《ᠤᠰᠤ᠎ᠶ᠋ᠢ ᠠᠷᠪᠢᠯᠠᠨ ᠭᠠᠮᠨᠠᠬᠤ•ᠤᠮᠠᠷᠠᠲᠤ ᠬᠢᠯᠢ ᠠᠵᠢᠯᠯᠠᠭ᠎ᠠ ᠬᠢᠬᠦ᠌》 ᠪᠥᠬᠦ᠌ ᠣᠷᠣᠨ᠎ᠤ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠤᠷᠤᠯᠳᠤᠭᠠᠨ᠎ᠤ ᠱᠢᠯᠭᠠᠷᠠᠭᠤᠯᠤᠯᠲᠠ᠎ᠶ᠋ᠢᠨ ᠦᠷ᠎ᠡ ᠳ᠋ᠦᠩ᠎ᠤᠨ ᠨᠡᠢ᠌ᠲᠡᠯᠡᠯ ᠪᠠ ᠳᠡᠯᠭᠡᠨ ᠨᠡᠪᠲᠡᠷᠡᠭᠦᠯᠬᠦ᠌ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ
2025-09-26

ᠡᠯ᠎ᠡ ᠠᠢᠮᠠᠭ ᠬᠤᠲᠠ᠎ᠶ᠋ᠢᠨ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠡᠯ᠎ᠡ ᠬᠠᠮᠢᠶ᠎ᠠ ᠪᠥᠬᠦᠶ ᠨᠢᠭᠡᠴᠢ᠎ᠳᠤ᠄

ᠦᠪᠡᠷᠲᠡᠭᠡᠨ ᠵᠠᠰᠠᠬᠤ ᠣᠷᠣᠨ᠎ᠤ 《ᠵᠢᠷᠭᠤᠭᠠᠨ ᠠᠵᠢᠯᠯᠠᠭ᠋ᠠᠨ》᠎ᠤ ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠨᠠᠢᠳᠠᠪᠤᠷᠢᠵᠢᠭᠤᠯᠬᠤ᠎ᠶ᠋ᠢᠨ ᠲᠥᠯᠥᠭᠡ᠂ 3 ᠳ᠋ᠤᠭᠠᠷ ᠰᠠᠷ᠎ᠠ᠎ᠶ᠋ᠢᠨ 24᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠠᠮᠲᠤ᠎ᠪᠠᠷ 《ᠤᠰᠤ᠎ᠶ᠋ᠢ ᠠᠷᠪᠢᠯᠠᠨ ᠭᠠᠮᠨᠠᠬᠤ•ᠤᠮᠠᠷᠠᠲᠤ ᠬᠢᠯᠢ ᠠᠵᠢᠯᠯᠠᠭ᠎ᠠ ᠬᠢᠬᠦ᠌》 ᠪᠥᠬᠦ᠌ ᠣᠷᠣᠨ᠎ᠤ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠤᠷᠤᠯᠳᠤᠭᠠᠨ᠎ᠢ ᠡᠬᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠬᠦ᠌᠎ᠳᠤ ᠬᠦᠴᠦᠨ ᠨᠡᠮᠡᠷᠢᠯᠡᠪᠡ᠃ ᠲᠤᠰᠭᠠᠶ ᠮᠡᠷᠭᠡᠵᠢᠯᠲᠡᠨ᠎ᠤ ᠬᠢᠨᠠᠨ ᠲᠣᠭ᠍ᠲᠠᠭᠠᠬᠤ᠂ ᠬᠤᠷᠠᠯ ᠳᠡᠭᠡᠷ᠎ᠡ ᠰᠤᠳᠤᠯᠬᠤ᠂ ᠰᠦᠯᠵᠢᠶᠡᠨ ᠳᠡᠭᠡᠷ᠎ᠡ ᠵᠠᠷᠯᠠᠨ ᠨᠡᠢᠲᠡᠯᠡᠬᠦ᠂ ᠳᠠᠬᠢᠨ ᠬᠢᠨᠠᠵᠤ ᠬᠢᠨᠠᠨ ᠪᠠᠢᠴᠠᠭᠠᠬᠤ᠎ᠪᠠᠷ ᠳᠡᠮᠵᠢᠨ᠂ ᠱᠢᠯᠢᠳᠡᠭ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶᠡᠨ᠎ᠤ ᠦᠵᠡᠵᠦ᠍ ᠰᠣᠨᠣᠰᠭᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠪᠦᠲᠦᠭᠡᠯ᠎ᠢ 51ᠬᠤᠪᠢ᠂ ᠷᠠᠳᠢᠣ᠋ ᠨᠡᠪᠲᠡᠷᠡᠭᠦᠯᠭᠡ ᠪᠠ ᠲᠧᠯᠸᠢᠰ (ᠰᠦᠯᠵᠢᠶᠡᠨ᠎ᠤ ᠦᠵᠡᠵᠦ᠍ ᠰᠣᠨᠣᠰᠭᠤ) ᠪᠦᠲᠦᠭᠡᠯᠴᠢ ᠪᠢᠴᠢᠭ᠎ᠤᠨ ᠲᠥᠰᠦᠯ᠎ᠢ 20 ᠬᠣᠪᠢ ᠱᠢᠯᠭᠠᠷᠠᠭᠤᠯᠤᠨ ᠭᠠᠷᠭᠠᠵᠤ᠂ ᠡᠳᠦᠭᠡ ᠨᠡᠢᠲᠡᠯᠡᠬᠦ᠌᠎ᠶ᠋ᠢᠨ ᠬᠠᠮᠲᠤ ᠬᠠᠮᠢᠶ᠎ᠠ ᠪᠥᠬᠦᠶ ᠠᠵᠢᠯ᠎ᠢ ᠰᠠᠢᠲᠤᠷ ᠬᠢᠬᠦ᠌ ᠲᠤᠬᠠᠶ ᠳᠣᠤᠷᠠᠬᠢ ᠮᠡᠲᠦ ᠱᠠᠭᠠᠷᠳᠠᠯᠭ᠎ᠠ ᠲᠣᠷᠠᠲᠣᠶ᠎ᠠ᠃

