ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ
2019 ᠣᠨ᠎ᠤ 10 ᠳ᠋ᠤᠭ᠋ᠠᠷ ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠳᠥᠷᠪᠡᠳᠦᠭᠡᠷ ᠬᠤᠭᠤᠴᠠᠭ᠋ᠠᠨ᠎ᠤ ᠳᠤᠮᠳᠠᠳᠤ ᠠᠷᠠᠪ᠎ᠤᠨ ᠷᠠᠳᠢᠣ᠋ ᠲᠧᠯᠸᠢᠰ᠎ᠤᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠳᠤ ᠥᠭᠭᠦᠭᠰᠡᠨ ᠪᠠᠶᠠᠷ᠎ᠤᠨ ᠵᠠᠬᠢᠳᠠᠯ᠎ᠳᠤ᠎ᠪᠠᠨ ᠴᠢᠬᠤᠯᠠᠴᠢᠯᠠᠭᠰᠠᠨ᠎ᠨᠢ᠄ 《ᠵᠠᠭᠤᠴᠢᠯᠠᠭᠤᠷ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠣᠶᠣᠨᠴᠢ ᠷᠠᠳᠢᠣ᠋ ᠲᠧᠯᠸᠢᠰ᠎ᠤᠨ ᠵᠠᠭᠤᠴᠢᠯᠠᠭᠤᠷ᠎ᠢ ᠴᠣᠭᠴᠠᠯᠠᠵᠤ᠂ ᠣᠶᠤᠨᠴᠢ ᠷᠠᠳᠢᠣ᠋ ᠲᠧᠯᠸᠢᠰ᠎ᠤᠨ ᠰᠦᠯᠵᠢᠶ᠎ᠡ ᠵᠢ ᠬᠥᠭᠵᠢᠭᠦᠯᠦᠨ᠎ᠡ》 ᠭᠡᠵᠡᠢ᠃ ᠲᠥᠰᠦᠯ ᠲᠣᠭᠲᠠᠭ᠋ᠠᠬᠤ ᠶᠠᠪᠤᠴᠠ᠎ᠳᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ 《ᠣᠶᠣᠨᠴᠢ ᠷᠠᠳᠢᠣ᠋ ᠲᠧᠯᠸᠢᠰ᠎ᠤᠨ ᠬᠥᠭᠵᠢᠯᠲᠡ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠢ ᠬᠢᠨᠠᠮᠠᠭ᠋ᠠᠶ ᠰᠤᠷᠤᠯᠴᠠᠨ ᠰᠤᠳᠤᠯᠵᠤ᠂ ᠪᠡᠭᠡᠵᠢᠩ᠂ ᠬᠠᠷᠠᠮᠥ᠋ᠷᠡᠨ᠂ ᠭᠢᠷᠢᠨ᠂ ᠵᠢᠶᠠᠩᠰᠦ᠂ ᠠᠨᠾᠦ᠋ᠢ᠂ ᠬᠤᠨᠠᠨ᠂ ᠬᠤᠪᠧᠶ ᠵᠡᠷᠭᠡ ᠮᠤᠵᠢ ᠬᠤᠲᠠ ᠵᠢᠨ ᠰᠠᠶ᠋ᠢᠨ ᠲᠤᠷᠰᠢᠯᠭ᠎ᠠ᠂ ᠰᠠᠶ᠋ᠢᠨ ᠠᠷᠭ᠎ᠠ ᠵᠢ ᠰᠢᠩᠭᠡᠭᠡᠨ ᠠᠪᠴᠤ᠂ ᠲᠣᠪᠴᠢᠶ᠎ᠠ ᠵᠢᠨ ᠬᠣᠯᠪᠤᠭᠳᠠᠯ ᠪᠥᠬᠦᠶ ᠭᠠᠵᠠᠷ ᠲᠠᠰᠤᠭ᠎ᠢ ᠵᠣᠬᠢᠶᠠᠨ ᠪᠠᠶ᠋ᠢᠭᠤᠯᠤᠨ ᠣᠯᠠᠨ ᠤᠳᠠᠭ᠎ᠠ ᠰᠤᠳᠤᠯᠤᠨ ᠶᠠᠷᠢᠯᠴᠠᠭᠰᠠᠨ ᠪᠥᠭᠡᠳ ᠤᠯᠠᠭ᠋ᠠᠨᠴᠠᠪ ᠬᠤᠲᠠ᠂ ᠣᠷᠳᠣᠰ ᠬᠤᠲᠠ ᠵᠢᠨ ᠷᠠᠳᠢᠣ᠋ ᠲᠧᠯᠸᠢᠰ᠎ᠤᠨ ᠰᠠᠯᠠᠭ᠎ᠠ ᠮᠥᠴᠢᠷ᠎ᠲᠤ ᠲᠣᠰ ᠲᠣᠰ ᠪᠢᠴᠢᠭ᠎ᠤᠨ ᠪᠠᠶ᠋ᠢᠴᠠᠭ᠋ᠠᠨ ᠰᠤᠳᠤᠯᠤᠯᠲᠠ ᠬᠢᠵᠦ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭ᠋ᠠᠷᠲᠤ ᠺᠣᠮᠫᠠᠨᠢ ᠪᠠ ᠪᠤᠭᠤᠲᠤ᠂ ᠤᠯᠠᠭ᠋ᠠᠨᠬᠠᠳᠠ ᠬᠤᠲᠠ᠎ᠳᠤ ᠬᠦᠷᠴᠦ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠥᠷᠨᠢᠭᠦᠯᠪᠡ᠃ ᠡᠬᠡ ᠨᠣᠤᠷᠠᠭ᠎ᠢ ᠪᠣᠶ ᠪᠣᠯᠭ᠋ᠠᠭᠰᠠᠨ᠎ᠤ ᠳᠠᠷᠠᠭ᠎ᠠ᠂ ᠡᠯ᠎ᠡ ᠠᠶ᠋ᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭ᠋ᠠᠷᠲᠤ ᠺᠣᠮᠫᠠᠨᠢ ᠵᠢᠴᠢ ᠲᠣᠪᠴᠢᠶ᠎ᠠ ᠵᠢᠨ ᠬᠣᠯᠪᠤᠭᠳᠠᠯ ᠪᠥᠬᠦᠶ ᠭᠠᠵᠠᠷ ᠬᠡᠷ᠂ ᠨᠢᠭᠡᠴᠢ ᠵᠢᠨ ᠰᠠᠨᠠᠯ᠎ᠢ ᠬᠤᠷᠢᠶᠠᠵᠤ᠂ ᠬᠠᠷᠢᠭᠤ ᠲᠤᠰᠬᠠᠭᠰᠠᠨ ᠰᠠᠨᠠᠯ᠎ᠤᠨ ᠶᠣᠰᠣᠭ᠋ᠠᠷ ᠲᠥᠰᠦᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃
ᠬᠤᠶᠠᠷ᠂ ᠭᠤᠣᠯ ᠠᠭᠤᠯᠭ᠎ᠠ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶᠣᠨᠴᠢ ᠷᠠᠳᠢᠣ᠋ ᠲᠧᠯᠸᠢᠰ᠎ᠤᠨ ᠬᠥᠭᠵᠢᠯᠲᠡ ᠵᠢ ᠠᠬᠢᠭᠤᠯᠬᠤ ᠬᠡᠷᠡᠭᠵᠢᠭᠦᠯᠬᠦ ᠲᠥᠰᠦᠯ》᠎ᠳᠤ ᠭᠤᠷᠪᠠᠨ ᠬᠡᠰᠡᠭ᠎ᠢ ᠪᠠᠭᠲᠠᠭ᠋ᠠᠨ᠎ᠠ᠃ ᠨᠢᠭᠡᠳᠦᠭᠡᠷ ᠬᠡᠰᠡᠭ᠎ᠨᠢ ᠶᠡᠷᠦᠩᠬᠡᠶ ᠱᠠᠭ᠋ᠠᠷᠳᠠᠯᠭ᠎ᠠ ᠪᠠᠢ᠌ᠵᠤ᠂ ᠡᠭᠦᠨ᠎ᠳᠤ ᠵᠢᠯᠣᠭᠤᠳᠬᠤ ᠦᠵᠡᠯ ᠰᠠᠨᠠᠭ᠎ᠠ ᠪᠠ ᠠᠵᠢᠯ᠎ᠤᠨ ᠬᠠᠷᠠᠯᠲᠠ ᠵᠢ ᠪᠠᠭᠲᠠᠭ᠋ᠠᠨ᠎ᠠ᠃ ᠶᠡᠷᠦᠩᠬᠡᠶ ᠰᠡᠳᠭᠢᠮᠵᠢ ᠪᠣᠯ ᠣᠶᠤᠨᠴᠢ ᠷᠠᠳᠢᠣ᠋ ᠲᠧᠯᠸᠢᠰ᠎ᠤᠨ ᠬᠥᠭᠵᠢᠯᠲᠡ᠎ᠪᠠᠷ ᠳᠠᠮᠵᠢᠭᠤᠯᠤᠨ᠂ ᠷᠠᠳᠢᠣ᠋ ᠲᠧᠯᠸᠢᠰ᠎ᠤᠨ ᠤᠶᠤᠨᠴᠢᠯᠠᠭᠰᠠᠨ ᠦᠢ᠍ᠯᠡᠳᠪᠦᠷᠢᠯᠡᠯ᠂ ᠤᠶᠤᠨᠴᠢᠯᠠᠭᠰᠠᠨ ᠳᠠᠮᠵᠢᠭᠤᠯᠭ᠎ᠠ᠂ ᠤᠶᠤᠨᠴᠢᠯᠠᠭᠰᠠᠨ ᠦᠢ᠍ᠯᠡᠴᠢᠯᠡᠭᠡ᠂ ᠤᠶᠤᠨᠴᠢᠯᠠᠭᠰᠠᠨ ᠬᠡᠷᠡᠭᠯᠡᠯᠲᠡ ᠪᠠ ᠤᠶᠤᠨᠴᠢᠯᠠᠭᠰᠠᠨ ᠬᠠᠮᠢᠶᠠᠷᠤᠯᠲᠠ ᠵᠢ ᠪᠡᠶᠡᠯᠡᠭᠦᠯᠦᠨ᠎ᠡ᠃
ᠬᠤᠶᠠᠳᠤᠭ᠋ᠠᠷ ᠬᠡᠰᠡᠭ᠎ᠨᠢ ᠪᠦᠲᠦᠭᠡᠨ ᠪᠠᠶ᠋ᠢᠭᠤᠯᠬᠤ ᠡᠭᠦᠷᠭᠡ ᠪᠠᠢ᠌ᠵᠤ᠂ ᠶᠡᠷᠦᠩᠬᠡᠢ ᠲᠣᠪᠴᠢᠶ᠎ᠠ ᠵᠢᠨ ᠣᠶᠤᠨᠴᠢ ᠷᠠᠳᠢᠣ᠋ ᠲᠧᠯᠸᠢᠰ᠎ᠤᠨ ᠪᠦᠲᠦᠭᠡᠨ ᠪᠠᠶ᠋ᠢᠭᠤᠯᠤᠯᠲᠠ ᠵᠢᠨ ᠲᠥᠰᠥᠯ᠎ᠲᠠᠢ ᠬᠠᠷᠢᠴᠠᠭᠤᠯᠵᠤ᠂ ᠣᠶᠤᠨᠴᠢ ᠷᠠᠳᠢᠣ᠋ ᠲᠧᠯᠸᠢᠰ᠎ᠤᠨ ᠠᠭᠤᠯᠭ᠎ᠠ ᠵᠢᠨ ᠦᠢ᠍ᠯᠡᠳᠪᠦᠷᠢᠯᠡᠯ᠎ᠤᠨ ᠲᠣᠭᠲᠠᠯᠴᠠᠭ᠎ᠠ᠂ ᠳᠠᠮᠵᠢᠭᠤᠯᠭ᠎ᠠ ᠵᠢᠨ ᠪᠦᠷᠬᠦᠴᠡ ᠵᠢᠨ ᠲᠣᠭᠲᠠᠯᠴᠠᠭ᠎ᠠ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ᠂ ᠬᠡᠷᠡᠭᠯᠡᠭᠡᠨ᠎ᠤ ᠲᠣᠭᠲᠠᠯᠴᠠᠭ᠎ᠠ᠂ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠡᠷᠭᠡ ᠲᠠᠪᠤᠨ ᠵᠦᠢ᠍ᠯ᠎ᠤᠨ ᠡᠭᠦᠷᠭᠡ᠂ 18 ᠵᠦᠢ᠍ᠯ᠎ᠤᠨ ᠪᠣᠳᠠᠲᠠᠢ ᠠᠷᠭ᠎ᠠ ᠬᠡᠮᠵᠢᠶ᠎ᠡ ᠵᠢ ᠲᠣᠭᠲᠠᠭ᠋ᠠᠪᠠ᠃ ᠡᠭᠦᠨ᠎ᠳᠤ᠄ ᠣᠶᠤᠨᠴᠢ ᠷᠠᠳᠢᠣ᠋ ᠲᠧᠯᠸᠢᠰ᠎ᠤᠨ ᠠᠭᠤᠯᠭ᠎ᠠ ᠵᠢᠨ ᠦᠢ᠍ᠯᠡᠳᠪᠦᠷᠢᠯᠡᠯ᠎ᠤᠨ ᠲᠣᠭᠲᠠᠯᠴᠠᠭ᠎ᠠ᠎ᠳᠤ ᠳᠡᠭᠡᠳᠦ ᠲᠤᠳᠤᠷᠠᠴᠠᠲᠤ ᠬᠡᠲᠦ ᠥᠨᠳᠥᠷ ᠲᠤᠳᠤᠷᠠᠴᠠᠲᠤ᠎ᠪᠠᠷ ᠦᠢ᠍ᠯᠡᠳᠴᠦ ᠨᠡᠪᠲᠡᠷᠡᠭᠦᠯᠬᠦ ᠴᠢᠳᠠᠪᠤᠷᠢ ᠵᠢ ᠳᠡᠭᠡᠭᠰᠢᠯᠡᠭᠦᠯᠬᠦ᠂ ᠠᠭᠤᠯᠭ᠎ᠠ ᠵᠢᠨ ᠦᠢ᠍ᠯᠡᠳᠪᠦᠷᠢᠯᠡᠯ᠎ᠤᠨ ᠰᠢᠨ᠎ᠡ ᠵᠢ ᠡᠭᠦᠳᠦᠨ ᠬᠡᠷᠡᠭᠯᠡᠬᠦ ᠵᠢ ᠭᠦᠨᠵᠡᠭᠡᠶ᠋ᠢᠷᠡᠭᠦᠯᠬᠦ᠂ ᠴᠢᠨᠠᠷ ᠰᠠᠶ᠋ᠢᠲᠠᠶ ᠫᠷᠤᠭ᠌ᠷᠠᠮ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠪᠠᠶᠠᠯᠢᠭᠵᠢᠭᠤᠯᠬᠤ ᠵᠡᠷᠭᠡ ᠵᠢ ᠪᠠᠭᠲᠠᠭ᠋ᠠᠨ᠎ᠠ; ᠣᠶᠤᠨᠴᠢ ᠷᠠᠳᠢᠣ᠋ ᠲᠧᠯᠸᠢᠰ᠎ᠤᠨ ᠳᠠᠮᠵᠢᠭᠤᠯᠭ᠎ᠠ ᠵᠢᠨ ᠪᠦᠷᠬᠦᠴᠡ ᠵᠢᠨ ᠲᠣᠭᠲᠠᠯᠴᠠᠭ᠎ᠠ᠎ᠳᠤ ᠷᠠᠳᠢᠣ᠋ ᠲᠧᠯᠸᠢᠰ᠎ᠤᠨ ᠪᠦᠷᠬᠦᠴᠡ ᠵᠢᠨ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠤᠲᠠᠰᠤᠲᠤ ᠲᠧᠯᠸᠢᠰ᠎ᠤᠨ ᠰᠦᠯᠵᠢᠶ᠎ᠡ ᠵᠢ ᠲᠠᠰ ᠳᠡᠪᠰᠢᠭᠦᠯᠦᠨ ᠥᠭᠡᠷᠡᠴᠢᠯᠡᠬᠦ ᠵᠢ ᠠᠬᠢᠭᠤᠯᠬᠤ᠂ ᠷᠠᠳᠢᠣ᠋ ᠲᠧᠯᠸᠢᠰ᠎ᠤᠨ 5G ᠵᠢᠨ ᠰᠦᠯᠵᠢᠶ᠎ᠡ ᠵᠢ ᠪᠣᠶ ᠪᠣᠯᠭ᠋ᠠᠬᠤ᠂ ᠪᠢᠴᠢᠯ ᠳᠣᠯᠭᠢᠶᠠᠨ ᠵᠶ᠋ᠡᠷ ᠳᠠᠮᠵᠢᠭᠤᠯᠬᠤ ᠰᠢᠰᠲ᠋ᠧᠮ᠎ᠤᠨ ᠪᠠᠭᠲᠠᠭ᠋ᠠᠮᠵᠢ ᠵᠢ ᠥᠷᠭᠡᠳᠬᠡᠨ ᠥᠭᠡᠷᠡᠴᠢᠯᠡᠬᠦ ᠵᠢ ᠠᠬᠢᠭᠤᠯᠬᠤ ᠵᠡᠷᠭᠡ ᠵᠢ ᠪᠠᠭᠲᠠᠭ᠋ᠠᠨ᠎ᠠ; ᠣᠶᠤᠨᠴᠢ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ᠎ᠳᠤ ᠣᠶᠤᠨᠴᠢ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠣᠶᠤᠨᠴᠢ ᠷᠠᠳᠢᠣ᠋ ᠲᠧᠯᠸᠢᠰ᠎ᠤᠨ ᠬᠢᠯᠢ ᠬᠢᠵᠠᠭ᠋ᠠᠷ᠎ᠢ ᠪᠠᠬᠢᠵᠢᠭᠦᠯᠬᠦ ᠢᠨᠵᠧᠨᠧᠷᠢᠩ᠎ᠢ ᠥᠷᠨᠢᠭᠦᠯᠬᠦ᠂ ᠰᠢᠨ᠎ᠡ ᠨᠢᠭᠡ ᠦᠶ᠎ᠡ ᠵᠢᠨ ᠰᠢᠭᠤᠳ ᠨᠡᠪᠲᠡᠷᠡᠭᠦᠯᠭᠡ ᠵᠢᠨ ᠳᠠᠭ᠋ᠠᠭᠤᠯᠢ ᠣᠳᠣᠨ᠎ᠤ ᠡᠷᠦᠬᠡ᠎ᠳᠤ ᠬᠡᠷᠡᠭᠯᠡᠬᠦ ᠵᠢ ᠠᠬᠢᠭᠤᠯᠬᠤ ᠵᠡᠷᠭᠡ ᠵᠢ ᠪᠠᠭᠲᠠᠭ᠋ᠠᠨ᠎ᠠ; ᠤᠶᠤᠨᠲᠤ ᠷᠠᠳᠢᠣ᠋ ᠲᠧᠯᠸᠢᠰ᠎ᠤᠨ ᠬᠡᠷᠡᠭᠯᠡᠭᠡᠨ᠎ᠤ ᠲᠣᠭᠲᠠᠯᠴᠠᠭ᠎ᠠ᠎ᠳᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠂ ᠲᠣᠭ᠋ᠠᠴᠢᠯᠠᠭᠰᠠᠨ ᠠᠵᠤ ᠠᠬᠤᠶ ᠵᠢᠨ ᠬᠥᠭᠵᠢᠯᠲᠡ ᠵᠢ ᠲᠤᠯᠭ᠋ᠠᠭᠤᠷᠢᠯᠠᠬᠤ᠂ ᠤᠯᠤᠰ᠎ᠤᠨ ᠰᠣᠶᠣᠯ᠎ᠤᠨ ᠲᠣᠭ᠋ᠠᠴᠢᠯᠠᠭᠰᠠᠨ ᠪᠠᠶ᠋ᠢᠯᠳᠤᠬᠤ ᠪᠣᠳᠣᠯᠭ᠎ᠠ᠎ᠳᠤ ᠠᠭᠤᠰᠤᠯᠴᠠᠬᠤ ᠵᠢ ᠪᠠᠭᠲᠠᠭ᠋ᠠᠨ᠎ᠠ; ᠣᠶᠤᠨᠴᠢ ᠷᠠᠳᠢᠣ᠋ ᠲᠧᠯᠸᠢᠰ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ᠎ᠳᠤ ᠬᠢᠨᠠᠨ ᠬᠡᠮᠵᠢᠵᠦ ᠬᠢᠨᠠᠨ ᠬᠠᠮᠢᠶᠠᠷᠬᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ᠂ ᠲᠠᠪᠴᠠᠩ ᠥᠷᠲᠡᠭᠡ ᠵᠢᠨ ᠣᠶᠤᠨᠴᠢ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠵᠢᠨ ᠲᠦᠪᠰᠢᠨ᠎ᠢ ᠴᠢᠩᠭ᠋ᠠᠳᠬᠠᠬᠤ᠂ ᠰᠦᠯᠵᠢᠶᠡᠨ᠎ᠤ ᠠᠮᠤᠷ ᠲᠦᠪᠰᠢᠨ᠎ᠤ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ᠂ ᠡᠬᠢ ᠪᠠᠶᠠᠯᠢᠭ᠎ᠤᠨ ᠳ᠋ᠠᠶ᠋ᠢᠲ᠋ᠠ ᠵᠢᠨ ᠦᠵᠡᠭᠳᠡᠬᠦ᠋ᠢ᠍ᠴᠡ ᠬᠠᠮᠢᠶᠠᠷᠤᠯᠲᠠ ᠵᠢᠨ ᠴᠢᠳᠠᠪᠤᠷᠢ ᠵᠢ ᠴᠢᠩᠭ᠋ᠠᠳᠬᠠᠬᠤ ᠵᠡᠷᠭᠡ ᠵᠢ ᠪᠠᠭᠲᠠᠭ᠋ᠠᠨ᠎ᠠ᠃
ᠭᠤᠷᠪᠠᠳᠤᠭ᠋ᠠᠷ ᠬᠡᠰᠡᠭ᠎ᠨᠢ ᠪᠠᠲᠤᠯᠠᠭ᠎ᠠ ᠵᠢᠨ ᠠᠷᠭ᠎ᠠ ᠬᠡᠮᠵᠢᠶ᠎ᠡ ᠪᠠᠢ᠌ᠵᠤ᠂ ᠡᠭᠦᠨ᠎ᠳᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠲᠡᠳᠬᠦᠨ ᠬᠥᠲᠥᠯᠦᠨ ᠵᠢᠯᠣᠭᠤᠳᠬᠤ ᠵᠢ ᠴᠢᠩᠭ᠋ᠠᠳᠬᠠᠬᠤ᠂ ᠡᠩᠨᠡᠭᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠷᠠᠭᠤᠯᠬᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠨᠠᠶ᠋ᠢᠳᠠᠪᠤᠷᠢᠵᠢᠭᠤᠯᠬᠤ ᠵᠡᠷᠭᠡ ᠵᠢ ᠪᠠᠭᠲᠠᠭ᠋ᠠᠨ᠎ᠠ᠃





