠨ ᠪᠢᠴᠢᠯ ᠵᠦᠴᠦᠭᠡ᠎ᠶ᠋ᠢᠨ ᠴᠢᠳᠠᠪᠤᠷᠢᠲᠠᠨ᠎ᠢ ᠬᠥᠮᠦᠵᠢᠭᠦᠯᠬᠦ᠌ ᠠᠵᠢᠯ᠎ᠢ ᠥᠷᠨᠢᠭᠦᠯᠵᠦ᠍᠂ ᠪᠢᠴᠢᠯ ᠵᠦᠴᠦᠭᠡ᠎ᠶ᠋ᠢᠨ ᠵᠣᠬᠢᠶᠠᠨ ᠪᠦᠲᠦᠭᠡᠬᠦ᠌ ᠬᠠᠮᠢᠶ᠎ᠠ ᠪᠥᠬᠦᠶ ᠲᠤᠰᠭᠠᠶ ᠮᠡᠷᠭᠡᠵᠢᠯ᠎ᠤᠨ ᠬᠢᠴᠢᠶᠡᠯ ᠨᠡᠭᠡᠭᠡᠬᠦ᠌᠎ᠶ᠋ᠢ ᠳᠡᠮᠵᠢᠵᠦ᠍᠂ ᠪᠢᠴᠢᠯ ᠣᠬᠤᠷ ᠵᠦᠴᠦᠭᠡ᠎ᠶ᠋ᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠢᠭᠤᠯᠤᠨ᠂ ᠦᠢᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌᠎ᠶ᠋ᠢ ᠪᠦᠬᠦᠯᠢ ᠴᠣᠭ᠍ᠴᠠ᠎ᠪᠠᠷ᠎ᠨᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠰᠤᠷᠭᠠᠭᠤᠯᠢ ᠪᠠ ᠠᠵᠤ ᠠᠬᠤᠢᠯᠠᠯ ᠬᠠᠮᠵᠢᠯᠴᠠᠨ ᠬᠥᠮᠦᠨ ᠬᠥᠮᠦᠵᠢᠭᠦᠯᠵᠦ᠍᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠲᠤ ᠠᠵᠢᠯ ᠣᠯᠭᠤᠬᠤ᠎ᠶ᠋ᠢ ᠠᠬᠢᠭᠤᠯᠪᠠ᠃ ᠪᠢᠴᠢᠯ ᠣᠬᠣᠷ ᠵᠦᠴᠦᠭᠡ᠎ᠶ᠋ᠢᠨ ᠵᠣᠬᠢᠶᠠᠨ ᠪᠦᠲᠦᠭᠡᠬᠦ᠌ ᠲᠤᠰᠭᠠᠶ ᠰᠡᠳᠦᠪᠲᠦ ᠪᠣᠯᠪᠠᠰᠤᠷᠠᠯ᠎ᠤᠨ ᠠᠩᠭᠢ᠎ᠶ᠋ᠢ ᠡᠷᠬᠢᠯᠡᠵᠦ᠍᠂ ᠠᠵᠢᠯ ᠡᠷᠭᠢᠯᠡᠭ᠌ᠰᠡᠳ᠎ᠤᠨ ᠲᠤᠰᠭᠠᠶ ᠮᠡᠷᠭᠡᠵᠢᠯ᠎ᠤᠨ ᠤᠷ᠎ᠠ ᠴᠢᠳᠠᠪᠤᠷᠢ ᠪᠣᠯᠤᠨ ᠶᠡᠷᠦᠩᠬᠡᠢᠯᠡᠭ᠌ᠰᠡᠨ ᠬᠡᠪ ᠴᠢᠨᠠᠷ᠎ᠢ ᠳᠡᠭᠡᠭ᠌ᠰᠢᠯᠡᠭᠦᠯᠦᠨ᠎ᠡ᠃ ᠬᠤᠯᠪᠣᠭ᠍ᠳᠠᠯ ᠪᠦᠬᠦᠢ ᠪᠠᠢᠭᠤᠯᠤᠮᠵᠢ᠎ᠶ᠋ᠢᠨ ᠬᠠᠮᠲᠤ᠎ᠪᠠᠷ ᠲᠣᠭ᠍ᠯᠠᠯᠲᠠ ᠭᠠᠷᠭᠠᠬᠤ᠂ ᠰᠡᠭᠦᠳᠡᠷᠯᠡᠬᠦ᠂ ᠳ᠋ᠧᠩ᠎ᠤᠨ ᠭᠡᠷᠡᠯ᠂ ᠪᠠᠭᠠᠵᠢ ᠬᠡᠷᠡᠭ᠌ᠰᠡᠯ᠂ ᠵᠠᠰᠠᠵᠤ ᠴᠢᠮᠡᠬᠦ᠌ ᠵᠡᠷᠭᠡ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠭᠤᠯᠤᠯ ᠥᠷᠨᠢᠭᠦᠯᠬᠦ᠌᠎ᠶ᠋ᠢ ᠳᠠᠮᠵᠢᠵᠤ᠂ 《ᠨᠢᠭᠡ ᠲᠤᠰᠭᠠᠶ ᠮᠡᠷᠭᠡᠵᠢᠯ ᠣᠯᠠᠨ ᠴᠢᠳᠠᠪᠤᠷᠢ᠎ᠲᠠᠢ》ᠪᠢᠴᠢᠯ ᠣᠬᠤᠷ ᠵᠦᠴᠦᠭᠡ᠎ᠶ᠋ᠢᠨ ᠪᠦᠬᠦ᠌ ᠬᠡᠯᠬᠢᠶᠡᠨ᠎ᠤ ᠲᠤᠰᠭᠠᠶ ᠮᠡᠷᠭᠡᠵᠢᠯ᠎ᠤᠨ ᠴᠢᠳᠠᠪᠤᠷᠢᠲᠠᠨ᠎ᠢ ᠴᠢᠷᠮᠠᠢᠨ ᠬᠥᠮᠦᠵᠢᠭᠦᠯᠦᠨ᠎ᠡ᠃
(ᠳᠥᠷᠪᠡ) ᠵᠣᠬᠢᠶᠠᠨ ᠪᠦᠲᠦᠭᠡᠬᠦ᠌ ᠪᠠᠢᠭᠤᠯᠤᠮᠵᠢ᠎ᠪᠠᠨ ᠪᠤᠵᠠᠭᠠᠢᠷᠠᠭᠤᠯᠬᠤ ᠬᠡᠷᠡᠭ᠌ᠲᠡᠢ᠃ ᠡᠯ᠎ᠡ ᠷᠠᠳᠢᠣ᠋ ᠲᠧᠯᠸᠢᠰ᠎ᠤᠨ ᠨᠡᠪᠲᠡᠷᠡᠭᠦᠯᠬᠦ᠌ ᠪᠠᠢᠭᠤᠯᠤᠮᠵᠢ᠂ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠦᠶ᠋ᠯᠡᠴᠢᠯᠡᠭᠡᠨ᠎ᠤ ᠪᠠᠢᠭᠤᠯᠤᠮᠵᠢ᠎ᠶ᠋ᠢᠨ ᠲᠣᠰ ᠪᠠᠢᠭᠤᠯᠤᠮᠵᠢ᠎ᠶ᠋ᠢᠨ ᠪᠣᠳᠠᠲᠤ ᠪᠠᠢᠳᠠᠯ ᠪᠠ ᠪᠠᠢᠭ᠎ᠠ ᠭᠠᠵᠠᠷ᠎ᠤᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠣᠷᠣᠨ ᠨᠤᠲᠤᠭ᠎ᠤᠨ ᠣᠨᠴᠠᠯᠢᠭ᠎ᠲᠠᠢ᠂ ᠠᠮᠢᠳᠤᠷᠠᠯ᠎ᠤᠨ ᠠᠭᠤᠷ ᠠᠮᠢᠰᠭᠤᠯ᠎ᠢᠶᠠᠷ ᠪᠢᠯᠬᠠᠮ᠎ᠠ᠂ ᠣᠯᠠᠨ ᠲᠦᠮᠡᠨ᠎ᠤ ᠦᠵᠡᠵᠦ᠍ ᠰᠣᠨᠣᠰᠭᠤ ᠳᠤᠷᠠᠲᠠᠶ ᠨᠠᠷᠠᠲᠤ ᠲᠥᠷᠥᠯ ᠲᠡᠮᠳᠡᠭ᠌ᠲᠦ᠍᠎ᠶ᠋ᠢᠨ ᠪᠢᠴᠢᠯ ᠣᠬᠤᠷ ᠵᠦᠴᠦᠭᠡ᠎ᠶ᠋ᠢ ᠥᠪᠡᠰᠦᠪᠡᠨ ᠦᠶ᠋ᠯᠡᠳᠬᠦ᠌ ᠪᠤᠶᠤ ᠬᠥᠲᠥᠯᠦᠨ ᠵᠢᠯᠣᠭᠤᠳᠭᠤ᠎ᠶ᠋ᠢ ᠥᠷᠨᠢᠭᠦᠯᠦᠨ᠎ᠡ᠃ ᠤᠷᠤᠨ᠎ᠤ ᠲᠤᠳᠤᠭᠠᠳᠤᠬᠢ ᠷᠠᠳᠢᠤ᠋ ᠲᠧᠯᠸᠢᠰ᠎ᠤᠨ ᠫᠷᠤᠭ᠌ᠷᠠᠮ ᠦᠢᠯᠡᠳᠴᠤ᠌ ᠡᠵᠡᠩᠨᠡᠬᠦ᠌ ᠪᠠᠢᠭᠤᠯᠤᠮᠵᠢ᠎ᠶ᠋ᠢ ᠵᠤᠷᠢᠬ᠍ᠵᠢᠭᠤᠯᠵᠦ᠍ ᠪᠢᠴᠢᠯ ᠤᠬᠤᠷ ᠵᠦᠴᠦᠬᠡ᠎ᠶ᠋ᠢᠨ ᠵᠤᠬᠢᠶᠠᠨ ᠪᠦᠳᠦᠬᠡᠬᠦ᠌ ᠪᠡᠯᠡ ᠤᠷᠤᠭᠤᠯᠵᠦ᠍᠂ ᠤᠯᠤᠰ᠎ᠤᠨ ᠲᠤᠳᠤᠭᠠᠳᠤ᠎ᠶ᠋ᠢᠨ ᠪᠢᠴᠢᠯ ᠤᠬᠤᠷ ᠵᠦᠴᠦᠬᠡ ᠦᠢᠯᠡᠳᠴᠤ᠌ ᠲᠠᠷᠬᠠᠭᠠᠬᠤ ᠪᠠᠢᠭᠤᠯᠤᠮᠵᠢ᠎ᠲᠠᠢ ᠢᠳᠡᠪᠬᠢᠳᠡᠢ ᠬᠠᠮᠳᠤᠷᠠᠯᠴᠠᠵᠦ᠍᠂ ᠬᠠᠮᠢᠶᠠᠷᠤᠯᠳᠠ᠎ᠶ᠋ᠢᠨ ᠲᠦᠷᠦ᠍᠎ᠶ᠋ᠢᠨ ᠪᠤᠳᠤᠯᠭ᠎ᠠ᠂ ᠵᠦᠴᠦᠬᠡ᠎ᠶ᠋ᠢᠨ ᠲᠡᠪᠳᠡᠷ ᠵᠤᠬᠢᠶᠠᠨ ᠪᠦᠳᠦᠬᠡᠬᠦ᠂ ᠰᠡᠬᠦᠳᠡᠷᠯᠡᠨ ᠦᠢᠯᠡᠳᠬᠦ᠌ ᠵᠡᠷᠭᠡ ᠲᠠᠯ᠎ᠠ᠎ᠪᠠᠷ ᠰᠤᠷᠤᠯᠴᠠᠬᠤ᠎ᠪᠠᠨ ᠴᠢᠩᠭᠠᠳᠭᠠᠵᠦ᠍᠂ ᠲᠤᠷᠱᠢᠯᠭ᠎ᠠ ᠬᠤᠷᠠᠮᠳᠤᠭᠤᠯᠬᠤ᠎ᠪᠠᠨ ᠴᠢᠩᠭᠠᠳᠭᠠᠨ᠎ᠠ᠃