ᠨᠢᠭᠡ᠂ ᠪᠦᠲᠦᠭᠡᠯ᠎ᠤᠨ ᠳᠡᠯᠭᠡᠨ ᠨᠡᠪᠲᠡᠷᠡᠭᠦᠯᠭᠡ᠎ᠶ᠋ᠢ ᠬᠢᠨᠠᠮᠠᠭᠠᠶ ᠵᠣᠬᠢᠶᠠᠨ ᠪᠠᠢ᠌ᠭᠤᠯᠤᠨ᠎ᠠ 

ᠲᠣᠰ ᠤᠳᠠᠭᠠᠨ᠎ᠤ ᠤᠷᠤᠯᠳᠤᠭᠠᠨ᠎ᠢ ᠥᠪᠡᠷᠲᠡᠭᠡᠨ ᠵᠠᠰᠠᠬᠤ ᠣᠷᠣᠨ᠎ᠤ ᠭᠤᠤᠯ ᠠᠵᠢᠯ᠎ᠲᠠᠢ ᠨᠢᠭ᠍ᠲᠠ ᠤᠶᠠᠯᠳᠤᠭᠤᠯᠤᠨ ᠡᠷᠭᠢᠯᠡᠵᠦ᠍᠂ ᠣᠷᠣᠨ᠎ᠤ ᠳᠣᠲᠣᠷ᠎ᠠ ᠭᠠᠳᠠᠨᠠᠬᠢ ᠲᠤᠰᠭᠠᠶ ᠮᠡᠷᠭᠡᠵᠢᠯᠲᠡᠨ᠎ᠤ ᠪᠦᠯᠬᠦᠮ᠎ᠢ ᠵᠣᠬᠢᠶᠠᠨ ᠪᠠᠢᠭᠤᠯᠤᠨ ᠪᠥᠬᠦ᠌ ᠶᠠᠪᠤᠴᠠ᠎ᠳᠤ ᠵᠢᠯᠣᠭᠤᠳᠴᠤ᠌᠂ ᠲᠥᠪ᠎ᠤᠨ ᠵᠠᠭᠤᠴᠢᠯᠠᠭᠤᠷ᠎ᠤᠨ ᠰᠦᠯᠵᠢᠶ᠎ᠡ᠂ ᠬᠡᠷᠡᠭ᠌ᠯᠡᠭ᠌ᠴᠢ᠎ᠶ᠋ᠢᠨ ᠦᠵᠦᠭᠦᠷ ᠪᠠ ᠥᠪᠡᠷᠲᠡᠭᠡᠨ ᠵᠠᠰᠠᠬᠤ ᠣᠷᠣᠨ᠎ᠤ ᠭᠤᠤᠯ ᠵᠠᠭᠤᠴᠢᠯᠠᠭᠤᠷ᠎ᠤᠨ᠎ᠬᠢᠨ ᠶᠡᠭᠡ᠎ᠪᠠᠷ ᠤᠬᠠᠭᠤᠯᠤᠨ ᠮᠡᠳᠡᠭᠡᠯᠡᠵᠦ᠍᠂ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠣᠷᠣᠯᠴᠠᠬᠤ ᠬᠡᠮᠵᠢᠶ᠎ᠡ ᠥᠨᠳᠥᠷ ᠪᠠᠢᠵᠤ᠂ ᠣᠷᠣᠨ᠎ᠤ ᠳᠣᠲᠣᠷ᠎ᠠ ᠭᠠᠳᠠᠨ᠎ᠠ 430 ᠭᠠᠷᠤᠶ ᠤᠰᠤ ᠠᠷᠪᠢᠯᠠᠬᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠱᠢᠯᠢᠳᠡᠭ ᠪᠦᠲᠦᠭᠡᠯ ᠭᠠᠷᠭᠠᠬᠤ᠎ᠶ᠋ᠢ ᠬᠥᠲᠥᠯᠦᠨ ᠵᠢᠯᠣᠭᠤᠳᠴᠤ᠌ ᠬᠥᠭ᠌ᠵᠢᠭᠡᠪᠡ᠃ ᠡᠯ᠎ᠡ ᠱᠠᠲᠤᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠨᠡᠪᠲᠡᠷᠡᠭᠦᠯᠭᠡ᠎ᠶ᠋ᠢᠨ ᠪᠠᠢᠭᠤᠯᠤᠮᠵᠢ᠎ᠨᠤᠭᠤᠳ ᠡᠨᠡ ᠬᠦ᠌ ᠤᠷᠤᠯᠳᠤᠭᠠᠨ᠎ᠤ ᠦᠷ᠎ᠡ ᠪᠦᠲᠦᠭᠡᠯ᠎ᠢ ᠭᠦᠢᠴᠡᠳ ᠰᠠᠢᠲᠤᠷ ᠬᠡᠷᠡᠭ᠌ᠯᠡᠵᠦ᠍᠂ ᠪᠦᠲᠦᠭᠡᠯ ᠨᠡᠪᠲᠡᠷᠡᠭᠦᠯᠬᠦ᠌ ᠎ᠶ᠋ᠢ ᠰᠠᠢᠲᠤᠷ ᠬᠢᠬᠦ᠌ ᠬᠡᠷᠡᠭ᠌ᠲᠡᠶ᠃ ᠤᠷᠤᠯᠳᠤᠭᠠᠨ᠎ᠤ ᠱᠢᠯᠭᠠᠷᠠᠭᠤᠯᠵᠤ ᠭᠠᠷᠭᠠᠭ᠍ᠰᠠᠨ ᠨᠢᠭᠡᠳᠦᠭᠡᠷ ᠲᠦᠷᠦᠯ᠂ ᠬᠤᠶᠠᠳᠤᠭᠠᠷ ᠲᠦᠷᠦᠯ᠂ ᠭᠤᠷᠪᠠᠳᠤᠭᠠᠷ ᠲᠦᠷᠦᠯ᠎ᠤᠨ ᠱᠢᠯᠢᠳᠡᠭ ᠪᠦᠲᠦᠭᠡᠯ᠎ᠢ ᠷᠠᠳᠢᠤ᠋᠂ ᠲᠧᠯᠸᠢᠰ᠂ ᠲᠣᠣᠷ ᠰᠦᠯᠵᠢᠶ᠎ᠡ ᠪᠣᠯᠤᠨ ᠭᠡᠷ᠎ᠤᠨ ᠭᠠᠳᠠᠨᠠᠬᠢ ᠲᠤᠮᠤ ᠳᠡᠯᠭᠡᠴᠡ ᠵᠡᠷᠭᠡ ᠡᠯ᠎ᠡ ᠲᠦᠷᠦᠯ᠎ᠤᠨ ᠲᠠᠪᠴᠠᠩ᠎ᠳᠤ ᠲᠥᠪᠯᠡᠷᠡᠭᠦᠯᠦᠨ ᠨᠡᠪᠲᠡᠷᠡᠭᠦᠯᠬᠦ᠌᠎ᠶ᠋ᠢ ᠢᠳᠡᠪᠬᠢᠲᠡᠢ ᠵᠣᠬᠢᠶᠠᠨ ᠪᠠᠢᠭᠤᠯᠵᠤ᠂ ᠪᠤᠰᠤᠳ ᠪᠦᠲᠦᠭᠡᠯ᠎ᠢ ᠡᠯ᠎ᠡ ᠨᠡᠪᠲᠡᠷᠡᠭᠦᠯᠬᠦ᠌ ᠲᠠᠪᠴᠠᠩ᠎ᠠᠴᠠ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠨᠡᠪᠲᠡᠷᠡᠭᠦᠯᠦᠨ᠎ᠡ᠃ ᠨᠡᠪᠲᠡᠷᠡᠭᠦᠯᠦᠭ᠌ᠰᠡᠨ ᠪᠠᠢᠳᠠᠯ᠎ᠢ 9 ᠳ᠋ᠦ᠍ᠭᠡᠷ ᠰᠠᠷ᠎ᠠ᠎ᠶ᠋ᠢᠨ 30 ᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠵᠠᠭᠤᠴᠢᠯᠠᠭᠤᠷ᠎ᠤᠨ ᠪᠠᠢᠭᠤᠯᠤᠮᠵᠢ᠎ᠶ᠋ᠢᠨ ᠬᠠᠮᠢᠶᠠᠷᠤᠯᠲᠠ᠎ᠶ᠋ᠢᠨ ᠭᠠᠵᠠᠷ᠎ᠤᠨ ᠱᠢᠦᠳᠠᠨ᠎ᠤ ᠬᠠᠢᠷᠴᠠᠭ nmgxgdcmc@126.com᠎ᠳᠤ ᠬᠠᠷᠢᠭᠤ ᠲᠤᠰᠭᠠᠨ᠎ᠠ᠃

