ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ᠎ᠤᠨ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ᠎ᠶ᠋ᠢ ᠬᠢᠨᠠᠨ ᠲᠣᠭ᠍ᠲᠠᠭᠠᠬᠤ ᠬᠠᠮᠢᠶᠠᠷᠤᠯᠲᠠ᠎ᠶ᠋ᠢ ᠬᠡᠷᠡᠭ᠌ᠵᠢᠭᠦᠯᠬᠦ᠌ ᠨᠠᠷᠢᠨ ᠲᠦᠷᠢᠮ〉 ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭ᠌ᠳᠡᠯ》 (ᠥᠪᠥᠷ ᠬᠥᠮᠦᠨ ᠨᠡᠢᠭᠡᠮ ᠲᠠᠷᠬᠠᠭᠠᠭ᠍ᠰᠠᠨ [2025]16 ᠳ᠋ᠤᠭᠠᠷ ᠲᠣᠭᠠᠲᠤ᠂ 《2025 ᠣᠨ᠎ᠤ ᠪᠥᠬᠦ᠌ ᠣᠷᠣᠨ᠎ᠤ ᠮᠡᠷᠭᠡᠵᠢᠯ᠎ᠤᠨ ᠴᠣᠯᠠ᠎ᠶ᠋ᠢ ᠬᠢᠨᠠᠨ ᠲᠣᠭ᠍ᠲᠠᠭᠠᠬᠤ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 (ᠥᠪᠥᠷ ᠬᠥᠮᠦᠨ᠎ᠤ ᠨᠡᠢᠭᠡᠮ ᠠᠯᠪᠠᠨ ᠲᠠᠷᠬᠠᠭᠠᠭ᠍ᠰᠠᠨ [2025]87᠎ᠳ᠋ᠤᠭᠠᠷ ᠲᠣᠭᠠᠲᠤ)᠎ᠤᠨ ᠱᠠᠭᠠᠷᠳᠠᠯᠭ᠎ᠠ ᠶᠣᠰᠣᠭᠠᠷ᠂ ᠣᠲᠣ 2025ᠣᠨ᠎ᠤ ᠪᠥᠬᠦ᠌ ᠣᠷᠣᠨ᠎ᠤ ᠨᠡᠪᠲᠡᠷᠡᠭᠦᠯᠭᠡ᠎ᠶ᠋ᠢᠨ ᠱᠢᠷᠢᠰ ᠳᠡᠭᠡᠳᠦ ᠳᠤᠮᠳᠠ ᠵᠡᠷᠭᠡ᠂ ᠰᠣᠨᠢᠨ ᠮᠡᠳᠡᠭᠡᠨ᠎ᠤ ᠱᠢᠷᠢᠰ ᠳᠤᠮᠳᠠ ᠵᠡᠷᠭᠡ᠎ᠶ᠋ᠢᠨ ᠲᠠᠰ᠂ ᠣᠷᠣᠨ᠎ᠤ ᠱᠢᠭᠤᠳ ᠬᠠᠷᠢᠶ᠎ᠠ ᠡᠯᠧᠺᠲᠷᠣᠨ ᠢᠨᠵᠧᠨᠧᠷᠢᠩ᠎ᠤᠨ ᠳᠤᠮᠳᠠᠠᠩᠬᠠ ᠵᠡᠷᠭᠡ᠎ᠶ᠋ᠢᠨ ᠮᠡᠷᠭᠡᠵᠢᠯ᠎ᠤᠨ ᠴᠣᠯᠠ᠎ᠶ᠋ᠢ ᠬᠢᠨᠠᠨ ᠲᠣᠭ᠍ᠲᠠᠭᠠᠭ᠍ᠰᠠᠨ ᠦᠷ᠎ᠡ ᠳ᠋ᠦᠩ᠎ᠢ ᠢᠯᠡ ᠨᠡᠢᠲᠡᠯᠡᠪᠡ᠃
ᠵᠠᠷᠯᠠᠨ ᠨᠡᠢᠲᠡᠯᠡᠬᠦ᠌ ᠬᠤᠭᠤᠴᠠᠭᠠᠨ᠎ᠳᠤ᠂ ᠬᠢᠨᠠᠨ ᠲᠣᠭ᠍ᠲᠠᠭᠠᠵᠤ ᠪᠠᠲᠤᠯᠠᠭ᠍ᠰᠠᠨ ᠬᠥᠮᠦᠰ᠎ᠲᠤ ᠮᠠᠳᠠᠭ᠎ᠲᠠᠶ ᠪᠣᠯ ᠶᠠᠮᠠᠷᠪᠠᠨᠢᠭᠡᠴᠢ ᠪᠠᠬᠤᠪᠢ ᠬᠥᠮᠦᠨ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ᠎ᠪᠠᠷ ᠢᠷᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠠᠰᠠᠭᠤᠳᠠᠯ᠎ᠢ ᠲᠤᠰᠭᠠᠵᠤ ᠪᠣᠯᠤᠨ᠎ᠠ᠃ ᠠᠰᠠᠭᠤᠳᠠᠯ᠎ᠢ ᠲᠤᠰᠭᠠᠬᠤ᠎ᠳᠤ ᠦᠨᠡᠨ ᠪᠣᠳᠠᠲᠠᠶ ᠦᠨᠳᠦᠰᠦ ᠪᠠᠷᠢᠮᠲᠠ᠎ᠲᠠᠢ ᠪᠠᠢᠬᠤ᠎ᠶ᠋ᠢ ᠱᠠᠭᠠᠷᠳᠠᠬᠤ᠎ᠶ᠋ᠢᠨ ᠬᠠᠮᠲᠤ ᠪᠢᠴᠢᠭ ᠮᠠᠲ᠋ᠧᠷᠢᠶᠠᠯ᠂ ᠦᠨᠡᠨ ᠪᠣᠲᠠᠲᠠᠢ ᠣᠪᠣᠭ ᠨᠡᠷ᠎ᠡ᠂ ᠬᠠᠷᠢᠯᠴᠠᠬᠤ ᠣᠲᠠᠰᠦ ᠶ᠋ᠢ ᠳᠠᠭᠠᠯᠳᠤᠭᠤᠯᠵᠤ᠂ ᠲᠠᠷᠠᠭᠠᠴᠢ᠎ᠶ᠋ᠢᠨ ᠠᠯᠬᠤᠮ᠎ᠳᠤ ᠬᠢᠨᠠᠨ ᠬᠠᠷᠭᠤᠭᠤᠯᠬᠤ ᠪᠠ ᠪᠠᠢᠴᠠᠭᠠᠬᠤ ᠠᠵᠢᠯ᠎ᠢ ᠰᠠᠢᠲᠤᠷ ᠬᠢᠬᠦ᠌᠎ᠳᠤ ᠳᠥᠭᠦᠮ ᠦᠵᠡᠭᠦᠯᠦᠨ᠎ᠡ᠃
ᠵᠠᠷᠯᠠᠨ ᠨᠡᠢᠲᠡᠯᠡᠬᠦ᠌ ᠴᠠᠭ᠄ 2025ᠣᠨ᠎ᠤ 9 ᠳ᠋ᠦ᠍ᠭᠡᠷ ᠰᠠᠷ᠎ᠠ᠎ᠶ᠋ᠢᠨ 26 ᠤ ᠡᠳᠦᠷ — 2025 ᠣᠨ᠎ᠤ 10 ᠳ᠋ᠤᠭᠠᠷ ᠰᠠᠷ᠎ᠠ᠎ᠶ᠋ᠢᠨ 9᠎ᠤ ᠡᠳᠦᠷ ᠪᠣᠯᠲᠠᠯ᠎ᠠ
ᠬᠠᠷᠢᠯᠴᠠᠬᠤ ᠬᠠᠶᠢᠭ᠄ ᠬᠥᠬᠡᠬᠤᠲᠠ᠎ᠶ᠋ᠢᠨ ᠴᠢᠩᠭᠢᠰ ᠬᠠᠭᠠᠨ ᠪᠠᠷᠠᠭᠤᠨ ᠵᠡᠭᠡᠯᠢ᠎ᠶ᠋ᠢᠨ 1 ᠳ᠋ᠤᠭᠡᠷ ᠨᠣᠮᠧᠷ᠎ᠤᠨ A ᠰᠠᠭᠤᠳᠠᠯ 1717 ᠳ᠋ᠤᠭ᠋ᠠᠷ ᠥᠷᠥᠭᠡ
ᠬᠠᠷᠢᠯᠴᠠᠬᠤ ᠤᠲᠠᠰᠤ᠄ 0471- 4590021 0471- 4590043
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2025ᠣᠨ᠎ᠤ 9 ᠳ᠋ᠦ᠍ᠭᠡᠷ ᠰᠠᠷ᠎ᠠ᠎ᠶ᠋ᠢᠨ 25 ᠤ ᠡᠳᠦᠷ