(ᠲᠠᠪᠤ) ᠰᠡᠭᠦᠳᠡᠷᠯᠡᠨ ᠦᠢᠯᠡᠳᠬᠦ᠌ ᠰᠠᠭᠤᠷᠢᠨ ᠭᠠᠵᠠᠷ᠎ᠢ ᠪᠠᠢᠭᠤᠯᠤᠨ᠎ᠠ᠃ ᠣᠷᠣᠨ᠎ᠤ ᠳᠣᠲᠣᠷᠠᠬᠢ ᠣᠳᠣ ᠪᠠᠢᠭ᠎ᠠ ᠺᠢᠨᠣ᠋ ᠲᠧᠯᠸᠢᠰ ᠬᠦᠷᠢᠶᠡᠯᠡᠩ ᠲᠣᠭᠣᠷᠢᠭ (ᠬᠣᠲᠠ)᠎ᠢ ᠵᠣᠷᠢᠭ᠍ᠵᠢᠭᠤᠯᠤᠨ᠎ᠠ ᠃ ᠣᠳᠣ ᠪᠠᠢᠭ᠎ᠠ ᠺᠢᠨᠣ᠋ ᠲᠧᠯᠸᠢᠰ᠎ᠦᠨ ᠰᠠᠭᠤᠷᠢᠨ ᠭᠠᠵᠠᠷ᠎ᠤᠨ ᠴᠢᠳᠠᠮᠵᠢ᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠵᠦ᠍ ᠪᠢᠴᠢᠯ ᠣᠬᠣᠷ ᠵᠦᠴᠦᠭᠡ᠎ᠶ᠋ᠢᠨ ᠰᠡᠭᠦᠳᠡᠷᠯᠡᠨ ᠦᠢᠯᠡᠳᠬᠦ᠌ ᠰᠠᠭᠤᠷᠢᠨ ᠭᠠᠵᠠᠷ ᠢ ᠪᠠᠢᠭᠤᠯᠬᠤ ᠬᠡᠷᠡᠭ᠌ᠲᠡᠶ ᠃ ᠣᠷᠣᠨ᠎ᠤ ᠳᠣᠲᠣᠷᠠᠬᠢ ᠳᠦᠷᠰᠦ ᠱᠢᠩᠭᠡᠭᠡᠯᠲᠡ᠎ᠶ᠋ᠢᠨ ᠰᠠᠷᠠᠪᠴᠢ᠂ ᠪᠣᠳᠠᠲᠤ ᠦᠵᠡᠮᠵᠢ᠎ᠶ᠋ᠢᠨ ᠲᠠᠯᠠᠪᠤᠷ᠂ ᠬᠡᠢᠰᠪᠦᠷᠢ ᠦᠢᠯᠡᠳᠬᠦ᠌ ᠰᠠᠷᠠᠪᠴᠢ᠂ ᠬᠤᠪᠴᠠᠰᠤᠨ᠎ᠤ ᠵᠠᠮ᠂ ᠣᠯᠠᠨ ᠲᠦᠮᠡᠨ᠎ᠤ ᠲᠣᠭ᠍ᠯᠠᠯᠲᠠ ᠵᠡᠷᠭᠡ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍᠂ ᠪᠢᠴᠢᠯ ᠣᠬᠤᠷ ᠵᠦᠴᠦᠭᠡ᠎ᠶ᠋ᠢ ᠰᠡᠭᠦᠳᠡᠷᠯᠡᠬᠦ᠌ ᠡᠬᠢ ᠪᠠᠶᠠᠯᠢᠭ᠎ᠤᠨ ᠬᠥᠮᠥᠷᠭᠡ᠎ᠶ᠋ᠢᠨ ᠰᠦᠯᠵᠢᠶᠡᠨ ᠳᠡᠭᠡᠷᠡᠬᠢ ᠲᠠᠪᠴᠠᠩ᠎ᠢ ᠨᠡᠭᠡᠭᠡᠨ ᠬᠥᠭ᠌ᠵᠢᠭᠦᠯᠵᠦ᠍᠂ ᠢᠵᠢ ᠪᠦᠷᠢᠳᠦᠭᠦᠯᠬᠦ᠌ ᠦᠢᠯᠡᠴᠢᠯᠡᠭᠡᠨ᠎ᠤ ᠴᠢᠳᠠᠪᠤᠷᠢ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠣᠷᠣᠨ᠎ᠤ ᠳᠣᠲᠣᠷᠠᠬᠢ ᠦᠵᠡᠮᠵᠢ ᠠᠪᠴᠤ᠌ ᠰᠡᠭᠦᠳᠡᠷᠯᠡᠬᠦ᠌ ᠲᠠᠯᠠᠪᠤᠷ ᠬᠠᠮᠵᠢᠯᠴᠠᠨ ᠬᠠᠮᠲᠤᠷᠠᠯᠴᠠᠬᠤ᠎ᠶ᠋ᠢ ᠳᠡᠮᠵᠢᠵᠦ᠍᠂ ᠲᠠᠯᠠᠪᠤᠷ ᠭᠠᠵᠠᠷ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠪᠠᠢᠭᠠᠯᠢ᠎ᠶ᠋ᠢᠨ ᠣᠷᠴᠢᠨ ᠲᠣᠭᠣᠷᠢᠨ ᠨᠢ ᠭᠣᠶᠣ ᠰᠠᠢᠬᠠᠨ ᠂ ᠰᠣᠶᠣᠯ᠎ᠤᠨ ᠰᠠᠭᠤᠷᠢ ᠭᠦᠨ ᠵᠤᠵᠠᠭᠠᠨ ᠂ ᠦᠢᠯᠡᠴᠢᠯᠡᠭᠡᠨ᠎ᠦ ᠪᠡᠯᠡᠳᠭᠡᠮᠵᠢ ᠨᠢ ᠪᠦᠷᠢᠨ ᠲᠡᠭᠦᠯᠳᠡᠷ ᠨᠢᠭᠡ ᠪᠦᠯᠦᠭ ᠰᠣᠶᠣᠯ ᠵᠢᠭᠤᠯᠴᠢᠯᠠᠯ᠎ᠤᠨ ᠦᠵᠡᠮᠵᠢᠲᠦ ᠣᠷᠣᠨ ᠂ ᠬᠣᠲᠠ᠎ᠶ᠋ᠢᠨ ᠭᠠᠵᠠᠷ᠎ᠤᠨ ᠲᠡᠮᠳᠡᠭ ᠵᠡᠷᠭᠡ᠎ᠶ᠋ᠢ ᠰᠣᠩᠭᠣᠵᠤ ᠂ ᠪᠢᠴᠢᠯ ᠣᠬᠣᠷ ᠵᠦᠴᠦᠭᠡ᠎ᠶ᠋ᠢᠨ ᠬᠠᠮᠤᠭ᠎ᠤᠨ ᠰᠠᠢᠨ ᠰᠡᠭᠦᠳᠡᠷᠯᠡᠬᠦ᠌ ᠭᠠᠵᠠᠷ ᠢ ᠪᠠᠢᠭᠤᠯᠬᠤ ᠬᠡᠷᠡᠭ᠌ᠲᠡᠶ ᠃
(ᠵᠢᠷᠭᠤᠭ᠎ᠠ) ᠴᠢᠨᠠᠷ ᠴᠢᠨᠰᠠᠭ᠎ᠠ᠎ᠶ᠋ᠢ ᠬᠢᠨᠠᠨ ᠬᠠᠷᠭᠤᠭᠤᠯᠬᠤ᠎ᠶ᠋ᠢ ᠳᠡᠭᠡᠭ᠌ᠰᠢᠯᠡᠭᠦᠯᠦᠨ᠎ᠡ᠃ ᠲᠥᠷᠥᠯ ᠬᠤᠪᠢᠶᠠᠨ ᠲᠠᠰ ᠬᠤᠪᠢᠶᠠᠨ ᠬᠢᠨᠠᠨ ᠬᠠᠷᠭᠤᠭᠤᠯᠬᠤ ᠲᠦᠷᠢᠮ᠎ᠢ ᠪᠠᠷᠢᠮᠲᠠᠯᠠᠨ᠂ ᠬᠠᠤᠯᠢ ᠲᠣᠭ᠍ᠲᠠᠭᠠᠯ ᠶᠣᠰᠣᠭᠠᠷ ᠪᠣᠯᠭᠤᠮᠵᠢᠲᠠᠶ ᠪᠠᠭ᠍ᠲᠠᠭᠠᠮᠵᠢᠲᠠᠶ ᠬᠢᠨᠠᠨ ᠬᠠᠮᠢᠶᠠᠷᠬᠤ᠎ᠶ᠋ᠢ ᠬᠡᠷᠡᠭ᠌ᠵᠢᠭᠦᠯᠵᠦ᠍᠂ 《ᠭᠤᠤᠯᠳᠠᠯᠭ᠎ᠠ᠎ᠲᠠᠢ ᠪᠢᠴᠢᠯ ᠣᠬᠤᠷ ᠵᠦᠴᠦᠭᠡ》᠎ᠶ᠋ᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠲᠣᠭ᠍ᠲᠠᠭᠠᠭ᠍ᠰᠠᠨ ᠴᠠᠭ ᠪᠠ ᠲᠠᠰ ᠳᠠᠷᠠᠭᠠᠯᠠᠯ᠎ᠤᠨ ᠶᠣᠰᠣᠭᠠᠷ᠂ ᠴᠠᠭ ᠲᠤᠬᠠᠶ᠎ᠳᠤ ᠨᠢ ᠬᠢᠨᠠᠨ ᠬᠠᠷᠭᠤᠭᠤᠯᠬᠤ᠎ᠶ᠋ᠢ ᠪᠡᠶᠡᠯᠡᠭᠦᠯᠦᠨ᠎ᠡ᠃ 《ᠡᠩ᠎ᠤᠨ ᠪᠢᠴᠢᠯ ᠣᠬᠤᠷ ᠵᠦᠴᠦᠭᠡ》 ᠢ ᠣᠨᠴᠠᠭᠠᠶ ᠰᠡᠳᠦᠪ᠎ᠠᠴᠠ ᠭᠠᠳᠠᠨ᠎ᠠ 7 ᠠᠵᠢᠯᠯᠠᠬᠤ ᠡᠳᠦᠷ᠎ᠤᠨ ᠳᠣᠲᠣᠷ᠎ᠠ ᠳᠡᠩᠰᠡᠯᠡᠵᠦ᠍ ᠬᠢᠨᠠᠨ ᠪᠠᠢᠴᠠᠭᠠᠭ᠍ᠰᠠᠨ ᠰᠠᠨᠠᠯ ᠪᠤᠶᠤ ᠬᠡᠰᠡᠭ ᠬᠤᠪᠢᠶᠠᠨ ᠬᠢᠨᠠᠨ ᠪᠠᠢᠴᠠᠭᠠᠭ᠍ᠰᠠᠨ ᠰᠠᠨᠠᠯ ᠭᠠᠷᠭᠠᠨ᠎ᠠ᠃ 《ᠪᠤᠰᠤᠳ ᠪᠢᠴᠢᠯ ᠣᠬᠤᠷ ᠵᠦᠴᠦᠭᠡ》 ᠪᠠᠷ ᠬᠠᠮᠢᠶ᠎ᠠ ᠪᠥᠬᠦᠶ ᠲᠠᠪᠴᠠᠩ᠎ᠢ ᠱᠢᠮᠳᠠᠭᠤᠯᠵᠤ ᠬᠢᠨᠠᠨ ᠬᠠᠷᠭᠤᠭᠤᠯᠤᠭ᠍ᠰᠠᠨ ᠦᠷ᠎ᠡ ᠪᠦᠲᠦᠮᠵᠢ᠎ᠪᠠᠨ ᠳᠡᠭᠡᠭ᠌ᠰᠢᠯᠡᠭᠦᠯᠬᠦ᠌᠎ᠶ᠋ᠢᠨ ᠬᠠᠮᠲᠤ᠌᠂ ᠬᠢᠨᠠᠨ ᠬᠠᠷᠭᠤᠭᠤᠯᠤᠭ᠍ᠰᠠᠨ ᠵᠦᠴᠦᠭᠡ᠎ᠶ᠋ᠢᠨ ᠮᠡᠳᠡᠭᠡ ᠵᠠᠩᠭᠢ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠮᠡᠳᠡᠭᠦᠯᠵᠦ᠍ ᠳᠠᠩᠰᠠᠯᠠᠭᠤᠯᠤᠨ᠎ᠠ᠃
ᠳᠠᠭᠠᠯᠳᠤᠭᠤᠯᠤᠯ᠄ ᠵᠣᠬᠢᠶᠠᠨ ᠪᠦᠲᠦᠭᠡᠬᠦ᠌ ᠲᠥᠯᠥᠪᠯᠡᠭᠡ᠎ᠶ᠋ᠢᠨ ᠮᠡᠳᠡᠭᠦᠯᠬᠦ᠌ ᠬᠦᠰᠦᠨᠦᠭ᠌ᠲᠦ