ᠬᠤᠶᠠᠷ᠂ ᠨᠡᠪᠲᠡᠷᠡᠭᠦᠯᠬᠦ᠌᠎ᠶ᠋ᠢ ᠬᠢᠨᠠᠨ ᠪᠠᠢᠴᠠᠭᠠᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠎ᠠ

ᠡᠯ᠎ᠡ ᠱᠠᠲᠤᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ᠎ᠨᠢ ᠨᠡᠪᠲᠡᠷᠡᠭᠦᠯᠬᠦ᠌᠎ᠶ᠋ᠢ ᠬᠢᠨᠠᠨ ᠪᠠᠢᠴᠠᠭᠠᠬᠤ ᠪᠠ ᠳᠠᠬᠢᠨ ᠨᠡᠪᠲᠡᠷᠡᠭᠦᠯᠬᠦ᠌᠎ᠶ᠋ᠢ ᠳᠠᠬᠢᠨ ᠬᠢᠨᠠᠬᠤ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠨᠡᠪᠲᠡᠷᠡᠭᠦᠯᠭᠡ᠎ᠶ᠋ᠢ ᠬᠢᠨᠠᠨ ᠪᠠᠢᠴᠠᠭᠠᠬᠤ ᠡᠯ᠎ᠡ ᠭᠤᠭ᠍ᠴᠤᠭ᠎ᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠨᠡᠪᠲᠡᠷᠡᠭᠦᠯᠭᠡ᠎ᠶ᠋ᠢᠨ ᠠᠭᠤᠯᠭ᠎ᠠ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ᠃ ᠲᠣᠰ ᠭᠠᠵᠠᠷ ᠣᠷᠣᠨ ᠲᠣᠰ ᠨᠢᠭᠡᠴᠢ᠎ᠶ᠋ᠢᠨ᠎ᠢᠶᠠᠨ ᠠᠵᠢᠯ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠭᠠᠷᠭᠠᠵᠤ ᠨᠡᠪᠲᠡᠷᠡᠭᠦᠯᠬᠦ᠌ ᠲᠣᠬᠢᠷᠠᠭᠤᠯᠤᠯᠲᠠ᠎ᠪᠠᠨ ᠴᠠᠭ ᠲᠤᠬᠠᠶ᠎ᠳᠤ ᠨᠢ ᠲᠣᠬᠢᠷᠠᠭᠤᠯᠵᠤ᠂ ᠤᠰᠤ ᠠᠷᠪᠢᠯᠠᠬᠤ ᠭᠤᠤᠯ ᠰᠡᠳᠦᠪᠲᠦ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ ᠨᠡᠪᠲᠡᠷᠡᠭᠦᠯᠬᠦ᠌ ᠪᠠ ᠣᠳᠣᠬᠠᠨ᠎ᠤ ᠤᠬᠠᠭᠤᠯᠭ᠎ᠠ᠎ᠶ᠋ᠢᠨ ᠠᠭᠤᠷ ᠠᠮᠢᠰᠭᠤᠯ᠎ᠢ ᠨᠢᠭᠡᠳᠦᠯᠲᠡᠶ ᠪᠠᠢᠯᠭᠠᠬᠤ᠎ᠶ᠋ᠢ ᠦᠨᠡᠨ ᠬᠦ᠌ ᠪᠠᠲᠤᠯᠠᠵᠤ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ᠎ᠶ᠋ᠢᠨ ᠪᠦᠲᠦᠭᠡᠯ᠎ᠤᠨ ᠬᠡᠪ ᠵᠠᠩᠱᠢᠯ᠎ᠲᠠᠢ ᠪᠣᠯᠵᠤ᠂ ᠰᠡᠳᠭᠢᠯ᠎ᠢᠶᠠᠨ ᠨᠢᠭᠡᠳᠭᠡᠨ ᠬᠦᠴᠦ᠍᠎ᠪᠠᠨ ᠬᠠᠮᠲᠤᠳᠭᠠᠵᠤ ᠢᠳᠡᠪᠬᠢ ᠦᠢᠯᠡᠳᠦᠯ᠎ᠢ ᠰᠠᠢᠲᠤᠷ ᠪᠠᠳᠠᠷᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠤᠨ ᠴᠢᠬᠤᠯᠠ ᠶᠡᠭᠡ ᠠᠵᠢᠯ᠎ᠤᠨ ᠪᠠᠢᠷᠢᠯᠠᠭᠤᠯᠤᠯᠲᠠ᠎ᠳᠦ ᠬᠦᠴᠦᠨ ᠨᠡᠮᠡᠷᠢᠯᠡᠵᠦ᠍᠂ ᠨᠡᠪᠲᠡᠷᠡᠭᠦᠯᠬᠦ᠌ ᠠᠵᠢᠯ᠎ᠤᠨ ᠳᠤᠮᠳᠠ ᠶᠠᠮᠠᠷ ᠴᠤ᠌ ᠠᠰᠠᠭᠤᠳᠠᠯ ᠪᠠᠢᠪᠠᠯ ᠴᠠᠭ ᠲᠤᠬᠠᠶ᠎ᠳᠤ ᠨᠢ ᠮᠡᠳᠡᠭᠦᠯᠵᠦ᠍ ᠬᠠᠷᠢᠭᠤ ᠲᠤᠰᠭᠠᠬᠤ ᠬᠡᠷᠡᠭ᠌ᠲᠡᠶ᠃

ᠭᠤᠷᠪᠠ᠂ ᠰᠣᠳᠣᠨ ᠪᠦᠲᠦᠭᠡᠯ ᠵᠣᠬᠢᠶᠠᠨ ᠪᠦᠲᠦᠭᠡᠬᠦ᠌᠎ᠶ᠋ᠢ ᠦᠷᠭᠦᠯᠵᠢᠯᠡᠨ ᠥᠷᠨᠢᠭᠦᠯᠦᠨ᠎ᠡ

ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ᠎ᠨᠢ ᠣᠬᠤᠷ ᠴᠣᠪᠣᠭᠤᠯᠢᠭ ᠪᠥᠭᠡᠳ ᠳᠠᠮᠵᠢᠭᠤᠯᠬᠤ᠎ᠳᠤ ᠳᠥᠭᠦᠮ ᠳᠠᠪᠠᠭᠤᠯᠢᠭ ᠣᠨᠴᠠᠯᠢᠭ᠎ᠲᠠᠢ ᠪᠠᠢᠵᠤ᠂ ᠨᠡᠢᠭᠡᠮ ᠵᠢᠷᠤᠮ᠎ᠤᠨ ᠭᠤᠣᠯᠯᠠᠬᠤ ᠦᠷᠳᠡᠭ᠎ᠤᠨ ᠦᠵᠡᠯᠲᠡ᠎ᠶ᠋ᠢ ᠪᠠᠳᠠᠷᠠᠭᠤᠯᠬᠤ᠂ ᠲᠡᠷᠢᠭᠦᠨ᠎ᠤ ᠰᠣᠶᠣᠯ᠎ᠢ ᠤᠯᠠᠮᠵᠢᠯᠠᠬᠤ᠂ ᠨᠡᠢᠭᠡᠮ᠎ᠤᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ ᠨᠠᠮ ᠪᠠ ᠤᠯᠤᠰ᠎ᠤᠨ ᠠᠵᠢᠯ᠎ᠤᠨ ᠶᠡᠭᠡ ᠲᠠᠯ᠎ᠠ᠎ᠳᠤ ᠦᠢᠯᠡᠴᠢᠯᠡᠬᠦ᠌ ᠲᠠᠯ᠎ᠠ᠎ᠪᠠᠷ ᠣᠷᠣᠯᠠᠭᠤᠯᠵᠤ ᠪᠣᠯᠤᠰᠢ ᠦᠭᠡᠢ ᠥᠪᠡᠷᠮᠢᠴᠡ ᠦᠢᠯᠡᠳᠦᠯ᠎ᠢᠶᠠᠨ ᠪᠠᠳᠠᠷᠠᠭᠤᠯᠵᠤ ᠪᠠᠢᠳᠠᠭ᠃ ᠡᠯ᠎ᠡ ᠱᠠᠲᠤᠨ᠎ᠤ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠵᠣᠬᠢᠶᠠᠨ ᠪᠦᠲᠦᠭᠡᠯᠭᠡ᠎ᠶ᠋ᠢᠨ ᠳᠠᠮᠵᠢᠭᠤᠯᠭ᠎ᠠ᠎ᠶ᠋ᠢᠨ ᠱᠢᠨ᠎ᠡ ᠣᠢᠯᠠᠭᠠᠭ᠍ᠳᠠᠬᠤᠨ᠂ ᠱᠢᠨ᠎ᠡ ᠬᠡᠯᠪᠡᠷᠢ᠂ ᠱᠢᠨ᠎ᠡ ᠠᠷᠭ᠎ᠠ ᠵᠠᠮ᠎ᠢ ᠭᠦᠨᠵᠡᠭᠡᠶ ᠰᠤᠳᠤᠯᠵᠤ᠂ ᠰᠣᠳᠣᠨ ᠪᠦᠲᠦᠭᠡᠯ᠎ᠢ ᠦᠷᠭᠦᠯᠵᠢᠯᠡᠨ ᠭᠠᠷᠭᠠᠵᠤ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠪᠣᠯᠪᠠᠰᠤᠨ᠎ᠢ ᠤᠯᠠᠮᠵᠢᠯᠠᠬᠤ᠂ ᠬᠡᠪ ᠰᠤᠷᠲᠠᠯ᠎ᠢ ᠬᠥᠲᠥᠯᠥᠨ ᠳᠠᠭᠠᠭᠤᠯᠬᠤ ᠢᠳᠡᠪᠬᠢ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭ᠌ᠲᠡᠶ᠃