ᠳᠠᠭᠠᠯᠳᠤᠭᠤᠯᠤᠯ᠄ ᠵᠣᠬᠢᠶᠠᠨ ᠪᠦᠲᠦᠭᠡᠬᠦ᠌ ᠲᠥᠯᠥᠪᠯᠡᠭᠡ᠎ᠶ᠋ᠢᠨ ᠮᠡᠳᠡᠭᠦᠯᠬᠦ᠌ ᠬᠦᠰᠦᠨᠦᠭ᠌ᠲᠦ.doc
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠦᠨᠳᠦᠷ ᠵᠡᠷᠭᠡ᠎ᠶ᠋ᠢᠨ ᠱᠢᠭᠦᠬᠦ᠌ ᠬᠤᠷᠢᠶ᠎ᠠ
ᠥᠪᠥᠷ ᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠶᠢᠨ ᠠᠷᠠᠳ᠎ᠶᠢᠨ ᠪᠠᠢᠴᠠᠭᠠᠬᠤ ᠬᠣᠷᠢᠶ᠎ᠠ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠱᠢᠨᠵᠢᠯᠡᠬᠦ᠌ ᠤᠬᠠᠭᠠᠨ ᠮᠡᠷᠭᠡᠵᠢᠯ᠎ᠤᠨ ᠨᠡᠢᠭᠡᠮᠯᠢᠭ
ᠥᠪᠥᠷ ᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠶᠢᠨ ᠤᠳᠭ᠎ᠠ ᠤᠷᠠᠯᠢᠭ᠍ᠴᠢᠳ᠎ᠤ᠋ᠨ ᠬᠣᠯᠪᠣᠭᠠᠲᠤ ᠬᠤᠷᠠᠯ
2025 ᠣᠨ᠎ᠤ 7 ᠳ᠋ᠤᠭᠠᠷ ᠰᠠᠷ᠎ᠠ᠎ᠶ᠋ᠢᠨ 24 ᠤ ᠡᠳᠦᠷ
(ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠬᠠᠷᠢᠯᠴᠠᠬᠤ ᠬᠥᠮᠦᠨ᠄ ᠶᠣᠣ ᠸᠧᠶ᠂ ᠬᠠᠷᠢᠯᠴᠠᠬᠤ ᠤᠲᠠᠰᠤ᠄ 18147145322
ᠰᠦᠯᠵᠢᠶᠡᠨ᠎ᠤ ᠦᠵᠡᠵᠦ᠍ ᠰᠣᠨᠣᠰᠭᠤ ᠨᠡᠢᠭᠡᠮᠯᠢᠭ᠎ᠤᠨ ᠬᠠᠷᠢᠯᠴᠠᠬᠤ ᠬᠥᠮᠦᠨ᠄ ᠯᠢᠦ ᠲᠢᠩ ᠲᠢᠩ᠂ ᠬᠠᠷᠢᠯᠴᠠᠬᠤ ᠤᠲᠠᠰᠤ᠄ 187 4734 6106)