ᠤᠷᠤᠯᠳᠤᠭᠠᠨ᠎ᠤ ᠳᠦᠷᠢᠮ ᠶᠣᠰᠣᠭᠠᠷ᠂ ᠪᠡᠯᠡ ᠮᠥᠩᠭᠦ᠎ᠶ᠋ᠢᠨ ᠳᠡᠮᠵᠢᠯᠭᠡ ᠣᠯᠤᠭ᠍ᠰᠠᠨ ᠡᠯ᠎ᠡ ᠬᠠᠮᠢᠶ᠎ᠠ ᠪᠦᠬᠦᠢ ᠨᠢᠭᠡᠴᠢ ᠵᠢᠴᠢ ᠬᠤᠪᠢ ᠬᠥᠮᠦᠨ ᠲᠡᠳᠬᠦᠨ ᠳᠡᠮᠵᠢᠬᠦ᠌ ᠪᠡᠯᠡ ᠮᠥᠩᠭᠦ᠎ᠶ᠋ᠢᠨ ᠬᠠᠮᠢᠶ᠎ᠠ ᠪᠦᠬᠦᠢ ᠫᠢᠶᠣᠣ ᠪᠠᠷᠢᠮᠲᠠ ᠭᠠᠷᠭᠠᠬᠤ ᠠᠵᠢᠯ᠎ᠢ ᠬᠢᠨᠠᠮᠠᠭᠠᠶ ᠰᠠᠢᠲᠤᠷ ᠬᠢᠬᠦ᠌ ᠬᠡᠷᠡᠭ᠌ᠲᠡᠶ (ᠪᠦᠲᠦᠭᠡᠯ᠎ᠢ ᠲᠡᠳᠬᠦᠬᠦ᠌ ᠪᠠᠷᠢᠮᠵᠢᠶ᠎ᠠ᠎ᠶ᠋ᠢ ᠳᠠᠭᠠᠯᠳᠤᠭᠤᠯᠤᠯ 3 ᠲᠠᠢ ᠬᠠᠷᠢᠴᠠᠭᠤᠯᠤᠨ᠎ᠠ)᠃

 

ᠳᠠᠭᠠᠯᠳᠤᠭᠤᠯᠤᠯ᠄ 1. 《ᠤᠰᠤ᠎ᠶ᠋ᠢ ᠠᠷᠪᠢᠯᠠᠨ ᠭᠠᠮᠨᠠᠬᠤ•ᠤᠮᠠᠷᠠᠲᠤ ᠬᠢᠯᠢ ᠠᠵᠢᠯᠯᠠᠭ᠎ᠠ ᠬᠢᠬᠦ᠌》ᠪᠥᠬᠦ᠌ ᠣᠷᠣᠨ᠎ᠤ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠤᠷᠤᠯᠳᠤᠭᠠᠨ᠎ᠤ ᠱᠢᠯᠢᠳᠡᠭ ᠪᠦᠲᠦᠭᠡᠯ᠎ᠤᠨ ᠨᠡᠷᠡᠰ

2.《ᠤᠰᠤ᠎ᠶ᠋ᠢ ᠠᠷᠪᠢᠯᠠᠨ ᠭᠠᠮᠨᠠᠬᠤ•ᠤᠮᠠᠷᠠᠲᠤ ᠬᠢᠯᠢ ᠠᠵᠢᠯᠯᠠᠭ᠎ᠠ ᠬᠢᠬᠦ᠌》 ᠪᠥᠬᠦ᠌ ᠣᠷᠣᠨ᠎ᠤ ᠷᠠᠳᠢᠣ᠋ ᠲᠧᠯᠸᠢᠰ᠎ᠤᠨ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠤᠷᠤᠯᠳᠤᠭᠠᠨ᠎ᠤ ᠳᠡᠯᠭᠡᠨ ᠨᠡᠪᠲᠡᠷᠡᠭᠦᠯᠬᠦ᠌ ᠪᠦᠲᠦᠭᠡᠯ᠎ᠤᠨ ᠨᠡᠪᠲᠡᠷᠡᠭᠦᠯᠦᠭ᠌ᠰᠡᠨ ᠪᠠᠢᠳᠠᠯ᠎ᠤᠨ ᠪᠦᠷᠢᠳᠭᠡᠯ᠎ᠤᠨ ᠬᠦᠰᠦᠨᠦᠭ᠌ᠲᠦ

3.《ᠤᠰᠤ᠎ᠶ᠋ᠢ ᠠᠷᠪᠢᠯᠠᠨ ᠭᠠᠮᠨᠠᠬᠤ•ᠤᠮᠠᠷᠠᠲᠤ ᠬᠢᠯᠢ ᠠᠵᠢᠯᠯᠠᠭ᠎ᠠ ᠬᠢᠬᠦ᠌》 ᠪᠥᠬᠦ᠌ ᠣᠷᠣᠨ᠎ᠤ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠤᠷᠤᠯᠳᠤᠭᠠᠨ᠎ᠤ ᠱᠢᠯᠢᠳᠡᠭ ᠪᠦᠲᠦᠭᠡᠯ᠎ᠢ ᠲᠡᠳᠬᠦᠬᠦ᠌ ᠪᠠᠷᠢᠮᠵᠢᠶ᠎ᠠ

4.《ᠤᠰᠤ᠎ᠶ᠋ᠢ ᠠᠷᠪᠢᠯᠠᠨ ᠭᠠᠮᠨᠠᠬᠤ•ᠤᠮᠠᠷᠠᠲᠤ ᠬᠢᠯᠢ ᠠᠵᠢᠯᠯᠠᠭ᠎ᠠ ᠬᠢᠬᠦ᠌》 ᠪᠥᠬᠦ᠌ ᠣᠷᠣᠨ᠎ᠤ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ᠎ᠶ᠋ᠢᠨ ᠤᠷᠤᠯᠳᠤᠭᠠᠨ᠎ᠤ ᠳᠡᠯᠭᠡᠨ ᠨᠡᠪᠲᠡᠷᠡᠭᠦᠯᠬᠦ᠌ ᠪᠦᠲᠦᠭᠡᠯ᠎ᠢ ᠪᠠᠭᠤᠯᠭᠠᠬᠤ ᠴᠦᠷᠬᠡᠯᠡᠭᠡ

《ᠤᠰᠤ᠎ᠶ᠋ᠢ ᠠᠷᠪᠢᠯᠠᠨ ᠭᠠᠮᠨᠠᠬᠤ•ᠤᠮᠠᠷᠠᠲᠤ ᠬᠢᠯᠢ ᠠᠵᠢᠯᠯᠠᠭ᠎ᠠ ᠬᠢᠬᠦ᠌》 ᠪᠥᠬᠦ᠌ ᠣᠷᠣᠨ᠎ᠤ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠤᠷᠤᠯᠳᠤᠭᠠᠨ᠎ᠤ ᠱᠢᠯᠢᠳᠡᠭ ᠪᠦᠲᠦᠭᠡᠯ᠎ᠤᠨ ᠨᠡᠷᠡᠰ. wps

《ᠤᠰᠤ᠎ᠶ᠋ᠢ ᠠᠷᠪᠢᠯᠠᠨ ᠭᠠᠮᠨᠠᠬᠤ•ᠤᠮᠠᠷᠠᠲᠤ ᠬᠢᠯᠢ ᠠᠵᠢᠯᠯᠠᠭ᠎ᠠ ᠬᠢᠬᠦ᠌》 ᠪᠥᠬᠦ᠌ ᠣᠷᠣᠨ᠎ᠤ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠶᠡᠭᠡ ᠤᠷᠤᠯᠳᠤᠭᠠᠨ᠎ᠤ ᠳᠡᠯᠭᠡᠨ ᠨᠡᠪᠲᠡᠷᠡᠭᠦᠯᠬᠦ᠌ ᠪᠦᠲᠦᠭᠡᠯ᠎ᠤᠨ ᠨᠡᠪᠲᠡᠷᠡᠭᠦᠯᠭᠡ᠎ᠶ᠋ᠢᠨ ᠪᠠᠢᠳᠠᠯ᠎ᠤᠨ ᠪᠦᠷᠢᠳᠭᠡᠯ᠎ᠤᠨ ᠬᠦᠰᠦᠨᠦᠭ᠌ᠲᠦ. wps

《ᠤᠰᠤ᠎ᠶ᠋ᠢ ᠠᠷᠪᠢᠯᠠᠨ ᠭᠠᠮᠨᠠᠬᠤ•ᠤᠮᠠᠷᠠᠲᠤ ᠬᠢᠯᠢ ᠠᠵᠢᠯᠯᠠᠭ᠎ᠠ ᠬᠢᠬᠦ᠌》 ᠪᠥᠬᠦ᠌ ᠣᠷᠣᠨ᠎ᠤ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ᠎ᠶ᠋ᠢᠨ ᠤᠷᠤᠯᠳᠤᠭᠠᠨ᠎ᠤ ᠱᠢᠯᠢᠳᠡᠭ ᠪᠦᠲᠦᠭᠡᠯ᠎ᠢ ᠲᠡᠳᠬᠦᠬᠦ᠌ ᠪᠠᠷᠢᠮᠵᠢᠶ᠎ᠠ.doc

《ᠤᠰᠤ᠎ᠶ᠋ᠢ ᠠᠷᠪᠢᠯᠠᠨ ᠭᠠᠮᠨᠠᠬᠤ•ᠤᠮᠠᠷᠠᠲᠤ ᠬᠢᠯᠢ ᠠᠵᠢᠯᠯᠠᠭ᠎ᠠ ᠬᠢᠬᠦ᠌》 ᠪᠥᠬᠦ᠌ ᠣᠷᠣᠨ᠎ᠤ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡᠨ᠎ᠤ ᠤᠷᠤᠯᠳᠤᠭᠠᠨ᠎ᠤ ᠳᠡᠯᠭᠡᠨ ᠨᠡᠪᠲᠡᠷᠡᠭᠦᠯᠬᠦ᠌ ᠪᠦᠲᠦᠭᠡᠯ᠎ᠢ  ᠪᠠᠭᠤᠯᠭᠠᠬᠤ ᠴᠦᠷᠬᠡᠯᠡᠭᠡ.doc

ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ ᠦᠪᠦᠷ ᠮᠣᠩᠭᠣᠯ᠎ᠤᠨ ᠦᠪᠡᠷᠳᠡᠭᠡᠨ ᠵᠠᠰᠠᠬᠤ ᠤᠷᠤᠨ᠎ᠤ ᠵᠠᠬ᠎ᠠ ᠲᠡᠯᠬᠡᠬᠦᠷ᠎ᠤᠨ ᠬᠢᠨᠠᠯᠳᠠ ᠬᠠᠮᠢᠶᠠᠷᠤᠯᠳᠠ᠎ᠶ᠋ᠢᠨ ᠲᠤᠪᠴᠢᠶ᠎ᠠ 

2025 ᠣᠨ᠎ᠤ 9 ᠳ᠋ᠤᠭᠡᠷ ᠰᠠᠷ᠎ᠠ᠎ᠶ᠋ᠢᠨ 9 ᠎ᠤ ᠡᠳᠦᠷ

ᠬᠠᠷᠢᠯᠴᠠᠬᠤ ᠬᠥᠮᠦᠨ᠄ ᠵᠣᠣ ᠾᠧᠩ ᠯᠢ ( ᠳᠡᠯᠭᠡᠨᠨᠡᠪᠲᠡᠷᠡᠭᠦᠯᠬᠦ᠌ ᠠᠵᠢᠯ)᠂ ᠬᠠᠷᠢᠯᠴᠠᠬᠤ ᠤᠲᠠᠰᠤ᠄ 0471- 4590091;

ᠵᠠᠩ ᠯᠢ (ᠳᠡᠳᠭᠦᠨ ᠳᠡᠮᠵᠢᠬᠦ᠌ ᠪᠡᠯᠡ ᠮᠦᠩᠬᠦ᠌)᠂ ᠬᠠᠷᠢᠯᠴᠠᠬᠤ ᠤᠲᠠᠰᠤ᠄ 15248064712᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